ᠠᠴᠢᠯᠠᠯ ᠵᠢᠷᠤᠮ᠎ᠢ ᠲᠡᠬᠡᠳᠦᠯᠡᠭᠰᠡᠡ ᠠᠵᠢᠯᠴᠢ ᠠᠮᠢᠳᠤᠷᠠᠯ ᠦᠬᠡᠳᠡᠷᠬᠡᠭ
2026-05-08 10:10:52
ᠵᠣᠬᠢᠶᠠᠭ᠍ᠴᠢ᠄
ᠲᠤᠷᠠᠨ᠎ᠠ
ᠣᠩᠱᠢᠭ᠍ᠰᠠᠨ ᠣᠳᠠᠭ᠎ᠠ᠄
★★★☆☆

ᠰᠢᠯᠢ ᠵᠢᠨ ᠭᠤᠤᠯ ᠠᠢᠮᠠᠭ᠎ᠤᠨ ᠬᠦᠪᠡᠬᠡᠳᠣ ᠱᠢᠷ᠎ᠡ ᠬᠤᠱᠢᠭᠤᠨ᠎ᠤ ᠪᠣᠬ᠍ᠳᠠ᠎ᠶ᠋ᠢᠨ ᠭᠤᠣᠯ ᠰᠣᠮᠣᠨ᠎ᠤ ᠵᠠᠪᠢᠯᠠᠬᠤ ᠭᠠᠴᠠᠭ᠎ᠠ᠎ᠪᠠᠷ ᠨᠣᠳᠣᠬ᠍ᠲᠠᠢ ᠮᠠᠯᠴᠢᠨ ᠪᠦᠰᠡᠬᠦᠢ ᠨᠡᠷᠡᠰᠣ ᠬᠤᠱᠢᠭᠤᠨ ᠲᠦᠪ ᠱᠢᠨᠡᠪᠣᠯᠠᠭ ᠪᠠᠯᠭᠠᠰᠣᠨ᠎ᠳᠤ 《ᠬᠤᠷᠠᠬᠤ》 ᠴᠠᠭᠠᠨ ᠢᠳᠡᠭᠡᠨ᠎ᠤ ᠲᠡᠯᠬᠡᠬᠦᠷ ᠨᠡᠬᠡᠬᠡᠵᠣ᠂ ᠣᠯᠠᠮᠵᠢᠯᠠᠯᠳᠣ ᠴᠠᠭᠠᠨ ᠢᠳᠡᠭᠡ᠎ᠪᠣᠯᠪᠠᠰᠣᠷᠠᠭᠤᠯᠣᠨ ᠪᠣᠷᠣᠯᠠᠭᠤᠯᠵᠦ᠍᠂ ᠠᠱᠢᠭ ᠣᠷᠣᠯᠭ᠎ᠠ ᠡᠭᠦᠳᠴᠦ᠍᠂ ᠠᠵᠦ᠍ ᠠᠮᠢᠳᠣᠷᠠᠯ᠎ᠢᠶᠠᠨ ᠦᠡᠭ᠌ᠭᠡ᠎ᠲᠠᠢ ᠦᠭᠡᠳᠡ᠎ᠲᠠᠢ ᠠᠪᠴᠣ ᠶᠠᠪᠣᠨ᠎ᠠ᠃ ᠡᠬᠦᠨ᠎ᠤ ᠲᠠᠭᠠᠤ ᠨᠠᠰᠣᠳᠠᠨ᠎ᠢᠶᠠᠨ ᠠᠰᠠᠷᠠᠵᠣ ᠬᠠᠷᠠᠭᠠᠯᠵᠠᠬᠤ ᠲᠠᠯ᠎ᠠ᠎ᠳᠤ ᠬᠡᠪ ᠲᠠᠭᠤᠷᠢᠶᠠᠯ ᠪᠣᠯᠵᠣ᠂ 2024 ᠣᠨ᠎ᠳᠤ ᠰᠢᠯᠢ ᠵᠢᠨ ᠭᠤᠤᠯ ᠠᠢᠮᠠᠭ᠎ᠤᠨ 《ᠬᠠᠮᠤᠭ᠎ᠤᠨ ᠭᠤᠶᠣ ᠬᠡᠷ ᠪᠦᠯᠢ》 ᠶ᠋ᠢᠨ ᠢᠷᠠᠭᠤ ᠠᠯᠳᠠᠷ᠎ᠢ ᠬᠦᠷᠳᠡᠭ᠌ᠰᠠᠨ ᠪᠠᠢᠨ᠎ᠠ᠃


QQ20260508-101301.png


2015 ᠤᠨ᠎ᠳᠤ ᠨᠠᠷᠠᠰᠣ ᠦᠢᠯᠡᠰ ᠪᠤᠰᠬᠠᠬᠤ ᠬᠦᠰᠡᠯ  ᠵᠢᠠᠨ ᠡᠪᠦᠷᠯᠡᠨ᠂ ᠴᠠᠭᠠᠨ ᠢᠳᠡᠭᠡᠨ᠎ᠤ ᠳᠡᠯᠭᠡᠭᠦᠷ᠎ᠢᠶᠠᠨ ᠨᠡᠬᠡᠬᠡᠵᠣ᠂ ᠦᠨᠳᠦᠰᠦᠲᠡᠨ᠎ᠤ ᠤᠯᠠᠮᠵᠢᠯᠠᠯᠲᠤ ᠴᠠᠭᠠᠨ ᠢᠳᠡᠭᠡᠨ᠎ᠤ ᠦᠢᠯᠡᠳᠪᠦᠷᠢᠯᠡᠯ ᠪᠣᠷᠣᠯᠠᠭᠤᠯᠤᠯᠲᠠ᠎ᠪᠠᠷ ᠭᠤᠤᠯ ᠪᠣᠯᠭᠠᠨ᠂ ᠦᠢᠯᠡᠰ ᠪᠦᠲᠦᠭᠡᠬᠦ᠌ ᠠᠶᠠᠨ᠎ᠢᠶᠠᠨ ᠡᠬᠢᠯᠡᠬᠦᠯᠣᠭ᠌ᠰᠠᠨ ᠪᠠᠢᠨ᠎ᠠ᠃ ᠠᠷᠪᠠᠨ ᠵᠢᠯ᠎ᠤᠨ ᠤᠷᠤᠯᠳᠤᠯᠭ᠎ᠠ ᠴᠢᠷᠮᠠᠢᠯᠭ᠎ᠠ᠎ᠪᠠᠷ ᠥᠩᠭᠡᠷᠡᠭ᠌ᠰᠡᠨ᠎ᠤ ᠵᠢᠵᠢᠭ ᠬᠡᠯᠪᠡᠷᠢ᠎ᠶ᠋ᠢᠨ ᠦᠢᠯᠡᠳᠭᠡᠯ᠎ᠤᠨ ᠭᠠᠵᠠᠷ᠎ᠢᠶᠠᠨ ᠤᠳᠤᠬᠢ 240 ᠲᠡᠭ᠌ᠰᠢ ᠳᠥᠷᠪᠡᠯᠵᠢᠨ ᠮᠧᠲᠷ᠎ᠤᠨ ᠪᠠᠷᠢᠮᠵᠢᠶᠠᠵᠢᠭ᠍ᠰᠠᠨ ᠴᠠᠭᠠᠨ ᠢᠳᠡᠭᠡ ᠪᠣᠯᠪᠠᠰᠤᠷᠠᠭᠤᠯᠬᠤ ᠦᠢᠯᠡᠳᠪᠦᠷᠢ ᠪᠤᠯᠭᠠᠨ ᠬᠦᠭ᠌ᠵᠢᠬᠦᠯᠵᠤ᠂ ᠣᠷᠣᠯᠭ᠎ᠠ᠎ᠨᠢ ᠴᠤ᠌ ᠵᠢᠯ ᠳᠠᠷᠠᠭᠠᠯᠠᠨ ᠲᠣᠭ᠍ᠲᠠᠭᠤᠨ᠎ᠢᠶᠠᠷ ᠨᠡᠮᠡᠭ᠌ᠳᠡᠭ᠌ᠰᠡᠨ ᠪᠠᠢᠨ᠎ᠠ᠃ ᠦᠢᠯᠡᠳᠪᠦᠷᠢᠯᠡᠯ ᠡᠵᠡᠩᠨᠡᠯᠲᠡ᠎ᠶ᠋ᠢᠨ ᠳᠤᠮᠳᠠ ᠨᠡᠷᠠᠰᠣ 《ᠨᠡᠮᠡᠯᠲᠡ ᠡᠳ᠋ ᠦᠭᠡᠢ᠂ ᠴᠤᠯ ᠪᠠᠢᠭᠠᠯᠢᠯᠢᠭ᠂ ᠦᠨᠡᠨᠴᠢ ᠢᠲᠡᠭᠡᠮᠵᠢᠲᠠᠢ ᠪᠠᠢᠬᠤ》 ᠵᠠᠷᠴᠢᠮ᠎ᠢ ᠢᠮᠠᠭ᠍ᠲᠠ ᠪᠠᠷᠢᠮᠲᠠᠯᠠᠵᠤ᠂ ᠤᠯᠠᠮᠵᠢᠯᠠᠯᠲᠤ ᠡᠳ᠋ᠱᠢᠭᠦᠯᠬᠦ᠌ ᠤᠷ᠎ᠠ ᠮᠡᠷᠭᠡᠵᠢᠯ᠎ᠤᠨ ᠰᠠᠭᠤᠷᠢᠨ ᠳᠡᠭᠡᠷ᠎ᠡ ᠣᠳᠣᠬᠢᠴᠢᠯᠠᠭ᠍ᠰᠠᠨ ᠲᠥᠬᠦᠭᠡᠷᠦᠮᠵᠢ᠎ᠶ᠋ᠢ ᠣᠷᠣᠭᠤᠯᠤᠨ ᠠᠪᠴᠢᠷᠠᠵᠤ᠂ ᠬᠤᠷᠤᠳ᠂ ᠴᠣᠷ᠎ᠠ᠂ ᠱᠢᠷ᠎ᠠ ᠲᠣᠰᠣ ᠵᠡᠷᠭᠡ 10 ᠭᠠᠷᠤᠢ ᠲᠦᠷᠦᠯ᠎ᠤᠨ ᠤᠯᠠᠮᠵᠢᠯᠠᠯᠲᠤ ᠴᠠᠭᠠᠨ ᠢᠳᠡᠭᠡ ᠪᠠ ᠲᠦᠳ᠋᠂ ᠱᠢᠷ᠎ᠠ ᠣᠰᠣᠨ᠎ᠤ ᠱᠢᠬᠢᠷ ᠵᠡᠷᠭᠡ ᠨᠤᠲᠤᠭ᠎ᠤᠨ ᠣᠨᠴᠠᠯᠢᠭ᠍ᠲᠤ ᠴᠠᠭᠠᠨ ᠢᠳᠡᠭᠡ ᠪᠣᠯᠪᠠᠰᠤᠷᠠᠭᠤᠯᠤᠨ ᠤᠢᠯᠡᠳᠪᠤᠷᠢᠯᠡᠬᠦ  ᠶ᠋ᠢᠨ ᠬᠠᠮᠲᠤ ᠪᠠᠰᠠ ᠪᠣᠷᠴᠠ᠂ ᠬᠠᠨᠳᠠ ᠴᠠᠢ ᠵᠡᠷᠭᠡ ᠦᠨᠳᠦᠰᠦᠲᠡᠨ᠎ᠤ ᠣᠨᠴᠠᠯᠢᠭ᠍ᠲᠤ ᠪᠦᠲᠦᠭᠡᠭ᠌ᠳᠡᠬᠦᠨ᠎ᠢ ᠪᠣᠷᠣᠯᠠᠭᠤᠯᠵᠤ᠂ ᠴᠢᠨᠠᠷ ᠴᠢᠨᠰᠠᠭ᠎ᠠ  ᠳ᠋ᠠᠭᠠᠨ ᠲᠦᠱᠢᠭ᠌ᠯᠡᠨ ᠬᠡᠷᠡᠭ᠌ᠯᠡᠭ᠌ᠴᠢᠳ᠎ᠤᠨ ᠲᠠᠭᠠᠱᠢᠶᠠᠯ᠎ᠢ ᠣᠯᠣᠬ᠍ᠰᠠᠭᠠᠷ ᠢᠷᠡᠵᠠᠢ᠃


QQ20260508-101310.png


ᠣᠢᠷ᠎ᠡ᠎ᠶ᠋ᠢᠨ ᠵᠢᠯ᠎ᠠᠴᠠ ᠨᠡᠢᠬᠡᠮ᠎ᠤᠨ ᠬᠦᠭ᠌ᠵᠢᠯᠳᠠ᠎ᠶ᠋ᠢ ᠲᠠᠭᠠᠯᠳᠣᠨ ᠨᠠᠷᠠᠰᠣ 《ᠳᠡᠯᠭᠡᠭᠦᠷ + ᠰᠦᠯᠵᠢᠶᠡᠨ ᠡᠵᠡᠩᠨᠡᠯᠲᠡ》 ᠬᠤᠣᠰ ᠱᠤᠭᠤᠮ᠎ᠢᠶᠠᠷ ᠪᠤᠷᠤᠯᠠᠭᠤᠯᠬᠤ ᠠᠷᠭ᠎ᠠ ᠵᠠᠮ᠎ᠢᠶᠠᠷ ᠪᠦᠳᠣᠬᠡᠭ᠌ᠳᠡᠬᠦᠨ᠎ᠢᠶᠠᠨ ᠣᠢᠷ᠎ᠡ ᠬᠠᠪᠢ᠎ᠶ᠋ᠢᠨ ᠬᠤᠱᠢᠭᠤ ᠱᠢᠶᠠᠨ ᠪᠠ ᠪᠡᠭᠡᠵᠢᠩ᠂ ᠾᠧᠪᠸᠢ ᠵᠡᠷᠭᠡ ᠭᠠᠵᠠᠷ᠎ᠲᠤ ᠪᠣᠷᠣᠯᠠᠭᠤᠯᠵᠤ᠂ ᠲᠠᠯ᠎ᠠ ᠨᠤᠲᠤᠭ᠎ᠤᠨ ᠴᠠᠭᠠᠨ ᠢᠳᠡᠭᠡᠨ᠎ᠤ ᠦᠨᠦᠷ ᠠᠮᠲᠠ᠎ᠶ᠋ᠢ ᠨᠡᠩ ᠦᠷᠭᠡᠨ ᠵᠠᠢ᠎ᠳᠤ ᠠᠯᠳᠠᠷᠱᠢᠭᠤᠯᠤᠭ᠍ᠰᠠᠨ ᠪᠠᠢᠨ᠎ᠠ᠃


QQ20260508-101319.png


ᠨᠠᠷᠠᠰᠣ ᠪᠤᠯ ᠠᠮᠵᠢᠯᠲᠠ᠎ᠲᠠᠢ ᠣᠢᠯᠡᠰ ᠪᠤᠰᠭᠠᠭ᠍ᠴᠢ  ᠮᠦᠷᠳᠡᠬᠡᠨ ᠨᠠᠰᠣᠳᠠᠨ᠎ᠢᠶᠠᠨ ᠠᠴᠢᠯᠠᠵᠤ ᠨᠡᠢᠲᠡ ᠤᠯᠠᠨ ᠳ᠋ᠠᠭᠠᠨ ᠮᠠᠭ᠍ᠳᠠᠭ᠍ᠳᠠᠵᠤ ᠶᠠᠪᠤᠭ᠎ᠠ ᠠᠴᠢᠯᠠᠯ᠎ᠲᠠᠢ ᠪᠦᠰᠡᠬᠦᠢ ᠪᠤᠯᠬᠤ ᠶᠤᠮ᠃ ᠡᠨᠡ ᠵᠢᠯ ᠬᠠᠳᠠᠮ ᠡᠵᠢ᠎ᠨᠢ ᠡᠪᠡᠳᠴᠢᠯᠠᠵᠣ᠂ ᠲᠣᠰᠭᠠᠢ ᠬᠦᠮᠣᠨ ᠬᠠᠷᠠᠭᠠᠯᠵᠠᠬᠤ ᠬᠡᠷᠡᠭ᠌ᠲᠡᠢ ᠪᠣᠯᠣᠬ᠍ᠰᠠᠨ᠎ᠳᠤ ᠨᠠᠷᠠᠰᠣ ᠥᠷᠯᠥᠭᠡ ᠡᠷᠲᠡ ᠴᠠᠭᠠᠨ ᠢᠳᠡᠭᠡ ᠬᠢᠵᠣ᠂ ᠴᠢᠯᠣᠬᠡ ᠵᠠᠪ᠎ᠵᠢᠡᠷ᠎ᠢᠶᠠᠨ ᠬᠠᠳᠠᠮ ᠡᠵᠢ᠎ᠪᠠᠨ ᠠᠰᠠᠷᠠᠬᠤ ᠵᠢᠨ ᠲᠠᠭᠠᠦ ᠪᠠᠰᠠ ᠡᠯ᠎ᠡ ᠵᠦᠢᠯ᠎ᠤᠨ ᠠᠵᠢᠯ ᠵᠢᠡᠨ ᠠᠮᠵᠢᠭᠤᠯᠤᠭᠰᠠᠭᠠᠷ ᠢᠷᠡᠵᠠᠢ᠃ 《ᠨᠠᠰᠣᠳᠠᠨ᠎ᠢᠶᠠᠨ ᠠᠰᠠᠷᠠᠬᠤ ᠪᠣᠯ ᠬᠡᠣᠬᠡᠳ ᠪᠢᠳᠠᠨ᠎ᠤ ᠡᠬᠦᠷᠬᠡ ᠬᠠᠷᠢᠭᠤᠴᠠᠯᠭ᠎ᠠ ᠮᠦᠨ᠂ ᠬᠤᠵᠢᠮ ᠨᠠᠰᠣᠳᠠᠨ᠎ᠢᠶᠠᠨ ᠰᠠᠢᠬᠠᠨ ᠠᠰᠠᠷᠠᠬᠤ᠎ᠶ᠋ᠢᠨ ᠲᠠᠭᠠᠣ ᠠᠵᠢᠯ ᠦᠢᠯᠡᠰ᠎ᠢᠶᠠᠨ ᠴᠤ᠌ ᠰᠠᠢᠬᠠᠨ ᠠᠪᠴᠣ ᠶᠠᠪᠣᠬᠤ᠎ᠪᠠᠷ ᠴᠢᠷᠮᠠᠢᠨ᠎ᠠ》 ᠭᠡᠵᠤ ᠨᠠᠷᠠᠰᠤ ᠶᠠᠷᠢᠨ᠎ᠠ᠃

ᠠᠵᠢᠯᠴᠢ ᠬᠦᠳᠡᠯᠮᠦᠷᠢᠴᠢ ᠬᠤᠶᠠᠷ ᠭᠠᠷ᠂ ᠠᠴᠢᠯᠠᠯ ᠵᠢᠷᠤᠮ᠎ᠲᠠᠢ ᠨᠢᠩᠵᠢᠨ ᠰᠡᠳᠭᠢᠯ᠎ᠢᠶᠠᠷ᠎ᠢᠶᠠᠨ ᠨᠠᠷᠠᠰᠣ 《ᠬᠠᠮᠤᠭ᠎ᠤᠨ ᠭᠤᠶᠤ ᠭᠡᠷ ᠪᠦᠯᠢ》 ᠶ᠋ᠢ ᠪᠠᠢᠭᠤᠯᠵᠤ᠂ ᠠᠵᠠ ᠵᠢᠷᠭᠠᠯ᠂ ᠪᠠᠶᠠᠨ ᠲᠠᠩᠰᠤᠭ᠎ᠢ ᠡᠳ᠋ᠯᠡᠨ᠂ ᠠᠵᠢᠯ ᠣᠢᠯᠡᠰ᠎ᠤᠨ ᠳᠠᠷᠳᠠᠩ ᠬᠠᠷᠭᠤᠢ᠎ᠳ᠋ᠠᠭᠠᠨ ᠵᠢᠯᠣᠭᠤ ᠰᠣᠩᠭᠠᠨ ᠲᠡᠮᠡᠤᠯᠵᠤ ᠶᠠᠪᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号