ᠣᠢᠷ᠎ᠠ ᠵᠢᠨ ᠬᠣᠭᠣᠴᠠᠭᠠᠨ ᠳ᠋ᠣ᠂ ᠤᠯᠠᠭᠠᠨᠬᠠᠳᠠ ᠬᠤᠳᠠ ᠵᠢᠨ ᠠᠷᠤ ᠬᠣᠷᠴᠢᠨ ᠬᠣᠱᠢᠭᠤᠨ ᠤ᠋ ᠲᠥᠷᠥᠯ ᠵᠦᠶ᠋ᠯ᠎ᠦᠨ ᠪᠦᠲᠦᠭᠡᠨ ᠪᠠᠢᠭᠤᠯᠤᠯᠲᠠ ᠬᠦᠭᠵᠢᠶᠠᠨᠳᠠᠢ ᠶᠠᠪᠤᠭᠳᠠᠵᠤ ᠪᠤᠢ᠃ ᠹᠸᠢ ᠾᠧ (ᠠᠷᠤ ᠬᠣᠷᠴᠢᠨ) ᠣᠶᠤᠨᠴᠢᠯᠠᠭ᠍ᠰᠠᠨ ᠠᠮᠢ ᠠᠬᠤᠶ᠎ᠶ᠋ᠢᠨ ᠠᠵᠤ ᠦᠶ᠋ᠯᠡᠰ᠎ᠦᠨ ᠬᠦᠷᠢᠶᠡᠯᠡᠩ᠎ᠳᠦ ᠨᠢᠭᠡ ᠪᠦᠯᠦᠭ ᠠᠵᠢᠯᠴᠢᠨ ᠬᠡᠷᠡᠮ ᠬᠠᠨ᠎ᠠ ᠰᠡᠯᠪᠢᠨ ᠵᠠᠰᠠᠬᠤ᠂ ᠲᠣᠨᠣᠭ ᠲᠥᠬᠥᠭᠡᠷᠦᠮᠵᠢ ᠤᠭ᠍ᠰᠠᠷᠠᠨ ᠲᠣᠬᠢᠷᠠᠭᠤᠯᠬᠤ ᠵᠡᠷᠭᠡ ᠠᠵᠢᠯ᠎ᠳᠤ ᠶᠠᠭᠠᠷᠠᠯᠳᠤᠬᠤ᠎ᠳᠤ ᠪᠠᠰᠠ ᠨᠢᠭᠡ ᠪᠦᠯᠦᠭ ᠠᠵᠢᠯᠲᠠᠨ ᠠᠵᠢᠯᠴᠢᠨ ᠳᠤᠭᠤᠢᠯᠠᠩ ᠬᠤᠪᠢᠶᠠᠨ ᠣᠷᠴᠢᠨ ᠲᠣᠭᠣᠷᠢᠨ᠎ᠢ ᠴᠡᠪᠡᠷᠯᠡᠵᠡᠭᠡᠵᠥ᠂ ᠠᠱᠢᠭ᠍ᠯᠠᠯᠲᠠ᠎ᠳᠤ ᠣᠷᠣᠭᠤᠯᠬᠤ ᠵᠠᠩᠭᠢᠯᠠᠭ᠎ᠠ ᠶ᠋ᠢᠨ ᠵᠦᠢᠯᠡᠰ᠎ᠢ ᠲᠤᠷᠱᠢᠵᠤ ᠪᠠᠢᠪᠠ᠃
ᠹᠸᠢ ᠾᠧ (ᠠᠷᠤ ᠬᠣᠷᠴᠢᠨ) ᠣᠶᠤᠨᠴᠢᠯᠠᠭ᠍ᠰᠠᠨ ᠠᠮᠢ ᠠᠬᠤᠶ᠎ᠶ᠋ᠢᠨ ᠠᠵᠤ ᠦᠶ᠋ᠯᠡᠰ᠎ᠦᠨ ᠬᠦᠷᠢᠶᠡᠯᠡᠩ᠎ᠦᠨ ᠲᠦᠷᠦᠭᠦᠦ ᠬᠤᠭᠤᠴᠠᠭᠠᠨ᠎ᠤ ᠲᠥᠷᠥᠯ ᠵᠦᠶ᠋ᠯ᠎ᠳᠦ ᠨᠡᠢᠲᠡ 10 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ᠂ 180 ᠮᠥ᠍ ᠭᠠᠵᠠᠷ ᠡᠵᠡᠯᠡᠨ᠂ ᠠᠰᠢᠬᠯᠠᠯᠲᠠ᠎ᠳᠤ ᠤᠷᠤᠬᠰᠠᠨ ᠤ᠋ ᠳᠠᠷᠠᠭ᠎ᠠ ᠡᠳᠦᠷ᠎ᠲᠦ 800 ᠲᠣᠨ ᠲᠦᠭᠦᠬᠡᠢ ᠰᠦ ᠵᠢ ᠣᠶᠤᠨᠴᠢ ᠪᠡᠷ ᠡᠳ᠋ᠰᠢᠬᠦᠯᠦᠨ ᠪᠣᠯᠪᠠᠰᠤᠷᠠᠭᠤᠯᠬᠤ ᠴᠢᠳᠠᠪᠤᠷᠢ᠎ᠶ᠋ᠢ ᠪᠦᠷᠢᠯᠳᠦᠭᠦᠯᠵᠦ᠍᠂ 10 ᠲᠦᠮᠡᠨ ᠲᠣᠨ ᠤ᠋ ᠲᠠᠰ᠎ᠤᠨ ᠣᠯᠠᠨ ᠤᠯᠤᠰ᠎ᠤᠨ ᠪᠠᠷᠢᠮᠵᠢᠶᠠᠵᠢᠭᠰᠠᠨ ᠴᠡᠪᠡᠷᠱᠢᠭᠦᠯᠬᠦ᠌ ᠦᠶ᠋ᠯᠡᠳᠪᠦᠷᠢ ᠵᠢᠨ ᠲᠠᠰᠤᠭ ᠢ᠋ ᠢᠵᠢ ᠳᠦᠬᠦᠷᠵᠢᠬᠦᠯᠬᠦ ᠪᠤᠯᠤᠨ᠎ᠠ᠃ ᠲᠦᠷᠦᠬᠦᠦ ᠬᠤᠭᠤᠴᠠᠭ᠎ᠠ ᠪᠤᠯᠤᠨ ᠬᠣᠶᠠᠳᠤᠭᠠᠷ ᠬᠤᠭᠤᠴᠠᠭᠠᠨ᠎ᠤ ᠲᠥᠷᠥᠯ ᠵᠦᠶ᠋ᠯ ᠪᠦᠬᠦᠨ᠎ᠢᠶᠡᠷ᠎ᠢᠶᠡᠨ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ᠂ ᠠᠵᠤ ᠦᠶ᠋ᠯᠡᠰ᠎ᠦᠨ ᠬᠦᠷᠢᠶᠡᠯᠡᠩ ᠤ᠋ᠨ ᠡᠳᠦᠷ ᠪᠦᠷᠢ ᠵᠢᠨ ᠲᠦᠭᠦᠬᠡᠢ ᠰᠦ ᠡᠳ᠋ᠰᠢᠭᠦᠯᠦᠨ ᠪᠤᠯᠪᠠᠰᠤᠷᠠᠭᠤᠯᠬᠤ ᠴᠢᠳᠠᠪᠤᠷᠢ ᠨᠢ 1000 ᠲᠣᠨ᠎ᠳᠤ ᠬᠦᠷᠴᠤ᠂ ᠵᠢᠯᠳ᠋ᠣ ᠨᠠᠢᠷᠠᠯᠭ᠎ᠠ᠎ᠲᠠᠶ ᠰᠦ ᠵᠢᠨ ᠲᠠᠯᠬ᠎ᠠ ᠵᠢ 4 ᠲᠦᠮᠡᠨ ᠲᠣᠨ᠂ ᠰᠦᠨ᠎ᠤ ᠲᠡᠮᠦᠷ᠎ᠦᠨ ᠤᠭᠤᠷᠠᠭ᠎ᠢ 16.8 ᠲᠣᠨ᠂ ᠳᠠᠪᠤᠰᠤ ᠥᠬᠡᠢᠳᠡᠭᠦᠯᠦᠭ᠌ᠰᠡᠨ ᠰᠢᠷᠠᠰᠤ (D90) ᠵᠢ 9000 ᠲᠣᠨ᠂ ᠤᠭᠤᠷᠠᠭ᠎ᠢ 5600 ᠲᠣᠨ᠂ ᠱᠢᠩᠭᠡᠨ ᠱᠢᠷ᠎ᠠ ᠲᠣᠰᠣ ᠵᠢ 10000 ᠲᠣᠨ᠂ ᠤᠰᠤ ᠥᠬᠡᠢᠳᠡᠬᠦᠯᠦᠭᠰᠡᠨ ᠱᠢᠷ᠎ᠠ ᠲᠣᠰᠣ ᠵᠢ 3000 ᠲᠣᠨ ᠦᠶ᠋ᠯᠡᠳᠪᠦᠷᠢᠯᠡᠵᠦ᠍᠂ ᠵᠢᠯ᠎ᠤ᠋ᠨ ᠪᠣᠷᠣᠯᠠᠭᠤᠯᠭ᠎ᠠ᠎ᠶ᠋ᠢᠨ ᠣᠷᠣᠯᠭ᠎ᠠ ᠨᠢ 68.8 ᠳ᠋ᠦᠩᠱᠢᠭᠤᠷ ᠲᠥᠭᠥᠷᠢᠭ ᠲᠦ᠍ ᠬᠦᠷᠦᠨ᠎ᠡ᠃ ᠲᠤᠰ ᠲᠥᠷᠥᠯ ᠵᠦᠶ᠋ᠯᠪᠥᠬᠥ᠌ ᠬᠣᠱᠢᠭᠤᠨ᠎ᠤ ᠴᠢᠨᠠᠷ ᠰᠠᠢᠲᠠᠶ ᠰᠦ ᠵᠢᠨ ᠢᠷᠡᠯᠲᠡ᠎ᠶ᠋ᠢᠨ ᠳᠠᠯᠳᠠ ᠬᠦᠴᠦᠨ᠎ᠢ ᠭᠦᠶ᠋ᠴᠡᠳ ᠪᠠᠳᠠᠷᠠᠭᠤᠯᠬᠤ᠎ᠪᠠᠷ ᠪᠠᠷᠠᠬᠤ ᠥᠬᠡᠶ᠂ ᠤᠯᠤᠰ᠎ᠤᠨ ᠳᠣᠲᠣᠭᠠᠳᠤ᠎ᠶ᠋ᠢᠨ ᠰᠦ ᠵᠢᠨ ᠢᠷᠡᠯᠲᠡ ᠵᠢᠨ ᠭᠠᠳᠠᠭᠠᠳᠤ᠎ᠠᠴᠠ ᠣᠷᠣᠭᠤᠯᠬᠤ᠎ᠵᠢ ᠨᠡᠯᠢᠶᠡᠳ ᠲᠦᠱᠢᠭ᠌ᠯᠡᠵᠦ ᠪᠠᠢᠭ᠎ᠠ᠂ ᠵᠠᠷᠢᠮ ᠰᠦ ᠵᠢᠨ ᠪᠦᠲᠦᠭᠡᠭᠳᠡᠭᠦᠨ ᠤ᠋ ᠵᠠᠩᠭᠢᠯᠠᠭ᠎ᠠ᠎ᠶ᠋ᠢᠨ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ᠎ᠤᠨ 《ᠪᠣᠭᠣᠮᠢ》 ᠪᠣᠯᠵᠣ ᠪᠠᠢᠭ᠎ᠠ ᠠᠵᠢᠯ ᠲᠥᠷᠥᠯ᠎ᠦᠨ ᠬᠦᠴᠢᠷ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠵᠦ᠍᠂ ᠣᠷᠣᠨ ᠪᠦᠰᠡ᠎ᠶ᠋ᠢᠨ ᠰᠦ ᠵᠢᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ᠌ ᠪᠣᠯᠤᠨ᠎ᠠ᠃
ᠠᠷᠤ ᠬᠣᠷᠴᠢᠨ ᠬᠣᠱᠢᠭᠤᠨ᠎ᠤ ᠪᠠᠷᠢᠮᠵᠢᠶᠠᠵᠢᠭ᠍ᠰᠠᠨ ᠮᠢᠬᠠᠨ᠎ᠤ ᠦᠬᠡᠷ ᠪᠣᠷᠳᠣᠬᠤ ᠦᠶ᠋ᠯᠡᠳᠪᠦᠷᠢ᠎ᠶ᠋ᠢᠨ ᠲᠥᠷᠥᠯ ᠵᠦᠶ᠋ᠯᠴᠤ᠌ ᠠᠵᠤ ᠦᠶ᠋ᠯᠡᠰ᠎ᠦᠨ ᠲᠠᠰ ᠳᠡᠪᠱᠢᠬᠦ ᠬᠦᠨᠳᠦ ᠡᠭᠦᠷᠭᠡ᠎ᠶ᠋ᠢ ᠡᠭᠦᠷᠭᠡᠯᠡᠵᠦ᠍ ᠪᠣᠶ᠃ ᠲᠣᠰ ᠲᠥᠷᠥᠯ ᠵᠦᠶ᠋ᠯ᠎ᠢ ᠭᠤᠷᠪᠠᠨ ᠬᠤᠭᠤᠴᠠᠭ᠎ᠠ ᠬᠤᠪᠢᠶᠠᠨ᠂ 6 ᠲᠦᠮᠡ ᠵᠢᠨ ᠬᠡᠪᠴᠢᠶ᠎ᠡ ᠲᠠᠢ ᠦᠬᠡᠷ ᠪᠤᠷᠳᠤᠬᠤ ᠰᠠᠭᠤᠷᠢᠨ᠎ᠢ ᠪᠥᠲᠥᠭᠡᠨ ᠪᠠᠢᠭᠤᠯᠬᠤ᠎ᠪᠠᠷ ᠲᠥᠯᠥᠪᠯᠡᠵᠦ᠍ ᠪᠤᠢ᠂ ᠡᠭᠦᠨ᠎ᠳᠦ ᠲᠦᠷᠦᠬᠦᠦ ᠬᠤᠭᠤᠴᠠᠭᠠᠨ᠎ᠤ ᠪᠠᠯᠠ ᠣᠷᠣᠭᠤᠯᠤᠯᠲᠠ᠎ᠨᠢ 6160 ᠲᠦᠮᠡᠨ ᠲᠥᠭᠥᠷᠢᠭ᠂ 14 ᠪᠠᠷᠢᠮᠵᠢᠶ᠎ᠠ ᠦᠬᠡᠷ᠎ᠦᠨ ᠬᠠᠱᠢᠶ᠎ᠠ ᠪᠠᠢᠭᠤᠯᠤᠨ᠂ ᠢᠯᠭᠠᠳᠠᠰᠤ ᠪᠤᠬᠢᠷ ᠡᠳ᠋᠎ᠢ ᠱᠢᠶ᠋ᠳᠪᠦᠷᠢᠯᠡᠬᠦ᠌ ᠲᠥᠬᠥᠭᠡᠷᠦᠮᠵᠢ᠎ᠶ᠋ᠢ ᠢᠵᠢ ᠪᠦᠷᠢᠳᠦᠭᠦᠯᠵᠦ᠂ ᠵᠢᠱ᠌ᠢᠯᠲᠡ᠎ᠪᠡᠷ ᠡᠨᠡ ᠵᠢᠯ᠎ᠦᠨ 8 ᠰᠠᠷ᠎ᠠ᠎ᠳᠤ ᠵᠢᠩᠬᠢᠨᠢ᠎ᠪᠡᠷ ᠪᠠᠷᠢᠯᠭ᠎ᠠ ᠡᠬᠢᠯᠡᠭᠦᠯᠵᠦ᠍᠂ ᠡᠨᠡ ᠵᠢᠯ 3000 ᠲᠦᠮᠡᠨ ᠲᠥᠭᠥᠷᠢᠭ᠎ᠦᠨ ᠪᠠᠯᠠ ᠣᠷᠣᠭᠤᠯᠤᠨ᠎ᠡ᠃ ᠠᠷᠤ ᠬᠣᠷᠴᠢᠨ ᠬᠣᠱᠢᠭᠤᠨ᠎ᠤ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠸᠠᠩ ᠪᠦᠦ᠄ 《ᠲᠤᠰ ᠲᠥᠷᠥᠯ ᠵᠦᠶ᠋ᠯ ᠠᠰᠢᠬᠯᠠᠯᠲᠠ᠎ᠳᠤ ᠤᠷᠤᠭᠰᠠᠨ᠎ᠤ ᠳᠠᠷᠠᠭ᠎ᠠ᠂ ᠪᠢᠳᠡ 〈ᠳᠠᠭᠠᠭᠤᠯᠤᠭᠴᠢ ᠠᠵᠤ ᠠᠬᠤᠢᠯᠠᠯ + ᠲᠡᠵᠢᠭᠡᠪᠦᠷᠢ ᠵᠢᠨ ᠡᠷᠦᠬᠡ〉 ᠭᠡᠬᠦ ᠮᠠᠯ ᠣᠨᠣᠭ᠎ᠠ᠎ᠶ᠋ᠢ ᠨᠠᠢᠳᠠᠨ ᠠᠷᠠᠴᠢᠯᠠᠬᠤ ᠠᠱᠢᠭ ᠲᠤᠰᠠ ᠵᠢᠨ ᠬᠤᠯᠪᠤᠭᠠᠨ ᠤ᠋ ᠵᠠᠭ᠍ᠪᠤᠷ᠎ᠢ ᠬᠡᠷᠡᠭ᠌ᠯᠡᠵᠤ᠂ ᠨᠠᠷᠢᠯᠢᠬ᠍ᠵᠢᠭᠤᠯᠤᠭ᠍ᠰᠠᠨ ᠨᠢᠭᠡᠳᠦᠯᠲᠡᠶ ᠬᠠᠮᠢᠶᠠᠷᠤᠯᠲᠠ᠎ᠶ᠋ᠢᠨ ᠠᠷᠭ᠎ᠠ ᠪᠡᠷ ᠳᠠᠮᠵᠢᠭᠤᠯᠤᠨ᠂ ᠮᠠᠯ ᠣᠨᠣᠭ᠎ᠠ᠎ᠵᠢᠨ ᠳᠤᠭ᠎ᠠ ᠵᠢ ᠪᠠᠭᠠᠰᠬᠠᠬᠤ ᠴᠤ᠌ ᠮᠢᠬᠠᠨ ᠤ᠋ ᠭᠠᠷᠤᠯᠳᠠ ᠵᠢ ᠪᠠᠭᠤᠷᠠᠭᠤᠯᠬᠤ ᠥᠬᠡᠶ᠂ ᠲᠡᠵᠢᠭᠡᠪᠦᠷᠢ ᠵᠢᠨ ᠡᠷᠦᠬᠡ᠎ᠶ᠋ᠢᠨ ᠲᠣᠭ᠍ᠲᠠᠭᠤᠨ ᠣᠷᠣᠯᠭ᠎ᠠ᠎ᠶ᠋ᠢ ᠪᠠᠲᠤᠯᠠᠵᠤ᠂ ᠮᠠᠯ᠎ᠤᠨ ᠲᠣᠭ᠎ᠠ ᠶ᠋ᠢ ᠪᠦᠲᠦᠮᠵᠢᠲᠡᠶ ᠪᠠᠭᠠᠰᠭᠠᠪᠠᠴᠤ᠂ ᠨᠤᠲᠤᠭ ᠪᠡᠯᠴᠢᠭᠡᠷ᠎ᠦᠨ ᠳᠠᠭᠠᠭᠠᠴᠠᠡᠴᠠ ᠭᠡᠳᠦᠷᠡᠭᠰᠡᠨ ᠠᠰᠠᠭᠤᠳᠠᠯ᠎ᠢ ᠱᠢᠶ᠋ᠳᠪᠦᠷᠢᠯᠡᠬᠦ᠌᠎ᠳᠦ ᠱᠢᠨ᠎ᠡ ᠰᠡᠳᠭᠢᠴᠡ ᠬᠠᠩᠭᠠᠨ᠎ᠠ》 ᠭᠡᠵᠦ᠍ ᠰᠤᠷᠪᠤᠯᠵᠢᠯᠠᠭᠴᠢ᠎ᠳᠤ ᠲᠠᠨᠢᠯᠴᠠᠭᠤᠯᠪᠠ᠃ ᠣᠳᠣᠬᠠᠨ᠎ᠳᠤ᠂ ᠲᠦᠷᠦᠬᠦᠦ ᠬᠤᠭᠤᠴᠠᠭᠠᠨ᠎ᠤ ᠲᠦᠷᠦᠯ ᠵᠤᠢᠯ᠎ᠢ ᠲᠣᠭ᠍ᠲᠠᠭᠠᠬᠤ᠂ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠬᠢᠬᠦ ᠠᠵᠢᠯ ᠢ᠋ ᠪᠡᠶᠡᠯᠡᠭᠦᠯᠵᠦ᠍᠂ ᠲᠥᠪ᠎ᠦᠨ ᠲᠥᠰᠦᠪ᠎ᠦᠨ ᠳᠣᠲᠣᠷᠠᠬᠢ ᠪᠡᠯᠡ ᠣᠷᠣᠭᠤᠯᠤᠯᠲᠠ ᠵᠢ ᠭᠤᠶᠤᠴᠢᠯᠠᠬᠤ ᠠᠵᠢᠯ ᠢ᠋ ᠯᠠᠪᠳᠠᠭᠤᠨ᠎ᠢᠶᠠᠷ ᠠᠬᠢᠭᠤᠯᠵᠤ ᠂ ᠭᠠᠵᠠᠷ ᠱᠢᠷᠣᠢ᠎ᠶ᠋ᠢᠨ ᠶᠠᠪᠤᠳᠠᠯ ᠬᠢᠭᠡᠳ ᠣᠷᠴᠢᠨ ᠠᠬᠤᠢ᠎ᠶ᠋ᠢ ᠨᠥᠯᠥᠭᠡᠯᠡᠬᠦ ᠦᠨᠡᠯᠡᠯᠲᠡ᠎ᠶ᠋ᠢᠨ ᠮᠡᠳᠡᠭᠦᠯᠦᠯᠲᠡ᠎ᠶ᠋ᠢ ᠨᠠᠢᠷᠠᠭᠤᠯᠤᠨ ᠵᠣᠬᠢᠶᠠᠬᠤ ᠠᠵᠢᠯ ᠱᠢᠪᠲᠤᠷᠠᠭᠠᠨ᠎ᠳᠠᠭᠠᠨ ᠣᠷᠣᠵᠤ᠂ ᠤᠷᠤᠭ᠍ᠰᠢᠲᠠᠢ ᠠᠵᠢᠯ ᠡᠬᠢᠯᠡᠭᠦᠯᠬᠦ᠌᠎ᠳᠦ ᠪᠠᠲᠤ ᠰᠠᠭᠤᠷᠢ᠎ᠶ᠋ᠢ ᠲᠠᠯᠪᠢᠭᠰᠠᠨ ᠪᠠᠢᠨ᠎ᠠ᠃
ᠲᠦᠷᠦᠯ ᠵᠦᠢᠯ ᠤ᠋ᠨ ᠪᠦᠲᠦᠭᠡᠨ ᠪᠠᠢᠭᠤᠯᠤᠯᠲᠠ ᠵᠢᠨ ᠴᠢᠩᠭ᠎ᠠ ᠬᠦᠴᠦᠲᠡᠢ ᠡᠷᠴᠢ ᠬᠠᠨᠳᠤᠰᠢ ᠨᠢ ᠠᠷᠤ ᠬᠤᠷᠴᠢᠨ ᠬᠤᠰᠢᠭᠤᠨ ᠤ᠋ ᠬᠦᠭᠵᠢᠯᠲᠡ ᠵᠢᠨ ᠰᠠᠭᠤᠷᠢ ᠵᠢ ᠦᠷᠭᠦᠯᠵᠢᠯᠡᠨ ᠪᠠᠲᠤᠳᠬᠠᠵᠤ ᠪᠠᠢᠬᠤ ᠯᠤᠭ᠎ᠠ ᠨᠢᠭᠲᠠ ᠬᠤᠯᠪᠤᠭ᠎ᠠ ᠲᠠᠢ᠃2025 ᠤᠨ᠎ᠳᠦ ᠪᠥᠬᠥ᠌ ᠬᠣᠱᠢᠭᠤᠨ᠎ᠤ ᠣᠷᠣᠨ ᠨᠤᠲᠤᠭ᠎ᠤᠨ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ 128.5 ᠳ᠋ᠦᠩᠱᠢᠭᠤᠷ ᠲᠥᠭᠥᠷᠢᠭ᠎ᠲᠦ ᠬᠦᠷᠴᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠵᠢᠯ ᠳᠤᠮᠳᠠᠴᠢ᠎ᠪᠠᠷ 6.9% ᠪᠡᠷ ᠨᠡᠮᠡᠭ᠌ᠳᠡᠵᠦ᠍᠂ ᠨᠡᠢᠲᠡ 54.4 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠱᠢᠨ᠎ᠡ᠎ᠪᠡᠷ ᠨᠡᠮᠡᠭᠳᠡᠭᠦᠯᠵᠦ᠂ ᠠᠮᠤ ᠪᠤᠳᠠᠭ᠎ᠠ 《ᠠᠷᠪᠠᠨ ᠳᠥᠷᠪᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ》 ᠵᠢ ᠪᠡᠶᠡᠯᠡᠭᠦᠯᠵᠦ᠍᠂ ᠠᠵᠤ ᠦᠶ᠋ᠯᠡᠰ ᠢ᠋ ᠲᠠᠰ ᠳᠡᠪᠱᠢᠭᠦᠯᠬᠦ᠎ᠳᠦ ᠪᠠᠲᠤ ᠴᠢᠩᠭ᠎ᠠ ᠲᠤᠯᠭᠠᠭᠤᠷᠢᠯᠠᠯ ᠬᠠᠩᠭᠠᠪᠠ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠵᠢᠬᠦᠯᠬᠡ ᠵᠢ ᠡᠬᠢᠯᠡᠬᠦᠯᠬᠦ ᠵᠠᠩᠭᠢᠯᠠᠭ᠎ᠠ᠎ᠶ᠋ᠢᠨ ᠴᠡᠭ᠎ᠲᠦ ᠵᠣᠭ᠍ᠰᠣᠭᠠᠳ᠂ ᠠᠷᠤ ᠬᠣᠷᠴᠢᠨ ᠬᠣᠱᠢᠭᠤ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 《1571》 ᠠᠵᠢᠯ ᠤ᠋ᠨ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠤᠯᠠᠭᠠᠨᠬᠠᠳᠠ ᠬᠣᠲᠠ᠎ᠶ᠋ᠢᠨ ᠨᠠᠮ᠎ᠤᠨ ᠪᠠᠢᠭᠤᠯᠤᠯᠲᠠ᠎ᠪᠠᠷ ᠬᠦᠲᠦᠯᠦᠨ ᠳᠠᠭᠠᠭᠤᠯᠵᠤ ᠠᠷᠪᠠᠨ ᠲᠦᠷᠦᠯ ᠤ᠋ᠨ ᠭᠤᠤᠯᠳᠠᠯᠭ᠎ᠠ᠎ᠲᠠᠶ ᠠᠵᠢᠯ᠎ᠢ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠥᠷᠥᠯ ᠵᠦᠶ᠋ᠯ᠎ᠢ ᠠᠳᠭᠤᠬᠤ᠂ ᠠᠷᠠᠯᠵᠢᠶᠠᠴᠢᠨ ᠤᠷᠢᠬᠤ᠎ᠶ᠋ᠢ ᠠᠬᠢᠭᠤᠯᠬᠤ᠎ᠪᠠᠷ ᠭᠤᠤᠯᠳᠠᠯᠭ᠎ᠠ ᠪᠣᠯᠭᠠᠨ᠂ ᠨᠢᠭᠡ ᠪᠦᠯᠦᠭ ᠬᠥᠲᠥᠯᠥᠨ ᠳᠠᠭᠠᠭᠤᠯᠬᠤ᠂ ᠲᠤᠯᠭᠠᠭᠤᠷᠢᠯᠠᠬᠤ ᠴᠢᠨᠠᠷᠲᠠᠶ ᠴᠢᠬᠤᠯᠠ ᠶᠡᠬᠡ ᠲᠥᠷᠥᠯ ᠵᠦᠶ᠋ᠯ᠎ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠪᠥᠬᠥ᠌ ᠬᠦᠴᠦᠨ᠎ᠢᠶᠡᠷ ᠠᠬᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠵᠡᠢ᠃ ᠪᠥᠬᠥ᠌ ᠬᠣᠱᠢᠭᠤᠨ᠎ᠤ 500 ᠲᠦᠮᠡᠨ ᠲᠥᠭᠥᠷᠢᠭ᠎ᠡᠴᠡ ᠳᠡᠭᠡᠭ᠌ᠰᠢᠬᠢ 56 ᠭᠤᠤᠯᠳᠠᠯᠭ᠎ᠠ᠎ᠲᠠᠶ ᠲᠥᠷᠥᠯ ᠵᠦᠶ᠋ᠯ᠎ᠢ ᠨᠢᠬᠡᠨᠳᠡ ᠳᠤᠭᠳᠠᠭᠠᠵᠤ᠂ ᠢᠯᠠᠩᠭᠤᠶ᠎ᠠ ᠬᠣᠲᠠ᠎ᠶ᠋ᠢᠨ ᠱᠠᠳᠤᠨ ᠤ᠋ 34 ᠭᠤᠤᠯᠳᠠᠯᠭ᠎ᠠ᠎ᠲᠠᠶ ᠲᠥᠷᠥᠯ ᠵᠦᠶ᠋ᠯ᠎ᠢ ᠴᠢᠩᠭ᠎ᠠ ᠠᠩᠬᠠᠷᠴᠤ᠌᠂ ᠬᠠᠮᠤᠭ᠎ᠤᠨ ᠳᠥᠭᠥᠮ ᠬᠢᠨᠠᠯᠲᠠ ᠵᠥᠪᠱᠢᠶᠡᠷᠡᠯ᠂ ᠬᠠᠮᠤᠭ᠎ᠤᠨ ᠱᠢᠯᠢᠳᠡᠭ ᠦᠶ᠋ᠯᠡᠴᠢᠯᠡᠭᠡ᠎ᠪᠡᠷ ᠲᠥᠷᠥᠯ ᠵᠦᠶ᠋ᠯ᠎ᠢ ᠲᠦᠷᠭᠡᠨ ᠨᠠᠢᠳᠠᠪᠤᠷᠢᠵᠢᠭᠤᠯᠵᠤ ᠠᠱᠢᠭ᠍ᠯᠠᠯᠲᠠ᠎ᠳᠤ ᠣᠷᠣᠭᠤᠯᠤᠭᠰᠠᠨ ᠪᠠᠢᠨ᠎ᠠ᠃ ᠳᠠᠭᠠᠭᠤᠯᠤᠭᠴᠢ ᠠᠵᠤ ᠠᠬᠤᠢᠯᠠᠯ᠂ ᠬᠥᠳᠡᠯᠭᠡᠭᠦᠷ ᠲᠥᠷᠥᠯ ᠵᠤᠢᠯ ᠳ᠋ᠦ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠦᠢᠯᠡᠰ᠎ᠦᠨ ᠬᠡᠯᠬᠢᠶ᠎ᠡ ᠪᠡᠷ ᠠᠷᠠᠯᠵᠢᠶᠠᠴᠢᠨ ᠤᠷᠢᠬᠤ᠂ ᠵᠠᠬ᠎ᠠ ᠳᠡᠯᠭᠡᠭᠦᠷᠴᠢᠯᠡᠨ ᠠᠷᠠᠯᠵᠢᠶᠠᠴᠢᠨ ᠤᠷᠢᠬᠤ᠂ ᠠᠷᠠᠯᠵᠢᠶᠠᠴᠢᠨ᠎ᠢᠶᠠᠷ ᠠᠷᠠᠯᠵᠢᠶᠠᠴᠢᠨ ᠤᠷᠢᠬᠤ᠎ᠶ᠋ᠢ ᠰᠠᠢᠲᠤᠷ ᠥᠷᠨᠢᠭᠦᠯᠵᠦ᠍᠂ ᠵᠢᠯ᠎ᠦᠨ ᠳᠣᠲᠣᠷ᠎ᠠ 20 ᠳ᠋ᠦᠩᠱᠢᠭᠤᠷ ᠲᠥᠭᠥᠷᠢᠭ᠎ᠡᠴᠡ ᠳᠡᠭᠡᠭ᠌ᠰᠢᠬᠢ ᠪᠡᠯᠡ ᠮᠥᠩᠭᠥ᠎ᠶ᠋ᠢ ᠬᠤᠷᠠᠮᠳᠤᠭᠤᠯᠬᠤ ᠪᠤᠯᠤᠨ᠎ᠠ᠃
ᠠᠵᠤ ᠦᠢᠯᠡᠰ ᠪᠣᠯ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠰᠠᠭᠤᠷᠢ ᠪᠤᠯᠬᠤ ᠶᠤᠮ᠃ 2026 ᠣᠨ᠎ᠳᠤ ᠠᠷᠤ ᠬᠣᠷᠴᠢᠨ ᠬᠣᠱᠢᠭᠤ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠮᠠᠯ ᠠᠵᠤ ᠠᠬᠤᠢ ᠳᠠᠷᠢᠶᠠᠯᠠᠩ᠂ ᠠᠵᠤ ᠦᠶ᠋ᠯᠡᠳᠪᠦᠷᠢ᠂ ᠦᠶ᠋ᠯᠡᠴᠢᠯᠡᠭᠡᠨ᠎ᠦ ᠦᠶ᠋ᠯᠡᠰ᠎ᠦᠨ ᠬᠠᠮᠵᠢᠯᠴᠠᠨ ᠬᠦᠴᠦᠯᠡᠬᠦ᠌᠎ᠶ᠋ᠢ ᠠᠬᠢᠭᠤᠯᠵᠤ᠂ ᠭᠠᠵᠠᠷ ᠣᠷᠣᠨ᠎ᠤ ᠣᠨᠴᠠᠯᠢᠭ᠎ᠲᠠᠶ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠲᠦᠷᠭᠡᠳᠭᠡᠨ ᠪᠠᠢᠭᠤᠯᠤᠨ᠎ᠠ᠃ ᠠᠷᠤ ᠬᠣᠷᠴᠢᠨ ᠬᠣᠱᠢᠭᠤᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠬᠣᠱᠢᠭᠤᠨ ᠳᠠᠷᠤᠭ᠎ᠠ ᠯᠢ ᠯᠢᠩ ᠢᠦᠶ᠄ 《ᠮᠠᠯ ᠠᠵᠤ ᠠᠬᠤᠢ ᠲᠠᠷᠢᠶᠠᠯᠠᠩ ᠢ᠋ ᠠᠵᠤ ᠦᠢᠯᠡᠰᠴᠢᠯᠡᠨ ᠬᠦᠭᠵᠢᠭᠦᠯᠬᠦ ᠲᠣᠭᠣᠷᠢᠨ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 15 ᠲᠦᠮᠡᠨ ᠮᠥ᠍ ᠪᠦᠲᠦᠭᠡᠨ ᠪᠠᠢᠭᠤᠯᠬᠤ ᠪᠤᠶᠤ ᠥᠭᠡᠷᠡᠴᠢᠯᠡᠨ᠂ ᠹᠸᠢ ᠾᠧ (ᠠᠷᠤ ᠬᠣᠷᠴᠢᠨ) ᠣᠶᠤᠨᠴᠢᠯᠠᠭ᠍ᠰᠠᠨ ᠠᠮᠢ ᠠᠬᠤᠶ᠎ᠶ᠋ᠢᠨ ᠠᠵᠤ ᠦᠶ᠋ᠯᠡᠰ᠎ᠦᠨ ᠬᠦᠷᠢᠶᠡᠯᠡᠩ᠎ᠦᠨ ᠬᠣᠶᠠᠳᠤᠭᠠᠷ ᠬᠤᠭᠤᠴᠠᠭ᠎ᠠ᠂ 10 ᠲᠦᠮᠡᠨ ᠮᠢᠬᠠᠨ᠎ᠤ ᠦᠬᠡᠷ ᠨᠢᠲᠤᠯᠵᠤ ᠨᠠᠷᠢᠯᠢᠭ ᠡᠳ᠋ᠱᠢᠭᠦᠯᠤᠨ ᠪᠤᠯᠪᠠᠰᠤᠷᠠᠭᠤᠯᠬᠤ ᠵᠡᠷᠭᠡ ᠲᠥᠷᠥᠯ ᠵᠦᠶ᠋ᠯ᠎ᠢ ᠬᠡᠷᠡᠭᠵᠢᠭᠦᠯᠦᠨ᠂ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠳᠦᠬᠡᠬᠳᠡᠬᠦᠨᠢ ᠲᠤᠬᠠᠶ᠎ᠶ᠋ᠢᠨ ᠭᠠᠵᠠᠷ᠎ᠲᠤᠨᠢ ᠡᠳ᠋ᠱᠢᠭᠦᠯᠦᠨ ᠪᠤᠯᠪᠠᠰᠤᠷᠠᠭᠤᠯᠵᠤ ᠤᠨᠳᠤᠤᠰᠢᠭᠤᠯᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠱᠢᠨ᠎ᠡ ᠬᠡᠯᠪᠡᠷᠢ᠎ᠶ᠋ᠢᠨ ᠠᠵᠤ ᠦᠢᠯᠡᠳᠪᠦᠷᠢᠵᠢᠯᠲᠡ᠎ᠶ᠋ᠢᠨ ᠲᠣᠭᠣᠷᠢᠨ᠎ᠳᠤ᠂ 〈ᠠᠵᠤ ᠦᠢᠯᠡᠳᠪᠦᠷᠢ᠎ᠶ᠋ᠢ ᠳᠠᠬᠢᠨ᠎ᠢᠶᠠᠷ ᠨᠡᠮᠡᠭ᠌ᠳᠡᠭᠦᠯᠬᠦ᠌〉 ᠠᠵᠢᠯᠯᠠᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠱᠢᠨ ᠹᠠ᠂ ᠱᠤᠸᠠᠩ ᠯᠦᠩ᠂ ᠱᠢᠨ ᠲᠢᠶᠠᠨ ᠱᠠᠨ᠂ ᠱ᠌ᠢ ᠵᠢᠶ ᠾᠧᠩ ᠱᠧᠩ ᠵᠡᠷᠭᠡ ᠠᠭᠤᠷᠬᠠᠶ᠎ᠶ᠋ᠢᠨ ᠦᠢᠯᠡᠰ᠎ᠤᠨ ᠨᠡᠭᠡᠭᠡᠨ ᠬᠥᠭ᠌ᠵᠢᠭᠦᠯᠬᠦ᠌ ᠠᠬᠢᠴᠠ᠎ᠶ᠋ᠢ ᠲᠦᠷᠭᠡᠳᠭᠡᠨ ᠠᠬᠢᠭᠤᠯᠵᠤ᠂ ᠬᠦᠷᠢᠶᠡᠯᠡᠩ ᠲᠣᠭᠣᠷᠢᠭ ᠲᠤ᠌ ᠪᠣᠬᠢᠷᠲᠤᠯ ᠦᠭᠡᠶ ᠴᠠᠬᠢᠯᠭᠠᠨ᠎ᠢ ᠱᠢᠭᠤᠳ ᠬᠠᠩᠭᠠᠬᠤ ᠵᠡᠷᠭᠡ ᠲᠥᠷᠥᠯ ᠵᠦᠢᠯ᠎ᠢ ᠰᠠᠢᠲᠤᠷ ᠠᠳᠭᠤᠵᠤ᠂ ᠡᠬᠢ ᠪᠠᠶᠠᠯᠢᠭ᠎ᠤᠨ ᠳᠠᠪᠠᠭᠤᠯᠢᠭ᠎ᠢ ᠦᠨᠡᠨ ᠬᠦ᠌ ᠠᠵᠤ ᠠᠬᠤᠶ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃ ᠦᠶ᠋ᠯᠡᠴᠢᠯᠡᠭᠡᠨ᠎ᠦ ᠦᠶ᠋ᠯᠡᠰ᠎ᠦᠨ ᠣᠳᠣᠬᠢᠴᠢᠯᠠᠯᠲᠠ᠎ᠶ᠋ᠢᠨ ᠲᠣᠭᠣᠷᠢᠨ᠎ᠳᠤ 〈ᠪᠥᠬᠥ᠌ ᠪᠥᠮᠪᠥᠷᠴᠡᠭ᠎ᠦᠨ ᠴᠢᠬᠤᠯᠠ ᠬᠥᠳᠡᠭᠡ ᠠᠵᠤ ᠠᠬᠤᠶ᠎ᠶ᠋ᠢᠨ ᠰᠣᠶᠣᠯ᠎ᠤᠨ ᠥᠪ〉 ᠤ᠋ᠨ ᠲᠦᠷᠦᠯ ᠲᠡᠮᠳᠡᠭ᠎ᠦᠨ ᠳᠠᠪᠠᠭᠤᠯᠢᠭ᠎ᠢ ᠦᠷᠭᠦᠯᠵᠢᠯᠡᠨ ᠥᠷᠭᠡᠳᠭᠡᠵᠦ᠍᠂ ᠳᠥᠷᠪᠡᠳᠦᠭᠡᠷ ᠬᠤᠭᠤᠴᠠᠭᠠᠨ᠎ᠤ ᠨᠡᠭᠦᠳᠡᠯ ᠮᠠᠯᠵᠢᠯ᠎ᠤᠨ ᠰᠣᠶᠣᠯ᠎ᠤᠨ ᠨᠠᠢᠷ᠂ ᠪᠥᠬᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠵᠡᠷᠭᠡ ᠱᠢᠷᠢᠰ ᠠᠵᠢᠯᠯᠠᠭ᠎ᠠ ᠪᠠ ᠤᠷᠤᠯᠳᠤᠭᠠᠨ᠎ᠢ ᠳᠠᠭᠠᠭᠠᠴᠢᠯᠠᠨ ᠡᠷᠭᠢᠯᠡᠵᠦ᠍᠂ ᠤᠨᠴᠠᠯᠢᠭ᠍ᠳᠤ ᠵᠢᠭᠤᠯᠴᠢᠯᠠᠯ᠎ᠤᠨ ᠵᠤᠷᠢᠯᠲᠠᠲᠤ ᠭᠠᠵᠠᠷ᠎ᠢ ᠪᠦᠲᠦᠭᠡᠨ ᠪᠠᠢᠭᠤᠯᠤᠨ᠎ᠠ》 ᠬᠡᠵᠤ ᠢᠯᠡᠳᠭᠡᠭᠰᠡᠨ ᠪᠠᠢᠨ᠎ᠠ᠃