ᠤᠯᠠᠮᠵᠢᠯᠠᠯᠲᠤ ᠭᠠᠷ ᠤᠷᠠᠯᠠᠯ᠎ᠤᠨ ᠪᠦᠲᠦᠭᠡᠯ ᠵᠢᠡᠷ ᠤᠷᠤᠯᠭ᠎ᠠ ᠪᠡᠨ ᠨᠡᠮᠡᠭᠳᠡᠬᠦᠯᠤᠨ᠎ᠠ
2026-05-08 10:16:03
ᠵᠣᠬᠢᠶᠠᠭ᠍ᠴᠢ᠄
​ᠰᠡᠴᠡᠨᠬᠤᠸᠠᠷ ᠡᠷᠲᠡᠨᠢᠭᠡᠷᠡᠯ
ᠣᠩᠱᠢᠭ᠍ᠰᠠᠨ ᠣᠳᠠᠭ᠎ᠠ᠄
★★★☆☆

ᠣᠷᠣᠨ ᠨᠤᠲᠤᠭ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠦᠮᠦᠵᠢᠬᠦᠯᠵᠦ᠍᠂ ᠮᠠᠯᠴᠢᠳ᠎ᠤᠨ ᠤᠷᠤᠯᠭ᠎ᠠ᠎ᠶ᠋ᠢ ᠨᠡᠮᠡᠭ᠌ᠲᠡᠬᠦᠯᠬᠦ᠌ ᠡᠬᠦᠲᠡᠨ᠎ᠠᠴᠠ ᠪᠠᠶᠠᠨᠨᠠᠭᠤᠷ ᠬᠤᠳᠠ ᠵᠢᠨ ᠤᠷᠠᠳ᠎ᠤᠨ ᠳᠤᠮᠳᠠᠳᠤ ᠬᠤᠱᠢᠭᠤᠨ᠎ᠤ ᠪᠠᠶᠬᠠᠤᠯᠠᠭᠠᠨ ᠰᠤᠮᠤ᠎ᠰᠤᠷᠭᠠᠭᠤᠯᠢ ᠪᠠ ᠣᠷᠣᠨ ᠨᠤᠲᠤᠭ᠎ᠤᠨ ᠬᠠᠮᠲᠤᠷᠠᠯᠴᠠᠭᠠᠨ᠎ᠤ ᠳᠠᠪᠠᠭᠤᠯᠢᠭ᠎ᠲᠠᠭᠠᠨ ᠲᠦᠱᠢᠭ᠌ᠯᠡᠨ᠂ ᠤᠯᠠᠮᠵᠢᠯᠠᠯᠲᠤ ᠭᠠᠷ ᠤᠷᠠᠯᠠᠯ᠎ᠤᠨ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ᠎ᠤ ᠦᠷ᠎ᠡ ᠪᠦᠲᠦᠭᠡᠯ᠎ᠢ ᠬᠤᠪᠢᠷᠠᠭᠤᠯᠬᠤ ᠰᠠᠭᠤᠷᠢᠨ ᠭᠠᠵᠠᠷ᠎ᠢ ᠪᠠᠢᠭᠤᠯᠤᠭ᠍ᠰᠠᠨ ᠪᠠᠢᠨ᠎ᠠ᠃




ᠦᠢᠷ᠎ᠠ᠎ᠳᠤ᠂ ᠪᠠᠶᠬᠠᠤᠯᠠᠭᠠᠨ ᠰᠤᠮᠤᠨ᠎ᠤ ᠤᠯᠠᠮᠵᠢᠯᠠᠯᠲᠤ ᠭᠠᠷ ᠤᠷᠠᠯᠠᠯ᠎ᠤᠨ ᠪᠦᠲᠦᠭᠡᠯ᠎ᠢ ᠬᠤᠪᠢᠷᠠᠭᠤᠯᠤᠨ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ ᠪᠤᠯᠭᠠᠬᠤ ᠰᠠᠭᠤᠷᠢᠨ ᠭᠠᠵᠠᠷ᠎ᠪᠠᠢᠭᠤᠯᠤᠭᠳᠠᠬᠤ᠎ᠳᠤ ᠬᠦᠭᠡᠬᠤᠲᠠ ᠦᠨᠲᠦᠰᠦᠲᠡᠨ᠎ᠤ ᠲᠡᠭᠡᠲᠦ ᠰᠤᠷᠭᠠᠭᠤᠯᠢ᠎ᠶ᠋ᠢᠨ ᠮᠦᠷᠡᠨ ᠵᠡᠷᠭᠡ ᠪᠠᠭ᠍ᠰᠢ ᠨᠡᠷ᠎ᠢ ᠤᠷᠢᠨ ᠵᠠᠯᠠᠵᠤ᠂ ᠲᠤᠰ ᠰᠤᠮᠤᠨ᠎ᠤ ᠭᠠᠷ ᠤᠷᠠᠯᠠᠯ᠎ᠳᠤ ᠲᠤᠷ᠎ᠠ ᠪᠠᠭ᠍ᠠᠲᠠᠢ 30 ᠭᠠᠷᠤᠢ ᠮᠠᠯᠴᠢᠳ᠎ᠢ ᠵᠤᠬᠢᠶᠠᠨ ᠪᠠᠢᠭᠤᠯᠤᠨ ᠤᠯᠠᠮᠵᠢᠯᠠᠯᠲᠤ ᠭᠠᠷ ᠤᠷᠠᠯᠠᠯ ᠠᠲᠤᠭᠤᠨ ᠠᠷᠠᠰᠤᠨ ᠵᠢᠷᠤᠭ᠎ᠤᠨ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ᠎ᠤ ᠪᠤᠯᠪᠠᠰᠤᠷᠠᠯ᠎ᠤᠨ ᠠᠩᠬᠢ᠎ᠶ᠋ᠢ ᠡᠷᠬᠢᠯᠡᠭ᠌ᠰᠡᠨ ᠪᠠᠢᠨ᠎ᠠ᠃

ᠠᠬᠤᠢ ᠲᠡᠯᠡᠪᠡᠢ᠎ᠳᠤ ᠰᠤᠷᠤᠯᠴᠠᠭ᠍ᠴᠢ ᠨᠠᠷ ᠤᠨᠤᠯ᠎ᠤᠨ ᠲᠠᠢᠯᠪᠤᠷᠢᠯᠠᠯᠲᠠ᠎ᠶ᠋ᠢ ᠠᠩᠬᠠᠷᠤᠯ᠎ᠲᠠᠢ ᠰᠤᠨᠤᠰᠴᠤ᠌᠂ ᠡᠯ᠎ᠠ ᠵᠦᠢᠯ᠎ᠤᠨ ᠮᠠᠱᠢᠨ᠎ᠢ ᠭᠡᠷᠭᠢᠨ ᠭᠡᠷᠡᠭ᠌ᠯᠡᠬᠦ᠌ ᠲᠤᠬᠠᠢ ᠪᠠᠭ᠍ᠰᠢ᠎ᠶ᠋ᠢᠨ ᠵᠢᠯᠤᠭᠤᠲᠤᠯᠭ᠎ᠠ ᠲᠤᠤᠷ᠎ᠡ ᠨᠠᠷᠢᠨ ᠨᠢᠮᠪᠠᠢ ᠰᠤᠷᠴᠤ᠌ ᠪᠠᠢᠯ᠎ᠠ᠃ ᠲᠡᠲᠡ ᠦᠪᠡᠷ᠎ᠢᠶᠠᠨ ᠬᠦᠯᠲᠡᠭᠡᠬᠦᠷ᠎ᠤᠨ ᠨᠠᠭᠠᠯᠲᠠ ᠵᠢᠷᠤᠭ᠎ᠢ ᠬᠢᠵᠦ᠍᠂ ᠰᠤᠷᠤᠭ᠍ᠰᠠᠨ ᠵᠦᠢᠯ᠎ᠢᠶᠠᠨ ᠲᠠᠷᠤᠢᠬᠠᠨ᠎ᠳᠤᠨᠢ ᠱᠢᠩᠭᠡᠭᠡᠬᠦ᠌᠎ᠪᠠᠷ ᠴᠢᠷᠮᠠᠢᠵᠤ ᠪᠠᠢᠯ᠎ᠠ᠃

ᠰᠠᠩ᠎ᠤᠨ ᠲᠠᠯᠠᠢ ᠭᠠᠴᠠᠭᠠᠨ᠎ᠤ ᠮᠠᠯᠴᠢᠨ ᠰᠤᠷᠤᠯᠴᠠᠭ᠍ᠴᠢ ᠲᠠᠨ᠎ᠠ᠄ 《ᠡᠨᠡ ᠣᠳᠠᠭᠠᠨ᠎ᠤ ᠰᠣᠷᠣᠯᠴᠠᠯᠭ᠎ᠠ᠎ᠪᠠᠷ ᠳᠠᠮᠵᠢᠨ ᠤᠯᠠᠨ ᠶᠠᠭᠤᠮ᠎ᠠ ᠣᠯᠵᠣ ᠰᠣᠷᠴᠠᠢ᠃ ᠪᠢᠳᠠ ᠪᠣᠯ ᠣᠣᠯ᠎ᠨᠢ ᠭᠠᠷ᠎ᠢᠶᠠᠷ᠎ᠢᠶᠠᠨ ᠤᠷᠠᠯᠠᠨ ᠬᠢᠵᠣ ᠪᠠᠢᠭ᠍ᠰᠠᠨ ᠪᠤᠯ ᠣᠳᠣ ᠪᠦᠷ ᠮᠠᠱᠢᠨ᠎ᠢᠶᠠᠷ ᠬᠢᠬᠦ᠌ ᠪᠣᠯᠣᠭ᠍ᠰᠠᠨ ᠪᠠᠢᠨ᠎ᠠ᠃ ᠡᠳᠡᠬᠡᠷ ᠤᠷᠠᠯᠠᠨ ᠬᠢᠭᠰᠡᠡ ᠪᠦᠳᠤᠬᠡᠯ᠎ᠢ  ᠪᠢᠳᠠ ᠪᠦᠷ ᠵᠠᠷᠣᠵᠣ ᠪᠣᠯᠣᠨ᠎ᠠ᠃ ᠮᠠᠨ᠎ᠤ ᠮᠠᠯᠴᠢᠳ᠎ᠲᠤ ᠠᠪᠴᠣ ᠬᠡᠯᠡᠪᠡᠯ ᠡᠨᠡ ᠲᠠᠯ᠎ᠠ᠎ᠪᠠᠷ ᠢᠯᠡᠬᠦᠬᠡᠨ ᠰᠣᠷᠣᠯᠴᠠᠵᠣ᠂ ᠰᠢᠨ᠎ᠠ ᠵᠢ  ᠡᠬᠦᠳᠴᠤ᠂ ᠣᠷᠣᠯᠭ᠎ᠠ᠎ᠪᠠᠨ ᠨᠡᠮᠡᠭ᠌ᠳᠡᠬᠦᠯᠵᠣ ᠪᠣᠯᠣᠨ᠎ᠠ᠃ ᠦᠪᠡᠷ᠎ᠤᠨ ᠤᠷᠠᠯᠠᠨ ᠬᠢᠭᠰᠡᠡ ᠪᠦᠳᠦᠬᠡᠭ᠌ᠳᠡᠬᠦᠨ᠎ᠢᠶᠠᠨ ᠪᠠᠭ᠍ᠰᠢ᠎ᠪᠡᠷ ᠵᠢᠠᠨ ᠳᠠᠮᠵᠢᠭᠤᠯᠣᠭᠠᠳ ᠢᠯᠡᠬᠦᠬᠡᠨ ᠪᠣᠷᠣᠯᠠᠭᠤᠯᠵᠣ ᠪᠣᠯᠬᠤ ᠮᠦᠷᠳᠡᠬᠡᠨ  ᠡᠨᠡ  ᠨᠢ ᠪᠢᠳᠡᠨ᠎ᠳᠤ  ᠣᠷᠣᠯᠭ᠎ᠠ ᠪᠠᠨ ᠨᠡᠮᠡᠭ᠌ᠳᠡᠬᠦᠯᠬᠦ᠌ ᠪᠠᠰᠠ ᠨᠢᠭᠡᠨ ᠠᠷᠭ᠎ᠠ ᠵᠠᠮ ᠪᠣᠯᠣᠨ᠎ᠠ》 ᠭᠡᠪᠡ᠃

ᠪᠠᠶᠬᠠᠤᠯᠠᠭᠠᠨ ᠰᠤᠮᠤᠨ᠎ᠤ ᠤᠯᠠᠮᠵᠢᠯᠠᠯᠲᠤ ᠭᠠᠷ ᠤᠷᠠᠯᠠᠯ᠎ᠤᠨ ᠪᠦᠲᠦᠭᠡᠯ᠎ᠢ ᠬᠤᠪᠢᠷᠠᠭᠤᠯᠤᠨ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ ᠪᠤᠯᠭᠠᠬᠤ ᠰᠠᠭᠤᠷᠢᠨ ᠭᠠᠵᠠᠷ ᠪᠤᠯ ᠤᠷᠤᠨ ᠨᠤᠳᠤᠭ ᠬᠢᠭᠡᠳ ᠶᠡᠭᠡ ᠳᠡᠭᠡᠳᠦ ᠰᠤᠷᠭᠠᠭᠤᠯᠢ᠎ᠶ᠋ᠢᠨ ᠭᠦᠨᠵᠡᠭᠡᠢ ᠬᠠᠮᠲᠤᠷᠠᠯᠴᠠᠭ᠎ᠠ᠎ᠶ᠋ᠢᠨ ᠭᠤᠣᠯᠳᠠᠯᠭ᠎ᠠ᠎ᠲᠠᠢ ᠦᠷ᠎ᠡ ᠪᠦᠲᠦᠭᠡᠯ ᠪᠣᠯᠬᠤ ᠪᠥᠭᠡᠳ 《ᠨᠢᠭᠡ ᠪᠠᠯᠭᠠᠰᠤ ᠨᠢᠭᠡ ᠠᠵᠤ ᠦᠢᠯᠡᠰ》ᠤ᠋ᠨ ᠣᠨᠴᠠᠯᠢᠭ᠍ᠲᠤ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ᠌ ᠴᠢᠨᠠᠷᠲᠠᠢ ᠲᠦᠷᠦᠯ ᠵᠦᠢᠯ ᠪᠣᠯᠣᠨ᠎ᠠ᠃

ᠲᠤᠰ ᠲᠥᠷᠥᠯ ᠵᠦᠢᠯ᠎ᠨᠢ ᠪᠠᠶᠬᠠᠤᠯᠠᠭᠠᠨ ᠰᠤᠮᠤᠨ᠎ᠤ ᠤᠯᠠᠭᠠᠠᠬᠡᠷᠡᠯ ᠭᠠᠴᠠᠭ᠎ᠠ᠎ᠳᠤ ᠪᠠᠢᠷᠢᠯᠠᠵᠤ᠂ ᠶᠡᠷᠦᠩᠬᠡᠢ ᠪᠡᠯᠡ ᠣᠷᠣᠭᠤᠯᠤᠯᠲᠠ᠎ᠨᠢ 56 ᠲᠦᠮᠡᠨ ᠲᠥᠭᠦᠷᠢᠭ᠎ᠲᠤ ᠬᠦᠷᠴᠦ᠍᠂ ᠤᠶᠤᠲᠠᠯ᠎ᠤᠨ ᠮᠠᠱᠢᠨ᠂ ᠲᠣᠮᠣ ᠭᠡᠯᠪᠡᠷᠢ᠎ᠶ᠋ᠢᠨ ᠬᠠᠯᠠᠭᠠᠬᠤ ᠮᠠᠱᠢᠨ ᠵᠡᠷᠭᠡ ᠲᠥᠬᠦᠭᠡᠷᠦᠮᠵᠢ ᠵᠢᠴᠢ ᠠᠷᠠᠰᠤ ᠨᠣᠣᠰᠣ᠎ᠶ᠋ᠢ ᠨᠢᠭᠡ ᠴᠣᠭ᠍ᠴᠠᠵᠢᠭᠤᠯᠤᠭ᠍ᠰᠠᠨ ᠮᠠᠲ᠋ᠧᠷᠢᠶᠠᠯ᠎ᠢ ᠬᠤᠳᠠᠯᠳᠤᠨ ᠠᠪᠴᠤ᠌᠂ ᠠᠷᠠᠰᠤᠨ ᠤᠷᠠᠯᠢᠭ᠎ᠤᠨ ᠪᠦᠲᠦᠭᠡᠭ᠌ᠳᠡᠬᠦᠨ᠎ᠢ ᠡᠳ᠋ᠱᠢᠭᠦᠯᠬᠦ᠂ ᠳᠡᠯᠭᠡᠨ ᠦᠵᠡᠭᠦᠯᠬᠦ᠂ ᠪᠣᠷᠣᠯᠠᠭᠤᠯᠬᠤ ᠲᠠᠪᠴᠠᠩ᠎ᠢ ᠪᠠᠢᠭᠤᠯᠪᠠ᠃ ᠰᠠᠭᠤᠷᠢᠨ ᠭᠠᠵᠠᠷ᠎ᠨᠢ ᠲᠣᠰ ᠭᠠᠵᠠᠷ ᠣᠷᠣᠨ᠎ᠤ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠨ᠂ 《ᠬᠦᠷᠢᠶ᠎ᠡ ᠬᠠᠱᠢᠶ᠎ᠠ᠎ᠶ᠋ᠢᠨ ᠠᠵᠤ ᠠᠬᠤᠢ》 ᠬᠢᠭᠡᠳ ᠠᠵᠤ ᠦᠢᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠣᠷᠭᠠᠨᠢᠭ᠎ᠢᠶᠠᠷ ᠠᠭᠤᠰᠤᠯᠴᠠᠭᠤᠯᠵᠤ᠂ 《ᠬᠥᠲᠥᠴᠢ ᠠᠵᠤ ᠠᠬᠤᠢᠯᠠᠯ + ᠬᠤᠷᠱᠢᠶ᠎ᠠ + ᠭᠡᠷ ᠪᠦᠯᠢ᠎ᠶ᠋ᠢᠨ ᠦᠢᠯᠡᠳᠭᠡᠯ》 ᠤ᠋ᠨ ᠡᠵᠡᠩᠨᠡᠯᠲᠡ᠎ᠶ᠋ᠢᠨ ᠵᠠᠭ᠍ᠪᠤᠷ᠎ᠲᠤ ᠱᠢᠨ᠎ᠡ᠎ᠶ᠋ᠢ ᠡᠭᠦᠳᠦᠨ᠂ ᠤᠯᠠᠮᠵᠢᠯᠠᠯᠲᠤ ᠭᠠᠷ ᠤᠷᠠᠯᠠᠯ᠎ᠢ ᠭᠠᠷ ᠦᠢᠯᠡᠳᠭᠡᠯ᠎ᠤᠨ ᠬᠡᠯᠪᠡᠷᠢ᠎ᠠᠴᠠ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ᠂ ᠨᠠᠷᠠᠲᠤ ᠲᠥᠷᠥᠯ ᠲᠡᠮᠳᠡᠭ᠌ᠵᠢᠭᠦᠯᠬᠦ᠌ ᠳᠠᠢᠰᠢ ᠬᠤᠪᠢᠷᠠᠭᠤᠯᠬᠤ᠎ᠶ᠋ᠢ ᠴᠢᠷᠮᠠᠢᠨ ᠠᠬᠢᠭᠤᠯᠵᠤ᠂ ᠲᠤᠬᠠᠢ᠎ᠶ᠋ᠢᠨ ᠭᠠᠵᠠᠷ᠎ᠤᠨ ᠮᠠᠯᠴᠢᠨ ᠲᠠᠷᠢᠶᠠᠴᠢᠳ᠎ᠤᠨ ᠭᠡᠷ᠎ᠠᠴᠠ᠎ᠪᠠᠨ ᠭᠠᠷᠬᠤ ᠦᠭᠡᠢ᠎ᠪᠠᠷ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌᠎ᠳᠤ ᠲᠤᠰᠠᠯᠠᠮᠵᠢ ᠦᠵᠡᠬᠦᠯᠦᠭ᠌ᠰᠡᠨ ᠪᠠᠢᠨ᠎ᠠ᠃




ᠰᠠᠭᠤᠷᠢᠨ ᠭᠠᠵᠠᠷ᠎ᠨᠢ 《ᠬᠦᠷᠢᠶ᠎ᠡ ᠬᠠᠱᠢᠶᠠᠨ᠎ᠳ᠋ᠠᠭᠠᠨ ᠦᠢᠯᠡᠳᠪᠦᠷᠢᠯᠡᠬᠦ᠌ — ᠲᠥᠪᠯᠡᠷᠡᠭᠦᠯᠦᠨ ᠡᠳ᠋ᠱᠢᠭᠦᠯᠬᠦ᠌ — ᠨᠢᠭᠡᠳᠦᠯᠲᠡᠢ ᠪᠣᠷᠣᠯᠠᠭᠤᠯᠬᠤ》 ᠣᠨᠴᠠᠯᠢᠭ᠍ᠲᠤ ᠬᠡᠯᠬᠢᠶ᠎ᠡ᠎ᠶ᠋ᠢ ᠪᠠᠢᠭᠤᠯᠵᠤ᠂ 《ᠤᠯᠠᠮᠵᠢᠯᠠᠬᠤ ᠬᠠᠪᠰᠤᠷᠬᠤ ᠳᠠᠭᠠᠭᠤᠯᠬᠤ》 ᠲᠣᠭ᠍ᠲᠠᠴᠠ᠎ᠪᠠᠷ ᠳᠠᠮᠵᠢᠭᠤᠯᠤᠨ ᠲᠤᠰ ᠭᠠᠵᠠᠷ ᠣᠷᠣᠨ᠎ᠤ ᠮᠡᠷᠭᠡᠵᠢᠯ᠎ᠤᠨ ᠭᠤᠣᠯᠯᠠᠭ᠍ᠴᠢ ᠬᠦᠴᠦᠨ᠎ᠢ ᠪᠤᠢᠵᠢᠭᠤᠯᠤᠨ᠂ ᠲᠠᠬᠢᠨ ᠭᠤᠣᠯᠯᠠᠭ᠍ᠴᠢ ᠬᠦᠴᠦᠨ᠎ᠢᠶᠠᠷ ᠡᠷᠬᠢᠨ ᠲᠣᠭᠤᠷᠢᠨ᠎ᠤ ᠲᠠᠷᠢᠶᠠᠴᠢᠨ ᠡᠷᠦᠬᠡ᠎ᠶ᠋ᠢ ᠨᠥᠯᠥᠭᠡᠯᠡᠨ ᠳᠠᠢᠴᠢᠯᠠᠵᠦ᠍᠂ 《ᠨᠢᠭᠡ ᠡᠷᠤᠬᠡ ᠨᠢᠭᠡ ᠪᠦᠲᠦᠭᠡᠭ᠌ᠳᠡᠬᠦᠨ᠂ ᠨᠢᠭᠡ ᠡᠷᠤᠬᠡ ᠨᠢᠭᠡ ᠮᠡᠷᠭᠡᠵᠢᠯ》 ᠪᠦᠬᠦᠢ ᠬᠦᠷᠢᠶᠡᠨ᠎ᠤ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠪᠠᠢᠷᠢᠱᠢᠯ᠎ᠢ ᠪᠦᠷᠢᠯᠲᠦᠬᠦᠯᠦᠨ᠂ ᠤᠯᠠᠮᠵᠢᠯᠠᠯᠲᠤ ᠭᠠᠷ ᠤᠷᠠᠯᠠᠯ᠎ᠤᠨ ᠤᠷ᠎ᠠ ᠮᠡᠷᠭᠡᠵᠢᠯ᠎ᠢ ᠤᠯᠠᠮᠵᠢᠯᠠᠨ ᠵᠠᠯᠭᠠᠮᠵᠢᠯᠠᠬᠤ ᠪᠠ ᠠᠵᠤ ᠦᠢᠯᠡᠰᠵᠢᠭᠦᠯᠦᠨ ᠬᠥᠭ᠌ᠵᠢᠭᠦᠯᠬᠦ᠌᠎ᠶ᠋ᠢ ᠠᠬᠢᠭᠤᠯᠵᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ᠎ᠨᠢ ᠲᠣᠭ᠍ᠲᠠᠭᠤᠨ᠎ᠢᠶᠠᠷ ᠨᠡᠮᠡᠭ᠌ᠳᠡᠭᠦᠯᠦᠨ᠂ ᠪᠦᠬᠦ᠌ ᠰᠤᠮᠤᠨ᠎ᠤ ᠠᠵᠤ ᠦᠢᠯᠡᠰ᠎ᠢ ᠬᠥᠭ᠌ᠵᠢᠭᠦᠯᠦᠨ ᠮᠠᠨᠳᠤᠭᠤᠯᠬᠤ᠎ᠳᠤ ᠦᠨᠳᠦᠰᠦᠲᠡᠨ᠎ᠤ ᠣᠨᠴᠠᠯᠢᠭ᠍ᠲᠤ ᠬᠥᠳᠡᠯᠭᠡᠬᠦ᠌ ᠬᠦᠴᠦᠨ ᠨᠡᠮᠡᠷᠢᠯᠡᠭ᠌ᠰᠡᠨ ᠪᠠᠢᠨ᠎ᠠ᠃

ᠬᠥᠬᠡᠬᠤᠲᠠ ᠦᠨᠳᠦᠰᠦᠲᠡᠨ᠎ᠤ ᠳᠡᠭᠡᠳᠦ ᠰᠤᠷᠭᠠᠭᠤᠯᠢ᠎ᠶ᠋ᠢᠨ ᠤᠷᠠᠨ ᠵᠢᠷᠤᠭ ᠪᠠ ᠵᠢᠷᠤᠭ ᠲᠥᠯᠥᠪᠯᠡᠭᠡᠨ᠎ᠤ ᠳᠡᠭᠡᠳᠦ ᠰᠤᠷᠭᠠᠭᠤᠯᠢ᠎ᠶ᠋ᠢᠨ ᠪᠦᠲᠦᠭᠡᠭ᠌ᠳᠡᠬᠦᠨ᠎ᠤ ᠵᠢᠷᠤᠭ ᠲᠥᠯᠥᠪᠯᠡᠭᠡ ᠵᠢᠭᠠᠨ ᠰᠤᠳᠤᠯᠬᠤ ᠲᠠᠰᠤᠭ᠎ᠤᠨ ᠡᠷᠬᠢᠯᠡᠭ᠌ᠴᠢ ᠮᠦᠷᠡᠨ᠄ 《ᠳᠠᠷᠠᠭᠠᠴᠢ᠎ᠶ᠋ᠢᠨ ᠠᠯᠬᠤᠮ᠎ᠳᠤ ᠪᠢᠳᠠ ᠳᠤᠰᠭᠠᠢ ᠢᠰᠡᠬᠡᠢ᠎ᠶ᠋ᠢᠨ ᠮᠡᠷᠬᠡᠵᠢᠯ᠎ᠤᠨ ᠪᠠᠭ᠍ᠰᠢ᠂ ᠴᠠᠭᠠᠰᠣᠨ ᠬᠠᠢᠴᠢᠯᠠᠮᠠᠯ᠎ᠤᠨ ᠮᠡᠷᠬᠡᠵᠢᠯ᠎ᠤᠨ ᠪᠠᠭ᠍ᠰᠢ᠎ᠶ᠋ᠢ ᠵᠠᠯᠠᠵᠤ᠂ ᠮᠠᠯᠴᠢᠳ᠎ᠲᠤ ᠬᠢᠴᠢᠶᠡᠯ ᠣᠷᠣᠭᠤᠯᠬᠤ ᠰᠠᠨᠠᠭ᠎ᠠ ᠲᠠᠢ᠃ ᠪᠣᠯᠪᠠᠰᠣᠷᠠᠯ᠎ᠢᠶᠠᠷ ᠳᠠᠮᠵᠢᠨ ᠮᠠᠯᠴᠢᠳ ᠪᠡᠶ᠎ᠡ᠎ᠪᠠᠨ ᠲᠠᠭᠠᠭᠠᠭᠰᠠᠨ ᠪᠦᠳᠦᠭᠡᠭᠳᠡᠭᠦᠨ ᠭᠢᠵᠤ ᠴᠢᠳᠠᠪᠠᠯ ᠪᠢᠳᠠ ᠡᠳᠡᠭᠡᠷ ᠪᠦᠳᠦᠬᠡᠭ᠌ᠳᠡᠬᠦᠨ᠎ᠢ ᠳᠠᠬᠢᠭᠠᠳ ᠵᠠᠬ᠎ᠠ ᠳᠡᠬᠡᠷ᠎ᠡ ᠪᠣᠷᠣᠯᠠᠭᠤᠯᠵᠣ ᠦᠭᠭᠦᠨ ᠮᠠᠯᠴᠢᠳ᠎ᠤᠨ ᠣᠷᠣᠯᠭ᠎ᠠ᠎ᠶ᠋ᠢ ᠨᠢ ᠨᠡᠮᠡᠭ᠌ᠳᠡᠬᠦᠯᠦᠨ᠎ᠠ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号