ᠬᠦᠨᠵᠡᠭᠡᠢ ᠰᠤᠷᠤᠯᠴᠠᠵᠤ ᠨᠠᠷᠢᠯᠢᠭ ᠤᠬᠠᠪᠤᠷᠢᠯᠡᠨ ᠴᠢᠭᠯᠡᠯ ᠢ᠋ ᠲᠤᠳᠤᠷᠬᠠᠢᠯᠠᠵᠤ ᠰᠡᠳᠬᠢᠯ ᠨᠢᠬᠡᠳᠤᠨ ᠬᠦᠴᠦ ᠪᠠᠨ ᠬᠠᠮᠲᠤᠳᠬᠠᠵᠤ ᠪᠤᠳᠠᠳᠤ ᠠᠮᠵᠢᠯᠲᠠ ᠵᠢ ᠡᠭᠦᠳᠦᠨ᠎ᠡ
2026-05-08 09:37:46
ᠵᠣᠬᠢᠶᠠᠭ᠍ᠴᠢ᠄
ᠬᠠᠨ ᠱᠢᠤᠸᠠᠢ ᠷᠦ ᠯᠢ ᠼᠦᠨ ᠱᠢᠶᠠ ᠱᠢᠤᠢ ᠵᠢᠩ ᠭᠤᠤ ᠮᠢᠨ ᠨᠠ
ᠣᠩᠱᠢᠭ᠍ᠰᠠᠨ ᠣᠳᠠᠭ᠎ᠠ᠄
★★★☆☆

ᠪᠥᠬᠥ᠌ ᠣᠷᠣᠨ ᠤ᠋ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤ᠋ᠨ ᠬᠢᠨ ᠵᠠᠰᠠᠭ ᠤ᠋ᠨ ᠠᠵᠢᠯ ᠤ᠋ᠨ ᠪᠦᠲᠦᠮᠵᠢ ᠶ᠋ᠢᠨ ᠲᠤᠬᠠᠢ ᠵᠦᠪ ᠦᠵᠡᠯᠲᠡ ᠵᠢ ᠪᠤᠢ ᠪᠤᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ ᠢ᠋ ᠯᠠᠪᠳᠠᠭᠤᠨ ᠪᠠᠲᠤᠲᠠᠶ ᠦᠷᠨᠢᠭᠦᠯᠵᠦ ᠪᠤᠢ


ᠣᠳᠣᠬᠠᠨ ᠳ᠋ᠦ ᠤᠷᠤᠨ ᠲᠠᠶᠠᠭᠠᠷ ᠵᠢᠡᠨ ᠵᠠᠰᠠᠭ ᠤ᠋ᠨ ᠠᠵᠢᠯ ᠤ᠋ᠨ ᠪᠦᠲᠦᠮᠵᠢ ᠶ᠋ᠢᠨ ᠲᠤᠬᠠᠢ ᠵᠦᠪ ᠦᠵᠡᠯᠲᠡ ᠵᠢ ᠪᠤᠢ ᠪᠤᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ ᠢ᠋ ᠭᠦᠨᠵᠡᠭᠡᠶ ᠮᠦᠷᠳᠡᠬᠡᠨ ᠯᠠᠪᠳᠠᠭᠤᠨ ᠪᠠᠲᠤᠲᠠᠶ ᠥᠷᠨᠢᠭᠦᠯᠵᠦ᠍ ᠪᠤᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤ᠋ᠨ ᠬᠢᠨ ᠰᠤᠷᠤᠯᠴᠠᠬᠤ ᠰᠡᠳᠭᠢᠬᠦ᠌ ᠬᠡᠷᠡᠭ᠌ᠯᠡᠬᠦ᠌ ᠵᠢ ᠤᠶᠠᠯᠳᠤᠭᠤᠯᠬᠤ᠂ ᠮᠡᠳᠡᠬᠦ᠌ ᠢᠲᠡᠭᠡᠬᠦ᠌ ᠬᠢᠬᠦ᠌ ᠵᠢ ᠨᠢᠭᠡᠳᠭᠡᠬᠦ᠌ ᠵᠢ ᠪᠠᠷᠢᠮᠲᠠᠯᠠᠵᠤ᠂ ᠬᠦᠭᠵᠢᠯᠲᠡ ᠶ᠋ᠢᠨ ᠶᠡᠬᠡ ᠲᠠᠯ᠎ᠠ ᠵᠢ ᠴᠢᠩᠭ᠎ᠠ ᠡᠵᠡᠮᠳᠡᠨ᠂ ᠠᠵᠢᠯ ᠤ᠋ᠨ ᠪᠠᠢᠷᠢ ᠶ᠋ᠢᠨ ᠲᠤᠱᠢᠶᠠᠯ ᠬᠠᠷᠢᠭᠤᠴᠠᠯᠭ᠎ᠠ ᠳ᠋ᠠᠭᠠᠨ ᠰᠠᠭᠤᠷᠢᠯᠠᠵᠤ᠂ ᠰᠤᠷᠤᠯᠴᠠᠯᠭ᠎ᠠ ᠬᠥᠮᠦᠵᠢᠯ ᠢ᠋ ᠭᠣᠣᠯ ᠠᠵᠢᠯ ᠶ᠋ᠢᠡᠨ ᠠᠬᠢᠭᠤᠯᠬᠤ ᠲᠠᠶ ᠤᠶᠠᠯᠳᠤᠭᠤᠯᠬᠤ ᠵᠢ ᠪᠠᠷᠢᠮᠲᠠᠯᠠᠨ᠂ ᠰᠤᠷᠤᠯᠴᠠᠯᠭ᠎ᠠ ᠶ᠋ᠢᠨ ᠦᠷ᠎ᠡ ᠪᠦᠲᠦᠮᠵᠢ ᠵᠢ ᠦᠨᠡᠨ ᠬᠦ᠌ ᠠᠵᠢᠯ ᠬᠢᠵᠦ᠍ ᠦᠢᠯᠡᠰ ᠪᠤᠰᠭᠠᠬᠤ᠂ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ ᠪᠠᠢᠨ᠎ᠠ᠃

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ 《ᠨᠡᠢᠲᠡ ᠶ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ ᠳ᠋ᠦ ᠪᠤᠶᠠᠨ ᠦᠶ᠋ᠯᠡᠳᠬᠦ᠌᠂ ᠱᠢᠨᠵᠢᠯᠡᠬᠦ᠌ ᠤᠬᠠᠭᠠᠨᠴᠢ ᠪᠡᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠦᠨᠡᠨ ᠬᠦ᠌ ᠠᠳᠭᠤᠵᠤ ᠪᠣᠳᠠᠲᠠᠶ ᠠᠵᠢᠯᠯᠠᠬᠤ》 ᠶᠡᠷᠦᠩᠬᠡᠶ ᠱᠠᠭᠠᠷᠳᠠᠯᠭ᠎ᠠ ᠶ᠋ᠢᠨ ᠲᠤᠭᠤᠷᠢᠨ ᠳ᠋ᠦ ᠱᠢᠰᠲ᠋ᠧᠮᠲᠦ ᠰᠡᠳᠭᠢᠬᠦᠶ ᠬᠢᠭᠡᠳ ᠤᠨᠤᠴᠠᠲᠠᠢ ᠪᠡᠷ ᠠᠷᠭ᠎ᠠ ᠪᠣᠳᠣᠯᠭ᠎ᠠ ᠬᠡᠷᠡᠭ᠌ᠵᠢᠭᠦᠯᠬᠦ᠌ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠨ᠂ 《1 + 1 + 2 + N》 ᠠᠵᠢᠯ ᠤ᠋ᠨ ᠲᠣᠭ᠍ᠲᠠᠴᠠ (ᠲᠤᠬᠠᠢᠯᠠᠪᠠᠯ 1 ᠠᠵᠢᠯ ᠤ᠋ᠨ ᠲᠥᠰᠦᠯ + 1 ᠠᠵᠢᠯᠯᠠᠬᠤ ᠳᠤᠭᠤᠢᠯᠠᠩ + 2 ᠨᠠᠷᠢᠨ ᠳᠠᠡᠭᠰᠠ + N ᠵᠦᠶ᠋ᠯ ᠤ᠋ᠨ ᠭᠤᠤᠯᠳᠠᠯᠭ᠎ᠠ ᠲᠠᠶ ᠡᠭᠦᠷᠭᠡ) ᠵᠢᠨ ᠱᠢᠨ᠎ᠡ ᠵᠢ ᠡᠭᠦᠳᠴᠦ᠍᠂ ᠰᠤᠷᠤᠯᠴᠠᠯᠭ᠎ᠠ ᠬᠥᠮᠦᠵᠢᠯ ᠢ᠋ 《ᠢᠯᠡ ᠪᠦᠷᠬᠦᠭᠦᠯᠬᠦ》 ᠡᠴᠡ 《ᠪᠦᠲᠦᠮᠵᠢᠲᠡᠶ ᠪᠦᠷᠬᠦᠭᠦᠯᠬᠦ》 ᠲᠡᠢᠰᠢ ᠬᠤᠪᠢᠷᠠᠭᠤᠯᠬᠤ ᠵᠢ ᠠᠬᠢᠭᠤᠯᠪᠠ᠃ ᠰᠤᠷᠤᠯᠴᠠᠵᠤ ᠰᠤᠳᠤᠯᠤᠨ ᠶᠠᠷᠢᠯᠴᠠᠬᠤ᠂ ᠠᠰᠠᠭᠤᠳᠠᠯ ᠢ᠋ ᠪᠠᠢᠴᠠᠭᠠᠨ ᠴᠡᠭᠴᠡᠯᠡᠬᠦ᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠂ ᠲᠦᠷᠢᠮ ᠲᠣᠭ᠍ᠲᠠᠭᠠᠯ ᠲᠣᠭ᠍ᠲᠠᠭᠠᠬᠤ᠂ ᠡᠭᠦᠳᠡ ᠪᠡᠨ ᠨᠡᠭᠡᠭᠡᠵᠦ᠍ ᠬᠥᠮᠦᠵᠢᠭᠦᠯᠬᠦ᠌ ᠵᠡᠷᠭᠡ 5 ᠭᠣᠭ᠍ᠴᠣᠭ᠎ᠠ ᠵᠢ 21 ᠵᠦᠶ᠋ᠯ ᠤ᠋ᠨ ᠪᠣᠳᠠᠲᠠᠶ ᠡᠭᠦᠷᠭᠡ ᠪᠣᠯᠭᠠᠨ ᠨᠠᠷᠢᠯᠢᠬ᠍ᠵᠢᠭᠤᠯᠵᠤ᠂ ᠰᠤᠷᠤᠯᠴᠠᠯᠭ᠎ᠠ ᠬᠥᠮᠦᠵᠢᠯ ᠤ᠋ᠨ ᠯᠠᠪᠳᠠᠭᠤᠨ ᠡᠬᠢᠯᠡᠯᠲᠡ᠂ ᠪᠤᠳᠠᠳᠠᠢ ᠠᠬᠢᠯᠲᠠ᠂ ᠣᠨᠣᠪᠴᠢᠲᠠᠶ ᠨᠠᠢᠳᠠᠪᠤᠷᠢᠵᠢᠭᠤᠯᠤᠯᠲᠠ ᠶ᠋ᠢ ᠦᠨᠡᠨ ᠬᠦ᠌ ᠪᠠᠲᠤᠯᠠᠪᠡ᠃ 《ᠨᠢᠭᠡᠳᠦᠭᠡᠷ ᠬᠠᠷᠢᠭᠤᠴᠠᠯᠭᠠᠳᠠᠨ》 ᠶᠡᠷᠦᠩᠬᠡᠶ ᠬᠠᠷᠢᠭᠤᠴᠠᠯᠭ᠎ᠠ ᠡᠭᠦᠷᠭᠡᠯᠡᠬᠦ᠌᠂ ᠪᠠᠭ ᠤ᠋ᠨ ᠪᠦᠷᠢᠯᠳᠦᠬᠦᠨ ᠠᠵᠢᠯ ᠵᠢᠡᠨ ᠬᠤᠪᠢᠶᠠᠷᠢᠯᠠᠨ ᠠᠳᠭᠤᠬᠤ᠂ ᠲᠤᠰᠭᠠᠶ ᠪᠠᠭ ᠤ᠋ᠨ ᠠᠵᠢᠯᠲᠠᠨ ᠪᠣᠳᠠᠲᠠᠶ ᠬᠢᠬᠦ ᠬᠠᠷᠢᠭᠤᠴᠠᠯᠭ᠎ᠠ ᠶ᠋ᠢᠨ ᠱᠢᠰᠲ᠋ᠧᠮ ᠢ᠋ ᠪᠦᠷᠢᠨᠱᠢᠭᠦᠯᠵᠦ᠍᠂ ᠲᠣᠭ᠍ᠲᠠᠮᠠᠯ ᠬᠤᠭᠤᠴᠠᠭ᠎ᠠ ᠲᠠᠶ ᠪᠡᠷ ᠲᠣᠬᠢᠷᠠᠭᠤᠯᠬᠤ᠂ ᠲᠤᠰᠭᠠᠶ ᠲᠦᠷᠦᠯ ᠶ᠋ᠢᠡᠷ ᠱᠠᠯᠠᠪᠳᠠᠭᠤᠯᠤᠨ ᠵᠢᠯᠣᠭᠣᠳᠭᠤ ᠵᠡᠷᠭᠡ ᠠᠷᠭ᠎ᠠ ᠬᠡᠯᠪᠡᠷᠢ ᠪᠡᠷ ᠠᠵᠢᠯ ᠤ᠋ᠨ ᠴᠢᠭ᠌ᠯᠡᠯ ᠪᠠ ᠠᠬᠢᠭᠤᠯᠬᠤ ᠠᠢᠵᠠᠮ ᠢ᠋ ᠡᠵᠡᠮᠳᠡᠵᠦ ᠪᠤᠢ᠃ ᠪᠥᠬᠥ᠌ ᠵᠢᠯ ᠤ᠋ᠨ ᠭᠤᠤᠯᠳᠠᠯᠭ᠎ᠠ ᠲᠠᠶ ᠠᠵᠢᠯ ᠪᠠ ᠰᠤᠷᠤᠯᠴᠠᠯᠭ᠎ᠠ ᠬᠥᠮᠦᠵᠢᠯ ᠤ᠋ᠨ ᠱᠠᠭᠠᠷᠳᠠᠯᠭ᠎ᠠ ᠳ᠋ᠦ ᠠᠩᠬᠠᠷᠤᠯ ᠶ᠋ᠢᠡᠨ ᠲᠥᠪᠯᠡᠷᠡᠭᠦᠯᠤᠨ᠂ ᠰᠠᠷ᠎ᠠ ᠪᠡᠷ ᠡᠭᠦᠷᠭᠡ ᠪᠡᠨ ᠡᠮᠬᠢᠯᠡᠨ ᠳᠢᠭ᠌ᠯᠡᠵᠦ᠍᠂ ᠵᠦᠶ᠋ᠯ ᠳᠠᠷᠠᠭᠠᠯᠠᠨ ᠲᠠᠩᠰᠠ ᠬᠠᠷᠭᠤᠭᠤᠯᠤᠨ ᠵᠤᠷᠪᠤᠰᠯᠠᠨ ᠰᠢᠢᠳᠪᠦᠷᠢᠯᠡᠵᠦ᠂ ᠠᠯᠳᠠᠭ᠎ᠠ ᠳᠤᠲᠠᠭ᠍ᠳᠠᠯ ᠶ᠋ᠢᠡᠨ ᠬᠥᠳᠡᠯᠦᠩᠭᠦᠶ ᠪᠡᠷ ᠪᠠᠢᠴᠠᠭᠠᠨ ᠨᠥᠬᠥᠪᠥᠷᠢᠯᠡᠵᠦ᠍᠂ ᠠᠵᠢᠯ ᠤ᠋ᠨ ᠨᠠᠢᠳᠠᠪᠤᠷᠢᠵᠢᠭᠤᠯᠤᠯᠲᠠ ᠶ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ᠌ ᠵᠢ ᠠᠬᠢᠭᠤᠯᠵᠤ᠂ ᠰᠤᠷᠤᠯᠴᠠᠯᠭ᠎ᠠ ᠶ᠋ᠢᠨ ᠦᠷ᠎ᠡ ᠪᠦᠲᠦᠭᠡᠯ ᠢ᠋ ᠦᠨᠡᠨ ᠬᠦ᠌ ᠬᠥᠭ᠌ᠵᠢᠯᠲᠡ ᠶ᠋ᠢᠨ ᠬᠦᠴᠢᠷ ᠠᠰᠠᠭᠤᠳᠠᠯ ᠢ᠋ ᠱᠢᠶ᠋ᠳᠪᠦᠷᠢᠯᠡᠬᠦ᠌᠂ ᠮᠠᠯᠴᠢᠨ ᠲᠠᠷᠢᠶᠠᠴᠢᠨ ᠣᠯᠠᠨ ᠲᠦᠮᠡᠨ ᠳ᠋ᠦ ᠦᠶ᠋ᠯᠡᠴᠢᠯᠡᠬᠦ᠌ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ ᠪᠠᠢᠨ᠎ᠠ᠃

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠯᠠᠭᠠᠨ ᠵᠠᠭᠠᠯᠮᠠᠢᠲᠠᠨ ᠤ᠋ ᠨᠡᠢᠭᠡᠮᠯᠢᠭ ᠵᠠᠰᠠᠭ ᠤ᠋ᠨ ᠠᠵᠢᠯ ᠤ᠋ᠨ ᠪᠦᠲᠦᠮᠵᠢ ᠶ᠋ᠢᠨ ᠲᠤᠬᠠᠢ ᠵᠦᠪ ᠦᠵᠡᠯᠲᠡ ᠵᠢ ᠪᠤᠢ ᠪᠤᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ ᠢ᠋ ᠲᠡᠷᠢᠭᠦᠨ ᠴᠢᠬᠤᠯᠠ ᠤᠯᠤᠰ ᠲᠥᠷᠥ ᠶ᠋ᠢᠨ ᠡᠭᠦᠷᠭᠡ ᠪᠣᠯᠭᠠᠨ ᠴᠢᠩᠭ᠎ᠠ ᠠᠳᠭᠤᠨ ᠪᠣᠳᠠᠲᠠᠶ ᠠᠳᠭᠤᠵᠤ᠂ ᠰᠤᠷᠤᠯᠴᠠᠯᠭ᠎ᠠ ᠬᠥᠮᠦᠵᠢᠯ ᠤ᠋ᠨ ᠬᠡᠷᠡᠭ᠌ᠵᠢᠭᠦᠯᠬᠦ᠌ ᠲᠥᠰᠦᠯ ᠢ᠋ ᠲᠣᠭ᠍ᠲᠠᠭᠠᠨ᠂ 《ᠰᠤᠳᠤᠯᠤᠨ ᠰᠤᠷᠤᠯᠴᠠᠵᠤ ᠭᠦᠨᠵᠡᠭᠡᠶ ᠣᠢᠯᠠᠭᠠᠬᠤ — ᠪᠠᠢᠴᠠᠭᠠᠨ ᠦᠵᠡᠵᠦ ᠵᠠᠳᠠᠯᠤᠨ ᠰᠢᠨᠵᠢᠬᠦ — ᠬᠠᠨᠳᠤᠯᠭᠠᠲᠤ ᠴᠢᠨᠠᠷᠲᠠᠢ ᠪᠡᠷ ᠴᠡᠭ᠌ᠴᠡᠯᠡᠨ ᠵᠠᠰᠠᠬᠤ》 ᠪᠦᠲᠦᠮᠵᠢᠲᠡᠶ ᠪᠢᠳᠡᠬᠦᠤ ᠬᠡᠯᠬᠢᠶ᠎ᠠ ᠵᠢ ᠪᠤᠢ ᠪᠣᠯᠭᠠᠬᠤ ᠵᠢ ᠠᠬᠢᠭᠤᠯᠵᠤ᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠵᠢ ᠨᠡᠪᠲᠡᠷᠡᠭᠦᠯᠬᠦ᠌ 《ᠬᠠᠮ ᠠᠷᠭ᠎ᠠ ᠬᠡᠮᠵᠢᠶ᠎ᠡ》 ᠵᠢ ᠰᠠᠢᠳᠤᠷ ᠬᠡᠷᠡᠭᠵᠢᠭᠦᠯᠵᠤ ᠪᠠᠢᠨ᠎ᠠ᠃ ᠲᠤᠰᠭᠠᠶ ᠰᠡᠳᠦᠪᠲᠦ ᠨᠣᠮ ᠤᠩᠱᠢᠬᠤ ᠠᠩᠭᠢ᠂ ᠰᠤᠳᠤᠯᠤᠨ ᠶᠠᠷᠢᠯᠴᠠᠬᠤ ᠠᠩᠭᠢ ᠡᠷᠭᠢᠯᠡᠵᠦ᠍᠂ ᠲᠥᠷᠥᠯ ᠬᠤᠪᠢᠶᠠᠨ ᠣᠯᠠᠨ ᠶ᠋ᠢᠡᠷ ᠶ᠋ᠢᠡᠨ ᠠᠳᠭᠤᠬᠤ ᠵᠢ ᠪᠠᠷᠢᠮᠲᠠᠯᠠᠨ᠂ 《ᠳᠠᠭᠠᠭᠤᠯᠤᠨ ᠰᠤᠷᠤᠯᠴᠠᠬᠤ + ᠲᠥᠪᠯᠡᠷᠡᠩᠭᠦᠶ ᠭᠦᠨᠵᠡᠭᠡᠶ ᠰᠤᠷᠤᠯᠴᠠᠬᠤ + ᠰᠣᠯᠢᠯᠴᠠᠭ᠎ᠠ ᠦᠷᠨᠢᠭᠦᠯᠵᠦ ᠰᠤᠳᠤᠯᠤᠨ ᠰᠤᠷᠤᠯᠴᠠᠬᠤ + ᠬᠤᠪᠢ ᠬᠥᠮᠦᠨ ᠥᠪᠡᠰᠦᠪᠡᠨ ᠰᠤᠷᠤᠯᠴᠠᠬᠤ》 ᠵᠠᠭ᠍ᠪᠤᠷ ᠢ᠋ ᠬᠡᠷᠡᠭᠵᠢᠭᠦᠯᠵᠦ᠂ ᠨᠠᠮ ᠤ᠋ᠨ ᠭᠡᠱᠢᠭᠦᠨ ᠺᠠᠳ᠋ᠷᠴᠤᠳ ᠤ᠋ᠨ ᠵᠠᠰᠠᠭ ᠤ᠋ᠨ ᠠᠵᠢᠯ ᠤ᠋ᠨ ᠪᠦᠲᠦᠮᠵᠢ ᠶ᠋ᠢᠨ ᠲᠤᠬᠠᠢ ᠵᠦᠪ ᠦᠵᠡᠯᠲᠡ ᠶ᠋ᠢᠨ ᠪᠠᠶᠠᠯᠢᠭ ᠠᠭᠤᠯᠤᠭ᠍ᠳᠠᠬᠤᠨ ᠪᠠ ᠦᠶ᠋ᠯᠡᠳᠦᠯᠭᠡ ᠶ᠋ᠢᠨ ᠱᠠᠭᠠᠷᠳᠠᠯᠭ᠎ᠠ ᠵᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢᠯᠠᠭᠠᠬᠤ ᠵᠢ ᠠᠬᠢᠭᠤᠯᠪᠡ; ᠠᠰᠠᠭᠤᠳᠠᠯ ᠶ᠋ᠢᠡᠷ ᠤᠳᠤᠷᠢᠳᠤᠮᠵᠢ ᠪᠣᠯᠭᠠᠬᠤ᠂ ᠬᠠᠨᠳᠤᠯᠭᠠᠲᠤ ᠴᠢᠨᠠᠷᠲᠠᠶ ᠪᠡᠷ ᠵᠠᠯᠠᠷᠠᠭᠤᠯᠤᠨ ᠵᠠᠰᠠᠬᠤ ᠵᠢ ᠪᠠᠷᠢᠮᠲᠠᠯᠠᠵᠤ᠂ ᠬᠢᠳᠤᠭᠠᠨ ᠢᠷ ᠢ᠋ ᠳᠣᠲᠣᠭ᠍ᠰᠢ ᠬᠠᠨᠳᠤᠭᠤᠯᠬᠤ᠂ ᠥᠪᠡᠷ ᠤ᠋ᠨ ᠪᠡᠶ᠎ᠡ ᠳ᠋ᠡᠭᠡᠨ ᠬᠤᠪᠢᠰᠭᠠᠯ ᠬᠢᠬᠦ᠌ ᠡᠷᠡᠰ ᠵᠣᠷᠢᠭ ᠶ᠋ᠢᠡᠷ ᠠᠰᠠᠭᠤᠳᠠᠯ ᠢ᠋ ᠪᠥᠬᠥ᠌ ᠲᠠᠯ᠎ᠠ ᠪᠡᠷ ᠪᠠᠢᠴᠠᠭᠠᠨ ᠱᠢᠨᠵᠢᠵᠦ᠍᠂ ᠰᠤᠷᠤᠯᠴᠠᠯᠭ᠎ᠠ ᠬᠥᠮᠦᠵᠢᠯ ᠤ᠋ᠨ ᠪᠠᠢᠴᠠᠭᠠᠨ ᠴᠡᠭᠴᠡᠯᠡᠬᠦ ᠨᠠᠷᠢᠨ ᠳᠠᠡᠭᠰᠠ ᠵᠢ ᠡᠮᠬᠢᠯᠡᠨ ᠪᠦᠷᠢᠯᠳᠦᠭᠦᠯᠬᠦ᠌ ᠶ᠋ᠢᠨ ᠬᠠᠮᠲᠤ ᠨᠡᠢᠲᠡ ᠶ᠋ᠢᠨ ᠠᠰᠠᠷᠠᠮᠵᠢ ᠨᠢᠭᠦᠯᠡᠰᠦᠩᠭᠦᠶ ᠶ᠋ᠢᠨ ᠬᠦᠷᠢᠶ᠎ᠡ᠂ ᠰᠠᠢᠨ ᠳᠤᠷ᠎ᠠ ᠶ᠋ᠢᠨ ᠦᠶ᠋ᠯᠡᠴᠢᠯᠡᠭᠡᠨ ᠤ᠋ ᠬᠦᠷᠢᠶ᠎ᠡ᠂ ᠵᠠᠰᠠᠭ ᠤ᠋ᠨ ᠣᠷᠳᠣᠨ ᠤ᠋ ᠬᠤᠳᠠᠯᠳᠤᠨ ᠠᠪᠬᠤ ᠬᠦᠷᠢᠶᠡᠨ ᠳ᠋ᠡᠬᠢ ᠲᠣᠪᠣᠢᠮ᠎ᠠ ᠠᠰᠠᠭᠤᠳᠠᠯ ᠢ᠋ ᠲᠥᠪᠯᠡᠷᠡᠭᠦᠯᠦᠨ ᠴᠡᠭ᠌ᠴᠡᠯᠡᠨ ᠵᠠᠰᠠᠬᠤ ᠵᠡᠷᠭᠡ ᠲᠡᠶ ᠤᠶᠠᠯᠳᠤᠭᠤᠯᠤᠨ ᠪᠥᠬᠥ᠌ ᠲᠠᠯ᠎ᠠ ᠪᠡᠷ ᠴᠡᠭ᠌ᠴᠡᠯᠡᠨ ᠰᠠᠢᠵᠢᠷᠠᠭᠤᠯᠵᠤ ᠪᠤᠢ; ᠦᠨᠳᠦᠰᠦᠨ ᠱᠠᠲᠤᠨ ᠤ᠋ ᠲᠤᠰᠭᠠᠶ ᠰᠡᠳᠦᠪᠲᠦ ᠪᠠᠢᠴᠠᠭᠠᠨ ᠰᠤᠳᠤᠯᠬᠤ ᠠᠵᠢᠯ ᠢ᠋ ᠥᠷᠨᠢᠭᠦᠯᠵᠦ᠍᠂ ᠪᠠᠶᠠᠨᠨᠠᠭᠤᠷ ᠬᠣᠲᠠ ᠳ᠋ᠦ ᠭᠦᠨᠵᠡᠭᠡᠢᠷᠡᠨ ᠤᠯᠠᠭᠠᠨ ᠵᠠᠭᠠᠯᠮᠠᠢᠲᠠᠨ ᠤ᠋ ᠠᠪᠤᠷᠠᠯᠳᠠ ᠶ᠋ᠢᠨ ᠥᠷᠲᠡᠭᠡ᠂ 《ᠲᠦᠭᠡᠮᠡᠯ ᠬᠠᠢᠷ᠎ᠠ ᠶ᠋ᠢᠨ ᠬᠡᠷ ᠣᠷᠣᠨ》 ᠤ᠋ ᠲᠥᠷᠥᠯ ᠵᠦᠶ᠋ᠯ ᠤ᠋ᠨ ᠴᠡᠭ᠂ ᠭᠠᠮᠱᠢᠭ ᠲᠦ᠍ ᠪᠡᠯᠡᠳᠭᠡᠬᠦ᠌ ᠡᠳ᠋ ᠪᠤᠳᠠᠰ ᠨᠦᠬᠡᠴᠡᠯᠡᠬᠦ ᠬᠥᠮᠥᠷᠭᠡ ᠪᠠ ᠤᠯᠠᠭᠠᠨ ᠵᠠᠭᠠᠯᠮᠠᠢᠲᠠᠨ ᠤ᠋ ᠥᠷᠲᠡᠭᠡ ᠵᠡᠷᠭᠡ ᠵᠢ ᠲᠤᠬᠠᠶ ᠶ᠋ᠢᠨ ᠭᠠᠵᠠᠷ ᠲᠦ᠍ᠨᠢ ᠰᠤᠷᠪᠤᠯᠵᠢᠯᠠᠵᠤ᠂ ᠥᠷᠭᠡᠨ ᠶ᠋ᠢᠡᠷ ᠰᠠᠨᠠᠯ ᠰᠠᠨᠠᠭᠤᠯᠭ᠎ᠠ ᠬᠤᠷᠢᠶᠠᠨ᠂ ᠦᠨᠳᠦᠰᠦᠨ ᠱᠠᠲᠤᠨ ᠤ᠋ ᠤᠯᠠᠭᠠᠨ ᠵᠠᠭᠠᠯᠮᠠᠢᠲᠠᠨ ᠤ᠋ ᠠᠵᠢᠯ ᠤ᠋ᠨ ᠪᠣᠳᠠᠲᠤ ᠪᠠᠢᠳᠠᠯ ᠢ᠋ ᠲᠣᠳᠣᠷᠬᠠᠶ ᠤᠢᠯᠠᠭᠠᠵᠤ᠂ ᠬᠥᠭ᠌ᠵᠢᠯᠲᠡ ᠶ᠋ᠢᠨ ᠬᠦᠴᠢᠷ ᠠᠰᠠᠭᠤᠳᠠᠯ ᠢ᠋ ᠱᠢᠶ᠋ᠳᠪᠦᠷᠢᠯᠡᠬᠦ᠌᠂ ᠥᠭᠡᠷᠡᠴᠢᠯᠡᠯᠲᠡ ᠬᠢᠵᠦ᠍ ᠱᠢᠨ᠎ᠡ ᠵᠢ ᠡᠭᠦᠳᠬᠦ᠌ ᠵᠢ ᠠᠬᠢᠭᠤᠯᠬᠤ ᠪᠣᠳᠠᠲᠠᠶ ᠠᠷᠭ᠎ᠠ ᠬᠠᠲᠠᠭᠤ ᠠᠷᠭ᠎ᠠ ᠵᠢ ᠳᠤᠷᠠᠳᠴᠤ᠌᠂ ᠪᠥᠬᠥ᠌ ᠣᠷᠣᠨ ᠤ᠋ ᠤᠯᠠᠭᠠᠨ ᠵᠠᠭᠠᠯᠮᠠᠢᠲᠠᠨ ᠤ᠋ ᠠᠵᠢᠯ ᠤ᠋ᠨ ᠬᠣᠷᠢᠭ᠎ᠠ ᠴᠡᠭ᠂ ᠲᠦᠭ᠌ᠵᠢᠷᠡᠯ ᠤ᠋ᠨ ᠠᠰᠠᠭᠤᠳᠠᠯ ᠢ᠋ ᠪᠦᠲᠦᠮᠵᠢᠲᠡᠶ ᠰᠢᠢᠳᠪᠦᠷᠢᠯᠡᠨ᠂ ᠵᠠᠰᠠᠭ ᠤ᠋ᠨ ᠠᠵᠢᠯ ᠤ᠋ᠨ ᠪᠦᠲᠦᠮᠵᠢ ᠶ᠋ᠢᠨ ᠲᠤᠬᠠᠢ ᠵᠦᠪ ᠦᠵᠡᠯᠲᠡ ᠪᠡᠷ ᠱᠢᠨ᠎ᠡ ᠴᠠᠭ ᠦᠶ᠎ᠡ ᠶ᠋ᠢᠨ ᠤᠯᠠᠭᠠᠨ ᠵᠠᠭᠠᠯᠮᠠᠢᠲᠠᠨ ᠤ᠋ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠵᠤ ᠪᠠᠢᠨ᠎ᠠ᠃

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠯᠠᠨ ᠨᠡᠢᠲᠡ ᠶ᠋ᠢᠨ ᠡᠬᠢ ᠪᠠᠶᠠᠯᠢᠭ ᠤ᠋ᠨ ᠠᠷᠠᠯᠵᠢᠶᠠᠨ ᠤ᠋ ᠲᠥᠪ ᠰᠤᠷᠤᠯᠴᠠᠯᠭ᠎ᠠ ᠬᠥᠮᠦᠵᠢᠯ ᠥᠷᠨᠢᠭᠦᠯᠬᠦ᠌ ᠵᠢ ᠴᠢᠬᠤᠯᠠ ᠤᠯᠤᠰ ᠲᠥᠷᠥ ᠶ᠋ᠢᠨ ᠡᠭᠦᠷᠭᠡ ᠪᠠᠨ ᠪᠣᠯᠭᠠᠬᠤ ᠵᠢ  ᠪᠠᠷᠢᠮᠲᠠᠯᠠᠵᠤ᠂ ᠭᠦᠨᠵᠡᠭᠡᠶ ᠰᠤᠷᠤᠯᠴᠠᠨ ᠨᠠᠷᠢᠯᠢᠭ ᠤᠬᠠᠪᠤᠷᠢᠯᠠᠬᠤ ᠲᠠᠯ᠎ᠠ ᠪᠡᠷ᠂ 《ᠰᠢ ᠵᠢᠨ ᠫᠢᠩ ᠤ᠋ᠨ ᠵᠠᠰᠠᠭ ᠤ᠋ᠨ ᠠᠵᠢᠯ ᠤ᠋ᠨ ᠪᠦᠲᠦᠮᠵᠢ ᠶ᠋ᠢᠨ ᠲᠤᠬᠠᠢ ᠵᠦᠪ ᠦᠵᠡᠯᠲᠡ ᠵᠢ ᠪᠤᠢ ᠪᠤᠯᠭᠠᠨ ᠦᠢᠯᠡᠳᠦᠯᠭᠡᠵᠢᠭᠦᠯᠬᠦ ᠲᠤᠬᠠᠢ ᠦᠭᠦᠯᠡᠯᠲᠡ ᠶ᠋ᠢᠨ ᠲᠡᠭᠦᠪᠦᠷᠢ》 ᠵᠢ ᠵᠤᠬᠢᠶᠠᠯ ᠳᠠᠷᠠᠭᠠᠯᠠᠨ ᠰᠤᠳᠤᠯᠤᠨ ᠤᠩᠱᠢᠵᠤ᠂ ᠨᠢᠭᠡᠨᠲᠡ 10 ᠤᠳᠠᠭ᠎ᠠ ᠲᠥᠪᠯᠡᠷᠡᠭᠦᠯᠦᠨ ᠰᠤᠷᠤᠯᠴᠠᠵᠤ᠂ ᠲᠤᠰᠭᠠᠶ ᠰᠡᠳᠦᠪ ᠶ᠋ᠢᠡᠷ 3 ᠤᠳᠠᠭ᠎ᠠ ᠰᠤᠳᠤᠯᠤᠨ ᠶᠠᠷᠢᠯᠴᠠᠬᠤ ᠶ᠋ᠢᠨ ᠬᠠᠮᠲᠤ ᠨᠠᠮ ᠤ᠋ᠨ ᠰᠤᠷᠭᠠᠭᠤᠯᠢ ᠶ᠋ᠢᠨ ᠲᠤᠰᠭᠠᠶ ᠮᠡᠷᠭᠡᠵᠢᠯᠲᠡᠨ ᠢ᠋ ᠤᠷᠢᠵᠤ ᠬᠠᠪᠰᠤᠷᠤᠨ ᠵᠢᠯᠣᠭᠣᠳᠣᠭᠤᠯᠵᠤ᠂ ᠦᠵᠡᠯ ᠰᠠᠨᠠᠭᠠᠨ ᠤ᠋ ᠲᠠᠯ᠎ᠠ ᠡᠴᠡ ᠪᠠᠨ ᠵᠠᠰᠠᠭ ᠤ᠋ᠨ ᠠᠵᠢᠯ ᠤ᠋ᠨ ᠪᠦᠲᠦᠮᠵᠢ ᠲᠠᠢ ᠬᠠᠷᠭᠤᠭᠤᠯᠪᠠ᠃ ᠠᠰᠠᠭᠤᠳᠠᠯ ᠶ᠋ᠢᠡᠷ ᠤᠳᠤᠷᠢᠳᠤᠮᠵᠢ ᠪᠣᠯᠭᠠᠬᠤ ᠵᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠤ᠋ᠨ ᠶᠡᠷᠦᠩᠬᠡᠶ ᠱᠠᠭᠠᠷᠳᠠᠯᠭ᠎ᠠ ᠲᠠᠶ ᠨᠢᠭ᠍ᠲᠠ ᠤᠶᠠᠯᠳᠤᠭᠤᠯᠤᠨ᠂ ᠵᠠᠰᠠᠭ ᠤ᠋ᠨ ᠠᠵᠢᠯ ᠤ᠋ᠨ ᠪᠦᠲᠦᠮᠵᠢ ᠶ᠋ᠢᠨ ᠲᠤᠬᠠᠢ ᠦᠵᠡᠯᠲᠡ ᠶ᠋ᠢᠨ ᠭᠤᠤᠯ ᠠᠰᠠᠭᠤᠳᠠᠯ ᠤ᠋ᠨ ᠨᠠᠷᠢᠨ ᠲᠠᠩᠰᠠ ᠲᠠᠶ ᠵᠦᠷᠢᠶ᠎ᠡ ᠪᠠᠨ ᠬᠠᠷᠭᠤᠭᠤᠯᠵᠤ᠂ ᠤᠳᠤᠷᠢᠳᠭᠤ ᠪᠠᠭ ᠤ᠋ᠨ ᠬᠢᠨ 10 ᠠᠰᠠᠭᠤᠳᠠᠯ ᠢ᠋ ᠡᠮᠬᠢᠯᠡᠨ ᠳᠢᠭ᠌ᠯᠡᠵᠦ᠍᠂ ᠭᠠᠵᠠᠷ ᠤ᠋ᠨ ᠲᠠᠰ ᠤ᠋ᠨ ᠨᠠᠮ ᠤ᠋ᠨ ᠭᠡᠱᠢᠭᠦᠨ ᠺᠠᠳ᠋ᠷ ᠨᠡᠢᠲᠡ 108 ᠠᠰᠠᠭᠤᠳᠠᠯ ᠢ᠋ ᠪᠠᠢᠴᠠᠭᠠᠨ ᠴᠡᠭᠴᠡᠯᠡᠵᠦ᠂ ᠴᠡᠭ᠌ᠴᠡᠯᠡᠨ ᠰᠠᠢᠵᠢᠷᠠᠭᠤᠯᠬᠤ ᠡᠬᠡ ᠲᠠᠩᠰᠠ ᠪᠠᠢᠭᠤᠯᠪᠠ᠃ ᠬᠢᠨᠠᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠵᠢ ᠨᠢᠭᠡ ᠴᠣᠭ᠍ᠴᠠᠵᠢᠭᠤᠯᠤᠨ ᠠᠬᠢᠭᠤᠯᠬᠤ ᠵᠢ ᠳᠣᠪᠣᠢᠯᠭᠠᠵᠤ᠂ ᠰᠤᠷᠤᠯᠴᠠᠯᠭ᠎ᠠ ᠬᠥᠮᠦᠵᠢᠯ ᠶ᠋ᠢᠡᠷ ᠤᠳᠤᠷᠢᠳᠤᠮᠵᠢ ᠪᠣᠯᠭᠠᠨ᠂ ᠲᠣᠭᠠᠴᠢᠯᠠᠭ᠍ᠰᠠᠨ ᠣᠶᠤᠨᠴᠢᠯᠠᠭ᠍ᠰᠠᠨ ᠲᠡᠢᠰᠢ ᠬᠡᠯᠪᠡᠷᠢ ᠪᠠᠨ ᠬᠤᠪᠢᠷᠠᠭᠤᠯᠬᠤ ᠪᠡᠷ ᠦᠨᠡᠯᠡᠯᠲᠡ ᠬᠢᠬᠦ᠌ ᠬᠢᠯᠠᠰ ᠴᠡᠭ ᠪᠣᠯᠭᠠᠵᠤ᠂ ᠰᠦᠯᠵᠢᠶᠡᠨ ᠳᠡᠭᠡᠷ᠎ᠡ ᠪᠢᠴᠢᠭ ᠮᠠᠲ᠋ᠸᠷᠢᠶᠠᠯ ᠤ᠋ᠨ 《ᠡᠷᠬᠡ ᠲᠡᠭᠰᠢ ᠪᠡᠷ ᠬᠢᠨᠠᠨ ᠪᠠᠢᠴᠠᠭᠠᠬᠤ ᠲᠤᠰᠠᠯᠠᠭᠴᠢ》 ᠶ᠋ᠢᠨ ᠳᠠᠭᠠᠭᠠᠴᠢᠯᠠᠯᠲᠠ ᠵᠠᠷᠯᠠᠵᠤ᠂ AI ᠪᠡᠷ ᠡᠷᠬᠡ ᠲᠡᠭᠰᠢ ᠴᠢᠨᠠᠷ ᠢ᠋ ᠬᠢᠨᠠᠨ ᠪᠠᠢᠴᠠᠭᠠᠬᠤ᠂ AI ᠪᠡᠷ ᠬᠠᠪᠰᠤᠷᠤᠨ ᠳᠠᠭᠠᠭᠠᠴᠢᠯᠠᠯᠲᠠ ᠲᠤᠭᠲᠠᠭᠠᠬᠤ ᠵᠡᠷᠭᠡ 20 ᠭᠠᠷᠤᠢ ᠵᠦᠢᠯ ᠤ᠋ᠨ ᠲᠤᠭᠠᠴᠢᠯᠠᠭᠰᠠᠨ ᠤᠶᠤᠨᠴᠢᠯᠠᠭᠰᠠᠨ ᠠᠬᠤᠢ ᠪᠠᠢᠳᠠᠯ ᠢ᠋ ᠬᠠᠷᠠᠭᠤᠯᠪᠠ᠃ ᠡᠭᠦᠳᠡ ᠪᠡᠨ ᠨᠡᠭᠡᠭᠡᠵᠦ᠍ ᠬᠦᠮᠦᠵᠢᠭᠦᠯᠬᠦ ᠵᠢ ᠪᠠᠷᠢᠮᠲᠠᠯᠠᠨ᠂ 《ᠳᠥᠷᠪᠡ ᠵᠢ ᠦᠨᠳᠦᠰᠦᠨ ᠱᠠᠲᠤᠨ ᠳ᠋ᠦ ᠪᠠᠭᠤᠯᠭᠠᠬᠤ》 ᠵᠢ ᠨᠠᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤ᠋ᠨ ᠭᠣᠣᠯ ᠴᠣᠭ᠍ᠴᠠ ᠶ᠋ᠢᠨ ᠬᠡᠷᠡᠭ᠌ᠴᠡᠭᠡ ᠱᠠᠭᠠᠷᠳᠠᠯᠭ᠎ᠠ ᠳ᠋ᠦ ᠢᠳᠡᠪᠬᠢᠲᠡᠶ ᠬᠠᠷᠢᠭᠤᠯᠲᠠ ᠥᠭ᠌ᠴᠦ᠂ ᠠᠵᠤ ᠠᠬᠤᠢᠯᠠᠯ ᠤ᠋ᠨ ᠠᠷᠠᠯᠵᠢᠶᠠᠨ ᠤ᠋ ᠥᠪᠡᠷ ᠤ᠋ᠨ ᠥᠷᠲᠡᠭ ᠢ᠋ ᠨᠡᠢᠲᠡ 55 ᠳ᠋ᠦᠩᠱᠢᠭᠤᠷ ᠲᠥᠭᠥᠷᠢᠭ ᠠᠷᠪᠢᠯᠠᠨ᠂ ᠰᠤᠷᠤᠯᠴᠠᠯᠭ᠎ᠠ ᠬᠥᠮᠦᠵᠢᠯ ᠤ᠋ᠨ ᠦᠷ᠎ᠡ ᠪᠦᠲᠦᠮᠵᠢ ᠪᠡᠷ 《ᠢᠯᠡ ᠪᠡᠷ ᠠᠷᠠᠯᠵᠢᠶᠠᠯᠠᠬᠤ》 ᠨᠡᠷ᠎ᠡ ᠠᠯᠳᠠᠷᠰᠢᠯ ᠢ᠋ ᠮᠠᠨᠳᠤᠭᠤᠯᠵᠤ᠂ ᠥᠪᠡᠷᠲᠡᠭᠡᠨ ᠵᠠᠰᠠᠬᠤ ᠣᠷᠣᠨ ᠤ᠋ 《ᠠᠷᠪᠠᠨ ᠳᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠶ᠋ᠢᠨ ᠰᠠᠢᠨ ᠰᠠᠢᠬᠠᠨ ᠡᠬᠢᠯᠡᠯᠲᠡ ᠳ᠋ᠦ ᠬᠦᠴᠦᠨ ᠴᠢᠳᠠᠯ ᠶ᠋ᠢᠡᠨ ᠡᠷᠭᠦᠵᠤ ᠪᠠᠢᠨ᠎ᠠ᠃

ᠬᠢᠩᠭᠠᠨ ᠠᠢᠮᠠᠭ 《ᠨᠢᠭᠡᠳᠦᠭᠡᠷ ᠬᠠᠷᠢᠭᠤᠴᠠᠯᠭᠠᠳᠠᠨ》 ᠤ᠋ ᠵᠢᠱ᠌ᠢᠶ᠎ᠡ ᠦᠵᠡᠭᠦᠯᠵᠤ ᠬᠥᠲᠥᠯᠥᠨ ᠳᠠᠭᠠᠭᠤᠯᠬᠤ ᠳ᠋ᠦ ᠠᠩᠬᠠᠷᠤᠯ ᠶ᠋ᠢᠡᠨ ᠲᠥᠪᠯᠡᠷᠡᠭᠦᠯᠵᠦ᠍᠂ ᠠᠢᠮᠠᠭ ᠤ᠋ᠨ ᠱᠠᠲᠤᠨ ᠤ᠋ ᠤᠳᠤᠷᠢᠳᠤᠯᠭ᠎ᠠ ᠡᠴᠡ ᠬᠤᠪᠢᠳᠠᠨ ᠬᠠᠮᠢᠶᠠᠷᠴᠤ᠌ ᠪᠠᠢᠭ᠎ᠠ ᠬᠦᠷᠢᠶ᠎ᠡ ᠴᠠᠷᠠᠭ᠎ᠠ ᠪᠠᠨ ᠵᠣᠬᠢᠶᠠᠨ ᠪᠠᠢᠭᠤᠯᠤᠨ ᠵᠠᠰᠠᠭ ᠤ᠋ᠨ ᠠᠵᠢᠯ ᠤ᠋ᠨ ᠪᠦᠲᠦᠮᠵᠢ ᠶ᠋ᠢᠨ ᠲᠤᠬᠠᠢ ᠵᠦᠪ ᠦᠵᠡᠯᠲᠡ ᠵᠢ ᠪᠤᠢ ᠪᠤᠯᠭᠠᠨ ᠦᠢᠯᠡᠳᠦᠯᠭᠡᠵᠢᠭᠦᠯᠬᠦ ᠲᠤᠬᠠᠢ ᠳᠤᠭᠤᠢᠯᠠᠩ ᠬᠤᠪᠢᠶᠠᠨ 18 ᠲᠠᠯᠠᠪᠤᠷ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠢᠵᠤ᠂ ᠡᠯ᠎ᠡ ᠱᠠᠲᠤᠨ ᠤ᠋ 《ᠨᠢᠭᠡᠳᠦᠭᠡᠷ ᠬᠠᠷᠢᠭᠤᠴᠠᠯᠭᠠᠲᠠᠨ》 ᠲᠦᠷᠦᠭᠦᠯᠡᠨ ᠲᠠᠨᠢᠯᠲᠠ ᠪᠠᠨ ᠶᠠᠷᠢᠯᠴᠠᠬᠤ᠂ ᠵᠥᠷᠢᠶ᠎ᠡ ᠪᠡᠨ ᠡᠷᠢᠬᠦ᠌᠂ ᠠᠷᠭ᠎ᠠ ᠬᠡᠮᠵᠢᠶ᠎ᠡ ᠪᠡᠨ ᠲᠣᠳᠣᠷᠬᠠᠢᠯᠠᠬᠤ ᠵᠢ ᠠᠬᠢᠭᠤᠯᠵᠤ᠂ ᠬᠤᠭᠤᠴᠠᠭ᠎ᠠ ᠰᠣᠯᠢᠬᠤ ᠬᠡᠪ ᠰᠤᠷᠲᠠᠯ ᠳ᠋ᠦ ᠬᠢᠨᠠᠯᠲᠠ ᠲᠠᠯᠪᠢᠵᠤ ᠶᠠᠷᠢᠯᠴᠠᠨ ᠰᠠᠨᠠᠭᠤᠯᠬᠤ ᠵᠢ ᠢᠵᠢᠯ ᠠᠯᠬᠤᠮ ᠶ᠋ᠢᠡᠷ ᠥᠷᠨᠢᠭᠦᠯᠤᠨ᠂ ᠵᠠᠰᠠᠭ ᠤ᠋ᠨ ᠠᠵᠢᠯ ᠤ᠋ᠨ ᠪᠦᠲᠦᠮᠵᠢ ᠪᠠᠨ ᠤᠯᠠᠮ ᠨᠢᠭᠡ ᠠᠯᠬᠤᠮ ᠬᠠᠷᠭᠤᠭᠤᠯᠵᠤ᠂ ᠦᠵᠡᠯ ᠰᠠᠨᠠᠭᠠᠨ ᠤ᠋ ᠰᠠᠭᠤᠷᠢ ᠵᠢ ᠪᠡᠬᠢᠵᠢᠭᠦᠯᠪᠡ᠃ ᠡᠯ᠎ᠡ ᠱᠠᠲᠤᠨ ᠤ᠋ 《ᠨᠢᠭᠡᠳᠦᠭᠡᠷ ᠬᠠᠷᠢᠭᠤᠴᠠᠯᠭᠠᠲᠠᠨ》 ᠲᠦᠷᠦᠭᠦᠯᠡᠨ 317 ᠠᠰᠠᠭᠤᠳᠠᠯ ᠢ᠋ ᠪᠠᠢᠴᠠᠭᠠᠨ ᠱᠢᠨᠵᠢᠵᠦ᠍ ᠡᠮᠬᠢᠯᠡᠨ᠂ ᠪᠣᠳᠠᠲᠠᠢ ᠵᠢ ᠡᠷᠬᠢᠮᠯᠡᠨ ᠰᠠᠢᠵᠢᠷᠠᠭᠤᠯᠬᠤ ᠰᠠᠨᠠᠭᠤᠯᠭ᠎ᠠ ᠵᠢ 529 ᠵᠤᠷᠪᠤᠰ ᠳᠤᠷᠠᠳᠴᠤ᠌᠂ ᠰᠤᠷᠤᠯᠴᠠᠯᠭ᠎ᠠ ᠶ᠋ᠢᠨ ᠦᠷ᠎ᠡ ᠪᠦᠲᠦᠭᠡᠯ ᠢ᠋ ᠦᠨᠡᠨ ᠬᠦ᠌ ᠬᠦᠴᠢᠷ ᠠᠰᠠᠭᠤᠳᠠᠯ ᠢ᠋ ᠱᠢᠢᠳᠪᠦᠷᠢᠯᠡᠬᠦ᠌᠂ ᠠᠵᠢᠯ ᠶ᠋ᠢᠡᠨ ᠠᠬᠢᠭᠤᠯᠬᠤ ᠪᠣᠳᠠᠲᠠᠢ ᠰᠡᠳᠭᠢᠴᠡ ᠪᠣᠯᠭᠠᠨ ᠬᠤᠪᠢᠷᠠᠭᠤᠯᠪᠠ᠃ ᠬᠢᠩᠭᠠᠨ ᠠᠢᠮᠠᠭ ᠡᠨᠡ ᠵᠢᠯ 1.6 ᠲᠦᠮᠡᠨ ᠨᠠᠮ ᠤ᠋ᠨ ᠭᠡᠱᠢᠭᠦᠨ ᠺᠠᠳ᠋ᠷ ᠢ᠋ ᠵᠣᠬᠢᠶᠠᠨ ᠪᠠᠢᠭᠤᠯᠵᠤ᠂ ᠪᠦᠯᠦᠭ ᠤᠳᠠᠭ᠎ᠠ ᠬᠤᠪᠢᠶᠠᠨ ᠠᠢᠮᠠᠭ ᠤ᠋ᠨ ᠨᠠᠮ ᠤ᠋ᠨ ᠬᠤᠷᠢᠶ᠎ᠠ ᠵᠢᠨ ᠨᠠᠮ ᠤ᠋ᠨ ᠰᠤᠷᠭᠠᠭᠤᠯᠢ ᠶ᠋ᠢᠨ 《ᠳᠤᠮᠳᠠᠳᠤ ᠤᠯᠤᠰ ᠤ᠋ᠨ ᠡᠪ ᠬᠠᠮᠲᠤᠴᠤᠳ ᠤ᠋ᠨ ᠣᠶᠤᠨ ᠰᠠᠨᠠᠭᠠᠨ ᠤ᠋ ᠴᠠᠳᠢᠭ ᠤ᠋ᠨ ᠭᠤᠤᠯ ᠰᠡᠳᠦᠪᠲᠦ ᠬᠢᠴᠢᠶᠡᠯ ᠤ᠋ᠨ ᠲᠢᠡᠭᠬᠢᠮ》 ᠳ᠋ᠦ ᠪᠠᠢᠡᠭᠭᠤᠵᠢᠭᠤᠯᠤᠨ ᠰᠤᠷᠤᠯᠴᠠᠭᠤᠯᠬᠤ ᠪᠡᠷ ᠲᠥᠯᠥᠪᠯᠡᠵᠦ᠍᠂ ᠣᠳᠣᠬᠠᠨ ᠪᠤᠯᠳᠠᠯ᠎ᠠ ᠠᠢᠮᠠᠭ ᠤ᠋ᠨ ᠱᠢᠭᠤᠳ ᠬᠠᠷᠢᠶ᠎ᠠ ᠪᠠᠢᠭᠤᠯᠭ᠎ᠠ ᠠᠵᠤ ᠠᠬᠤᠢᠯᠠᠯ ᠠᠵᠢᠯ ᠦᠶ᠋ᠯᠡᠰ ᠤ᠋ᠨ ᠨᠢᠭᠡᠴᠢ ᠶ᠋ᠢᠨ ᠨᠠᠮ ᠤ᠋ᠨ ᠭᠡᠱᠢᠭᠦᠨ ᠺᠠᠳ᠋ᠷ᠂ ᠱᠢᠨ᠎ᠡ ᠨᠢᠭᠡ ᠬᠤᠭᠤᠴᠠᠭᠠᠨ ᠤ᠋ ᠭᠠᠴᠠᠭ᠎ᠠ ᠲᠣᠰᠭᠣᠨ (ᠨᠡᠢᠭᠡᠮ ᠲᠣᠭᠣᠷᠢᠭ) ᠤ᠋ ᠨᠠᠮ ᠤ᠋ᠨ ᠵᠣᠬᠢᠶᠠᠨ ᠪᠠᠢᠭᠤᠯᠤᠯᠲᠠ ᠶ᠋ᠢᠨ ᠱᠦᠵᠢ ᠵᠡᠷᠬᠡ 1134 ᠬᠥᠮᠦᠨ ᠢ᠋ ᠪᠣᠯᠪᠠᠰᠤᠷᠠᠭᠤᠯᠵᠤ᠂ ᠨᠠᠮᠴᠢ ᠴᠢᠨᠠᠷ ᠤ᠋ᠨ ᠬᠥᠮᠦᠵᠢᠯ ᠢ᠋ ᠭᠦᠨᠵᠡᠭᠡᠢᠷᠡᠭᠦᠯᠦᠨ ᠪᠣᠳᠠᠲᠠᠢᠵᠢᠭᠤᠯᠬᠤ᠂ ᠬᠥᠮᠦᠰ ᠤ᠋ᠨ ᠰᠡᠳᠬᠢᠯ ᠪᠠ ᠲᠠᠷᠢᠬᠢᠨ ᠳ᠋ᠦ ᠬᠠᠳᠠᠩᠱᠢᠭᠤᠯᠬᠤ ᠵᠢ ᠦᠷᠭᠦᠯᠵᠢᠯᠡᠨ ᠠᠬᠢᠭᠤᠯᠪᠠ᠃ ᠡᠬᠦᠨ ᠤ᠋ ᠬᠠᠮᠳᠤ ᠪᠠᠰᠠ 《ᠡᠭᠦᠳᠡ ᠪᠡᠨ ᠨᠡᠭᠡᠭᠡᠵᠦ᠍ ᠬᠥᠮᠦᠵᠢᠭᠦᠯᠬᠦ᠌》 ᠪᠡᠷ ᠠᠷᠠᠳ ᠤ᠋ᠨ ᠰᠡᠳᠭᠢᠯ ᠢ᠋ ᠳᠤᠯᠠᠭᠠᠴᠠᠭᠤᠯᠤᠨ ᠠᠷᠠᠳ ᠤ᠋ᠨ ᠠᠮᠢᠳᠤᠷᠠᠯ ᠳ᠋ᠦ ᠠᠱᠢᠭ ᠬᠦᠷᠲᠡᠭᠡᠬᠦ᠌ ᠵᠢ ᠪᠠᠷᠢᠮᠲᠠᠯᠠᠵᠤ᠂ ᠪᠠᠯᠠ ᠮᠥᠩᠭᠥ ᠵᠢ ᠨᠢᠭᠡᠳᠦᠯᠲᠡᠶ ᠲᠥᠯᠥᠪᠵᠢᠭᠦᠯᠵᠤ ᠪᠠᠢᠭᠠᠳ ᠲᠡᠦᠬᠡᠨ ᠡᠴᠡ ᠦᠯᠡᠳᠡᠭ᠌ᠳᠡᠵᠦ᠍ ᠢᠷᠡᠭ᠌ᠰᠡᠨ ᠠᠰᠠᠭᠤᠳᠠᠯ ᠢ᠋ ᠱᠢᠶ᠋ᠳᠪᠦᠷᠢᠯᠡᠵᠦ᠍᠂ 《ᠠᠷᠠᠳ ᠤ᠋ᠨ ᠲᠥᠯᠥᠭᠡ ᠪᠣᠳᠠᠲᠤ ᠶᠠᠪᠤᠳᠠᠯ ᠬᠢᠬᠦ᠌》 ᠲᠤᠰᠭᠠᠶ ᠠᠵᠢᠯᠯᠠᠭ᠎ᠠ ᠥᠷᠨᠢᠭᠦᠯᠵᠦ᠍᠂ ᠠᠢᠮᠠᠭ ᠤ᠋ᠨ ᠱᠠᠲᠤᠨ ᠤ᠋ ᠤᠳᠤᠷᠢᠳᠤᠯᠭ᠎ᠠ ᠲᠦᠷᠦᠭᠦᠯᠡᠨ ᠠᠷᠠᠳ ᠤ᠋ᠨ ᠠᠮᠢᠳᠤᠷᠠᠯ ᠤ᠋ᠨ ᠵᠦᠶ᠋ᠯᠡᠰ ᠢ᠋ ᠭᠦᠶ᠋ᠴᠡᠳᠭᠡᠨ᠂ ᠣᠯᠠᠨ ᠲᠦᠮᠡᠨ ᠤ᠋ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ ᠢ᠋ ᠱᠢᠶ᠋ᠳᠪᠦᠷᠢᠯᠡᠵᠦ᠍᠂ ᠣᠯᠠᠨ ᠲᠦᠮᠡᠨ ᠤ᠋ ᠬᠦᠷᠲᠡᠮᠵᠢ ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ ᠪᠠ ᠠᠮᠤᠷ ᠲᠦᠪᠱᠢᠨ ᠤ᠋ ᠲᠥᠷᠥᠭ᠌ᠳᠡᠯ ᠢ᠋ ᠲᠠᠰᠤᠷᠠᠯᠲᠠ ᠥᠬᠡᠶ ᠨᠡᠮᠡᠭ᠌ᠳᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号