ᠦᠨᠳᠦᠰᠦᠳᠠᠨ᠎ᠤ ᠰᠤᠶᠤᠯ᠎ᠤᠨ ᠠᠵᠦ ᠦᠢᠯᠡᠰ᠎ᠤᠨ ᠬᠦᠷᠢᠶᠡᠯᠡᠩ᠎ᠤᠨ ᠠᠮᠢᠳᠤᠯᠢᠭ ᠳᠤᠷᠰᠢᠴᠠ
2026-05-08 10:18:08
ᠵᠣᠬᠢᠶᠠᠭ᠍ᠴᠢ᠄
ᠪᠢᠴᠢᠨ
ᠣᠩᠱᠢᠭ᠍ᠰᠠᠨ ᠣᠳᠠᠭ᠎ᠠ᠄
★★★☆☆

ᠡᠸᠡᠩᠬᠢ ᠦᠨᠳᠤᠰᠤᠳᠡᠨ᠎ᠤ ᠦᠪᠡᠷᠳᠡᠬᠡᠨ ᠵᠠᠰᠠᠬᠤ ᠬᠣᠰᠢᠭᠤ᠂ ᠣᠷᠣᠨ ᠪᠦᠰᠡ᠎ᠶᠢᠨ ᠦᠪᠡᠷᠮᠢᠴᠡ ᠣᠨᠴᠠᠯᠢᠭ᠋ ᠪᠣᠯᠣᠨ ᠦᠨᠳᠦᠰᠦᠲᠡᠨ᠎ᠦ ᠰᠣᠶᠣᠯ᠎ᠤᠨ ᠳᠠᠪᠠᠭᠤᠯᠢᠭ᠋᠎ᠲᠠᠭᠠᠨ ᠰᠠᠭᠤᠷᠢᠯᠠᠵᠤ᠂ ᠦᠢᠯᠡᠰ ᠪᠣᠰᠬᠠᠬᠤ ᠰᠢᠨ᠎ᠡ᠎ᠶᠢ ᠡᠭᠦᠳᠬᠦ ᠲᠠᠪᠴᠠᠩ᠎ᠢ ᠢᠳᠡᠪᠬᠢᠲᠡᠢ ᠪᠠᠢᠭᠤᠯᠵᠤ᠂ 《ᠡᠸᠡᠩᠬᠢ ᠦᠨᠳᠦᠰᠦᠲᠡᠨ᠎ᠦ ᠰᠣᠶᠣᠯ᠎ᠤᠨ ᠠᠵᠤ ᠦᠢᠯᠡᠰ᠎ᠦᠨ ᠦᠢᠯᠡᠰ ᠪᠣᠰᠬᠠᠬᠤ ᠬᠦᠷᠢᠶᠡᠯᠡᠩ》᠎ᠢ ᠪᠠᠢᠭᠤᠯᠵᠦ ᠬᠦᠭᠵᠢᠬᠦᠯᠪᠡ᠃ 

ᠡᠸᠡᠩᠬᠢ ᠦᠨᠳᠤᠰᠤᠳᠡᠨ᠎ᠤ ᠰᠣᠶᠣᠯ᠎ᠤᠨ ᠠᠵᠤ ᠦᠢᠯᠡᠰ᠎ᠦᠨ ᠦᠢᠯᠡᠰ ᠪᠤᠰᠬᠠᠬᠤ ᠬᠦᠷᠢᠶᠡᠯᠡᠩ ᠨᠢ 2016 ᠣᠨ᠎ᠤ 3 ᠰᠠᠷ᠎ᠠ᠎ᠳᠤ᠂ 《ᠣᠯᠠᠨ᠎ᠢᠶᠠᠷ᠎ᠢᠶᠠᠨ ᠦᠢᠯᠡᠰ ᠪᠤᠰᠬᠠᠵᠦ᠂ ᠲᠦᠮᠡᠨ᠎ᠢᠶᠠᠷ᠎ᠢᠶᠠᠨ ᠰᠢᠨ᠎ᠡ᠎ᠶᠢ ᠡᠭᠦᠳᠬᠦ》 ᠴᠠᠭ ᠦᠶ᠎ᠡ᠎ᠶᠢᠨ ᠤᠷᠢᠶᠠᠯᠠᠭ᠎ᠠ ᠪᠡᠷ ᠪᠠᠢᠭᠤᠯᠤᠭᠲᠠᠭᠰᠠᠨ ᠶᠤᠮ᠃ ᠬᠦᠷᠢᠶᠡᠯᠡᠩ ᠨᠢ ᠨᠡᠢᠲᠡ 2.5 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠵᠤ᠂ 3 ᠲᠦᠮᠡᠨ ᠲᠡᠭᠰᠢ ᠳᠥᠷᠪᠡᠯᠵᠢᠨ ᠮᠸᠲᠷ ᠲᠠᠯᠠᠪᠠᠢ᠎ᠲᠠᠢ ᠪᠠᠢᠵᠤ᠂ ᠤᠯᠠᠨ ᠨᠠᠢᠳᠡ ᠶ᠋ᠢᠨ ᠦᠢᠯᠡᠴᠢᠯᠡᠬᠡᠨ ᠤ᠋ ᠲᠢᠩᠬᠢᠮ᠂ ᠪᠤᠳᠠᠰ ᠤ᠋ᠨ ᠪᠤᠰᠤ ᠰᠤᠶᠤᠯ ᠤ᠋ᠨ ᠦᠪ ᠤ᠋ᠨ ᠦᠵᠡᠬᠦᠯᠬᠡ ᠶ᠋ᠢᠨ ᠲᠢᠩᠬᠢᠮ᠂ ᠦᠨᠳᠦᠰᠦᠳᠡᠨ ᠤ᠋ ᠤᠷᠠᠯᠠᠯ ᠰᠤᠶᠤᠯ ᠤ᠋ᠨ ᠪᠦᠲᠦᠬᠡᠭᠳᠡᠬᠦᠨ ᠤ᠋ ᠦᠵᠡᠬᠦᠯᠬᠡ ᠶ᠋ᠢᠨ ᠲᠢᠩᠬᠢᠮ᠂ ᠦᠨᠳᠦᠰᠦᠳᠡᠨ ᠤ᠋ ᠤᠷᠡᠯᠡᠯ ᠰᠤᠶᠤᠯ ᠤ᠋ᠨ ᠪᠡᠶᠡᠴᠢᠯᠡᠨ ᠤᠢᠯᠠᠭᠠᠬᠤ ᠲᠤᠭᠤᠷᠢᠭ᠋᠂ ᠰᠢᠨᠵᠢᠯᠡᠬᠦ ᠤᠬᠠᠭᠠᠨ ᠮᠡᠷᠬᠡᠵᠢᠯ ᠤ᠋ᠨ ᠠᠵᠤ ᠦᠢᠯᠡᠰ ᠤ᠋ᠨ ᠲᠤᠭᠤᠷᠢᠭ᠋᠂ ᠡᠯᠸᠺᠲᠷᠤᠨ ᠬᠤᠳᠠᠯᠳᠤᠭᠠᠨ ᠤ᠋ ᠲᠠᠪᠴᠠᠩ ᠵᠡᠷᠬᠡ ᠵᠢᠷᠭᠤᠭᠠᠨ ᠲᠤᠮᠤ ᠦᠢᠯᠡᠴᠢᠯᠡᠬᠡᠨ ᠤ᠋ ᠴᠢᠳᠠᠪᠬᠢ ᠪᠦᠬᠦᠢ ᠲᠤᠭᠤᠷᠢᠭ᠋ ᠵᠢᠴᠢ ᠦᠨᠳᠦᠰᠦᠳᠡᠨ ᠤ᠋ ᠤᠷᠡᠯᠡᠯ ᠰᠤᠶᠤᠯ ᠤ᠋ᠨ ᠠᠭᠤᠳᠠᠮ ᠲᠠᠯᠠᠪᠡᠢ᠂ ᠦᠢᠯᠡᠰ ᠪᠤᠰᠬᠠᠬᠤ ᠶᠡᠬᠡ ᠵᠡᠬᠡᠯᠢ᠂ ᠦᠢᠯᠡᠰ ᠪᠤᠰᠬᠠᠬᠤ ᠴᠤᠭᠯᠠᠭ᠎ᠠ ᠮᠠᠢᠮᠠᠢ ᠶ᠋ᠢᠨ ᠵᠠᠬ᠎ᠠ ᠵᠡᠷᠬᠡ ᠭᠤᠷᠪᠠᠨ ᠤᠨᠴᠠᠯᠢᠭ᠍ᠲᠦ ᠭᠤᠤᠯ ᠰᠡᠳᠦᠪᠲᠦ ᠵᠡᠬᠡᠯᠢ ᠲᠠᠢ ᠤᠷᠤᠨ ᠤ᠋ ᠲᠡᠰ ᠤ᠋ᠨ ᠵᠢᠱ᠌ᠢᠶ᠎ᠡ ᠦᠵᠡᠬᠦᠯᠬᠦ ᠦᠢᠯᠡᠰ ᠪᠤᠰᠬᠠᠬᠤ ᠬᠦᠷᠢᠶᠡᠯᠡᠩ ᠪᠠᠢᠭ᠎ᠠ ᠶᠤᠮ᠃ ᠦᠢᠯᠡᠰ ᠪᠤᠰᠬᠠᠭᠴᠢ ᠵᠢᠨ ᠭᠡᠷ᠎ᠦᠨ ᠲᠦᠷᠢᠶᠡᠰᠦ᠎ᠶᠢ ᠬᠠᠰᠤᠵᠤ ᠬᠡᠯᠲᠦᠷᠢᠭᠦᠯᠬᠦ᠂ ᠦᠢᠯᠡᠰ ᠪᠤᠰᠬᠠᠬᠤ ᠵᠢᠭᠡᠯᠡᠯᠭᠡ ᠦᠭᠬᠦ᠂ ᠤᠷ᠎ᠠ ᠴᠢᠳᠠᠪᠤᠷᠢ᠎ᠶᠢᠨ ᠪᠣᠯᠪᠠᠰᠤᠷᠠᠯ ᠬᠠᠩᠭᠠᠬᠤ ᠵᠡᠷᠭᠡ ᠠᠷᠭ᠎ᠠ ᠭᠡᠮᠵᠢᠶ᠎ᠠ ᠵᠢ ᠠᠪᠤᠭᠰᠠᠨ ᠪᠦᠭᠡᠳ ᠬᠠᠮᠢᠶᠠᠷᠤᠯᠲᠠ ᠨᠢ ᠰᠢᠨᠵᠢᠯᠡᠬᠦ ᠤᠬᠠᠭᠠᠴᠢ ᠪᠠᠢᠭᠰᠠᠨ ᠵᠢᠡᠷ ᠬᠦᠷᠢᠶᠡᠯᠡᠩ ᠨᠢ ᠠᠰᠢᠭ᠍ᠯᠠᠯᠲᠠ ᠳ᠋ᠥ ᠤᠷᠤᠮᠠᠭᠴᠠ ᠠᠮᠢᠵᠢᠷᠠᠯ ᠤ᠋ᠨ ᠬᠦᠴᠦᠨ ᠵᠢᠡᠷ ᠪᠢᠯᠬᠠᠵᠤ᠂ ᠲᠤᠬᠠᠢ᠎ᠶᠢᠨ ᠵᠢᠯ᠎ᠳᠦ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠢᠱ᠌ᠢᠶ᠎ᠡ ᠦᠵᠡᠭᠦᠯᠬᠦ ᠴᠢᠨᠠᠷᠲᠠᠢ ᠦᠢᠯᠡᠰ ᠪᠤᠰᠬᠠᠬᠤ ᠬᠦᠷᠢᠶᠡᠯᠡᠩ᠎ᠢᠶᠡᠷ ᠦᠨᠡᠯᠡᠭᠳᠡᠪᠡ᠃ ᠪᠣᠳᠠᠰ᠎ᠤᠨ ᠪᠤᠰᠤ ᠰᠣᠶᠣᠯ᠎ᠤᠨ ᠥᠪ ᠢ᠋ ᠪᠡᠶᠡᠴᠢᠯᠡᠨ ᠤᠢᠯᠠᠭᠠᠬᠤ᠂ ᠣᠨᠴᠠᠯᠢᠭ᠍ᠲᠤ ᠠᠮᠲᠠᠲᠤ ᠢᠳᠡᠭᠡᠨ᠂ ᠰᠦᠯᠵᠢᠶᠡᠨ᠎ᠦ ᠬᠠᠯᠠᠮᠰᠢᠯ ᠭᠠᠵᠠᠷ᠎ᠢ ᠨᠢᠭᠡ ᠴᠣᠭᠴᠠᠵᠢᠭᠤᠯᠤᠭᠰᠠᠨ ᠲᠠᠯ᠎ᠠ ᠨᠤᠲᠤᠭ᠎ᠤᠨ ᠰᠣᠶᠣᠯ ᠵᠢᠭᠤᠯᠴᠢᠯᠡᠯ᠎ᠤᠨ ᠭᠠᠵᠠᠷ ᠵᠦᠢ ᠵᠢᠨ ᠢᠯᠡᠷᠬᠡᠢᠯᠡᠯᠳᠤ ᠬᠦᠷᠢᠶᠡᠯᠡᠩ ᠪᠤᠯᠭᠠᠨ ᠪᠦᠳᠦᠬᠡᠨ ᠪᠠᠢᠭᠤᠯᠤᠭᠰᠠᠨ ᠵᠢᠡᠷ ᠪᠠᠰᠠ ᠤᠯᠤᠰ᠎ᠤᠨ 2A ᠲᠠᠰ᠎ᠤᠨ ᠵᠢᠭᠤᠯᠴᠢᠯᠠᠯ᠎ᠤᠨ ᠦᠵᠡᠮᠵᠢ᠎ᠶᠢᠨ ᠣᠷᠣᠨ᠎ᠢᠶᠠᠷ ᠦᠨᠡᠯᠡᠭᠳᠡᠵᠠᠢ᠃


0c212a54-679c-4bb9-a422-fcfcf489f7a2.png


ᠬᠦᠷᠢᠶᠡᠯᠡᠩ ᠨᠢ ᠦᠨᠳᠦᠰᠦᠲᠡᠨ᠎ᠦ ᠤᠷᠡᠯᠡᠯ ᠰᠣᠶᠣᠯ᠎ᠤᠨ ᠢᠯᠡᠷᠡᠬᠦᠯᠦᠯᠲᠡ᠎ᠶᠢᠨ ᠠᠴᠢᠶᠠᠯᠠᠪᠤᠷᠢ ᠪᠤᠯᠤᠭᠰᠠᠨ᠎ᠤ ᠬᠤᠪᠢ ᠳ᠋ᠥ᠂ ᠦᠢᠯᠡᠰ ᠪᠤᠰᠬᠠᠭ᠍ᠴᠢᠳ ᠤ᠋ᠨ ᠬᠠᠯᠠᠭᠤᠨ ᠦᠯᠦᠭᠡᠢ ᠪᠤᠯᠤᠭᠰᠠᠨ ᠪᠠᠢᠨ᠎ᠠ᠃ ᠠᠰᠢᠭ᠍ᠯᠠᠯᠲᠠ ᠳ᠋ᠥ ᠤᠷᠤᠬᠤ ᠦᠶᠡᠰ ᠦᠢᠯᠡᠰ ᠪᠤᠰᠬᠠᠭ᠍ᠴᠢᠳ ᠤ᠋ᠨ《ᠭᠡᠷ᠎ᠦᠨ ᠲᠦᠷᠢᠶᠡᠰᠦ᠎ᠶᠢ 2 ︱ 3 ᠵᠢᠯ ᠬᠠᠰᠤᠵᠤ ᠬᠡᠯᠲᠦᠷᠢᠭᠦᠯᠬᠦ》 ᠵᠡᠷᠬᠡ ᠠᠷᠭ᠎ᠠ ᠭᠡᠮᠵᠢᠶ᠎ᠠ ᠠᠪᠤᠭᠰᠠᠨ ᠪᠦᠭᠡᠳ ᠨᠥᠬᠥᠴᠡᠯ᠎ᠳᠦ ᠨᠡᠢᠴᠡᠬᠦ ᠬᠤᠳᠠᠯᠳᠤᠭᠠᠨ᠎ᠤ ᠡᠷᠦᠬᠡ᠎ᠳᠦ 190 ᠲᠦᠮᠡᠨ ᠲᠥᠭᠥᠷᠢᠭ᠎ᠦᠨ ᠦᠢᠯᠡᠰ ᠪᠤᠰᠬᠠᠬᠤ ᠵᠢᠭᠡᠯᠡᠯᠭᠡ ᠲᠠᠯᠪᠢᠵᠤ᠂ ᠵᠢᠭᠡᠯᠡᠯᠭᠡ ᠪᠤᠴᠠᠭᠠᠬᠤ ᠨᠢ ᠢᠳᠡᠪᠬᠢᠲᠡᠢ᠂ ᠠᠵᠢᠯ ᠣᠯᠭᠣᠯᠲᠠ᠎ᠶᠢ ᠳᠠᠢᠴᠢᠯᠠᠬᠤ ᠴᠢᠳᠠᠪᠤᠷᠢ᠎ᠪᠠᠷ ᠴᠢᠩᠭ᠎ᠠ ᠦᠢᠯᠡᠰ ᠪᠤᠰᠬᠠᠭᠴᠢ᠎ᠳᠤ ᠬᠠᠷᠠᠭᠠᠯᠵᠠᠯᠳᠤ ᠵᠢᠭᠡᠯᠡᠯᠭᠡ ᠵᠢ 3 ᠤᠳᠠᠭ᠎ᠠ ᠲᠠᠯᠪᠢᠭ᠍ᠰᠠᠨ ᠪᠠᠢᠨ᠎ᠠ᠃ ᠦᠢᠯᠡᠰ ᠪᠤᠰᠬᠠᠵᠤ ᠪᠠᠢᠭ᠎ᠠ ᠨᠢᠭᠡᠨ ᠠᠷᠠᠰᠤᠨ ᠡᠳ᠋ᠯᠡᠯ᠎ᠦᠨ ᠳᠠᠷᠬᠠᠨ᠄《ᠰᠠᠷ᠎ᠠ ᠰᠠᠷ᠎ᠠ ᠶ᠋ᠢᠨ ᠭᠡᠷ᠎ᠦᠨ ᠲᠦᠷᠢᠶᠡᠰᠦ ᠶ᠋ᠢᠨ ᠲᠥᠯᠥᠭᠡ ᠰᠠᠨᠠᠭ᠎ᠠ ᠵᠣᠪᠠᠬᠤ ᠬᠡᠷᠡᠭ ᠦᠭᠡᠢ᠂ ᠭᠠᠭᠴᠠ ᠬᠦ᠌ ᠨᠢᠭᠡ ᠯᠡ ᠰᠡᠳᠬᠢᠯ ᠢ᠋ᠶ᠋ᠡᠷ ᠤᠷᠠᠯᠠᠯ ᠪᠦᠲᠦᠭᠡᠯ ᠢ᠋ᠶ᠋ᠡᠨ ᠰᠠᠢᠨ ᠬᠢᠪᠡᠯ ᠪᠣᠯᠴᠢᠬᠠᠨ᠎ᠠ》 ᠭᠡᠵᠦ ᠰᠡᠳᠬᠢᠯ ᠬᠥᠳᠡᠯᠦᠨ ᠶᠠᠷᠢᠵᠤ ᠪᠠᠢᠯ᠎ᠠ᠃ 2016 ᠣᠨ᠎ᠠᠴᠠ ᠨᠠᠭᠠᠰᠢ ᠨᠡᠢ᠍ᠢᠳᠡ 232 ᠵᠢᠵᠢᠭ ᠠᠵᠤ ᠠᠬᠤᠢᠯᠠᠯ ᠡᠨᠲᠡ ᠰᠠᠭᠤᠷᠢᠰᠢᠵᠤ᠂ 92 ᠠᠵᠤ ᠠᠬᠤᠢᠯᠠᠯ᠎ᠢ ᠠᠮᠵᠢᠯᠲᠠ᠎ᠲᠠᠢ ᠬᠦᠭᠵᠢᠬᠦᠯᠵᠦ᠂ ᠤᠳᠤ 142 ᠠᠵᠤ ᠠᠬᠤᠢᠯᠠᠯ ᠳᠤᠭᠳᠠᠮᠠᠯ ᠰᠠᠭᠤᠷᠢᠰᠢᠨ᠂ 1368 ᠬᠥᠮᠥᠨ᠎ᠦ ᠠᠵᠢᠯ ᠣᠯᠭᠣᠯᠲᠠ᠎ᠶᠢ ᠰᠢᠭᠤᠳ ᠲᠠᠢ᠍ᠢᠴᠢᠯᠠᠵᠠᠢ᠃ ᠬᠦᠷᠢᠶᠡᠯᠡᠩ ᠤ᠋ᠨ 12 ᠪᠠᠷᠢᠮᠵᠢᠶᠠᠵᠢᠭ᠍ᠰᠠᠨ ᠬᠠᠮᠲᠤ ᠪᠠᠷ ᠡᠳ᠋ᠯᠡᠬᠦ ᠰᠢᠭᠤᠳ ᠨᠡᠪᠲᠡᠷᠡᠭᠦᠯᠭᠡ᠎ᠶᠢᠨ ᠲᠠᠰᠤᠭ ᠨᠢ ᠲᠠᠯ᠎ᠠ ᠨᠤᠲᠤᠭ ᠪᠣᠯᠣᠨ ᠳᠡᠯᠡᠬᠡᠢ ᠳ᠋ᠠᠬᠢᠨ᠎ᠢ ᠬᠣᠯᠪᠣᠭᠰᠠᠨ ᠲᠣᠭᠠᠴᠢᠯᠠᠭᠰᠠᠨ ᠬᠥᠭᠥᠷᠭᠡ ᠪᠣᠯᠵᠦ᠂ ᠭᠠᠷ ᠤᠷᠠᠴᠤᠳ 《ᠰᠢᠭᠤᠳ ᠨᠡᠪᠲᠡᠷᠡᠭᠦᠯᠭᠡ + ᠣᠬᠣᠷ ᠸᠢᠳᠢᠤ᠋》 ᠪᠡᠷ ᠳᠠᠮᠵᠢᠨ᠂ ᠦᠨᠳᠦᠰᠦᠲᠡᠨ᠎ᠦ ᠰᠣᠶᠣᠯ᠎ᠤᠨ ᠪᠦᠳᠦᠬᠡᠯᠴᠢ ᠡᠭᠦᠳᠦᠯᠲᠡ᠎ᠶᠢᠨ ᠪᠦᠲᠦᠭᠡᠭᠳᠡᠬᠦᠨ᠎ᠢ ᠵᠢᠯ᠎ᠳᠦ 3 ᠲᠦᠮᠡᠨ ᠬᠤᠪᠢ ᠪᠣᠷᠣᠯᠠᠭᠤᠯᠬᠤ ᠰᠢᠪᠲᠤᠯᠤᠯᠲᠠ᠎ᠲᠠᠢ ᠪᠤᠯᠵᠤ᠂ ᠦᠢᠯᠡᠰ ᠪᠤᠰᠬᠠᠭ᠍ᠴᠢᠳ ᠤ᠋ᠨ ᠪᠤᠷᠤᠯᠠᠭᠤᠯᠭ᠎ᠠ ᠵᠢᠨ ᠵᠠᠮ ᠢ᠋ ᠦᠷᠭᠡᠳᠭᠡᠭᠰᠡᠨ ᠪᠠᠢᠨ᠎ᠠ᠃


0e318a3e-7e04-4efd-b420-26d042d3b789.png


2020 ᠣᠨ᠎ᠳᠤ ᠬᠤᠢ ᠰᠤᠮᠤ ᠠᠩᠬᠠᠳᠤᠭᠠᠷ ᠬᠤᠭᠤᠴᠠᠭᠠᠨ᠎ᠤ 《ᠡᠪᠦᠯ᠎ᠤᠨ ᠢᠳᠡᠰᠢ》ᠵᠢᠨ ᠰᠤᠶᠤᠯ᠎ᠤᠨ ᠠᠵᠢᠯᠯᠠᠭ᠎ᠠ ᠶ᠋ᠢ ᠠᠮᠵᠢᠯᠲᠠ ᠲᠠᠢ ᠡᠷᠭᠢᠯᠡᠭᠰᠡᠨ᠎ᠡᠴᠡ ᠨᠠᠭᠠᠰᠢ᠂ 2023 ᠣᠨ᠎ᠳᠤ ᠵᠢᠩᠬᠢᠨᠢ᠎ᠪᠡᠷ ᠲᠠᠰ ᠳᠡᠪᠰᠢᠭᠡᠳ ᠪᠦᠭᠦ ᠬᠣᠰᠢᠭᠤᠨ᠎ᠤ ᠭᠣᠣᠯᠳᠠᠯᠭ᠎ᠠ᠎ᠲᠠᠢ ᠲᠠᠮᠵᠢᠨ ᠳᠡᠯᠭᠡᠷᠡᠭᠦᠯᠬᠦ ᠲᠥᠷᠥᠯ ᠵᠦᠢᠯ ᠪᠣᠯᠵᠤ᠂ 2025 ᠣᠨ᠎ᠳᠤ 《ᠡᠪᠦᠯ᠎ᠤᠨ ᠢᠳᠡᠰᠢ》 ᠵᠢᠨ ᠰᠤᠶᠤᠯ᠎ᠤᠨ ᠠᠵᠢᠯᠯᠠᠭ᠎ᠠ ᠵᠢᠨ ᠣᠷᠣᠨ ᠪᠦᠰᠡ ᠠᠯᠤᠰᠯᠠᠨ ᠬᠣᠯᠪᠤᠭᠠᠯᠠᠨ ᠬᠥᠳᠡᠯᠦᠯᠴᠡᠬᠦ᠎ᠶᠢ ᠪᠡᠶᠡᠯᠡᠭᠦᠯᠵᠦ᠂《ᠪᠦᠭᠦ ᠬᠣᠰᠢᠭᠤ᠎ᠪᠠᠷ ᠨᠢᠭᠡᠳᠦᠯᠲᠡᠢ ᠲᠥᠯᠥᠪᠯᠡᠬᠦ᠂ ᠰᠤᠮᠤ ᠰᠢᠶᠠᠩ ᠪᠠᠯᠭᠠᠰᠤ᠎ᠠᠴᠠ ᠰᠢᠭᠤᠳ ᠬᠠᠷᠢᠶ᠎ᠠ ᠬᠣᠯᠪᠣᠭᠳᠠᠯ ᠪᠦᠬᠦᠢ ᠰᠠᠯᠠᠭ᠎ᠠ ᠮᠥᠴᠢᠷ ᠳᠠᠭᠠᠭᠠᠴᠢᠯᠠᠨ ᠡᠷᠭᠢᠯᠡᠭᠦ᠂ ᠪᠦᠭᠦ ᠠᠷᠠᠳ᠎ᠢᠶᠠᠷ᠎ᠢᠶᠠᠨ ᠣᠷᠤᠯᠴᠠᠬᠤ》 ᠠᠵᠢᠯᠯᠠᠭᠠᠨ᠎ᠤ ᠪᠠᠢᠷᠢᠰᠢᠯ᠎ᠢ ᠪᠤᠶ ᠪᠤᠯᠭᠠᠵᠤ᠂ᠦᠢᠯᠡᠰ ᠪᠤᠰᠬᠠᠬᠤ ᠬᠦᠷᠢᠶᠡᠯᠡᠩ ᠳ᠋ᠥ 《ᠡᠪᠦᠯ᠎ᠤᠨ ᠢᠳᠡᠰᠢ》 ᠵᠢᠨ ᠰᠤᠶᠤᠯ᠎ᠤᠨ ᠠᠵᠢᠯᠯᠠᠭ᠎ᠠ ᠶᠠᠪᠤᠭᠳᠠᠬᠤ ᠪᠤᠯᠪᠠ᠃ 2024 ᠣᠨ᠎ᠤ 《ᠡᠪᠦᠯ᠎ᠤᠨ ᠢᠳᠡᠰᠢ》 ᠵᠢᠨ ᠰᠤᠶᠤᠯ᠎ᠤᠨ ᠠᠵᠢᠯᠯᠠᠭ᠎ᠠ ᠨᠢ ᠵᠢᠭᠤᠯᠴᠢᠯᠠᠬ᠍ᠰᠡᠳ᠎ᠢ ᠨᠡᠶ᠋ᠢᠲᠡ 5.46 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠮᠠᠯᠴᠢᠳ᠎ᠤᠨ ᠡᠵᠡᠩᠨᠡᠯᠲᠡ᠎ᠶᠢᠨ ᠣᠷᠣᠯᠭ᠎ᠠ 393 ᠲᠦᠮᠡᠨ ᠲᠥᠭᠥᠷᠢᠭ᠎ᠢ ᠳᠠᠪᠠᠵᠠᠢ᠃ 2025 ᠣᠨ᠎ᠤ 《ᠠᠶᠠᠯᠭᠤᠲᠤ ᠵᠢᠭᠤᠯᠴᠢᠯᠠᠯ ᠥᠪᠥᠷ ᠮᠣᠩᠭᠣᠯ — ᠪᠠᠶᠠᠷ ᠪᠠᠶᠠᠰᠬᠤᠯᠠᠩᠲᠤ ᠮᠥᠰᠥ ᠴᠠᠰᠤᠨ᠎ᠤ ᠤᠯᠠᠷᠢᠯ》 ᠤ᠋ᠡ ᠬᠥᠯᠥᠨ ᠪᠤᠶ᠋ᠢᠷ᠎ᠤᠨ ᠡᠪᠦᠯ᠎ᠦᠨ ᠤᠯᠠᠷᠢᠯ᠎ᠤᠨ ᠵᠢᠭᠤᠯᠴᠢᠯᠠᠯ ᠵᠢᠴᠢ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠰᠢᠭᠤᠨ᠎ᠤ ᠡᠪᠦᠯ᠎ᠦᠨ ᠤᠯᠠᠷᠢᠯ᠎ᠤᠨ ᠨᠡᠭᠦᠳᠡᠯ ᠮᠠᠯᠵᠢᠯ᠎ᠤᠨ ᠰᠣᠶᠣᠯ᠎ᠢ ᠪᠡᠶᠡᠴᠢᠯᠡᠨ ᠣᠢᠯᠠᠭᠠᠬᠤ ᠤᠯᠠᠷᠢᠯ᠎ᠤᠨ ᠡᠪᠦᠯ ᠤ᠋ᠡ ᠤᠯᠠᠷᠢᠯ ᠤ᠋ᠡ《ᠡᠪᠦᠯ᠎ᠤᠨ ᠢᠳᠡᠰᠢ》 ᠵᠢᠨ  ᠰᠤᠶᠤᠯ᠎ᠤᠨ ᠠᠵᠢᠯᠯᠠᠭ᠎ᠠ ᠨᠢ 2025 ᠣᠨ᠎ᠤ 11 ᠰᠠᠷ᠎ᠠ᠎ᠠᠴᠠ 2026 ᠣᠨ᠎ᠤ 2 ᠰᠠᠷ᠎ᠠ ᠪᠤᠯᠲᠠᠯ᠎ᠠ᠂ᠪᠦᠭᠦ ᠬᠣᠰᠢᠭᠤᠨ᠎ᠤ ᠠᠷᠪᠠᠨ ᠰᠤᠮᠤ ᠰᠢᠶᠠᠩ ᠪᠠᠯᠭᠠᠰᠤ ᠵᠢᠴᠢ ᠬᠣᠰᠢᠭᠤᠨ᠎ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠬᠠᠮᠤᠷᠴᠤ᠂ ᠨᠡᠶ᠋ᠢᠲᠡ 11 ᠬᠤᠭᠤᠴᠠᠭᠠᠨ᠎ᠤ ᠡᠪᠦᠯ ᠤ᠋ᠡ ᠤᠯᠠᠷᠢᠯ ᠤ᠋ᠡ 《ᠡᠪᠦᠯ᠎ᠤᠨ ᠢᠳᠡᠰᠢ》 ᠵᠢᠨ ᠰᠤᠶᠤᠯ᠎ᠤᠨ ᠠᠵᠢᠯᠯᠠᠭ᠎ᠠ ᠪᠠ 1 ᠲᠠᠯᠠᠪᠤᠷ ᠰᠢᠨ᠎ᠡ ᠵᠢᠯ᠎ᠦᠨ ᠲᠤᠰᠬᠠᠢ ᠲᠠᠯᠠᠪᠤᠷ ᠠᠵᠢᠯᠯᠠᠭ᠎ᠠ᠎ᠶᠢ ᠵᠣᠬᠢᠶᠠᠨ ᠪᠠᠢᠭᠤᠯᠵᠤ ᠡᠷᠭᠢᠯᠡᠪᠡ᠃ 


a429af15-b0fa-438f-b101-926552c88f73.png


ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠶ᠎ᠳᠤ ᠨᠤᠲᠤᠭ ᠤ᠋ᠡ ᠭᠠᠷᠤᠯᠲᠠ᠂ ᠣᠨᠴᠠᠯᠢᠭ᠍ᠲᠤ ᠠᠮᠲᠠᠲᠤ ᠢᠳᠡᠭᠡᠨ ᠵᠢᠴᠢ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠎ᠶᠢᠨ ᠲᠣᠭᠣᠷᠢᠭ᠋᠂ ᠡᠪᠦᠯ ᠤ᠋ᠡ ᠤᠯᠠᠷᠢᠯ ᠤ᠋ᠡ 《ᠡᠪᠦᠯ᠎ᠤᠨ ᠢᠳᠡᠰᠢ》 ᠵᠢᠨ ᠰᠤᠶᠤᠯ᠎ᠤᠨ ᠲᠣᠭᠣᠷᠢᠭ᠋᠂ ᠦᠨᠳᠦᠰᠦᠲᠡᠨ᠎ᠤ ᠠᠷᠠᠳ᠎ᠤᠨ ᠵᠠᠩ ᠦᠶ᠋ᠯᠡ᠎ᠶᠢᠨ ᠰᠣᠨᠢᠷᠬᠠᠯᠳᠤ ᠠᠵᠢᠯᠯᠠᠭᠠᠨ᠎ᠤ ᠲᠣᠭᠣᠷᠢᠭ᠋᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠷᠤᠯᠠᠭᠤᠯᠭ᠎ᠠ᠎ᠶᠢᠨ ᠲᠣᠭᠣᠷᠢᠭ᠋᠂ ᠰᠦᠯᠵᠢᠶᠡᠨ ᠠᠨᠳᠠ ᠵᠢᠨ ᠲᠠᠭᠠᠰᠢᠶᠠᠯᠳᠤ ᠲᠣᠭᠣᠷᠢᠭ᠋᠂ ᠤᠷᠠᠨ ᠰᠠᠢᠬᠠᠨ᠎ᠤ ᠲᠣᠬ᠍ᠯᠠᠯᠲᠠ᠎ᠶᠢᠨ ᠲᠣᠭᠣᠷᠢᠭ᠋ ᠵᠡᠷᠭᠡ ᠣᠯᠠᠨ ᠡᠵᠡᠩᠨᠡᠯᠲᠡ᠎ᠶᠢᠨ ᠭᠡᠯᠪᠡᠷᠢ᠎ᠶᠢᠨ ᠣᠷᠣᠨ ᠪᠦᠰᠡ᠎ᠶᠢ ᠪᠠᠢᠩᠭᠤᠵᠢᠭᠤᠯᠤᠨ ᠪᠠᠢᠷᠢᠯᠠᠭᠤᠯᠪᠠ᠃ 2025 ᠣᠨ᠎ᠳᠤ᠂ ᠨᠡᠭᠦᠳᠡᠯ ᠮᠠᠯᠵᠢᠯ᠎ᠤᠨ ᠰᠣᠶᠣᠯ᠎ᠤᠨ ᠡᠭᠦᠰᠦᠯ᠎ᠦᠨ ᠤᠬᠠᠭᠤᠯᠭ᠎ᠠ᠎ᠶᠢᠨ ᠦᠵᠡᠭᠦᠯᠭᠡ᠎ᠶᠢᠨ ᠲᠣᠭᠣᠷᠢᠭ᠋᠎ᠢ ᠰᠢᠨ᠎ᠡ᠎ᠪᠠᠷ ᠪᠠᠢᠭᠤᠯᠵᠤ᠂ ᠮᠡᠳᠡᠯᠭᠡ᠎ᠶᠢ ᠡᠵᠡᠮᠰᠢᠬᠦ᠂ ᠪᠡᠶᠡᠴᠢᠯᠡᠨ ᠣᠢᠯᠠᠭᠠᠬᠤ ᠵᠡᠷᠭᠡ ᠰᠣᠶᠣᠯ᠎ᠤᠨ ᠠᠭᠤᠷ ᠠᠮᠢᠰᠬᠤᠯ ᠪᠦᠬᠦᠢ ᠳᠡᠯᠭᠡᠨ ᠦᠵᠡᠭᠦᠯᠭᠦ ᠣᠷᠣᠨ ᠵᠠᠢ᠎ᠶᠢ ᠪᠤᠶ ᠪᠤᠯᠭᠠᠵᠤ᠂ 《ᠲᠠᠷᠢᠶᠠᠯᠠᠩ ᠮᠠᠯ ᠠᠵᠤ ᠠᠬᠤᠢ + ᠰᠣᠶᠣᠯ ᠵᠢᠭᠤᠯᠴᠢᠯᠠᠯ》 ᠤ᠋ᠨ ᠰᠤᠳᠤᠯᠤᠨ ᠰᠤᠷᠤᠯᠴᠠᠬᠤ ᠡᠵᠡᠩᠨᠡᠯᠲᠡ᠎ᠶᠢᠨ ᠪᠠᠢᠳᠠᠯ᠎ᠢ ᠰᠠᠢᠲᠤᠷ ᠬᠢᠪᠡ᠃

2025 ᠣᠨ᠎ᠤ ᠡᠪᠦᠯ᠎ᠦᠨ ᠤᠯᠠᠷᠢᠯ᠎ᠤᠨ 《ᠡᠪᠦᠯ᠎ᠤᠨ ᠢᠳᠡᠰᠢ》 ᠵᠢᠨ ᠰᠤᠶᠤᠯ᠎ᠤᠨ ᠠᠵᠢᠯᠯᠠᠭ᠎ᠠ ᠳ᠋ᠥ ᠵᠢᠭᠤᠯᠴᠢᠯᠠᠭᠰᠠᠳ᠎ᠢ 3 ᠲᠦᠮᠡᠨ ᠬᠥᠮᠥᠨ ᠤᠳᠠᠭ᠎ᠠ ᠬᠦᠯᠢᠶᠡᠨ ᠠᠪᠴᠦ᠂ ᠵᠢᠭᠤᠯᠴᠢᠯᠡᠯ᠎ᠤᠨ ᠣᠷᠣᠯᠭ᠎ᠠ᠎ᠶᠢ 54.9 ᠲᠦᠮᠡᠨ ᠲᠥᠭᠥᠷᠢᠭ ᠪᠡᠶᠡᠯᠡᠭᠦᠯᠵᠦ᠂ᠶᠡᠷᠦᠩᠬᠡᠢ ᠣᠷᠣᠯᠭ᠎ᠠ ᠨᠢ ᠦᠩᠭᠡᠷᠡᠭᠰᠡᠨ ᠵᠢᠯ ᠤ᠋ᠨ ᠠᠳᠠᠯᠢ ᠬᠤᠭᠤᠴᠠᠭᠠᠨ᠎ᠤ ᠬᠢ᠎ᠡᠴᠡ 27.1% ᠪᠡᠷ ᠨᠡᠮᠡᠭᠳᠡᠵᠡᠢ᠃ 500 ᠲᠦᠮᠡᠨ ᠲᠥᠭᠥᠷᠢᠭ᠎ᠦᠨ ᠪᠡᠯᠡ ᠣᠷᠣᠭᠤᠯᠵᠤ ᠪᠠᠢᠭᠤᠯᠤᠭᠰᠠᠨ 《ᠰᠤᠯᠤᠩᠭᠠᠨ ᠡᠸᠡᠩᠬᠢ》 ᠰᠡᠯᠡᠭᠦᠴᠡᠯ᠎ᠦᠨ ᠲᠣᠭᠣᠷᠢᠭ᠋ ᠨᠢ ᠰᠣᠶᠣᠯ ᠵᠢᠭᠤᠯᠴᠢᠯᠡᠯ᠎ᠤᠨ ᠦᠩᠭᠡ ᠪᠤᠲᠤᠭ ᠵᠢᠡᠷ ᠪᠢᠯᠬᠠᠮ᠎ᠠ ᠪᠠᠢᠵᠤ᠂ ᠵᠤᠨ᠎ᠤ ᠤᠯᠠᠷᠢᠯ ᠤ᠋ᠨ《ᠵᠤᠨ᠎ᠤ ᠨᠠᠷᠭᠢᠶᠠᠨᠲᠤ ᠤᠯᠠᠷᠢᠯ·ᠦᠢᠯᠡᠰ ᠪᠣᠰᠬᠠᠬᠤ ᠴᠤᠭᠯᠠᠭᠠᠨ》 ᠰᠢᠷᠢᠰ ᠠᠵᠢᠯᠯᠠᠭ᠎ᠠ᠎ᠶᠢ ᠡᠷᠬᠢᠯᠡᠨ ᠬᠢᠭᠰᠡᠨ ᠠ᠋ᠴᠠ ᠨᠠᠭᠠᠰᠢ᠂ ᠬᠦᠷᠢᠶᠡᠯᠡᠩ ᠳ᠋ᠥ ᠢᠷᠡᠭᠰᠡᠨ ᠵᠠᠯᠠᠭᠤᠴᠤᠳ 18 ᠲᠦᠮᠡ ᠭᠠᠷᠤᠢ ᠬᠥᠮᠥᠨ ᠤᠳᠠᠭ᠎ᠠ᠎ᠳᠤ ᠬᠦᠷᠴᠦ᠂ ᠪᠣᠷᠤᠯᠠᠭᠤᠯᠭ᠎ᠠ᠎ᠶᠢᠨ ᠬᠡᠮᠵᠢᠶ᠎ᠡ 250 ᠲᠦᠮᠡᠨ ᠲᠥᠭᠥᠷᠢᠭ᠎ᠢ ᠳᠠᠪᠠᠵᠠᠢ᠃ ᠡᠪᠦᠯ᠎ᠦᠨ ᠤᠯᠠᠷᠢᠯ᠎ᠤᠨ 《ᠡᠪᠦᠯ᠎ᠤᠨ ᠢᠳᠡᠰᠢ》ᠵᠢᠨ ᠰᠤᠶᠤᠯ᠎ᠤᠨ ᠠᠵᠢᠯᠯᠠᠭ᠎ᠠ ᠡᠴᠡ ᠵᠤᠨ᠎ᠤ ᠤᠯᠠᠷᠢᠯ᠎ᠤᠨ 《ᠨᠠᠷᠭᠢᠶᠠᠨᠲᠤ ᠵᠤᠨ᠎ᠤ ᠦᠢᠯᠡᠰ ᠪᠤᠰᠬᠠᠬᠤ ᠴᠤᠭᠯᠠᠭᠠᠨ》 ᠪᠤᠯᠳᠠᠯ᠎ᠠ᠂ ᠬᠦᠷᠢᠶᠡᠯᠡᠩ ᠨᠢ ᠪᠦᠬᠦ ᠵᠢᠯ᠎ᠢᠶᠡᠷ᠎ᠢᠶᠡᠨ ᠰᠣᠶᠣᠯ ᠵᠢᠭᠤᠯᠴᠢᠯᠡᠯ᠎ᠤᠨ ᠠᠢᠵᠠᠮ ᠢ᠋ ᠴᠢᠪᠬᠠᠲᠠᠵᠤ᠂ ᠦᠨᠳᠦᠰᠦᠲᠡᠨ᠎ᠦ ᠰᠣᠶᠣᠯ᠎ᠢ ᠲᠦᠷᠪᠡᠨ ᠤᠯᠠᠷᠢᠯ ᠵᠢᠡᠷ ᠢᠯᠡᠷᠡᠬᠦᠯᠬᠦ ᠵᠢ ᠪᠡᠶᠡᠯᠡᠭᠦᠯᠦᠭᠰᠡᠨ ᠪᠠᠢᠨ᠎ᠠ᠃


eb96388b-e22d-4f2c-9ea0-3e8c08f4dfd4.png


ᠬᠦᠷᠢᠶᠡᠯᠡᠩ ᠪᠣᠯ 《ᠲᠤᠭᠯᠠᠯᠲᠠ ᠵᠢᠨ ᠲᠠᠪᠴᠠᠩ》᠂ ᠦᠢᠯᠡᠰ ᠪᠤᠰᠬᠠᠭᠰᠠᠨ ᠦᠯᠢᠭᠡᠷ ᠨᠢ 《ᠰᠡᠳᠬᠢᠯ ᠬᠥᠳᠡᠯᠭᠡᠮ᠎ᠡ ᠵᠦᠴᠦᠭᠡ》᠎ᠶᠢᠨ ᠪᠦᠲᠦᠭᠡᠯ ᠪᠤᠯᠲᠠᠭ᠃ ᠦᠢ ᠣᠯᠠᠨ ᠦᠢᠯᠡᠰ ᠪᠤᠰᠬᠠᠭᠰᠠᠨ ᠥᠯᠢᠭᠡᠷ ᠤ᠋ᠨ ᠲᠤᠲᠤᠷ᠎ᠠ ᠠ᠋ᠴᠠ᠂ 《ᠨᠡᠷᠡᠨ ᠬᠡᠤᠬᠡᠨ》 ᠠᠵᠢᠯᠯᠠᠬᠤ ᠲᠠᠰᠤᠭ᠎ᠤᠨ ᠦᠰᠦᠨ ᠪᠣᠢᠵᠢᠭ᠍ᠰᠠᠨ ᠵᠠᠮ ᠮᠥᠷ ᠨᠢ ᠬᠦᠷᠢᠶᠡᠯᠡᠩ᠎ᠤᠨ ᠠᠮᠢᠳᠤᠯᠢᠭ᠋ ᠲᠠᠢᠯᠪᠤᠷᠢ ᠪᠣᠯᠤᠭᠰᠠᠨ ᠪᠠᠢᠨ᠎ᠠ᠃ 2015 ᠣᠨ᠎ᠳᠤ᠂ ᠡᠸᠡᠩᠬᠢ ᠦᠨᠳᠦᠰᠦᠲᠡᠨ᠎ᠦ ᠮᠠᠯᠴᠢᠨ ᠤᠷᠠᠨ᠂ ᠳᠡᠭᠡᠳᠦᠰ᠎ᠦᠨ᠎ᠢᠶᠡᠨ ᠤᠯᠠᠮᠵᠢᠯᠠᠭᠰᠠᠨ ᠤᠷ᠎ᠠ ᠮᠡᠷᠭᠡᠵᠢᠯ᠎ᠳᠦ ᠲᠦᠰᠢᠭᠯᠡᠨ᠂ ᠡᠭᠡᠴᠢ ᠳᠡᠭᠦᠦ ᠨᠠᠷ᠎ᠢᠶᠡᠨ ᠳᠠᠭᠠᠭᠤᠯᠤᠨ ᠠᠮᠢᠳᠠᠨ᠎ᠤ ᠠᠷᠠᠰᠤ ᠦᠰᠦ᠎ᠪᠡᠷ ᠪᠤᠷᠤ ᠮᠠᠲᠸᠷᠢᠶᠠᠯ ᠪᠣᠯᠭᠠᠵᠤ᠂ 《ᠨᠠᠷᠠᠨ ᠬᠤᠸᠠᠷ》 ᠤᠯᠠᠮᠵᠢᠯᠠᠯᠲᠤ ᠭᠠᠷ ᠤᠷᠠᠯᠠᠯ᠎ᠤᠨ ᠪᠦᠲᠦᠭᠡᠭᠳᠡᠬᠦᠨ᠎ᠢ ᠦᠢᠯᠡᠳᠴᠦ ᠡᠬᠢᠯᠡᠪᠡ᠃ 《ᠨᠡᠷᠡᠨ ᠬᠤᠸᠠᠷ》 ᠪᠣᠯ ᠡᠸᠡᠩᠬᠢ ᠦᠨᠳᠦᠰᠦᠲᠡᠨ᠎ᠦ ᠤᠯᠠᠮᠵᠢᠯᠠᠯᠲᠤ ᠭᠠᠷ ᠤᠷᠠᠯᠠᠯ᠎ᠤᠨ ᠪᠦᠲᠦᠭᠡᠭᠳᠡᠬᠦᠨ ᠪᠠᠢᠵᠤ᠂ 2015 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠷᠥᠯ ᠵᠦᠢᠯ᠎ᠳᠦ ᠵᠢᠭ᠍ᠰᠠᠭᠠᠭᠳᠠᠵᠠᠢ᠃ 《ᠨᠡᠷᠡᠨ ᠬᠤᠸᠠᠷ》 ᠨᠢ ᠶᠡᠷᠦ᠎ᠳᠡᠭᠡᠨ  ᠪᠤᠯᠠᠭ᠎ᠠ᠎ᠶᠢᠨ ᠠᠷᠠᠰᠤ ᠪᠤᠶᠤ ᠪᠤᠰᠤᠳ ᠠᠮᠢᠲᠠᠨ᠎ᠤ ᠠᠷᠠᠰᠤ᠎ᠪᠠᠷ ᠰᠠᠭᠤᠷᠢ ᠪᠣᠯᠭᠠᠵᠤ᠂ ᠠᠮᠢᠲᠠᠨ᠎ᠤ ᠦᠰᠦ ᠪᠠ  ᠰᠤᠪᠤᠳ ᠱ᠌ᠢᠷᠦ ᠵᠢ ᠬᠠᠪᠰᠤᠷᠭᠠᠵᠤ᠂ ᠣᠯᠠᠨ ᠳᠠᠪᠬᠤᠷᠭ᠎ᠠ ᠣᠯᠠᠨ ᠬᠡᠯᠲᠡᠰ᠎ᠲᠠᠢ ᠴᠡᠴᠡᠭ᠎ᠦᠨ ᠬᠡᠯᠪᠡᠷᠢ ᠳᠦᠷᠰᠦ᠎ᠲᠠᠢ ᠪᠠᠢᠳᠠᠭ᠃


946c5bf9-95eb-4dd0-89c8-4b1dbe5d5704.png


ᠲᠤᠬᠠᠢ᠎ᠶᠢᠨ ᠦᠶ᠎ᠡ᠎ᠳᠦ ᠵᠥᠪᠬᠡᠨ ᠬᠡᠳᠦᠬᠡᠨ ᠵᠦᠢᠯ᠎ᠦᠨ ᠦᠢᠯᠡᠳᠬᠦᠨ᠎ᠲᠠᠢ ᠪᠠᠢᠭᠰᠠᠨ ᠪᠦᠭᠡᠳ ᠪᠣᠷᠤᠯᠠᠭᠤᠯᠭ᠎ᠠ᠎ᠶᠢᠨ ᠵᠠᠮ ᠨᠢ ᠴᠦ᠍ ᠢᠪᠴᠤᠤ ᠪᠠᠢᠵᠤ᠂ ᠡᠷᠬᠢᠨ ᠲᠣᠭᠣᠷᠢᠨ᠎ᠤ ᠮᠠᠯᠵᠢᠬᠤ ᠣᠷᠣᠨ᠎ᠳᠤ ᠯᠠ ᠬᠢᠵᠠᠭᠠᠷᠯᠠᠭᠳᠠᠵᠤ ᠪᠠᠢᠪᠠ᠃ ᠦᠢᠯᠡᠰ ᠪᠤᠰᠬᠠᠬᠤ ᠬᠦᠷᠢᠶᠡᠯᠡᠩ ᠪᠠᠢᠭᠤᠯᠤᠭᠳᠠᠭᠰᠠᠨ᠎ᠤ ᠳᠠᠷᠠᠭ᠎ᠠ᠂ ᠤᠷᠠᠨ ᠥᠬᠢᠨ ᠳᠠᠢ ᠪᠡᠨ ᠬᠣᠶᠠᠭᠤᠯᠠ ᠠᠩᠬᠠᠨ᠎ᠤ ᠪᠦᠯᠦᠭ ᠣᠷᠣᠵᠤ ᠰᠠᠭᠤᠭᠰᠠᠨ ᠬᠤᠳᠠᠯᠳᠤᠭᠠᠴᠢᠨ ᠡᠷᠦᠬᠡ ᠪᠣᠯᠵᠠᠢ᠃ ᠭᠤᠷᠪᠠᠨ ᠵᠢᠯ᠎ᠦᠨ ᠲᠦᠷᠢᠶᠡᠰᠦ ᠬᠡᠯᠲᠦᠷᠢᠭᠦᠯᠬᠦ ᠲᠥᠷᠥ᠎ᠶᠢᠨ ᠪᠣᠳᠣᠯᠭ᠎ᠠ ᠨᠢ ᠲᠡᠲᠡᠨ᠎ᠤ ᠠᠵᠤ ᠠᠬᠤᠢ ᠵᠢᠨ ᠲᠠᠷᠤᠭᠠᠰᠤ ᠵᠢ ᠬᠦᠩᠭᠡᠯᠡᠵᠦ᠂ ᠦᠢᠯᠡᠰ ᠪᠤᠰᠬᠠᠬᠤ ᠪᠣᠯᠪᠠᠰᠤᠷᠠᠯ ᠨᠢ ᠵᠠᠬ᠎ᠠ ᠳᠡᠯᠭᠡᠭᠦᠷ᠎ᠦᠨ ᠬᠠᠷᠠᠭ᠎ᠠ᠎ᠶᠢ ᠨᠡᠭᠡᠭᠡᠨ᠂ ᠣᠯᠠᠨ ᠤᠳᠠᠭᠠᠨ᠎ᠤ ᠳᠡᠯᠭᠡᠨ ᠪᠣᠷᠣᠯᠠᠭᠤᠯᠤᠯᠲᠠ᠎ᠶᠢᠨ ᠠᠵᠢᠯᠯᠠᠭ᠎ᠠ ᠨᠢ 《ᠨᠠᠷᠠᠨ ᠬᠤᠸᠠᠷ》᠎ᠤᠨ ᠪᠦᠳᠦᠬᠡᠭᠳᠡᠬᠦᠨ᠎ᠢ᠋ ᠲᠠᠯ᠎ᠠ ᠨᠤᠲᠤᠭ᠎ᠠᠴᠠ ᠵᠠᠬ᠎ᠠ ᠲᠡᠯᠭᠡᠬᠦᠷ ᠲᠣ᠌ ᠭᠠᠷᠭᠠᠭᠰᠠᠨ ᠪᠠᠢᠨ᠎ᠠ᠃ ᠠᠵᠢᠯᠯᠠᠬᠤ ᠲᠠᠰᠤᠭ ᠨᠢ ᠦᠨᠳᠦᠰᠦᠲᠡᠨ᠎ᠦ ᠬᠡ ᠤᠭᠠᠯᠵᠠ ᠶ᠋ᠢᠨ ᠣᠬᠢ ᠰᠣᠳᠣ᠌ ᠶ᠋ᠢ ᠦᠯᠡᠳᠡᠭᠡᠭᠰᠡᠨ ᠰᠠᠭᠤᠷᠢᠨ ᠳᠡᠭᠡᠷ᠎ᠡ ᠣᠳᠣ᠌ ᠦᠶ᠎ᠡ ᠶ᠋ᠢᠨ ᠵᠢᠷᠤᠭ ᠲᠥᠯᠥᠪᠯᠡᠭᠡ᠎ᠳᠦ ᠠᠭᠤᠰᠬᠠᠨ ᠣᠷᠣᠭᠤᠯᠵᠤ᠂ ᠡᠭᠡᠮᠦᠭ᠂ ᠡᠩᠭᠡᠷ᠎ᠦᠨ ᠵᠡᠭᠦᠯᠳᠠ᠂ ᠲᠡᠷᠭᠡᠨ ᠳᠤᠳᠤᠷᠡᠬᠢ ᠡᠯᠭᠦᠭᠦᠷ᠂ ᠭᠠᠷ ᠤᠲᠠᠰᠤᠨ᠎ᠤ ᠵᠢᠶᠠᠰᠠ ᠵᠡᠷᠭᠡ ᠵᠠᠭᠤ ᠭᠠᠷᠤᠢ ᠵᠦᠢᠯ᠎ᠦᠨ ᠦᠢᠯᠡᠳᠬᠦᠨ ᠢ᠋ ᠰᠤᠳᠤᠯᠤᠨ ᠭᠠᠷᠭᠠᠭᠰᠠᠨ ᠪᠠᠢᠨ᠎ᠠ᠃2018 ᠣᠨ᠎ᠳᠤ᠂ ᠥᠬᠢᠨ ᠠᠢᠵᠡᠮ ᠨᠢ ᠡᠵᠢ᠎ᠶᠢᠨ᠎ᠢᠶᠡᠨ ᠭᠠᠷ᠎ᠠᠴᠠ ᠠᠵᠢᠯ᠎ᠢ ᠨᠢ ᠲᠤᠰᠤᠯ᠎ᠠ᠃ ᠲᠡᠷᠡ ᠰᠢᠭᠤᠳ ᠨᠡᠪᠲᠡᠷᠡᠭᠦᠯᠭᠡ ᠪᠡᠷ ᠲᠡᠮᠵᠢᠨ ᠪᠦᠬᠦ ᠤᠯᠤᠰ᠎ᠤᠨ ᠰᠦᠯᠵᠢᠶᠡᠨ ᠠᠨᠲᠠ ᠨᠠᠷ᠎ᠲᠤ《ᠨᠡᠷᠡᠨ ᠬᠤᠸᠠᠷ》᠎ᠤᠨ ᠣᠶᠣᠬᠤ ᠶᠠᠪᠤᠴᠠ᠎ᠶᠢ ᠦᠷᠬᠦᠯᠵᠢ ᠬᠠᠷᠠᠭᠤᠯᠵᠦ᠂ ᠪᠠᠰᠠ ᠪᠣᠳᠠᠰ᠎ᠤᠨ ᠪᠤᠰᠤ ᠰᠣᠶᠣᠯ᠎ᠤᠨ ᠥᠪ ᠢ᠋ ᠪᠡᠶᠡᠴᠢᠯᠡᠨ ᠣᠢᠯᠠᠭᠠᠬᠤ ᠣᠷᠳᠣᠨ᠎ᠢ ᠪᠠᠢᠭᠤᠯᠵᠤ᠂ ᠵᠢᠭᠤᠯᠴᠢᠯᠡᠯ᠎ᠤᠨ ᠭᠠᠵᠠᠷ᠎ᠲᠠᠢ ᠬᠠᠮᠲᠤᠷᠠᠯᠴᠠᠵᠤ᠂ ᠵᠢᠯ ᠪᠦᠷᠢ ᠵᠠᠭᠤ ᠰᠢᠬᠠᠮ ᠰᠤᠳᠤᠯᠭᠠᠨ᠎ᠤ ᠪᠦᠯᠬᠦᠮ᠂ ᠮᠢᠩᠭ᠎ᠠ ᠭᠠᠷᠤᠢ ᠬᠥᠮᠥᠨ ᠤᠳᠠᠭ᠎ᠠ ᠵᠢ ᠬᠦᠯᠢᠶᠡᠨ ᠠᠪᠤᠪᠠ᠃ 《ᠪᠣᠳᠠᠰ᠎ᠤᠨ ᠪᠤᠰᠤ ᠰᠣᠶᠣᠯ᠎ᠤᠨ ᠥᠪ + ᠵᠢᠭᠤᠯᠴᠢᠯᠡᠯ + ᠰᠤᠳᠤᠯᠤᠨ ᠰᠤᠷᠤᠯᠴᠠᠬᠤ》 ᠵᠠᠭᠪᠤᠷ ᠨᠢ 《ᠨᠡᠷᠡᠨ ᠬᠤᠸᠠᠷ》᠎ᠢ ᠮᠠᠯᠵᠢᠬᠤ ᠣᠷᠣᠨ᠎ᠤ ᠭᠠᠷ ᠤᠷᠠᠯᠠᠯ᠎ᠤᠨ ᠪᠦᠲᠦᠭᠡᠭᠳᠡᠬᠦᠨ᠎ᠡᠴᠡ ᠵᠢᠯ᠎ᠦᠨ ᠭᠠᠷᠤᠯᠲᠠ᠎ᠶᠢᠨ ᠬᠡᠮᠵᠢᠶ᠎ᠡ ᠨᠢ 3 ᠲᠦᠮᠡ᠎ᠶᠢ ᠳᠠᠪᠠᠭᠰᠠᠨ᠂ ᠵᠢᠯ᠎ᠦᠨ ᠦᠢᠯᠡᠳᠬᠦᠨ᠎ᠦ ᠦᠷᠳᠡᠭ ᠨᠢ ᠵᠠᠭᠤᠨ ᠲᠦᠮᠡᠨ ᠲᠥᠭᠥᠷᠢᠭ᠎ᠢ ᠳᠠᠪᠠᠭᠰᠠᠨ ᠰᠣᠶᠣᠯ᠎ᠤᠨ ᠪᠦᠳᠦᠬᠡᠯᠴᠢ ᠡᠭᠦᠳᠦᠯᠲᠡ᠎ᠶᠢᠨ ᠲᠦᠷᠦᠯ ᠲᠡᠮᠳᠡᠭ ᠪᠣᠯᠭᠠᠨ ᠬᠤᠪᠢᠷᠠᠭᠤᠯᠵᠦ᠂ ᠠᠵᠢᠯᠯᠠᠬᠤ ᠲᠠᠰᠤᠭ᠎ᠲᠤ ᠵᠢᠯ ᠪᠦᠷᠢ ᠵᠠᠭᠤ ᠭᠠᠷᠤᠢ ᠰᠤᠷᠤᠭ᠍ᠴᠢᠳ᠎ᠢ ᠰᠦᠢᠳᠬᠡᠯ ᠬᠤᠷᠢᠶᠠᠬᠤ ᠦᠭᠡᠢ᠎ᠪᠡᠷ ᠪᠣᠯᠪᠠᠰᠤᠷᠠᠭᠤᠯᠵᠤ᠂ ᠭᠡᠤᠭᠡᠳ ᠲᠡᠭᠡᠨ ᠬᠠᠨᠢ ᠪᠣᠯᠵᠤ ᠰᠠᠭᠤᠭ᠎ᠠ ᠡᠵᠢ᠂ ᠠᠵᠢᠯ ᠬᠦᠯᠢᠶᠡᠵᠦ ᠪᠠᠢᠭ᠎ᠠ ᠡᠮᠡᠭᠲᠡᠢᠴᠦᠳ᠎ᠲᠦ ᠳᠠᠭᠠᠭᠠᠨ ᠪᠣᠷᠣᠯᠠᠭᠤᠯᠬᠤ ᠦᠢᠯᠡᠴᠢᠯᠡᠭᠡ ᠬᠠᠩᠭᠠᠵᠤ᠂ ᠲᠡᠲᠡᠨ᠎ᠤ ᠬᠢᠭᠰᠡᠨ ᠪᠦᠲᠦᠭᠡᠭᠳᠡᠬᠦᠨ᠎ᠢ ᠠᠵᠢᠯᠯᠠᠬᠤ ᠲᠠᠰᠤᠭ᠎ᠠᠴᠠ ᠨᠢ ᠨᠢᠭᠡᠳᠦᠯᠲᠡᠢ ᠬᠣᠷᠢᠶᠠᠨ ᠠᠪᠴᠤ ᠪᠤᠷᠤᠯᠠᠭᠤᠯᠲᠠᠭ ᠪᠠᠢᠨ᠎ᠠ᠃ ᠣᠳᠣᠬᠠᠨ᠎ᠳᠤ 20 ᠬᠥᠮᠥᠨ ᠳ᠋ᠥ ᠠᠵᠢᠯ ᠣᠯᠭᠣᠵᠤ᠂ 800 ᠭᠠᠷᠤᠢ ᠬᠥᠮᠥᠨ ᠢ᠋ ᠳᠠᠮ᠎ᠢᠶᠠᠷ ᠳᠠᠶ᠋ᠢᠴᠢᠯᠠᠨ ᠣᠷᠣᠯᠭ᠎ᠠ ᠶ᠋ᠢ ᠨᠢ ᠨᠡᠮᠡᠭᠳᠡᠭᠦᠯᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号