ᠦᠪᠦᠷ ᠮᠤᠨᠭᠭᠤᠯ ᠤ᠋ᠨ ᠴᠠᠬᠢᠯᠭᠠᠨ ᠬᠦᠴᠦᠨ ᠤ᠋ ᠪᠦᠯᠦᠭᠯᠡᠯ ᠭᠤᠷᠪᠠᠨ ᠲᠠᠯ᠎ᠠ ᠪᠠᠷ ᠬᠦᠴᠦᠯᠡᠵᠤ ᠴᠠᠬᠢᠯᠭᠠᠨ ᠲᠤᠤᠷ ᠤ᠋ᠨ ᠪᠦᠲᠦᠴᠡ ᠶ᠋ᠢᠨ ᠪᠦᠲᠦᠭᠡᠨ ᠪᠠᠢᠭᠤᠯᠤᠯᠲᠠ ᠵᠢ ᠠᠬᠢᠭᠤᠯᠤᠨ᠎ᠠ
2026-05-08 09:43:52
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠦᠪᠦᠷ ᠮᠤᠨᠭᠭᠤᠯ ᠤ᠋ᠨ ᠴᠠᠬᠢᠯᠭᠠᠨ ᠬᠦᠴᠦᠨ ᠤ᠋ ᠪᠦᠯᠦᠭᠯᠡᠯ ᠡᠴᠡ ᠤᠢᠯᠠᠭᠠᠬᠰᠠᠨ ᠢ᠋ᠶ᠋ᠡᠷ᠂ ᠣᠢᠷ᠎ᠠ ᠶ᠋ᠢᠨ ᠵᠢᠯ ᠡᠴᠡ ᠨᠠᠭᠠᠰᠢ᠂ ᠲᠤᠰ ᠪᠦᠯᠦᠭ᠌ᠯᠡᠯ ᠤ᠋ᠨ ᠬᠢᠨ ᠪᠥᠬᠥ᠌ ᠤᠯᠤᠰ ᠲᠦ᠍ ᠲᠦᠷᠦᠬᠦᠯᠡᠨ 《ᠳᠥᠷᠪᠡᠨ ᠬᠥᠨᠳᠡᠯᠡᠨ ᠵᠢᠷᠭᠤᠭᠠᠨ ᠭᠤᠯᠳᠤ》 500 ᠺᠢᠯᠦᠸᠤᠯᠲ ᠤ᠋ᠨ ᠭᠤᠤᠯᠯᠠᠬᠤ ᠲᠤᠤᠷ ᠤ᠋ᠨ ᠪᠦᠲᠦᠴᠡ ᠵᠢ ᠪᠠᠢᠭᠤᠯᠵᠤ᠂ ᠱᠢᠨ᠎ᠡ ᠡᠨᠧᠷᠭᠢ ᠶ᠋ᠢᠨ ᠮᠠᠱᠢᠨ ᠴᠣᠭ᠍ᠴᠠᠯᠠᠪᠤᠷᠢ ᠶ᠋ᠢᠨ ᠬᠡᠪᠴᠢᠶ᠎ᠡ ᠵᠢ 9300 ᠲᠦᠮᠡᠨ ᠺᠢᠯᠦᠸᠠᠲ ᠡᠴᠡ ᠳᠠᠪᠠᠭᠤᠯᠵᠤ᠂ ᠱᠢᠨ᠎ᠡ ᠡᠨᠧᠷᠭᠢ ᠵᠢ ᠭᠠᠳᠠᠭ᠍ᠰᠢ ᠬᠦᠷᠭᠡᠬᠦ᠌ ᠬᠡᠪᠴᠢᠶ᠎ᠡ ᠵᠢ ᠪᠥᠬᠥ᠌ ᠤᠯᠤᠰ ᠤ᠋ᠨ 10 ᠮᠤᠵᠢ ᠬᠣᠲᠠ ᠳ᠋ᠤ ᠬᠦᠷᠲᠡᠯ᠎ᠡ ᠥᠷᠭᠡᠳᠭᠡᠪᠡ᠃ ᠳᠠᠷᠠᠭᠠᠴᠢ ᠪᠡᠷ ᠦᠪᠦᠷ ᠮᠤᠨᠭᠭᠤᠯ ᠤ᠋ᠨ ᠴᠠᠬᠢᠯᠭᠠᠨ ᠬᠦᠴᠦᠨ ᠤ᠋ ᠪᠦᠯᠦᠭᠯᠡᠯ ᠤ᠋ᠨ ᠬᠢᠨ 《ᠥᠪᠡᠷᠲᠡᠭᠡᠨ ᠵᠠᠰᠠᠬᠤ ᠣᠷᠣᠨ ᠤ᠋ ᠠᠵᠤ ᠠᠬᠤᠶ ᠨᠡᠢᠭᠡᠮ ᠤ᠋ᠨ ᠴᠢᠨᠠᠷ ᠰᠠᠢᠲᠠᠶ ᠬᠥᠭ᠌ᠵᠢᠯᠲᠡ᠎ᠳᠦ ᠦᠶ᠋ᠯᠡᠴᠢᠯᠡᠬᠦ᠌ ᠠᠷᠪᠠᠨ ᠵᠤᠷᠪᠤᠰ ᠠᠷᠭ᠎ᠠ ᠬᠡᠮᠵᠢᠶ᠎ᠡ》 ᠵᠢ ᠨᠠᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠭᠤᠤᠯᠳᠠᠭᠤ ᠭᠤᠷᠪᠠᠨ ᠲᠠᠯ᠎ᠠ ᠪᠠᠷ ᠬᠦᠴᠦᠯᠡᠵᠤ ᠴᠠᠬᠢᠯᠭᠠᠨ ᠲᠤᠤᠷ ᠤ᠋ᠨ ᠪᠦᠲᠦᠴᠡ ᠶ᠋ᠢᠨ ᠪᠦᠲᠦᠭᠡᠨ ᠪᠠᠢᠭᠤᠯᠤᠯᠲᠠ ᠵᠢ ᠠᠬᠢᠭᠤᠯᠬᠤ ᠪᠤᠯᠤᠨ᠎ᠠ᠃

ᠨᠢᠭᠡ ᠳ᠋ᠤ ᠣᠨᠴᠠ ᠥᠨᠳᠥᠷ ᠬᠦᠴᠦᠳᠡᠯᠲᠦ ᠬᠤᠪᠢᠰᠤᠮᠠᠯ ᠭᠥᠶᠥᠳᠡᠯᠳᠦ ᠴᠠᠬᠢᠯᠭᠠᠨ ᠤ᠋ ᠲᠤᠤᠷ ᠤ᠋ᠨ ᠪᠦᠲᠦᠴᠡ ᠵᠢ ᠲᠦᠷᠭᠡᠳᠭᠡᠨ ᠪᠠᠢᠭᠤᠯᠵᠤ᠂ 500 ᠺᠢᠯᠦᠸᠤᠯᠲ ᠤ᠋ᠨ ᠭᠤᠤᠯᠯᠠᠬᠤ ᠲᠤᠤᠷ ᠤ᠋ᠨ ᠪᠦᠲᠦᠴᠡ ᠵᠢ ᠦᠷᠭᠦᠯᠵᠢᠯᠡᠨ ᠲᠠᠰ ᠳᠡᠪᠱᠢᠭᠦᠯᠵᠦ᠍᠂ 《ᠵᠢᠷᠭᠤᠭᠠᠨ ᠬᠥᠨᠳᠡᠯᠡᠨ ᠲᠤᠯᠤᠭᠠᠨ ᠭᠤᠯᠳᠤ》 ᠶ᠋ᠢᠨ ᠭᠤᠤᠯ ᠲᠤᠤᠷ ᠢ᠋ ᠪᠠᠢᠭᠤᠯᠵᠤ᠂ ᠴᠠᠬᠢᠯᠭᠠᠨ ᠲᠤᠤᠷ ᠤ᠋ᠨ ᠱᠢᠨ᠎ᠡ ᠪᠡᠷ ᠨᠡᠮᠡᠭ᠌ᠳᠡᠬᠦ᠌ ᠳᠠᠭᠠᠭᠠᠴᠠ ᠶ᠋ᠢᠨ ᠴᠢᠳᠠᠪᠤᠷᠢ ᠵᠢ ᠪᠥᠬᠥ᠌ ᠲᠠᠯ᠎ᠠ ᠪᠡᠷ ᠴᠢᠩᠭᠠᠷᠠᠭᠤᠯᠤᠨ᠎ᠠ᠃ ᠬᠣᠶᠠᠷ ᠲᠦ᠍ 《ᠡᠯᠡᠰᠦᠨ ᠴᠦᠯ ᠭᠤᠪᠢ ᠴᠦᠯᠯᠡᠷᠬᠡᠭ ᠭᠠᠵᠠᠷ》 ᠤ᠋ᠨ ᠱᠢᠨ᠎ᠡ ᠡᠨᠧᠷᠭᠢ ᠶ᠋ᠢᠨ ᠰᠠᠭᠤᠷᠢᠨ ᠤ᠋ ᠲᠣᠭ᠍ᠲᠠᠮᠠᠯ ᠭᠥᠶᠥᠳᠡᠯᠳᠦ ᠭᠠᠳᠠᠭ᠍ᠰᠢ ᠬᠦᠷᠭᠡᠬᠦ᠌ ᠵᠠᠮ ᠤ᠋ᠨ ᠪᠥᠲᠥᠭᠡᠨ ᠪᠠᠢᠭᠤᠯᠤᠯᠲᠠ ᠵᠢ ᠲᠦᠷᠭᠡᠳᠭᠡᠨ ᠠᠬᠢᠭᠤᠯᠤᠨ᠎ᠠ᠃ ᠣᠳᠣᠬᠠᠨ ᠳ᠋ᠤ ᠨᠢᠭᠡᠨᠲᠡ 6 ᠵᠤᠷᠪᠤᠰ 《ᠡᠯᠡᠰᠦᠨ ᠴᠦᠯ ᠭᠤᠪᠢ ᠴᠦᠯᠯᠡᠷᠬᠡᠭ ᠭᠠᠵᠠᠷ》 ᠤ᠋ᠨ ᠱᠢᠨ᠎ᠡ ᠡᠨᠧᠷᠭᠢ ᠶ᠋ᠢᠨ ᠭᠠᠳᠠᠭ᠍ᠰᠢ ᠬᠦᠷᠭᠡᠬᠦ᠌ ᠱᠢᠭᠤᠳ ᠨᠡᠪᠲᠡᠷᠡᠯ ᠵᠠᠮ ᠢ᠋ ᠲᠥᠯᠥᠪᠵᠢᠭᠦᠯᠵᠦ᠂ ᠪᠦᠬᠦᠨ ᠢ᠋ ᠪᠠᠢᠭᠤᠯᠵᠤ ᠳᠠᠭᠤᠰᠤᠭ᠍ᠰᠠᠨ ᠤ᠋ ᠳᠠᠷᠠᠭ᠎ᠠ ᠦᠪᠦᠷ ᠮᠤᠨᠭᠭᠤᠯ ᠤ᠋ᠨ ᠪᠤᠬᠢᠷᠲᠤᠯ ᠦᠭᠡᠢ ᠴᠠᠬᠢᠯᠭᠠᠨ ᠢ᠋ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ᠋ ᠭᠤᠷᠪᠠᠯᠵᠢᠨ ᠬᠣᠢᠭ᠂ ᠵᠦᠵᠢᠶᠠᠩ ᠮᠥᠷᠡᠨ ᠤ᠋ ᠭᠤᠷᠪᠠᠯᠵᠢᠨ ᠬᠣᠢᠭ ᠲᠦ᠍ ᠱᠢᠭᠤᠳ ᠬᠦᠷᠭᠡᠬᠦ ᠪᠤᠯᠤᠨ᠎ᠠ᠃ ᠭᠤᠷᠪᠠ ᠳ᠋ᠤ ᠣᠷᠣᠨ ᠤ᠋ ᠳᠣᠲᠣᠷᠠᠬᠢ ᠥᠪᠡᠰᠦᠪᠡᠨ ᠬᠡᠷᠡᠭ᠌ᠯᠡᠬᠦ ᠡᠶᠡᠷᠬᠦ ᠰᠦᠬᠡᠷᠬᠦ 800 ᠺᠢᠯᠦᠸᠤᠯᠲ ᠤ᠋ᠨ ᠴᠡᠪᠡᠷ ᠱᠢᠨ᠎ᠡ ᠡᠨᠧᠷᠭᠢ ᠶ᠋ᠢᠨ ᠲᠣᠭ᠍ᠲᠠᠮᠠᠯ ᠭᠥᠶᠥᠳᠡᠯᠳᠦ ᠴᠠᠬᠢᠯᠭᠠᠨ ᠲᠤᠤᠷ ᠤ᠋ᠨ ᠵᠢᠱ᠌ᠢᠶ᠎ᠡ ᠦᠵᠡᠭᠦᠯᠬᠦ᠌ ᠢᠨᠵᠧᠨᠧᠷᠢᠩ ᠢ᠋ ᠪᠠᠢᠷᠢᠯᠠᠭᠤᠯᠵᠤ᠂ ᠠᠯᠠᠱᠠ ᠶ᠋ᠢᠨ ᠡᠯᠡᠰᠦᠨ ᠴᠥᠯ ᠳ᠋ᠡᠬᠢ ᠱᠢᠨ᠎ᠡ ᠡᠨᠧᠷᠭᠢ ᠵᠢ ᠬᠥᠬᠡᠬᠣᠲᠠ ᠪᠤᠭᠤᠲᠤ ᠤᠯᠠᠭᠠᠨᠴᠠᠪ ᠵᠡᠷᠭᠡ ᠴᠠᠬᠢᠯᠭᠠᠨ ᠡᠨ᠋ᠸᠷᠬᠢ ᠶ᠋ᠢᠨ ᠬᠡᠷᠡᠭᠯᠡᠭᠡ ᠦᠨᠳᠦᠷ ᠬᠡᠮᠵᠢᠶ᠎ᠡ ᠪᠡᠷ ᠲᠦᠪᠯᠡᠷᠡᠭᠰᠡᠨ ᠭᠠᠵᠠᠷ ᠤᠷᠤᠨ ᠳ᠋ᠤ ᠶᠡᠬᠡ ᠬᠡᠪᠴᠢᠶ᠎ᠡ ᠪᠡᠷ᠂ ᠠᠯᠤᠰ ᠡᠴᠡ ᠱᠢᠭᠤᠳ ᠬᠦᠷᠭᠡᠬᠦ᠌ ᠶ᠋ᠢᠨ ᠬᠠᠮᠲᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ ᠮᠡᠷᠭᠡᠵᠢᠯ ᠤ᠋ᠨ ᠱᠢᠰᠲ᠋ᠧᠮ ᠢ᠋ ᠪᠦᠷᠢᠯᠳᠦᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号