《5·1》 ᠤ᠋ ᠠᠮᠠᠷᠠᠯᠳᠠ ᠵᠢᠨ ᠬᠤᠭᠤᠴᠠᠭᠠᠨ ᠳ᠋ᠸ᠋ ᠦᠪᠦᠷ ᠮᠤᠩᠭᠤᠯ ᠤ᠋ᠨ ᠨᠡᠢᠬᠡᠮ᠎ᠤᠨ ᠪᠠᠢᠳᠠᠯ ᠲᠤᠬᠳᠠᠭᠤᠨ ᠠᠮᠤᠷ᠎ᠢ ᠬᠠᠮᠠᠭᠠᠯᠠᠬᠤ ᠡᠮᠬᠢ ᠲᠢᠭᠯᠢᠮ ᠰᠠᠢᠨ ᠪᠤᠯᠪᠠ
2026-05-08 09:58:39
ᠵᠣᠬᠢᠶᠠᠭ᠍ᠴᠢ᠄
​ᠰᠢᠨᠡᠪᠢᠯᠢᠭ
ᠣᠩᠱᠢᠭ᠍ᠰᠠᠨ ᠣᠳᠠᠭ᠎ᠠ᠄
★★★☆☆

《5·1》 ᠤ᠋ ᠠᠮᠠᠷᠠᠯᠳᠠ ᠵᠢᠨ ᠬᠤᠭᠤᠴᠠᠭᠠᠨ ᠳ᠋ᠸ᠋ ᠦᠪᠦᠷ ᠮᠤᠩᠭᠤᠯ ᠤ᠋ᠨ ᠡᠯ᠎ᠡ ᠱᠠᠳᠤᠨ ᠤ᠋ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ᠎ᠵᠢᠨ ᠬᠢᠨ ᠠᠮᠤᠷ ᠲᠦᠪᠰᠢᠨ ᠲᠤᠬᠳᠠᠭᠤᠨ ᠎ᠢ ᠪᠠᠳᠤᠯᠠᠬᠤ ᠠᠷᠭ᠎ᠠ ᠬᠡᠮᠵᠢᠶ᠎ᠡ ᠵᠢ ᠴᠢᠩᠭ᠎ᠠ ᠨᠠᠢᠳᠠᠪᠤᠷᠢᠵᠢᠭᠤᠯᠵᠤ᠂ ᠦᠷᠬᠡᠨ ᠤᠯᠠᠨ ᠴᠠᠬᠳᠠᠭ᠎ᠠ ᠨᠠᠷ ᠠᠵᠢᠯ ᠤ᠋ᠨ ᠪᠠᠢᠷᠢ ᠪᠡᠨ ᠪᠠᠳᠤ ᠰᠠᠬᠢᠵᠤ᠂ ᠤᠯᠠᠨ ᠲᠦᠮᠡᠨ ᠤ᠋ ᠭᠠᠳᠠᠬᠰᠢ ᠭᠠᠷᠬᠤ ᠠᠮᠤᠷ ᠲᠦᠪᠰᠢᠨ ᠎ᠢ ᠦᠨᠡᠨ᠎ᠬᠦ ᠪᠠᠳᠤᠯᠠᠪᠠ᠃ ᠦᠪᠦᠷ ᠮᠤᠩᠭᠤᠯ ᠤ᠋ᠨ ᠨᠡᠢᠬᠡᠮ ᠤ᠋ᠨ ᠠᠮᠤᠷ᠎ᠢ ᠬᠠᠮᠠᠭᠠᠯᠠᠬᠤ ᠪᠠᠢᠳᠠᠯ ᠲᠤᠬᠳᠠᠭᠤᠨ ᠡᠮᠬᠢ ᠴᠡᠭᠴᠡᠳᠡᠢ ᠪᠠᠢᠵᠤ᠂ ᠦᠵᠡᠮᠵᠢ ᠵᠢᠨ ᠤᠷᠤᠨ ᠤ᠋ ᠠᠵᠢᠯᠯᠠᠭᠠᠨ ᠠᠮᠤᠷ ᠲᠦᠪᠰᠢᠨ ᠤᠷᠤᠬᠰᠢᠳᠠᠢ ᠪᠠᠢᠵᠤ᠂ ᠡᠯ᠎ᠡ ᠵᠦᠢᠯ ᠤ᠋ᠨ ᠲᠤᠮᠤ ᠬᠡᠯᠪᠡᠷᠢ ᠵᠢᠨ ᠠᠵᠢᠯᠯᠠᠭ᠎ᠠ ᠠᠮᠤᠷ ᠠᠮᠤᠭᠤᠯᠠᠩ ᠪᠦᠬᠡᠳ ᠠᠮᠵᠢᠯᠳᠠ ᠲᠠᠢ ᠶᠠᠪᠤᠬᠳᠠᠵᠠᠢ᠃

ᠦᠪᠦᠷ ᠮᠤᠩᠭᠤᠯ ᠤ᠋ᠨ  ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠵᠢᠨ ᠵᠠᠮ ᠬᠠᠷᠢᠯᠴᠠᠭᠠᠨ ᠤ᠋ ᠬᠠᠮᠢᠶᠠᠷᠤᠯᠳᠠ ᠵᠢᠨ ᠰᠠᠯᠠᠭ᠎ᠠ ᠮᠦᠴᠢᠷ ᠎ᠤᠨ ᠬᠢᠨ ᠤᠨᠢᠨ ᠲᠡᠭᠡᠷ᠎ᠡ ᠨᠢ ᠬᠦᠴᠦᠯᠡᠨ ᠵᠠᠮ ᠬᠠᠷᠢᠯᠴᠠᠭ᠎ᠠ ᠵᠢᠨ  ᠲᠦᠭᠵᠢᠷᠡᠯ ᠎ᠢ ᠰᠢᠯᠤᠭᠤᠳᠬᠠᠵᠤ ᠰᠠᠭᠠᠳ ᠦᠬᠡᠢ ᠨᠡᠪᠳᠡᠷᠡᠬᠦ ᠵᠢ ᠪᠠᠳᠤᠯᠠᠵᠠᠢ; ᠬᠦᠬᠡᠬᠤᠳᠠ ᠵᠢᠨ ᠲᠤᠳᠤᠭᠠᠳᠤ ᠵᠢ ᠬᠠᠮᠠᠭᠠᠯᠠᠬᠤ ᠲᠤᠪᠴᠢᠶ᠎ᠠ ᠎ᠵᠢᠨ ᠬᠢᠨ 《ᠠᠶᠠᠯᠠᠯ ᠎ᠢ ᠲᠤᠯᠠᠭᠠᠴᠠᠭᠤᠯᠬᠤ ᠴᠠᠬᠳᠠᠭᠠᠨ ᠤ᠋ ᠶᠠᠪᠤᠳᠠᠯ》 ᠢ᠋ ᠪᠦᠬᠦ ᠲᠠᠯ᠎ᠠ ᠪᠡᠷ ᠡᠬᠢᠯᠡᠬᠦᠯᠦᠨ᠂ ᠡᠳᠦᠷ ᠲᠤᠮᠳᠠᠴᠢ ᠪᠡᠷ 1600  ᠭᠠᠷᠤᠢ ᠬᠦᠮᠦᠨ ᠤᠳᠠᠭ᠎ᠠ ᠵᠢᠨ ᠴᠠᠬᠳᠠᠭ᠎ᠠ ᠲᠤᠮᠢᠯᠠᠵᠦ᠂ ᠤᠷᠤᠨ᠎ᠤ ᠲᠦᠪ ᠬᠤᠳᠠ ᠵᠢᠨ ᠠᠮᠤᠷ ᠲᠦᠪᠰᠢᠨ᠎ᠢ ᠪᠠᠳᠤᠯᠠᠵᠠᠢ; ᠤᠯᠠᠭᠠᠠᠬᠠᠳᠠ ᠬᠤᠳᠠ ᠵᠢᠨ ᠲᠤᠳᠤᠭᠠᠳᠤ ᠵᠢ ᠬᠠᠮᠠᠭᠠᠯᠠᠬᠤ ᠲᠤᠪᠴᠢᠶ᠎ᠠ ᠎ᠵᠢᠨ ᠬᠢᠨ 《ᠵᠢᠭᠤᠯᠴᠢᠯᠠᠯ ᠤ᠋ᠨ ᠴᠠᠬᠳᠠᠭᠠᠨ ᠤ᠋ ᠶᠠᠪᠤᠳᠠᠯ》 ᠤ᠋ᠨ ᠦᠢᠯᠡᠴᠢᠯᠡᠬᠡᠨ ᠤ᠋ ᠲᠦᠷᠦᠯ ᠲᠡᠮᠳᠡᠭ ᠎ᠢ ᠴᠤᠬᠴᠠᠯᠠᠨ᠂ ᠬᠦᠳᠡᠯᠦᠩᠬᠦᠢ ᠪᠡᠷ ᠲᠤᠭᠤᠷᠢᠨ ᠪᠠᠢᠴᠠᠭᠠᠵᠤ᠂ ᠵᠢᠭᠤᠯᠴᠢᠯᠠᠯ ᠲᠠᠢ ᠬᠤᠯᠪᠤᠬᠳᠠᠬᠰᠠᠨ ᠬᠠᠤᠯᠢ ᠡᠴᠨ ᠵᠦᠷᠢᠴᠡᠭᠰᠡᠨ ᠠᠵᠢᠯᠯᠠᠭ᠎ᠠ ᠳ᠋ᠸ᠋ ᠴᠢᠩᠭ᠎ᠠ ᠴᠤᠬᠢᠯᠳᠠ ᠦᠭᠴᠡᠢ; ᠲᠦᠩᠯᠢᠶᠤᠤ ᠬᠤᠳᠠ ᠵᠢᠨ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠵᠢᠨ ᠵᠠᠮ ᠬᠠᠷᠢᠯᠴᠠᠭᠠᠨ ᠤ᠋ ᠬᠠᠮᠢᠶᠠᠷᠤᠯᠳᠠ ᠵᠢᠨ  ᠰᠠᠯᠠᠭ᠎ᠠ ᠮᠦᠴᠢᠷ ᠎ᠤ᠋ᠨ ᠬᠢᠨ ᠵᠠᠩᠬᠢᠯᠠᠭ᠎ᠠ ᠵᠢᠨ ᠵᠠᠮ ᠬᠠᠷᠢᠯᠴᠠᠭ᠎ᠠ᠂ ᠦᠵᠡᠮᠵᠢ ᠵᠢᠨ ᠤᠷᠤᠨ ᠤ᠋ ᠤᠷᠤᠵᠤ ᠭᠠᠷᠬᠤ ᠡᠬᠦᠳᠡᠨ ᠳ᠋ᠸ᠋ ᠵᠢᠵᠢᠬᠦᠷᠯᠡᠬᠦ ᠴᠡᠭ ᠲᠤᠬᠢᠷᠠᠭᠤᠯᠤᠨ᠂ ᠪᠦᠬᠦᠯᠢ ᠡᠳᠦᠷ ᠵᠢᠡᠷ ᠵᠠᠮ ᠬᠠᠷᠢᠯᠴᠠᠭ᠎ᠠ ᠵᠢ ᠰᠢᠯᠤᠭᠤᠳᠬᠠᠨ᠂ ᠠᠷᠢᠬᠢ ᠤᠤᠭᠤᠭᠠᠳ ᠮᠠᠰᠢᠨ ᠲᠡᠷᠬᠡ ᠵᠢᠯᠤᠭᠤᠳᠬᠤ ᠵᠡᠷᠬᠡ ᠵᠠᠮ ᠬᠠᠷᠢᠯᠴᠠᠭᠠᠨ ᠤ᠋ ᠬᠠᠤᠯᠢ ᠡᠴᠨ ᠵᠦᠷᠢᠴᠡᠭᠰᠡᠨ  ᠠᠵᠢᠯᠯᠠᠭ᠎ᠠ ᠵᠢ ᠴᠢᠩᠭ᠎ᠠ ᠪᠠᠢᠴᠠᠭᠠᠵᠠᠢ; ᠤᠯᠠᠭᠠᠠᠴᠠᠪ ᠬᠤᠳᠠ ᠵᠢᠨ ᠵᠠᠮ ᠬᠠᠷᠢᠯᠴᠠᠭᠠᠨ ᠤ᠋ ᠬᠠᠮᠢᠶᠠᠷᠤᠯᠳᠠ ᠵᠢᠨ ᠰᠠᠯᠠᠭ᠎ᠠ ᠮᠦᠴᠢᠷ ᠎ᠤ᠋ᠨ ᠬᠢᠨ ᠬᠦᠢᠳᠡᠨᠰᠢᠯᠢ ᠵᠢᠨ ᠲᠠᠯ᠎ᠠ ᠨᠤᠳᠤᠬ  ᠵᠡᠷᠬᠡ ᠦᠵᠡᠮᠵᠢ ᠵᠢᠨ ᠤᠷᠤᠨ ᠳ᠋ᠸ᠋ ᠨᠡᠬᠦᠳᠡᠯ ᠵᠢᠵᠢᠬᠦᠷᠯᠡᠬᠦ ᠴᠡᠭ ᠲᠤᠬᠢᠷᠠᠭᠤᠯᠤᠨ᠂ ᠤᠰᠤ ᠤᠮᠳᠠ᠂ ᠡᠮ ᠡᠮᠨᠡᠯᠬᠡ ᠵᠡᠷᠬᠡ ᠠᠷᠠᠳ ᠲᠦ᠍ ᠲᠦᠬᠦᠮ ᠦᠵᠡᠬᠦᠯᠬᠦ ᠦᠢᠯᠡᠴᠢᠯᠡᠬᠡ ᠬᠠᠩᠭᠠᠵᠠᠢ; ᠠᠮᠤᠷ ᠲᠦᠪᠰᠢᠨ ᠤ᠋ ᠠᠶᠤᠯ ᠲᠦᠭᠰᠢᠬᠦᠷᠢ ᠵᠢ ᠠᠷᠢᠯᠭᠠᠬᠤ ᠵᠢᠨ ᠲᠦᠯᠦᠭᠡ᠂ ᠠᠮᠠᠷᠠᠯᠳᠠ ᠡᠴᠨ ᠡᠮᠦᠨ᠎ᠡ᠂ ᠬᠦᠯᠦᠨ ᠪᠤᠢᠷ᠂ ᠬᠢᠩᠭᠠᠨ ᠠᠢᠮᠠᠬ ᠤ᠋ᠨ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ᠎ᠵᠢᠨ ᠬᠢᠨ ᠤᠯᠠᠨ  ᠰᠠᠯᠠᠭ᠎ᠠ ᠮᠦᠴᠢᠷ ᠲᠠᠢ ᠬᠠᠮᠳᠤᠷᠠᠨ᠂ ᠤᠷᠤᠢ ᠵᠢᠨ ᠵᠠᠬ᠎ᠠ ᠳᠡᠯᠭᠡᠭᠦᠷ᠂ ᠰᠤᠶᠤᠯ ᠵᠢᠭᠤᠯᠴᠢᠯᠠᠯ ᠤ᠋ᠨ ᠲᠠᠯᠠᠪᠤᠷ ᠲᠦ᠍ ᠬᠠᠨᠳᠤᠭᠤᠯᠤᠨ ᠠᠮᠤᠷ ᠲᠦᠪᠰᠢᠨ ᠤ᠋ ᠪᠠᠢᠴᠠᠭᠠᠯᠳᠠ ᠦᠷᠨᠢᠬᠦᠯᠵᠦ᠂ ᠡᠯ᠎ᠡ ᠵᠦᠢᠯ ᠤ᠋ᠨ ᠠᠶᠤᠯ ᠲᠦᠭᠰᠢᠬᠦᠷᠢ ᠵᠢᠨ ᠬᠡᠮ ᠰᠤᠭᠤᠬ ᠎ᠢ ᠴᠡᠭᠴᠡᠯᠡᠨ ᠵᠠᠰᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号