《5·1》 ᠤ᠋ ᠠᠮᠠᠷᠠᠯᠲᠠ ᠵᠢᠨ ᠬᠤᠭᠤᠴᠠᠭᠠᠨ ᠳ᠋ᠤ ᠥᠪᠥᠷ ᠮᠣᠩᠭᠣᠯ ᠳ᠋ᠤ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠦᠶ᠋ᠮᠡᠷ ᠭᠠᠷᠤᠭᠰᠠᠨ ᠦᠭᠡᠢ
2026-05-08 09:59:54
ᠵᠣᠬᠢᠶᠠᠭ᠍ᠴᠢ᠄
​ᠨᠠᠮᠤᠭ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠦᠶ᠋ᠮᠡᠷ ᠢ᠋ ᠰᠡᠷᠭᠡᠢᠯᠡᠨ ᠤᠨᠲᠠᠷᠠᠭᠠᠬᠤ ᠵᠢᠯᠣᠭᠣᠳᠭᠤ ᠭᠠᠵᠠᠷ ᠤ᠋ᠨ ᠠᠯᠪᠠᠨ ᠬᠡᠷ ᠡᠴᠡ ᠣᠢᠯᠠᠭᠠᠭ᠍ᠰᠠᠨ ᠵᠢᠡᠷ᠂ 《5·1》 ᠤ᠋ ᠠᠮᠠᠷᠠᠯᠲᠠ ᠵᠢᠨ ᠬᠤᠭᠤᠴᠠᠭᠠᠨ ᠳ᠋ᠤ᠂ ᠪᠥᠬᠥ᠌ ᠣᠷᠣᠨ ᠤ᠋ ᠡᠯ᠎ᠡ ᠭᠠᠵᠠᠷ ᠤ᠋ᠨ᠎ᠬᠢᠨ 3045 ᠪᠠᠢᠴᠠᠭᠠᠬᠤ ᠴᠡᠭ ᠲᠤᠬᠢᠷᠠᠭᠤᠯᠵᠤ᠂ 15.2 ᠲᠦᠮᠡᠨ ᠬᠥᠮᠦᠨ ᠤᠳᠠᠭ᠎ᠠ ᠰᠠᠬᠢᠨ ᠬᠠᠮᠠᠭᠠᠯᠠᠵᠤ ᠬᠠᠮᠢᠶᠠᠷᠤᠨ ᠡᠵᠡᠮᠳᠡᠬᠦ᠌ ᠠᠵᠢᠯᠲᠠᠨ ᠲᠣᠮᠢᠯᠠᠨ᠂ ᠵᠣᠷᠢᠭᠤᠳᠠ ᠵᠢᠨ ᠭᠠᠯ ᠬᠡᠷᠡᠭ᠌ᠯᠡᠨ ᠲᠦᠶ᠋ᠮᠡᠷ ᠭᠠᠷᠬᠤ ᠶ᠋ᠢ ᠴᠢᠩᠭ᠎ᠠ ᠰᠡᠷᠭᠡᠢᠯᠡᠪᠡ᠃ 5 ᠰᠠᠷ᠎ᠠ ᠵᠢᠨ 5 ᠤ᠋ ᠡᠳᠦᠷ ᠪᠣᠯᠲᠠᠯ᠎ᠠ᠂ ᠪᠥᠬᠥ᠌ ᠣᠷᠣᠨ ᠳ᠋ᠤ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠦᠶ᠋ᠮᠡᠷ ᠭᠠᠷᠤᠭ᠍ᠰᠠᠨ ᠥᠬᠡᠶ᠂ ᠮᠠᠨ ᠤ᠋ ᠣᠷᠣᠨ ᠤ᠋ ᠠᠮᠢ ᠠᠬᠤᠶ ᠵᠢᠨ ᠡᠬᠢ ᠪᠠᠶᠠᠯᠢᠭ ᠪᠣᠯᠤᠨ ᠠᠷᠠᠳ ᠣᠯᠠᠨ ᠤ᠋ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠱᠢᠨ ᠳ᠋ᠤ ᠬᠦᠴᠦᠲᠡᠶ ᠪᠠᠲᠤᠯᠠᠭ᠎ᠠ᠎ᠬᠠᠩᠭᠠᠪᠠ᠃

《5·1》 ᠤ᠋ ᠠᠮᠠᠷᠠᠯᠲᠠ ᠵᠢᠨ ᠬᠤᠭᠤᠴᠠᠭᠠᠨ ᠳ᠋ᠤ᠂ ᠪᠥᠬᠥ᠌ ᠣᠷᠣᠨ ᠤ᠋ ᠡᠯ᠎ᠡ ᠭᠠᠵᠠᠷ ᠤ᠋ᠨ ᠬᠠᠮᠢᠶ᠎ᠠ ᠪᠥᠬᠥᠶ ᠰᠠᠯᠠᠭ᠎ᠠ ᠮᠥᠴᠢᠷ ᠠᠶᠠᠯᠠᠯ ᠵᠢᠭᠤᠯᠴᠢᠯᠠᠯ᠂ ᠬᠠᠪᠤᠷ ᠤ᠋ᠨ ᠲᠠᠷᠢᠶᠠᠯᠠᠭ᠎ᠠ ᠂ ᠬᠡᠭᠡᠷ᠎ᠡ ᠪᠠᠭᠤᠳᠠᠯᠯᠠᠬᠤ᠂ ᠬᠡᠭᠡᠷ᠎ᠡ ᠭᠠᠳᠠᠨ᠎ᠠ ᠲᠠᠮᠠᠬᠢ ᠲᠠᠲᠠᠬᠤ ᠵᠡᠷᠭᠡ ᠬᠦᠮᠦᠰ ᠤ᠋ᠨ ᠵᠤᠷᠢᠭᠤᠳᠠ ᠵᠢᠨ ᠠᠵᠢᠯᠯᠠᠭ᠎ᠠ ᠶ᠋ᠢ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ᠌ ᠪᠡᠨ ᠴᠢᠩᠭᠠᠳᠭᠠᠵᠤ᠂ ᠠᠭᠤᠯᠠᠨ ᠠᠮᠠ᠂ ᠵᠠᠮ ᠤ᠋ᠨ ᠠᠮᠠ᠂ ᠲᠣᠰᠭᠣᠨ ᠤ᠋ ᠠᠮᠠ᠂ ᠣᠶ ᠱᠢᠭᠤᠶ ᠵᠢᠨ ᠲᠠᠯᠠᠪᠠᠶ ᠨᠤᠲᠤᠭ ᠪᠡᠯᠴᠢᠭᠡᠷ᠂ ᠵᠢᠭᠤᠯᠴᠢᠯᠠᠯ ᠤ᠋ᠨ ᠦᠵᠡᠮᠵᠢ ᠵᠢᠨ ᠣᠷᠣᠨ᠂ ᠣᠶ ᠱᠢᠭᠤᠶ ᠵᠢᠨ ᠴᠡᠴᠡᠷᠯᠢᠭ᠂ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠵᠡᠷᠭᠡ ᠭᠤᠤᠯᠳᠠᠯᠭ᠎ᠠ ᠲᠠᠢ ᠭᠠᠵᠠᠷ ᠲᠤ᠌ ᠠᠩᠬᠠᠷᠤᠯ ᠵᠢᠡᠨ ᠲᠦᠪᠯᠡᠷᠡᠭᠦᠯᠦᠨ᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠦᠢᠮᠡᠷ ᠤ᠋ᠨ ᠭᠠᠮᠱᠢᠭ ᠤ᠋ᠨ ᠬᠦᠨᠳᠦ ᠶᠡᠬᠡ ᠳᠠᠯᠳᠠ ᠬᠡᠮ ᠢ᠋ ᠬᠥᠳᠡᠯᠦᠩᠭᠦᠶ᠎ᠪᠡᠷ ᠠᠷᠢᠯᠭᠠᠬᠤ᠂ ᠲᠣᠭ᠍ᠲᠠᠭᠠᠯ᠎ᠠᠴᠠ ᠵᠥᠷᠢᠴᠡᠨ ᠭᠠᠯ ᠬᠡᠷᠡᠭ᠌ᠯᠡᠭ᠌ᠰᠡᠨ ᠦᠶ᠋ᠯᠡ ᠠᠵᠢᠯᠯᠠᠭ᠎ᠠ ᠶ᠋ᠢ ᠪᠠᠢᠴᠠᠭᠠᠨ ᠱᠢᠶ᠋ᠳᠪᠦᠷᠢᠯᠡᠬᠦ᠌ ᠲᠤᠰᠭᠠᠶ ᠠᠵᠢᠯᠯᠠᠭ᠎ᠠ ᠶ᠋ᠢ ᠭᠦᠨᠵᠡᠭᠡᠶ ᠥᠷᠨᠢᠭᠦᠯᠬᠦ᠌ ᠵᠢᠨ ᠬᠠᠮᠲᠤ ᠴᠢᠩᠭ᠎ᠠ ᠰᠡᠷᠭᠡᠢᠯᠡᠯᠳᠡ ᠵᠢᠨ ᠬᠤᠭᠤᠴᠠᠭᠠᠨ᠎ᠳᠤ ᠭᠠᠯ᠎ᠤᠨ ᠡᠬᠢ ᠵᠢ ᠴᠠᠭᠠᠵᠠᠯᠠᠬᠤ ᠵᠠᠷᠯᠢᠭ᠂ ᠠᠭᠤᠯᠠ ᠶ᠋ᠢ ᠪᠢᠲᠡᠭᠦᠮᠵᠢᠯᠡᠬᠦ᠌ ᠵᠠᠷᠯᠢᠭ ᠢ᠋ ᠴᠠᠭ ᠲᠤᠬᠠᠶ ᠳ᠋ᠤᠨᠢ ᠨᠡᠢᠳᠡᠯᠡᠨ ᠴᠢᠩᠭ᠎ᠠ ᠭᠡᠷᠡᠭᠵᠢᠬᠦᠯᠪᠡ᠃

ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ ᠤ᠋ ᠬᠢᠨ ᠤᠢ ᠱᠢᠭᠤᠢ ᠪᠠ ᠨᠤᠲᠤᠭ ᠪᠡᠯᠴᠢᠭᠡᠷ ᠤ᠋ᠨ ᠲᠦᠢᠮᠡᠷ ᠢ᠋ ᠰᠡᠷᠭᠡᠢᠯᠡᠨ ᠤᠨᠲᠠᠷᠠᠭᠠᠬᠤ ᠲᠤᠰᠭᠠᠢ ᠵᠢᠵᠢᠭᠦᠷᠯᠡᠨ ᠰᠠᠬᠢᠬᠤ ᠠᠵᠢᠯ ᠢ᠋ ᠵᠡᠷᠭᠡ᠎ᠪᠡᠷ ᠥᠷᠨᠢᠭᠦᠯᠵᠦ᠂ ᠲᠦᠢᠮᠡᠷ᠎ᠤᠨ ᠲᠦᠭᠰᠢᠬᠦᠷᠢ ᠵᠢᠨ ᠪᠠᠢᠳᠠᠯ ᠤ᠋ᠨ ᠬᠤᠪᠢᠷᠠᠯᠲᠠ ᠪᠣᠯᠤᠨ ᠲᠦᠢᠮᠡᠷ ᠰᠡᠷᠭᠡᠢᠯᠡᠵᠦ᠍ ᠤᠨᠲᠠᠷᠠᠭᠠᠬᠤ ᠠᠵᠢᠯ ᠤ᠋ᠨ ᠪᠠᠢᠳᠠᠯ ᠢ᠋ ᠴᠢᠩᠭ᠎ᠠ ᠠᠵᠢᠭᠯᠠᠨ᠂ ᠮᠠᠱᠢᠨ ᠲᠣᠨᠣᠭ᠍ᠯᠠᠯ ᠢ᠋ ᠤᠷᠢᠳᠴᠢᠯᠠᠨ ᠰᠡᠯᠪᠢᠨ ᠵᠠᠰᠠᠵᠤ ᠬᠠᠮᠠᠭᠠᠯᠠᠨ᠂ ᠪᠠᠴᠢᠮ ᠪᠠᠢᠳᠠᠯ ᠢ᠋ ᠠᠷᠭᠠᠴᠠᠭᠠᠬᠤ ᠡᠳ᠋ ᠪᠠᠷᠠᠭ᠎ᠠ ᠪᠣᠯᠤᠨ ᠲᠣᠮᠣ ᠬᠡᠯᠪᠡᠷᠢ ᠵᠢᠨ ᠮᠠᠱᠢᠨ ᠲᠣᠨᠣᠭ᠍ᠯᠠᠯ ᠢ᠋ ᠭᠦᠶ᠋ᠴᠡᠳ ᠨᠥᠭᠡᠴᠡᠯᠡᠪᠡ᠃ ᠪᠠᠴᠢᠮ ᠪᠠᠢᠳᠠᠯ ᠢ᠋ ᠠᠷᠭᠠᠴᠠᠭᠠᠬᠤ ᠵᠢᠴᠢ ᠣᠶ ᠱᠢᠭᠤᠶ ᠪᠠ ᠨᠤᠲᠤᠭ ᠪᠡᠯᠴᠢᠭᠡᠷ ᠤ᠋ᠨ ᠰᠠᠯᠠᠭ᠎ᠠ ᠮᠥᠴᠢᠷ ᠨᠡᠢᠲᠡ 26 ᠨᠢᠰᠭᠡᠯ ᠢ᠋ ᠲᠤᠰᠬᠠᠢᠯᠠᠨ ᠲᠣᠭᠣᠷᠢᠨ ᠬᠠᠮᠠᠭᠠᠯᠠᠵᠤ ᠤᠨᠲᠠᠷᠠᠭᠠᠬᠤ ᠳ᠋ᠤ ᠪᠡᠯᠡᠳᠭᠡᠨ᠂ 3.7 ᠲᠦᠮᠡᠨ ᠬᠦᠮᠦᠨ᠎ᠤ ᠲᠦᠢᠮᠡᠷ ᠰᠡᠷᠭᠡᠢᠯᠡᠵᠦ᠍ ᠤᠨᠲᠠᠷᠠᠭᠠᠬᠤ ᠡᠩᠨᠡᠭᠡ ᠵᠢ ᠪᠦᠷᠢᠯᠳᠦᠬᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号