— ᠥᠪᠥᠷ ᠮᠣᠩᠭᠣᠯ ᠮᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠶ᠋ᠢ ᠪᠦᠲᠦᠭᠡᠨ ᠪᠠᠢᠭᠤᠯᠬᠤ ᠪᠡᠷ ᠬᠦᠴᠦᠯᠡᠵᠦ ᠪᠠᠢᠨ᠎ᠠ
2026 ᠣᠨ ᠤ᠋ ᠬᠠᠪᠤᠷ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠵᠢᠨ ᠣᠷᠣᠨ ᠫᠠᠢᠰᠠ ᠰᠡᠬᠦᠵᠦ᠍᠂ ᠡᠬᠡ ᠤᠯᠤᠰ ᠤ᠋ᠨ ᠤᠮᠠᠷᠠᠲᠤ ᠬᠢᠯᠢ ᠳ᠋ᠤ ᠪᠠᠢᠷᠢᠯᠠᠵᠤ ᠪᠠᠢᠭ᠎ᠠ ᠥᠪᠥᠷ ᠮᠣᠩᠭᠣᠯ ᠤ᠋ᠨ ᠡᠬᠡ ᠭᠠᠵᠠᠷ ᠲᠤ᠌ ᠨᠡᠭᠡᠭᠡᠯᠲᠡ ᠬᠢᠵᠦ᠍ ᠬᠥᠭ᠌ᠵᠢᠬᠦ᠌ ᠲᠡᠦᠬᠡᠲᠦ ᠴᠢᠨᠠᠷᠲᠠᠶ ᠴᠠᠭ ᠮᠥᠴᠡ ᠶ᠋ᠢ ᠤᠭ᠍ᠲᠤᠨ ᠠᠪᠴᠢᠷᠠᠪᠠ᠃
ᠡᠨᠡ ᠪᠣᠯ ᠨᠢᠭᠡᠨ ᠴᠤ᠋ ᠱᠢᠨ᠎ᠡ ᠡᠬᠢᠯᠡᠯᠲᠡ ᠮᠥᠨ᠃ ᠡᠨᠡ ᠬᠦ᠌ 《ᠳᠣᠲᠣᠭᠠᠳᠤᠳᠠᠭᠠᠨ ᠨᠠᠢ᠍ᠮᠠᠨ ᠮᠤᠵᠢᠲᠠᠶ ᠵᠠᠯᠭᠠᠯᠳᠤᠨ ᠨᠡᠢᠰᠯᠡᠯ ᠡᠴᠡ ᠤᠢᠷᠠᠬᠠᠨ᠂ ᠭᠠᠳᠠᠭ᠍ᠰᠢ ᠪᠡᠨ ᠤᠷᠤᠰ ᠮᠣᠩᠭᠣᠯᠲᠠᠶ ᠬᠥᠷᠱᠢᠯᠡᠵᠦ᠍᠂ ᠧᠦ᠋ᠷᠣᠫᠠ ᠠᠽᠢᠶᠠᠲᠠᠶ ᠨᠡᠪᠲᠡᠷᠡᠭ᠌ᠰᠡᠨ》 ᠥᠷᠭᠡᠨ ᠠᠭᠤᠳᠠᠮ ᠨᠤᠲᠤᠭ ᠳᠡᠪᠢᠰᠭᠡᠷ ᠳᠡᠭᠡᠷ᠎ᠡ 20 ᠬᠢᠯᠢ ᠵᠢᠨ ᠪᠣᠭᠣᠮᠲᠠ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ; ᠲᠤᠮᠳᠠᠳᠤ ᠧᠦ᠋ᠷᠣᠫᠠ ᠵᠢᠨ ᠵᠢᠱᠢᠶᠡᠨᠤ ᠭᠠᠯᠳᠤ ᠲᠡᠷᠭᠡ ᠦᠷᠭᠦᠯᠵᠢᠯᠡᠨ ᠢᠳᠡᠷᠬᠡᠭ ᠠᠯᠬᠤᠭ᠎ᠠ ᠪᠡᠷ ᠤᠷᠤᠭᠰᠢᠯᠠᠨ᠎ᠠ᠃ ᠥᠪᠥᠷ ᠮᠣᠩᠭᠣᠯ ᠬᠢᠭᠡᠳ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ᠋ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ ᠤ᠋ ᠲᠣᠮᠣ ᠪᠤᠯᠤᠩ ᠤ᠋ᠨ ᠣᠷᠣᠨ ᠵᠡᠷᠭᠡ ᠣᠷᠣᠨ ᠪᠦᠰᠡ ᠵᠢᠨ ᠬᠠᠮᠲᠤᠷᠠᠯᠴᠠᠭ᠎ᠠ ᠪᠠ ᠶᠠᠪᠤᠯᠴᠠᠭ᠎ᠠ ᠡᠳᠦᠷ ᠢᠷᠡᠬᠦᠶ᠎ᠡ ᠨᠢᠭ᠍ᠲᠠᠷᠠᠵᠤ ᠪᠠᠢᠨ᠎ᠠ᠃
ᠬᠡᠮᠵᠢᠶ᠎ᠡ ᠨᠡᠮᠡᠭᠳᠡᠨ ᠴᠢᠨᠠᠷ ᠳᠡᠭᠡᠭ᠌ᠰᠢᠯᠡᠵᠦ᠍ ᠭᠠᠳᠠᠭᠠᠳᠤ ᠨᠡᠭᠡᠭᠡᠯᠲᠡ ᠵᠢᠨ ᠱᠢᠨ᠎ᠡ ᠬᠥᠳᠡᠯᠭᠡᠬᠦ᠌ ᠡᠨᠧᠷᠭᠢ ᠶ᠋ᠢ ᠲᠤᠳᠤᠷᠠᠭᠤᠯᠤᠨ᠎ᠠ
ᠡᠨᠡ ᠵᠢᠯ ᠤ᠋ᠨ ᠨᠢᠭᠡᠳᠦᠭᠡᠷ ᠤᠯᠠᠷᠢᠯ ᠳ᠋ᠤ ᠥᠪᠥᠷ ᠮᠣᠩᠭᠣᠯ ᠤ᠋ᠨ ᠡᠳ᠋ ᠪᠠᠷᠠᠭᠠᠨ ᠤ᠋ ᠠᠷᠠᠯᠵᠢᠶᠠᠨ ᠤ᠋ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠶᠡᠷᠦᠩᠬᠡᠶ ᠥᠷᠲᠡᠭ 642.1 ᠳ᠋ᠦᠩᠱᠢᠭᠤᠷ ᠲᠥᠭᠥᠷᠢᠭ ᠲᠤ᠌ ᠬᠦᠷᠴᠦ᠍᠂ ᠠᠳᠠᠯᠢ ᠬᠤᠭᠤᠴᠠᠭᠠᠨ ᠤ᠋ᠬᠢ ᠡᠴᠡ 33.7% ᠪᠠᠷ ᠨᠡᠮᠡᠭ᠌ᠳᠡᠨ᠂ ᠪᠥᠬᠥ᠌ ᠤᠯᠤᠰ ᠤ᠋ᠨ ᠳᠤᠮᠳᠠᠴᠢ ᠨᠡᠮᠡᠭ᠌ᠳᠡᠯ ᠤ᠋ᠨ ᠬᠤᠷᠳᠤᠴᠠᠠᠴᠠ ᠵᠠᠭᠤᠨ ᠤ᠋ ᠬᠠᠷᠢᠴᠠᠯ ᠵᠢᠡᠷ 18.7 ᠬᠤᠪᠢ ᠥᠨᠳᠥᠷ ᠪᠤᠯᠪᠠ; ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠪᠣᠳᠠᠲᠤ ᠠᠮᠵᠢᠯᠲᠠ ᠣᠯᠤᠭ᠍ᠰᠠᠨ ᠭᠠᠳᠠᠭᠠᠳᠤ ᠠᠷᠠᠯᠵᠢᠶᠠᠨ ᠤ᠋ ᠠᠵᠤ ᠠᠬᠤᠢᠯᠠᠯ 2736 ᠪᠣᠯᠵᠣ᠂ ᠠᠳᠠᠯᠢ ᠬᠤᠭᠤᠴᠠᠭᠠᠨ ᠤ᠋ᠬᠢ ᠡᠴᠡ 25.5% ᠪᠠᠷ ᠨᠡᠮᠡᠭ᠌ᠳᠡᠪᠡ᠃ ᠥᠪᠥᠷ ᠮᠣᠩᠭᠣᠯ ᠣᠯᠠᠨ ᠵᠦᠶ᠋ᠯ ᠤ᠋ᠨ ᠠᠷᠭ᠎ᠠ ᠬᠡᠮᠵᠢᠶ᠎ᠡ ᠶ᠋ᠢ ᠵᠡᠷᠭᠡ ᠪᠡᠷ ᠬᠡᠷᠡᠭ᠌ᠯᠡᠨ ᠬᠢᠯᠢ ᠠᠯᠤᠰᠯᠠᠭ᠍ᠰᠠᠨ ᠠᠷᠠᠯᠵᠢᠶᠠᠨ ᠤ᠋ ᠳᠥᠭᠥᠮᠴᠢᠯᠡᠯᠲᠡ ᠵᠢᠨ ᠬᠢᠷᠢ ᠬᠡᠮᠵᠢᠶ᠎ᠡ ᠶ᠋ᠢ ᠳᠡᠭᠡᠭ᠌ᠰᠢᠯᠡᠭᠦᠯᠵᠦ᠍᠂ ᠭᠠᠳᠠᠭᠠᠳᠤ ᠠᠷᠠᠯᠵᠢᠶᠠᠨ ᠤ᠋ ᠲᠣᠭ᠎ᠠ ᠬᠡᠮᠵᠢᠶ᠎ᠡ ᠶ᠋ᠢ ᠲᠣᠭ᠍ᠲᠠᠪᠤᠷᠢᠵᠢᠭᠤᠯᠤᠨ ᠶᠠᠰᠤ ᠴᠢᠨᠠᠷ ᠢ᠋ ᠳᠡᠭᠡᠭ᠌ᠰᠢᠯᠡᠭᠦᠯᠬᠦ ᠶ᠋ᠢ ᠠᠬᠢᠭᠤᠯᠪᠠ᠃
ᠣᠷᠣᠰ ᠮᠣᠩᠭᠣᠯ ᠳ᠋ᠤ ᠰᠠᠭᠤᠷᠢᠯᠠᠵᠤ ᠪᠠᠢᠭ᠎ᠠ ᠪᠣᠯᠪᠠᠴᠤ᠌ ᠣᠷᠣᠰ ᠮᠣᠩᠭᠣᠯ ᠳ᠋ᠤ ᠯᠠ ᠬᠢᠵᠠᠭᠠᠷᠯᠠᠭ᠍ᠳᠠᠬᠤ ᠪᠢᠰᠢ᠂ ᠨᠢᠭᠡᠳᠦᠭᠡᠷ ᠤᠯᠠᠷᠢᠯ ᠳ᠋ᠤ ᠥᠪᠥᠷ ᠮᠣᠩᠭᠣᠯ ᠤ᠋ᠨ ᠠᠷᠠᠯᠵᠢᠶᠠᠨ ᠤ᠋ ᠬᠠᠨᠢᠲᠠᠨ 162 ᠤᠯᠤᠰ ᠪᠠ ᠭᠠᠵᠠᠷ ᠣᠷᠣᠨ ᠳ᠋ᠤ ᠲᠠᠷᠬᠠᠪᠠ᠃ 162 ᠠᠷᠠᠯᠵᠢᠶᠠᠨ ᠤ᠋ ᠬᠠᠨᠢᠲᠠᠨ ᠤ᠋ ᠠᠷᠤ ᠳ᠋ᠤ ᠥᠪᠥᠷ ᠮᠣᠩᠭᠣᠯ ᠤ᠋ᠨ ᠭᠠᠳᠠᠭᠠᠳᠤ ᠠᠷᠠᠯᠵᠢᠶᠠᠨ ᠤ᠋ ᠭᠣᠣᠯ ᠴᠣᠭ᠍ᠴᠠ ᠵᠢᠨ ᠥᠷᠨᠢᠭᠦᠨ ᠬᠥᠭ᠌ᠵᠢᠩᠭᠦᠢ ᠠᠮᠢᠵᠢᠷᠠᠯ ᠤ᠋ᠨ ᠬᠦᠴᠦᠨ ᠪᠤᠢ᠃
《ᠪᠠᠶᠠᠨᠨᠠᠭᠤᠷ ᠪᠣᠯ ᠪᠦᠬᠦ᠌ ᠤᠯᠤᠰ ᠤ᠋ᠨ ᠬᠠᠮᠤᠭ ᠤ᠋ᠨ ᠲᠤᠮᠤ ᠨᠡᠷᠡᠨ ᠬᠤᠸᠠᠷ ᠤ᠋ᠨ ᠦᠢᠯᠡᠳᠪᠦᠷᠢᠯᠡᠯ ᠤ᠋ᠨ ᠰᠠᠭᠤᠷᠢᠨ ᠪᠣᠯᠤᠨ᠎ᠠ᠂ ᠪᠦᠬᠦ᠌ ᠤᠯᠤᠰ ᠤ᠋ᠨ ᠵᠣᠩᠬᠢᠯᠠᠬᠤ ᠤᠯᠠᠨ ᠲᠣᠭᠠᠨ ᠤ᠋ ᠨᠡᠷᠡᠨ ᠬᠤᠸᠠᠷ ᠤ᠋ᠨ ᠦᠷ᠎ᠡ ᠶ᠋ᠢ ᠪᠦᠷ ᠡᠨᠳᠡ ᠲᠥᠪᠯᠡᠷᠡᠭᠦᠯᠦᠨ ᠲᠠᠷᠬᠠᠭᠠᠵᠤ᠂ ᠬᠤᠪᠢᠶᠠᠨ ᠪᠣᠷᠣᠯᠠᠭᠤᠯᠵᠤ ᠪᠠᠢᠨ᠎ᠠ᠃ ᠨᠢᠳᠤᠨᠤᠨ ᠪᠠᠶᠠᠨᠨᠠᠭᠤᠷ ᠬᠣᠲᠠ ᠵᠢᠨ ᠨᠡᠷᠡᠨ ᠬᠤᠸᠠᠷ ᠤ᠋ᠨ ᠦᠷ᠎ᠡ ᠶ᠋ᠢ ᠭᠠᠳᠠᠭᠠᠳᠤ ᠳ᠋ᠤ ᠭᠠᠷᠭᠠᠭ᠍ᠰᠠᠨ ᠭᠡᠮᠵᠢᠶ᠎ᠡ ᠠᠳᠠᠯᠢ ᠬᠤᠭᠤᠴᠠᠭᠠᠨ ᠤ᠋ᠬᠢ ᠡᠴᠡ 21.9% ᠪᠠᠷ ᠨᠡᠮᠡᠭ᠌ᠳᠡᠪᠡ᠃ ᠤᠳᠤ ᠮᠠᠨ ᠤ᠋ ᠺᠣᠮᠫᠠᠨᠢ ᠵᠢᠨ ᠨᠡᠷᠡᠨ ᠬᠤᠸᠠᠷ ᠤ᠋ᠨ ᠦᠷ᠎ᠡ ᠶ᠋ᠢ ᠭᠠᠳᠠᠭᠠᠳᠤ ᠳ᠋ᠤ ᠭᠠᠷᠭᠠᠬᠤ ᠶ᠋ᠢ ᠡᠬᠢᠯᠡᠵᠤ ᠲᠤᠷᠰᠢᠵᠤ ᠪᠤᠢ᠃ ᠲᠦᠷᠦᠭᠦᠬᠡᠨ ᠠᠨᠭ᠌ᠭ᠌ᠯᠢ ᠵᠢᠨ ᠰᠦᠯᠵᠢᠶᠡᠨ ᠲᠠᠪᠴᠠᠩ Joybuyᠳᠡᠭᠡᠷ᠎ᠡ ᠬᠤᠳᠠᠯᠳᠤᠵᠤ ᠡᠬᠢᠯᠡᠪᠡ》 ᠭᠡᠵᠤ ᠪᠠᠶᠠᠨᠨᠠᠭᠤᠷ ᠬᠣᠲᠠ ᠵᠢᠨ ᠰᠠᠨ ᠫᠠᠩ ᠳ᠋ᠠᠨ ᠢᠳᠡᠭᠡᠨ ᠤ᠋ ᠬᠢᠵᠠᠭᠠᠷᠲᠤ ᠺᠣᠮᠫᠠᠨᠢ ᠵᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠲᠠᠨᠢᠯᠴᠠᠭᠤᠯᠤᠨ᠎ᠠ᠃
ᠥᠪᠥᠷ ᠮᠣᠩᠭᠣᠯ ᠤ᠋ᠨ ᠠᠷᠠᠳ ᠤ᠋ᠨ ᠡᠵᠡᠩᠨᠡᠯᠲᠡ ᠵᠢᠨ ᠠᠵᠤ ᠠᠬᠤᠢᠯᠠᠯ ᠭᠠᠳᠠᠭᠠᠳᠤ ᠠᠷᠠᠯᠵᠢᠶ᠎ᠠ ᠶ᠋ᠢ ᠲᠣᠭ᠍ᠲᠠᠪᠤᠷᠢᠵᠢᠭᠤᠯᠬᠤ 《ᠭᠤᠤᠯ ᠬᠦᠴᠦᠨ》 ᠪᠣᠯᠤᠭ᠍ᠰᠠᠨ ᠤ᠋ ᠬᠤᠪᠢ ᠳ᠋ᠤ ᠨᠢᠭᠡᠳᠦᠭᠡᠷ ᠤᠯᠠᠷᠢᠯ ᠳ᠋ᠤ ᠪᠥᠬᠥ᠌ ᠣᠷᠣᠨ ᠤ᠋ 85% ᠶ᠋ᠢᠨ ᠭᠠᠳᠠᠭᠠᠳᠤ ᠣᠷᠣᠭᠤᠯᠤᠯᠲᠠ ᠭᠠᠷᠭᠠᠯᠲᠠᠳ᠋ᠤ ᠬᠦᠴᠦᠨ ᠨᠡᠮᠡᠷᠢᠯᠡᠪᠡ᠃ ᠠᠷᠠᠳᠠᠴᠠ ᠡᠵᠡᠩᠨᠡᠭ᠌ᠰᠡᠨ 2616 ᠠᠵᠤ ᠠᠬᠤᠢᠯᠠᠯ ᠠᠮᠢᠳᠤᠯᠢᠭ ᠡᠵᠡᠩᠨᠡᠯᠲᠡ ᠵᠢᠨ ᠲᠣᠭ᠍ᠲᠠᠴᠠ ᠪᠣᠯᠤᠨ ᠬᠤᠷᠴᠠ ᠰᠡᠷᠭᠡᠭ ᠵᠠᠬ᠎ᠠ ᠳᠡᠯᠭᠡᠭᠦᠷ ᠤ᠋ᠨ ᠠᠵᠢᠭ᠍ᠯᠠᠬᠤ ᠴᠢᠳᠠᠪᠤᠷᠢᠳᠠᠭᠠᠨ ᠲᠦᠱᠢᠭ᠌ᠯᠡᠨ ᠣᠯᠠᠨ ᠤᠯᠤᠰ ᠤ᠋ᠨ ᠵᠠᠬ᠎ᠠ ᠳᠡᠯᠭᠡᠭᠦᠷ ᠢ᠋ ᠲᠠᠰᠤᠷᠠᠯᠲᠠ ᠥᠬᠡᠶ ᠨᠡᠭᠡᠭᠡᠵᠦ᠍᠂ ᠥᠪᠥᠷ ᠮᠣᠩᠭᠣᠯ ᠬᠢᠭᠡᠳ ᠪᠥᠬᠥ᠌ ᠪᠥᠮᠪᠥᠷᠴᠡᠭ ᠢ᠋ ᠬᠣᠯᠪᠣᠭ᠍ᠰᠠᠨ ᠴᠢᠬᠤᠯᠠ ᠬᠣᠯᠪᠣᠭᠠᠰᠤ ᠪᠣᠯᠪᠠ᠃
ᠬᠢᠯᠢ ᠵᠢᠨ ᠪᠣᠭᠣᠮᠲᠠ ᠪᠣᠯ ᠭᠠᠳᠠᠭᠠᠳᠤ ᠨᠡᠭᠡᠭᠡᠯᠲᠡ ᠵᠢᠨ 《ᠴᠣᠩᠬᠣ》 ᠮᠥᠨ᠃ ᠴᠡᠭᠡ ᠬᠢᠯᠢ ᠵᠢᠨ ᠪᠣᠭᠣᠮᠲᠠ ᠳ᠋ᠤ ᠨᠡᠭᠦᠷᠡᠰᠦ ᠲᠡᠭᠡᠭᠡᠪᠦᠷᠢᠯᠡᠭᠰᠡᠨ ᠬᠢᠯᠢ ᠪᠡᠷ ᠣᠷᠣᠵᠤ ᠢᠷᠡᠬᠦ᠌ ᠪᠠᠷᠠᠭᠠᠨ ᠤ᠋ ᠮᠠᠰᠢᠨ ᠲᠡᠷᠭᠡ ᠡᠮᠬᠢ ᠵᠢᠷᠤᠮᠲᠠᠶ ᠵᠢᠭ᠍ᠰᠠᠵᠤ᠂ ᠥᠨᠳᠥᠷ ᠪᠦᠲᠦᠮᠵᠢᠲᠡᠢ ᠪᠡᠷ ᠪᠣᠭᠣᠮᠲᠠ ᠪᠡᠷ ᠦᠩᠭᠡᠷᠡᠵᠤ᠂ AGV (ᠠᠦ᠋ᠲ᠋ᠣ᠋ ᠵᠢᠯᠤᠭᠤᠳᠤᠯᠭ᠎ᠠ ᠵᠢᠨ ᠮᠠᠱᠢᠨ ᠲᠡᠷᠭᠡ) ᠨᠠᠷᠢᠯᠢᠭ ᠣᠨᠣᠪᠴᠢᠲᠠᠢ ᠪᠡᠷ ᠱᠢᠯᠵᠢᠭᠦᠯᠦᠨ ᠲᠡᠭᠡᠭᠡᠪᠦᠷᠢᠯᠡᠵᠦ᠍᠂ ᠶᠠᠭᠠᠷᠠᠯᠲᠠᠢ ᠠᠵᠢᠯᠯᠠᠨ᠎ᠠ᠃
4 ᠰᠠᠷ᠎ᠠ ᠵᠢᠨ 7 ᠤ᠋ ᠡᠳᠦᠷ ᠪᠣᠯᠲᠠᠯ᠎ᠠ᠂ ᠴᠡᠬᠡ ᠬᠢᠯᠢ ᠵᠢᠨ ᠪᠣᠭᠣᠮᠲᠠ ᠵᠢᠨ ᠭᠠᠳᠠᠭᠠᠳᠤᠠᠴᠠ ᠣᠷᠣᠭᠤᠯᠵᠤ ᠭᠠᠳᠠᠭᠠᠳᠤ ᠳ᠋ᠤ ᠭᠠᠷᠭᠠᠭ᠍ᠰᠠᠨ ᠪᠠᠷᠠᠭᠠᠨ ᠤ᠋ ᠲᠡᠭᠡᠭᠡᠪᠦᠷᠢ ᠵᠢᠨ ᠬᠡᠮᠵᠢᠶ᠎ᠡ 1000 ᠲᠦᠮᠡᠨ ᠲᠣᠨ ᠢ᠋ ᠳᠠᠪᠠᠵᠤ᠂ ᠨᠢᠳᠤᠨᠤᠨ ᠤ᠋ ᠬᠢ ᠡᠴᠡ 46 ᠡᠳᠦᠷ ᠤᠷᠢᠳᠴᠢᠯᠠᠨ ᠮᠢᠩᠭᠠᠨ ᠲᠦᠮᠡᠨ ᠲᠣᠨ ᠤ᠋ ᠪᠣᠭᠣᠮᠲᠠ ᠶ᠋ᠢ ᠳᠠᠪᠠᠪᠠ᠃
ᠨᠢᠭᠡᠳᠦᠭᠡᠷ ᠤᠯᠠᠷᠢᠯ ᠳ᠋ᠤ ᠭᠠᠭ᠍ᠴᠠᠮᠤᠳᠤ ᠬᠢᠯᠢ ᠵᠢᠨ ᠪᠣᠭᠣᠮᠲᠠ ᠪᠡᠷ ᠣᠷᠣᠵᠤ ᠢᠷᠡᠭ᠌ᠰᠡᠨ AGV 15.6 ᠲᠦᠮᠡᠨ ᠲᠡᠷᠭᠡ ᠤᠳᠠᠭ᠎ᠠ ᠳ᠋ᠤ ᠬᠦᠷᠴᠦ᠍᠂ ᠠᠳᠠᠯᠢ ᠬᠤᠭᠤᠴᠠᠭᠠᠨ ᠤ᠋ᠬᠢ ᠡᠴᠡ 17.5% ᠪᠠᠷ ᠨᠡᠮᠡᠭ᠌ᠳᠡᠨ᠂ ᠰᠠᠢᠨ ᠡᠬᠢᠯᠡᠯᠲᠡ ᠶ᠋ᠢ ᠠᠪᠴᠢᠷᠠᠪᠠ᠃
ᠡᠨᠡᠨᠢ ᠥᠪᠥᠷ ᠮᠣᠩᠭᠣᠯᠨᠡᠪᠲᠡᠷᠡᠯ ᠵᠠᠮ ᠤ᠋ᠨ ᠡᠬᠢ ᠪᠠᠶᠠᠯᠢᠭ ᠤ᠋ᠨ ᠲᠣᠬᠢᠷᠠᠭᠤᠯᠤᠯᠲᠠ ᠶ᠋ᠢ ᠱᠢᠯᠢᠳᠡᠭ᠌ᠵᠢᠭᠦᠯᠬᠦ᠌᠂ ᠲᠡᠷᠭᠡ ᠬᠥᠰᠭᠡ ᠵᠢᠨ ᠪᠠᠢᠷᠢ ᠲᠣᠭ᠍ᠲᠠᠭᠠᠯᠲᠠ ᠵᠡᠷᠭᠡ ᠣᠶᠤᠨᠴᠢ ᠬᠢᠨᠠᠯᠲᠠ ᠬᠠᠮᠢᠶᠠᠷᠤᠯᠲᠠ ᠵᠢᠨ ᠲᠥᠬᠥᠭᠡᠷᠦᠮᠵᠢ ᠶ᠋ᠢ ᠳᠡᠯᠭᠡᠷᠡᠭᠦᠯᠬᠦ᠌᠂ ᠬᠢᠯᠢ ᠵᠢᠨ ᠪᠣᠭᠣᠮᠲᠠ ᠪᠡᠷ ᠥᠩᠭᠡᠷᠡᠬᠦ᠌ ᠶᠠᠪᠤᠴᠠ ᠵᠢ ᠤᠯᠠᠮ ᠨᠢᠭᠡ ᠠᠯᠬᠤᠮ ᠵᠢᠷᠤᠮᠵᠢᠭᠤᠯᠬᠤ᠂ ᠬᠢᠯᠢ ᠠᠯᠤᠰᠯᠠᠭ᠍ᠰᠠᠨ ᠲᠡᠷᠭᠡ ᠬᠥᠰᠭᠡ ᠵᠢᠨ ᠥᠨᠳᠥᠷ ᠪᠦᠲᠦᠮᠵᠢᠲᠡᠶ᠂ ᠡᠮᠬᠢ ᠵᠢᠷᠤᠮᠲᠠᠶ᠂ ᠠᠮᠤᠷ ᠲᠦᠪᠱᠢᠨ ᠵᠢᠡᠷ ᠨᠡᠪᠲᠡᠷᠡᠬᠦ ᠶ᠋ᠢ ᠪᠠᠲᠤᠯᠠᠬᠤ᠂ ᠣᠳᠣᠬᠢᠴᠢᠯᠠᠭ᠍ᠰᠠᠨ ᠬᠢᠯᠢ ᠵᠢᠨ ᠪᠣᠭᠣᠮᠲᠠ ᠶ᠋ᠢ ᠴᠢᠨᠠᠷ ᠰᠠᠢᠲᠠᠶ ᠪᠥᠲᠥᠭᠡᠨ ᠪᠠᠢᠭᠤᠯᠬᠤ ᠠᠮᠢᠳᠤᠯᠢᠭ ᠦᠶ᠋ᠯᠡᠳᠦᠯᠭᠡ ᠶ᠋ᠢ ᠬᠠᠷᠠᠭᠤᠯᠵᠤ ᠪᠣᠶ᠃
ᠬᠠᠮᠲᠤ ᠪᠡᠷ ᠠᠰᠢᠭ ᠬᠦᠷᠲᠡᠭᠦ ᠪᠡᠷ ᠴᠢᠷᠮᠠᠢᠵᠤ ᠣᠷᠣᠨ ᠪᠦᠰᠡ ᠵᠢᠨ ᠬᠠᠮᠲᠤᠷᠠᠯᠴᠠᠭᠠᠨ ᠤ᠋ 《ᠨᠠᠢᠵᠠ ᠵᠢᠨ ᠲᠣᠭᠣᠷᠢᠭ》 ᠢ᠋ ᠦᠷᠭᠡᠳᠭᠡᠨ᠎ᠡ
ᠮᠠᠨ ᠤ᠋ ᠤᠯᠤᠰ ᠤ᠋ᠨ ᠨᠤᠲᠤᠭ ᠳᠡᠪᠢᠰᠭᠡᠷ ᠥᠷᠭᠡᠨ ᠠᠭᠤᠳᠠᠮ᠂ ᠣᠷᠣᠨ ᠪᠦᠰᠡ ᠵᠢᠨ ᠬᠣᠭᠣᠷᠣᠨᠳᠣᠬᠢ ᠠᠵᠤ ᠠᠬᠤᠢ ᠵᠢᠨ ᠬᠥᠭ᠌ᠵᠢᠯᠲᠡ ᠵᠢᠨ ᠲᠦᠪᠱᠢᠨ᠂ ᠡᠬᠢ ᠪᠠᠶᠠᠯᠢᠭ ᠤ᠋ᠨ ᠳᠠᠪᠠᠭᠤᠯᠢᠭ᠂ ᠠᠮᠢ ᠠᠬᠤᠢ ᠣᠷᠴᠢᠨ ᠲᠣᠭᠣᠷᠢᠨ ᠵᠡᠷᠭᠡ ᠲᠠᠯ᠎ᠠ ᠪᠡᠷ ᠬᠢ ᠵᠦᠷᠢᠶ᠎ᠡ ᠢᠯᠡᠷᠬᠡᠢ ᠪᠠᠢᠵᠤ᠂ ᠣᠷᠣᠨ ᠪᠦᠰᠡ ᠵᠢᠨ ᠠᠭᠤᠰᠤᠯᠴᠠᠨ ᠬᠥᠭ᠌ᠵᠢᠬᠦ ᠶ᠋ᠢ ᠠᠬᠢᠭᠤᠯᠬᠤ ᠨᠢ ᠤᠯᠤᠰ ᠤ᠋ᠨ ᠳᠣᠲᠣᠭᠠᠳᠤ ᠵᠢᠨ ᠶᠡᠬᠡ ᠣᠷᠴᠢᠯ ᠢ᠋ ᠱᠢᠯᠤᠭᠤᠳᠭᠠᠬᠤ ᠵᠢᠨ ᠴᠢᠬᠤᠯᠠ ᠠᠭᠤᠯᠭ᠎ᠠ ᠪᠣᠯᠬᠤ ᠪᠡᠷ ᠪᠠᠷᠠᠬᠤ ᠦᠭᠡᠢ ᠪᠠᠰᠠ ᠴᠢᠨᠠᠷ ᠰᠠᠢᠲᠠᠢ ᠬᠥᠭ᠌ᠵᠢᠯᠲᠡ ᠶ᠋ᠢ ᠠᠬᠢᠭᠤᠯᠬᠤ ᠵᠢᠨ ᠴᠢᠬᠤᠯᠠ ᠬᠦᠴᠦᠯᠡᠬᠦ᠌ ᠴᠡᠭ ᠪᠣᠯᠤᠨ᠎ᠠ᠃
ᠣᠢᠷ᠎ᠠ ᠵᠢᠨ ᠵᠢᠯᠳᠤ ᠥᠪᠥᠷ ᠮᠣᠩᠭᠣᠯ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢᠨ ᠪᠠᠢᠯᠳᠤᠬᠤ ᠪᠣᠳᠣᠯᠭ᠎ᠠ ᠵᠢᠨ ᠪᠠᠢᠷᠢ ᠲᠣᠭ᠍ᠲᠠᠭᠠᠯᠲᠠ ᠳ᠋ᠤ ᠰᠠᠭᠤᠷᠢᠯᠠᠨ᠂ ᠨᠡᠭᠡᠭᠡᠯᠲᠡ ᠪᠡᠷ ᠬᠠᠮᠲᠤᠷᠠᠯᠴᠠᠭ᠎ᠠ ᠶ᠋ᠢ ᠠᠬᠢᠭᠤᠯᠵᠤ᠂ ᠬᠠᠮᠵᠢᠯᠴᠠᠨ ᠬᠥᠭ᠌ᠵᠢᠬᠦ ᠶ᠋ᠢ ᠡᠷᠢᠯᠬᠢᠯᠡᠨ᠂ ᠤᠯᠤᠰ ᠤ᠋ᠨ ᠳᠣᠲᠣᠭᠠᠳᠤ ᠭᠠᠳᠠᠭᠠᠳᠤ ᠵᠢᠨ ᠬᠤᠤᠰ ᠣᠷᠴᠢᠯ ᠳ᠋ᠤ ᠭᠦᠨᠵᠡᠭᠡᠶ ᠠᠭᠤᠰᠤᠯᠴᠠᠪᠠ᠃
ᠳᠤᠮᠳᠠᠳᠤ ᠤᠯᠤᠰ ᠤ᠋ᠨ ᠤᠯᠠᠨ ᠤᠯᠤᠰ ᠤ᠋ᠨ ᠭᠡᠷᠡᠭᠯᠡᠭᠡᠨ ᠤ᠋ ᠵᠦᠢᠯ ᠤ᠋ᠨ ᠦᠵᠡᠰᠭᠦᠯᠡᠩ᠂ ᠳᠤᠮᠳᠠᠳᠤ ᠤᠯᠤᠰ ᠤ᠋ᠨ ᠤᠯᠠᠨ ᠤᠯᠤᠰ ᠤ᠋ᠨ ᠭᠠᠳᠠᠭᠠᠳᠤ ᠣᠷᠣᠭᠤᠯᠤᠯᠲᠠ ᠵᠢᠨ ᠦᠵᠡᠰᠭᠦᠯᠡᠩ ᠵᠡᠷᠭᠡ ᠦᠵᠡᠰᠭᠦᠯᠡᠩ ᠪᠣᠯ ᠤᠯᠤᠰ ᠤ᠋ᠨ ᠳᠣᠲᠣᠭᠠᠳᠤ ᠭᠠᠳᠠᠭᠠᠳᠤ ᠵᠢᠨ ᠵᠠᠬ᠎ᠠ ᠳᠡᠯᠭᠡᠭᠦᠷ ᠢ᠋ ᠬᠣᠯᠪᠣᠬᠤ ᠴᠢᠬᠤᠯᠠ ᠬᠥᠭᠥᠷᠭᠡ ᠬᠤᠯᠪᠤᠭᠠᠰᠤ ᠮᠥᠨ᠃ ᠵᠢᠷᠭᠤᠳᠤᠭᠠᠷ ᠬᠤᠭᠤᠴᠠᠭᠠᠨ ᠤ᠋ ᠳᠤᠮᠳᠠᠳᠤ ᠤᠯᠤᠰ ᠤ᠋ᠨ ᠣᠯᠠᠨ ᠤᠯᠤᠰ ᠤ᠋ᠨ ᠬᠡᠷᠡᠭ᠌ᠯᠡᠭᠡᠨ ᠤ᠋ ᠵᠦᠶ᠋ᠯ ᠤ᠋ᠨ ᠦᠵᠡᠰᠭᠦᠯᠡᠩ 4 ᠰᠠᠷ᠎ᠠ ᠵᠢᠨ 13 ᠤ᠋ ᠡᠳᠦᠷ ᠡᠴᠡ 18 ᠤ᠋ ᠡᠳᠦᠷ ᠪᠣᠯᠲᠠᠯ᠎ᠠ ᠬᠠᠢᠨᠠᠨ ᠳ᠋ᠤ ᠶᠠᠪᠤᠭ᠍ᠳᠠᠵᠤ᠂ ᠥᠪᠥᠷ ᠮᠣᠩᠭᠣᠯ ᠤ᠋ᠨ 25 ᠠᠵᠤ ᠠᠬᠤᠢᠯᠠᠯ ᠲᠠᠪᠤᠨ ᠶᠡᠬᠡ ᠲᠥᠷᠥᠯ ᠤ᠋ᠨ ᠣᠨᠴᠠᠯᠢᠭ᠍ᠲᠤ ᠦᠶ᠋ᠯᠡᠳᠬᠦᠨ ᠵᠢᠡᠷ ᠵᠢᠡᠨ ᠤᠷᠤᠯᠴᠠᠪᠠ᠃ ᠴᠠᠭᠠᠨ ᠢᠳᠡᠭᠡᠨ᠂ ᠣᠷᠭᠠᠨᠢᠭ ᠬᠤᠨᠴᠢᠷ ᠤ᠋ᠨ ᠪᠦᠲᠦᠭᠡᠭ᠌ᠳᠡᠬᠦᠨ᠂ ᠢᠮᠠᠭᠠᠨ ᠨᠤᠤᠯᠤᠭᠤᠷ ᠤ᠋ᠨ ᠪᠦᠲᠦᠭᠡᠭ᠌ᠳᠡᠬᠦᠨ᠂ ᠪᠣᠷᠴᠠ᠂ ᠤᠢ ᠳᠤᠳᠤᠷᠠᠬᠢ ᠠᠵᠦ ᠦᠢᠯᠡᠰᠤᠨ ᠪᠦᠲᠦᠬᠡᠭᠳᠡᠭᠦᠨ ᠵᠡᠷᠭᠡ ᠥᠪᠥᠷ ᠮᠣᠩᠭᠣᠯ ᠤ᠋ᠨ ᠳᠠᠪᠠᠭᠤᠯᠢᠭ ᠤᠨᠴᠠᠯᠢᠬ᠍ᠳᠤ ᠪᠦᠲᠦᠭᠡᠭ᠌ᠳᠡᠬᠦᠨ ᠨᠢ ᠬᠡᠷᠡᠭ᠌ᠯᠡᠭᠡᠨ ᠤ᠋ ᠵᠦᠶ᠋ᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠬᠦᠮᠦᠰ ᠤ᠋ᠨ ᠥᠪᠥᠷ ᠮᠣᠩᠭᠣᠯ ᠲᠠᠢ ᠲᠠᠨᠢᠯᠴᠠᠵᠤ ᠤᠢᠯᠠᠭᠠᠬᠤ᠂ ᠥᠪᠥᠷ ᠮᠣᠩᠭᠣᠯᠲᠠᠶ 《ᠠᠭᠤᠯᠵᠠᠬᠤ》 ᠬᠠᠮᠤᠭ ᠤ᠋ᠨ ᠰᠠᠢᠨ ᠴᠣᠩᠬᠣᠪᠴᠢ ᠪᠣᠯᠤᠭ᠍ᠰᠠᠨ ᠪᠠᠢᠨ᠎ᠠ᠃
2026 ᠣᠨ ᠳ᠋ᠤ ᠥᠪᠥᠷ ᠮᠣᠩᠭᠣᠯ ᠪᠥᠬᠥ᠌ ᠪᠥᠮᠪᠥᠷᠴᠡᠭ ᠤ᠋ᠨ ᠠᠷᠠᠯᠵᠢᠶᠠᠴᠢᠨ ᠤᠷᠢᠬᠤ ᠶᠡᠬᠡ ᠬᠤᠷᠠᠯ᠂ ᠳᠥᠷᠪᠡᠳᠦᠭᠡᠷ ᠬᠤᠭᠤᠴᠠᠭᠠᠨ ᠤ᠋ ᠤᠮᠠᠷᠠᠰᠢ ᠨᠡᠭᠡᠭᠡᠯᠲᠡ ᠬᠢᠬᠦ᠌ ᠠᠵᠤ ᠠᠬᠤᠶ ᠠᠷᠠᠯᠵᠢᠶᠠᠨ ᠤ᠋ ᠵᠥᠪᠳᠡᠯᠴᠡᠬᠦ᠌ ᠬᠤᠷᠠᠯ᠂ ᠪᠣᠬᠢᠷᠲᠤᠯ ᠥᠬᠡᠶ ᠲᠡᠷᠢᠭᠦᠨ ᠤ᠋ ᠡᠨᠧᠷᠭᠢᠵᠠᠷᠤᠴᠠᠭᠤᠯᠬᠤ ᠬᠠᠷᠢᠴᠠᠯ ᠵᠢᠡᠷ ᠦᠨᠳᠦᠷ ᠠᠵᠤ ᠦᠶ᠋ᠯᠡᠰ ᠤ᠋ᠨ ᠲᠤᠰᠭᠠᠶ ᠰᠡᠳᠦᠪᠲᠦ ᠠᠷᠠᠯᠵᠢᠶᠠᠴᠢᠨ ᠤᠷᠢᠬᠤ ᠬᠤᠷᠠᠯ ᠵᠡᠷᠭᠡ 《ᠥᠪᠥᠷ ᠮᠣᠩᠭᠣᠯ ᠳ᠋ᠤ ᠪᠠᠯᠠ ᠣᠷᠣᠭᠤᠯᠬᠤ》 ᠱᠢᠷᠢᠰ ᠠᠵᠢᠯᠯᠠᠭ᠎ᠠ ᠶ᠋ᠢ ᠡᠷᠭᠢᠯᠡᠵᠦ᠍᠂ ᠠᠷᠠᠯᠵᠢᠶᠠᠴᠢᠨ ᠤᠷᠢᠬᠤ ᠲᠠᠪᠴᠠᠩ ᠤ᠋ᠨ ᠴᠢᠳᠠᠮᠵᠢ ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠣᠷᠣᠨ ᠪᠦᠰᠡ ᠵᠢᠨ ᠬᠠᠮᠲᠤᠷᠠᠯᠴᠠᠭᠠᠨ ᠤ᠋ 《ᠨᠠᠢ᠌ᠵᠠ ᠵᠢᠨ ᠲᠣᠭᠣᠷᠢᠭ》 ᠢ᠋ ᠦᠷᠭᠦᠯᠵᠢᠯᠡᠨ ᠥᠷᠭᠡᠳᠭᠡᠨ᠎ᠡ ᠭᠡᠵᠦ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ ᠤ᠋ᠨ ᠬᠠᠮᠢᠶ᠎ᠠ ᠪᠥᠬᠥᠶ ᠬᠠᠷᠢᠭᠤᠴᠠᠯᠭᠠᠲᠠᠨ ᠡᠴᠡ ᠳᠠᠨᠢᠯᠴᠠᠭᠤᠯᠪᠠ᠃
ᠡᠳᠦᠭᠡ ᠥᠪᠥᠷ ᠮᠣᠩᠭᠣᠯ ᠶᠠᠭ ᠨᠠᠩ ᠨᠡᠭᠡᠭᠡᠯᠲᠡᠲᠦ ᠪᠠᠢᠳᠠᠯ᠂ ᠨᠠᠩ ᠪᠣᠳᠠᠲᠠᠶ ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ ᠪᠡᠷ ᠣᠷᠣᠨ ᠪᠦᠰᠡ ᠵᠢᠨ ᠬᠠᠮᠲᠤᠷᠠᠯᠴᠠᠭ᠎ᠠ ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ 《ᠵᠠᠮ + ᠬᠦᠶ᠋ᠰᠦ + ᠠᠵᠤ ᠦᠶ᠋ᠯᠡᠰ》 ᠤ᠋ᠨ ᠬᠥᠭ᠌ᠵᠢᠯᠲᠡ ᠵᠢᠨ ᠱᠢᠰᠲ᠋ᠧᠮ ᠢ᠋ ᠲᠡᠭᠦᠯᠳᠡᠷᠵᠢᠭᠦᠯᠵᠦ᠍᠂ ᠡᠨᠧᠷᠭᠢ ᠬᠠᠷᠢᠯᠴᠠᠨ ᠨᠥᠬᠥᠪᠥᠷᠢᠯᠡᠬᠦ᠌᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠬᠣᠯᠪᠣᠭᠠᠯᠠᠨ ᠬᠥᠳᠡᠯᠦᠯᠴᠡᠬᠦ᠌᠂ ᠠᠷᠠᠯᠵᠢᠶ᠎ᠠ ᠰᠠᠭᠠᠳ ᠥᠬᠡᠶ ᠨᠡᠪᠲᠡᠷᠡᠬᠦ᠌᠂ ᠰᠣᠶᠣᠯ ᠵᠢᠭᠤᠯᠴᠢᠯᠠᠯ ᠤ᠋ᠨ ᠠᠭᠤᠰᠤᠯᠴᠠᠯ ᠢ᠋ ᠠᠬᠢᠭᠤᠯᠵᠤ᠂ ᠤᠯᠤᠰ ᠤ᠋ᠨ ᠳᠣᠲᠣᠭᠠᠳᠤ ᠭᠠᠳᠠᠭᠠᠳᠤ ᠵᠢᠨ ᠬᠤᠤᠰ ᠣᠷᠴᠢᠯ ᠳᠤᠮᠳᠠ ᠪᠠᠢᠷᠢ ᠲᠣᠭ᠍ᠲᠠᠭᠠᠯᠲᠠ ᠪᠡᠨ ᠣᠨᠣᠪᠴᠢᠲᠠᠶ ᠣᠯᠵᠤ᠂ ᠰᠠᠨᠠᠭᠠᠴᠢᠯᠠᠭᠠᠠᠴᠠ ᠪᠡᠨ ᠵᠢᠳᠬᠦᠯ ᠴᠢᠷᠮᠠᠢᠯᠭ᠎ᠠ ᠭᠠᠷᠭᠠᠵᠤ ᠪᠠᠢᠨ᠎ᠠ᠃
ᠳᠦᠷᠢᠮ ᠤ᠋ᠨ ᠱᠢᠨ᠎ᠡ ᠶ᠋ᠢ ᠡᠭᠦᠳᠴᠤ ᠤᠯᠠᠨ ᠤᠯᠤᠰ ᠤ᠋ᠨ ᠥᠷᠢᠰᠥᠯᠳᠦᠭᠡᠨ ᠤ᠋ ᠱᠢᠨ᠎ᠡ ᠳᠠᠪᠠᠭᠤᠯᠢᠭ ᠢ᠋ ᠪᠣᠢᠵᠢᠭᠤᠯᠤᠨᠠ
ᠣᠳᠣᠬᠠᠨ ᠳ᠋ᠤ ᠮᠠᠨ ᠤ᠋ ᠤᠯᠤᠰ ᠶᠠᠭ ᠲᠠᠸᠠᠷ ᠪᠠ ᠡᠯᠧᠮᠧᠨ᠋ᠲ ᠤ᠋ᠨ ᠭᠦᠢᠯᠭᠡᠭᠡ ᠵᠢᠨ ᠬᠡᠯᠪᠡᠷᠢ ᠵᠢᠨ ᠨᠡᠭᠡᠭᠡᠯᠳᠡ ᠡᠴᠡ ᠲᠦᠷᠢᠮ ᠤ᠋ᠨ ᠬᠡᠯᠪᠡᠷᠢ ᠵᠢᠨ ᠨᠡᠭᠡᠭᠡᠯᠳᠡ ᠲᠡᠢᠰᠢ ᠱᠢᠯᠵᠢᠬᠦ ᠶ᠋ᠢ ᠲᠦᠷᠭᠡᠳᠭᠡᠵᠦ᠍ ᠪᠠᠢᠨ᠎ᠠ᠃ ᠡᠨᠡ ᠬᠦ᠌ ᠬᠤᠪᠢᠷᠠᠭᠤᠯᠤᠯᠲᠠ ᠨᠢ ᠤᠯᠠᠨ ᠤᠯᠤᠰ ᠤ᠋ᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ᠋ ᠲᠦᠷᠢᠮ ᠢ᠋ ᠵᠣᠯᠭᠠᠭᠤᠯᠬᠤ᠂ ᠭᠦᠨ ᠳᠠᠪᠬᠤᠷᠭ᠎ᠠ ᠵᠢᠨ ᠪᠠᠢᠭᠤᠯᠤᠯ ᠲᠣᠭ᠍ᠲᠠᠴᠠ ᠵᠢᠨ ᠬᠠᠷᠰᠢ ᠰᠠᠭᠠᠳ ᠢ᠋ ᠠᠷᠢᠯᠭᠠᠬᠤ᠂ ᠤᠯᠠᠨ ᠤᠯᠤᠰ ᠤ᠋ᠨ ᠬᠠᠮᠲᠤᠷᠠᠯᠴᠠᠭᠠᠨ ᠤ᠋ ᠱᠢᠨ᠎ᠡ ᠳᠠᠪᠠᠭᠤᠯᠢᠭ ᠢ᠋ ᠪᠤᠢ ᠪᠣᠯᠭᠠᠬᠤ ᠳ᠋ᠤ ᠠᠩᠬᠠᠷᠤᠯ ᠵᠢᠡᠨ ᠲᠥᠪᠯᠡᠷᠡᠭᠦᠯᠵᠦ᠍ ᠪᠠᠢᠨ᠎ᠠ᠃
ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠵᠢᠨ ᠣᠷᠣᠨ ᠵᠥᠪᠱᠢᠶᠡᠷᠡᠭ᠌ᠳᠡᠨ ᠪᠠᠢᠭᠤᠯᠤᠭ᠍ᠳᠠᠵᠤ᠂ ᠤᠯᠤᠰᠠᠴᠠ ᠨᠡᠩ ᠶᠡᠬᠡ ᠥᠭᠡᠷᠡᠴᠢᠯᠡᠯᠲᠡ ᠵᠢᠨ ᠡᠵᠡᠨ ᠮᠡᠳᠡᠬᠦ᠌ ᠡᠷᠬᠡ ᠣᠯᠭᠣᠵᠤ᠂ ᠤᠷᠢᠳ ᠵᠢᠡᠷ ᠬᠡᠷᠡᠭ᠌ᠵᠢᠭᠦᠯᠵᠦ᠍ ᠤᠷᠢᠳ ᠵᠢᠡᠷ ᠲᠤᠷᠱᠢᠬᠤ ᠶ᠋ᠢ ᠵᠣᠷᠢᠭ᠍ᠵᠢᠭᠤᠯᠪᠠ᠃
《ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠵᠢᠨ ᠣᠷᠣᠨ ᠤ᠋ ᠴᠢᠳᠠᠮᠵᠢ ᠵᠢᠨ ᠪᠠᠢᠷᠢ ᠲᠣᠭ᠍ᠲᠠᠭᠠᠯᠲᠠᠲᠠᠶ ᠨᠢᠭ᠍ᠲᠠ ᠤᠶᠠᠯᠳᠤᠭᠤᠯᠵᠤ᠂ ᠣᠯᠠᠨ ᠤᠯᠤᠰ ᠤ᠋ᠨ ᠥᠨᠳᠥᠷ ᠲᠦᠪᠱᠢᠨ ᠪᠥᠬᠥᠶ ᠠᠵᠤ ᠠᠬᠤᠶ ᠠᠷᠠᠯᠵᠢᠶᠠᠨ ᠤ᠋ ᠲᠦᠷᠢᠮᠵᠢᠡᠷ ᠪᠠᠷᠢᠮᠵᠢᠶ᠎ᠠ ᠪᠤᠯᠭᠠᠨ᠂ ᠬᠢᠯᠢ ᠠᠯᠤᠰᠯᠠᠭ᠍ᠰᠠᠨ ᠠᠷᠠᠯᠵᠢᠶ᠎ᠠ᠂ ᠪᠠᠯᠠ ᠣᠷᠣᠭᠤᠯᠤᠯᠲᠠ ᠶ᠋ᠢ ᠳᠥᠭᠥᠮᠴᠢᠯᠡᠬᠦ᠌ ᠵᠡᠷᠭᠡ ᠭᠤᠤᠯᠳᠠᠯᠭᠠᠲᠠᠶ ᠬᠦᠷᠢᠶᠡᠨ ᠳ᠋ᠤ ᠠᠩᠬᠠᠷᠤᠯ ᠵᠢᠡᠨ ᠲᠥᠪᠯᠡᠷᠡᠭᠦᠯᠵᠦ᠍᠂ ᠬᠦᠬᠡᠬᠤᠲᠠ ᠪᠣᠭᠣᠮᠲᠠ ᠥᠪᠥᠷ ᠮᠣᠩᠭᠣᠯ ᠤ᠋ᠨ ᠪᠣᠳᠠᠲᠤ ᠪᠠᠢᠳᠠᠯᠲᠠᠶ ᠨᠡᠢᠴᠡᠭ᠌ᠰᠡᠨ᠂ ᠨᠢᠭᠡ ᠪᠦᠯᠦᠭ ᠪᠣᠭᠣᠮᠲᠠ ᠵᠢᠨ ᠬᠢᠨᠠᠯᠲᠠ ᠬᠠᠮᠢᠶᠠᠷᠤᠯᠲᠠ ᠵᠢᠨ ᠲᠦᠷᠢᠮ ᠤ᠋ᠨ ᠱᠢᠨ᠎ᠡ ᠶ᠋ᠢ ᠡᠭᠦᠳᠬᠦ᠌ ᠠᠷᠭ᠎ᠠ ᠬᠡᠮᠵᠢᠶ᠎ᠡ ᠲᠤᠭᠳᠠᠭᠠᠪᠠ᠃ ᠵᠢᠱ᠌ᠢᠶᠡᠯᠡᠪᠡᠯ᠂ ᠡᠷᠢᠶᠡᠨ ᠬᠣᠲᠠ ᠵᠢᠨ ᠬᠢᠯᠢ ᠵᠢᠨ ᠠᠷᠠᠳ ᠤ᠋ᠨ ᠵᠠᠬ᠎ᠠ ᠵᠢᠨ ᠠᠷᠠᠯᠵᠢᠶᠠᠨ ᠤ᠋ ᠭᠠᠳᠠᠭᠠᠳᠤᠠᠴᠠ ᠣᠷᠣᠭᠤᠯᠬᠤ ᠲᠠᠸᠠᠷ ᠲᠤ᠌ 〈ᠨᠠᠢᠳᠠᠨ ᠭᠤᠶᠤᠴᠢᠯᠠᠨ ᠮᠡᠳᠡᠭᠦᠯᠬᠦ᠌ + ᠱᠢᠭᠤᠳ ᠨᠡᠪᠲᠡᠷᠡᠬᠦ᠌ ᠲᠡᠭᠡᠭᠡᠪᠦᠷᠢ + ᠮᠠᠱᠢᠨ ᠵᠢᠡᠷ ᠪᠠᠢᠴᠠᠭᠠᠨ ᠱᠢᠯᠭᠠᠬᠤ〉 ᠬᠢᠯᠢ ᠵᠢᠨ ᠪᠣᠭᠣᠮᠲᠠ ᠪᠡᠷ ᠥᠩᠭᠡᠷᠡᠭᠦᠯᠬᠦ᠌ ᠵᠠᠭ᠍ᠪᠤᠷ ᠢ᠋ ᠳᠡᠯᠭᠡᠷᠡᠭᠦᠯᠦᠨ ᠬᠡᠷᠡᠭ᠌ᠵᠢᠭᠦᠯᠵᠦ᠍᠂ ᠬᠢᠯᠢ ᠵᠢᠨ ᠠᠷᠠᠳ ᠤ᠋ᠨ ᠵᠠᠬ᠎ᠠ ᠵᠢᠨ ᠠᠷᠠᠯᠵᠢᠶᠠᠨ ᠤ᠋ ᠵᠠᠬ᠎ᠠ ᠵᠢᠨ ᠭᠠᠳᠠᠭᠠᠳᠤᠠᠴᠠ ᠣᠷᠣᠭᠤᠯᠵᠤ ᠭᠠᠳᠠᠭᠠᠳᠤ ᠳ᠋ᠤ ᠭᠠᠷᠭᠠᠬᠤ ᠶᠡᠷᠦᠩᠬᠡᠢᠯᠡᠭ᠌ᠰᠡᠨ ᠥᠪᠡᠷ ᠤ᠋ᠨ ᠥᠷᠲᠡᠭ ᠢ᠋ ᠤᠯᠠᠮ ᠨᠢᠭᠡ ᠠᠯᠬᠤᠮ ᠪᠠᠭᠤᠷᠠᠭᠤᠯᠪᠠ》 ᠭᠡᠵᠤ ᠬᠥᠬᠡᠬᠣᠲᠠ ᠪᠣᠭᠣᠮᠲᠠ ᠵᠢᠨ ᠳᠡᠳ᠋ ᠳᠠᠷᠤᠭ᠎ᠠ ᠵᠠᠩ ᠵᠢᠩ ᠵᠧᠸ᠋ ᠲᠠᠨᠢᠯᠴᠠᠭᠤᠯᠤᠨ᠎ᠠ᠃
ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠵᠢᠨ ᠣᠷᠣᠨ ᠭᠠᠵᠠᠷ ᠣᠷᠣᠨ ᠤ᠋ ᠪᠠᠢᠳᠠᠯᠳᠠᠭᠠᠨ ᠲᠤᠬᠢᠷᠠᠭᠤᠯᠤᠨ ᠬᠢᠯᠢ ᠳᠠᠭᠠᠤ ᠣᠷᠣᠨ ᠤ᠋ ᠣᠨᠴᠠᠯᠢᠭᠲᠠᠶ ᠱᠢᠨ᠎ᠡ ᠶ᠋ᠢ ᠡᠭᠦᠳᠬᠦ ᠶ᠋ᠢ ᠥᠷᠨᠢᠭᠦᠯᠵᠦ᠍᠂ ᠡᠷᠬᠢᠨ ᠲᠣᠭᠣᠷᠢᠨ ᠤ᠋ 《ᠨᠢᠭᠡ ᠪᠦᠰᠡ ᠨᠢᠭᠡ ᠵᠠᠮ》 ᠢ᠋ ᠬᠠᠮᠲᠤ ᠪᠡᠷ ᠪᠦᠳᠦᠭᠡᠨ ᠪᠠᠢᠭᠤᠯᠬᠤ ᠤᠯᠤᠰ ᠤ᠋ᠳᠲᠠᠶ ᠰᠠᠭᠤᠷᠢ ᠲᠥᠬᠥᠭᠡᠷᠦᠮᠵᠢ ᠵᠢᠨ ᠨᠡᠪᠲᠡᠷᠡᠯᠴᠡᠭᠡ᠂ ᠲᠦᠷᠢᠮ ᠪᠠᠷᠢᠮᠵᠢᠶ᠎ᠠ ᠪᠡᠨ ᠬᠠᠷᠢᠯᠴᠠᠨ ᠮᠡᠳᠡᠷᠡᠬᠦ᠌᠂ ᠠᠷᠠᠳ ᠤ᠋ᠨ ᠰᠡᠳᠭᠢᠯ ᠬᠠᠷᠢᠯᠴᠠᠨ ᠨᠡᠪᠲᠡᠷᠡᠯᠴᠡᠵᠦ᠍ ᠬᠠᠷᠢᠯᠴᠠᠨ ᠠᠭᠤᠰᠤᠯᠴᠠᠬᠤ ᠵᠡᠷᠭᠡ ᠲᠠᠯ᠎ᠠ ᠪᠡᠷ ᠬᠢ ᠰᠣᠯᠢᠯᠴᠠᠭ᠎ᠠ ᠬᠠᠮᠲᠤᠷᠠᠯᠴᠠᠭ᠎ᠠ ᠪᠡᠨ ᠴᠢᠩᠭᠠᠳᠭᠠᠨ᠂ ᠬᠢᠯᠢ ᠳᠠᠭᠠᠤ ᠳᠣᠲᠣᠭᠠᠳᠤ ᠬᠠᠭᠤᠷᠠᠢ ᠵᠢᠨ ᠣᠨᠴᠠᠯᠢᠭᠲᠠᠶ ᠠᠩᠬᠠᠨ ᠤ᠋ ᠡᠭᠦᠳᠦᠯᠲᠡ ᠵᠢᠨ ᠴᠢᠨᠠᠷᠲᠠᠢ᠂ ᠬᠤᠷᠠᠮᠠᠯ ᠮᠠᠶᠢᠭ ᠤ᠋ᠨ ᠲᠦᠷᠢᠮ ᠤ᠋ᠨ ᠱᠢᠨ᠎ᠡ ᠶ᠋ᠢ ᠡᠭᠦᠳᠬᠦ ᠶ᠋ᠢ ᠠᠬᠢᠭᠤᠯᠵᠦ ᠪᠤᠢ᠃
ᠥᠪᠥᠷ ᠮᠣᠩᠭᠣᠯ ᠪᠠᠢᠯᠳᠤᠬᠤ ᠪᠣᠳᠣᠯᠭ᠎ᠠ ᠵᠢᠨ ᠪᠠᠢᠷᠢ ᠲᠣᠭ᠍ᠲᠠᠭᠠᠯᠲᠠ ᠳ᠋ᠤ ᠰᠠᠭᠤᠷᠢᠯᠠᠨ᠂ ᠬᠢᠯᠢ ᠳᠠᠭᠠᠤ ᠣᠷᠣᠨ ᠤ᠋ ᠳᠠᠪᠠᠭᠤᠯᠢᠭ ᠵᠢᠡᠨ ᠪᠠᠳᠠᠷᠠᠭᠤᠯᠵᠤ᠂ ᠬᠢᠯᠢ ᠵᠢᠨ ᠪᠣᠭᠣᠮᠲᠠ ᠵᠢ ᠲᠠᠰ ᠳᠡᠪᠱᠢᠭᠦᠯᠬᠦ᠌ ᠪᠡᠷ ᠨᠡᠭᠡᠭᠡᠯᠲᠡ ᠬᠢᠬᠦ᠌ ᠵᠠᠮ ᠢ᠋ ᠰᠠᠭᠠᠳ ᠥᠬᠡᠶ ᠨᠡᠪᠲᠡᠷᠡᠭᠦᠯᠤᠨ᠂ ᠣᠷᠣᠨ ᠪᠦᠰᠡ ᠵᠢᠨ ᠬᠣᠯᠪᠣᠭᠠᠯᠠᠨ ᠬᠥᠳᠡᠯᠦᠯᠴᠡᠬᠦ᠌ ᠪᠡᠷ ᠬᠠᠮᠲᠤᠷᠠᠯᠴᠠᠭᠠᠨ ᠤ᠋ ᠣᠷᠣᠨ ᠵᠠᠶ ᠶ᠋ᠢ ᠥᠷᠭᠡᠳᠭᠡᠵᠤ᠂ ᠲᠦᠷᠢᠮ ᠤ᠋ᠨ ᠱᠢᠨ᠎ᠡ ᠶ᠋ᠢ ᠡᠭᠦᠳᠬᠦ᠌ ᠪᠡᠷ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠤᠨ᠂ ᠴᠢᠨᠠᠷ ᠰᠠᠢᠲᠠᠶ ᠬᠥᠭ᠌ᠵᠢᠯᠲᠡ ᠪᠡᠷ ᠥᠨᠳᠥᠷ ᠲᠦᠪᠱᠢᠨ ᠪᠥᠬᠥᠶ ᠨᠡᠭᠡᠭᠡᠯᠲᠡ ᠬᠢᠬᠦ ᠳ᠋ᠤ ᠬᠦᠴᠦᠨ ᠨᠡᠮᠡᠷᠢᠯᠡᠵᠤ᠂ ᠤᠮᠠᠷᠠᠰᠢ ᠨᠡᠭᠡᠭᠡᠯᠲᠡ ᠬᠢᠬᠦ᠌ ᠴᠢᠳᠠᠪᠤᠷᠢ ᠲᠠᠰ ᠬᠢᠭᠡᠳ ᠨᠥᠯᠥᠭᠡᠯᠡᠬᠦ᠌ ᠬᠦᠴᠦᠨ ᠢ᠋ ᠯᠠᠪᠳᠠᠭᠤᠨ ᠵᠢᠡᠷ ᠳᠡᠭᠡᠭ᠌ᠰᠢᠯᠡᠭᠦᠯᠤᠨ᠂ ᠮᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠵᠢᠨ ᠰᠠᠭᠤᠷᠢ ᠶ᠋ᠢ ᠨᠠᠩ ᠪᠠᠲᠤ ᠪᠠᠬᠢ ᠪᠣᠯᠭᠠᠵᠤ᠂ ᠠᠮᠢᠵᠢᠷᠠᠯ ᠤ᠋ᠨ ᠬᠦᠴᠦᠨ ᠵᠢᠡᠷ ᠨᠠᠩ ᠭᠦᠶ᠋ᠴᠡᠳ᠂ ᠨᠠᠩ ᠬᠦᠴᠦᠷᠬᠡᠭ ᠪᠣᠯᠭᠠᠨ ᠪᠥᠲᠥᠭᠡᠨ ᠪᠠᠢᠭᠤᠯᠬᠤ ᠪᠡᠷ ᠬᠦᠴᠦᠯᠡᠵᠦ ᠪᠤᠢ᠃