ᠵᠢᠯ ᠤ᠋ᠨ ᠡᠬᠢᠨ ᠡᠴᠡ ᠨᠠᠭᠠᠰᠢ᠂ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠬᠤᠶᠠᠳᠤᠭᠠᠷ ᠪᠠᠢᠴᠠᠭᠠᠯᠳᠠ ᠶ᠋ᠢᠨ ᠬᠤᠪᠢᠶᠠᠷᠢ ᠲᠤᠪᠴᠢᠶ᠎ᠠ ᠶ᠋ᠢᠨ ᠬᠢᠨ ᠬᠠᠷᠢᠶ᠎ᠠ ᠤᠷᠤᠨ ᠤ᠋ ᠪᠠᠨ ᠡᠮ ᠤ᠋ᠨ ᠵᠦᠢᠯᠡᠰ ᠢ᠋ ᠪᠦᠭᠡᠮ ᠶ᠋ᠢᠡᠷ ᠪᠤᠷᠤᠯᠠᠭᠤᠯᠬᠤ ᠵᠢᠴᠢ ᠵᠢᠵᠢᠭᠯᠡᠨ ᠪᠤᠷᠤᠯᠠᠭᠤᠯᠬᠤ ᠬᠡᠯᠬᠢᠶᠡᠳᠦ ᠡᠵᠡᠩᠨᠡᠯᠳᠡ ᠶ᠋ᠢᠨ ᠠᠵᠤ ᠠᠬᠤᠢᠯᠠᠯ ᠤ᠋ᠨ ᠶᠡᠷᠦᠩᠬᠡᠢ ᠭᠠᠵᠠᠷ ᠤ᠋ᠨ ᠮᠦᠷᠳᠡᠯᠳᠡ ᠶ᠋ᠢᠨ ᠰᠢᠰᠲᠧᠮ ᠤ᠋ᠨ ᠪᠠᠢᠭᠤᠯᠤᠯᠳᠠ ᠶ᠋ᠢ ᠡᠷᠴᠢᠮᠳᠠᠢ ᠠᠬᠢᠭᠤᠯᠵᠤ᠂ ᠡᠮ ᠤ᠋ᠨ ᠵᠦᠢᠯᠡᠰ ᠢ᠋ ᠬᠦᠮᠦᠷᠭᠡᠯᠡᠬᠦ ᠪᠠ ᠬᠦᠮᠦᠷᠭᠡ ᠡᠴᠡ ᠭᠠᠷᠭᠠᠬᠤ ᠦᠶᠡᠰ ᠤ᠋ᠨ ᠮᠦᠷᠳᠡᠯᠳᠡ ᠶ᠋ᠢ ᠪᠠᠳᠤᠯᠠᠬᠤ ᠨᠤᠷᠮ᠎ᠠ ᠶ᠋ᠢ 95% ᠡᠴᠡ ᠳᠡᠭᠡᠭᠰᠢ ᠳ᠋ᠤ ᠳᠤᠭᠳᠠᠪᠤᠷᠢᠵᠢᠭᠤᠯᠤᠨ᠂ ᠡᠮ ᠤ᠋ᠨ ᠵᠦᠢᠯᠡᠰ ᠤ᠋ᠨ ᠶᠠᠰᠤ ᠴᠢᠨᠠᠷ ᠤ᠋ᠨ ᠠᠮᠦᠷ ᠲᠦᠪᠰᠢᠨ ᠤ᠋ ᠪᠠᠳᠤᠯᠠᠭ᠎ᠠ ᠶ᠋ᠢ ᠲᠠᠰᠤᠷᠠᠯᠳᠠ ᠦᠭᠡᠢ ᠴᠢᠩᠭᠠᠳᠬᠠᠪᠠ᠃
ᠬᠦᠮᠦᠷᠭᠡᠯᠡᠬᠦ ᠪᠠ ᠬᠦᠮᠦᠷᠭᠡ ᠡᠴᠡ ᠭᠠᠷᠭᠠᠬᠤ ᠦᠶᠡᠰ ᠤ᠋ᠨ ᠮᠦᠷᠳᠡᠯᠳᠡ ᠶ᠋ᠢ ᠪᠠᠳᠤᠯᠠᠬᠤ ᠨᠤᠷᠮ᠎ᠠ ᠪᠤᠯ ᠡᠮ ᠤ᠋ᠨ ᠵᠦᠢᠯᠡᠰ ᠤ᠋ᠨ ᠮᠦᠷᠳᠡᠯᠳᠡ ᠶ᠋ᠢᠨ ᠰᠢᠰᠲ᠋ᠧᠮ ᠤ᠋ᠨ ᠪᠦᠲᠦᠮᠵᠢᠳᠠᠢ ᠤᠷᠴᠢᠯ ᠤ᠋ᠨ ᠭᠤᠤᠯᠯᠠᠬᠤ ᠭᠦᠢᠴᠡᠳᠭᠡᠯ ᠲᠤᠭ᠎ᠠ ᠪᠠᠢᠵᠤ᠂ ᠮᠦᠷᠳᠡᠯᠳᠡ ᠶ᠋ᠢᠨ ᠬᠡᠯᠬᠢᠶ᠎ᠠ ᠶ᠋ᠢᠨ ᠪᠦᠷᠢᠨ ᠪᠦᠲᠦᠨ ᠴᠢᠨᠠᠷ ᠪᠠ ᠨᠠᠢᠳᠠᠪᠤᠷᠢᠳᠤ ᠴᠢᠨᠠᠷ ᠲᠠᠢ ᠰᠢᠭᠤᠳ ᠬᠤᠯᠪᠤᠭᠳᠠᠨ᠎ᠠ᠃ ᠬᠤᠶᠠᠳᠤᠭᠠᠷ ᠪᠠᠢᠴᠠᠭᠠᠯᠳᠠ ᠶ᠋ᠢᠨ ᠬᠤᠪᠢᠶᠠᠷᠢ ᠲᠤᠪᠴᠢᠶ᠎ᠠ ᠶ᠋ᠢᠨ ᠬᠢᠨ ᠤᠯᠤᠰ ᠤ᠋ᠨ ᠪᠠ ᠦᠪᠡᠷᠳᠡᠭᠡᠨ ᠵᠠᠰᠠᠬᠤ ᠤᠷᠤᠨ ᠤ᠋ ᠬᠤᠯᠪᠤᠭᠳᠠᠯ ᠪᠦᠬᠦᠢ ᠲᠦᠷᠦ ᠶ᠋ᠢᠨ ᠪᠤᠳᠤᠯᠭ᠎ᠠ ᠶ᠋ᠢ ᠰᠠᠢᠳᠦᠷ ᠰᠤᠷᠤᠯᠴᠠᠭᠰᠠᠨ ᠰᠠᠭᠤᠷᠢᠨ ᠲᠠᠬᠡᠷ᠎ᠠ ᠮᠦᠷᠳᠡᠯᠳᠡ ᠶ᠋ᠢᠨ ᠰᠢᠰᠲ᠋ᠧᠮ ᠤ᠋ᠨ ᠪᠠᠢᠭᠤᠯᠤᠯᠳᠠ ᠶ᠋ᠢ ᠡᠳᠦᠷ ᠲᠤᠳᠤᠮ ᠤ᠋ᠨ ᠬᠢᠨᠠᠯᠳᠠ ᠬᠠᠮᠢᠶᠠᠷᠤᠯᠳᠠ ᠶ᠋ᠢᠨ ᠪᠠᠢᠴᠠᠭᠠᠯᠳᠠ ᠪᠠ ᠡᠮ ᠤ᠋ᠨ ᠵᠦᠢᠯᠡᠰ ᠤ᠋ᠨ ᠡᠵᠡᠩᠨᠡᠯᠳᠡ ᠶ᠋ᠢᠨ ᠶᠠᠰᠤ ᠴᠢᠨᠠᠷ ᠤ᠋ᠨ ᠬᠠᠮᠢᠶᠠᠷᠤᠯᠳᠠ ᠶ᠋ᠢᠨ ᠳᠦᠷᠢᠮᠵᠢᠯ (GSP) ᠤ᠋ᠨ ᠪᠠᠢᠴᠠᠭᠠᠯᠳᠠ ᠳ᠋ᠤ ᠤᠷᠤᠭᠤᠯᠵᠤ᠂ 《ᠨᠠᠷᠢᠨ ᠳᠠᠩᠰᠠ + ᠡᠬᠡ ᠳᠠᠩᠰᠠ》 ᠶ᠋ᠢᠨ ᠬᠡᠯᠪᠡᠷᠢ ᠶ᠋ᠢᠨ ᠬᠦᠳᠡᠯᠦᠩᠬᠦᠢ ᠬᠠᠮᠢᠶᠠᠷᠤᠯᠳᠠ ᠶ᠋ᠢᠨ ᠵᠠᠭᠪᠤᠷ ᠢ᠋ ᠬᠡᠷᠡᠭᠵᠢᠭᠦᠯᠦᠭᠰᠡᠨ ᠪᠠᠢᠨ᠎ᠠ᠃
ᠬᠤᠶᠠᠳᠤᠭᠠᠷ ᠪᠠᠢᠴᠠᠭᠠᠯᠳᠠ ᠶ᠋ᠢᠨ ᠬᠤᠪᠢᠶᠠᠷᠢ ᠲᠤᠪᠴᠢᠶ᠎ᠠ ᠨᠢ ᠠᠵᠤ ᠠᠬᠤᠢᠯᠠᠯ ᠤ᠋ᠨ ᠭᠤᠤᠯ ᠴᠤᠭᠴᠠ ᠶ᠋ᠢᠨ ᠬᠠᠷᠢᠭᠤᠴᠠᠯᠭ᠎ᠠ ᠶ᠋ᠢ ᠪᠤᠳᠠᠳᠠᠢᠵᠢᠭᠤᠯᠬᠤ ᠲᠠᠯ᠎ᠠ ᠪᠡᠷ᠂ ᠠᠵᠤ ᠠᠬᠤᠢᠯᠠᠯ ᠢ᠋ ᠵᠢᠯᠤᠭᠤᠳᠤᠨ ᠮᠦᠷᠳᠡᠯᠳᠡ ᠶ᠋ᠢ ᠪᠠᠳᠤᠯᠠᠬᠤ ᠨᠤᠷᠮ᠎ᠠ ᠶ᠋ᠢ ᠠᠵᠤ ᠠᠬᠤᠢᠯᠠᠯ ᠤ᠋ᠨ ᠲᠤᠳᠤᠭᠠᠳᠤ ᠶ᠋ᠢᠨ ᠠᠵᠢᠯ ᠤ᠋ᠨ ᠪᠦᠲᠦᠮᠵᠢ ᠶ᠋ᠢᠨ ᠬᠢᠨᠠᠨ ᠰᠢᠯᠭᠠᠯᠳᠠ ᠳ᠋ᠤ ᠤᠷᠤᠭᠤᠯᠤᠨ᠂ ᠺᠤᠳ᠋ ᠰᠢᠷᠪᠢᠬᠦ ᠶᠠᠪᠤᠴᠠ ᠶ᠋ᠢ ᠳᠦᠷᠢᠮᠵᠢᠭᠦᠯᠵᠦ᠂ ᠰᠢᠷᠪᠢᠯᠳᠡ ᠶ᠋ᠢᠨ ᠲᠦᠬᠦᠭᠡᠷᠦᠮᠵᠢ ᠶ᠋ᠢ ᠢᠵᠢ ᠪᠦᠷᠢᠳᠦᠭᠦᠯᠦᠨ᠂ 《ᠰᠢᠷᠪᠢᠬᠦ ᠶᠤᠰᠤᠳᠠᠢ ᠶ᠋ᠢ ᠨᠢ ᠴᠦᠮ ᠰᠢᠷᠪᠢᠬᠦ》 ᠶ᠋ᠢ ᠱᠠᠭᠠᠷᠳᠠᠪᠠ᠃ ᠲᠡᠭᠦᠨᠴᠢᠯᠡᠨ ᠠᠵᠤ ᠠᠬᠤᠢᠯᠠᠯ ᠢ᠋ ᠬᠠᠮᠢᠶ᠎ᠠ ᠪᠦᠬᠦᠢ ᠠᠵᠢᠯᠴᠢᠳ ᠲᠠᠭᠠᠨ ᠪᠤᠯᠪᠠᠰᠤᠷᠠᠯ ᠬᠦᠷᠳᠡᠭᠡᠵᠤ᠂ ᠦᠨᠳᠦᠰᠦᠨ ᠱᠠᠳᠤᠨ ᠤ᠋ ᠠᠵᠢᠯᠴᠢᠳ ᠤ᠋ᠨ ᠳᠦᠷᠢᠮᠵᠢᠭᠦᠨ ᠠᠵᠢᠯᠯᠠᠵᠤ᠂ ᠲᠤᠭ᠎ᠠ ᠪᠠᠷᠢᠮᠳᠠ ᠶ᠋ᠢ ᠴᠠᠭ ᠲᠤᠬᠠᠢ ᠳ᠋ᠤᠨᠢ ᠳᠡᠪᠰᠢᠭᠦᠯᠵᠦ ᠮᠡᠳᠡᠭᠦᠯᠬᠦ ᠶ᠋ᠢ ᠱᠠᠯᠠᠪᠳᠠᠭᠤᠯᠵᠠᠢ᠃ ᠤᠶᠤᠨᠴᠢ ᠬᠢᠨᠠᠯᠳᠠ ᠬᠠᠮᠢᠶᠠᠷᠤᠯᠳᠠ ᠶ᠋ᠢᠨ ᠲᠠᠯ᠎ᠠ ᠪᠡᠷ᠂ ᠮᠦᠷᠳᠡᠯᠳᠡ ᠶ᠋ᠢᠨ ᠲᠤᠭ᠎ᠠ ᠪᠠᠷᠢᠮᠳᠠ ᠶ᠋ᠢ ᠪᠦᠬᠦ ᠤᠯᠤᠰ ᠤ᠋ᠨ ᠡᠮ ᠤ᠋ᠨ ᠵᠦᠢᠯᠡᠰ ᠤ᠋ᠨ ᠤᠶᠤᠨᠴᠢ ᠬᠢᠨᠠᠯᠳᠠ ᠬᠠᠮᠢᠶᠠᠷᠤᠯᠳᠠ ᠶ᠋ᠢᠨ ᠰᠦᠯᠵᠢᠶ᠎ᠠ ᠳ᠋ᠤ ᠠᠭᠤᠰᠤᠯᠴᠠᠭᠤᠯᠵᠤ᠂ 《ᠬᠦᠨᠳᠡᠬᠦ ᠬᠡᠯᠪᠡᠷᠢ ᠶ᠋ᠢᠨ ᠬᠢᠨᠠᠯᠳᠠ ᠬᠠᠮᠢᠶᠠᠷᠤᠯᠳᠠ》 ᠶ᠋ᠢᠨ ᠴᠢᠳᠠᠮᠵᠢ ᠪᠡᠷ ᠡᠮ ᠤ᠋ᠨ ᠵᠦᠢᠯᠡᠰ ᠤ᠋ᠨ ᠬᠡᠪ ᠤ᠋ᠨ ᠪᠤᠰᠤ ᠭᠦᠢᠯᠭᠡᠭᠡ ᠪᠠ ᠳᠠᠬᠢᠨ ᠳᠠᠪᠳᠠᠨ ᠺᠤᠳ᠋ ᠰᠢᠷᠪᠢᠬᠦ ᠶ᠋ᠢ ᠠᠦ᠋ᠲ᠋ᠤ᠋ ᠪᠡᠷ ᠰᠡᠷᠡᠮᠵᠢᠯᠡᠭᠦᠯᠤᠨ᠂ ᠳᠠᠷᠤᠢ ᠳᠦᠷᠭᠡᠨ ᠬᠢᠨᠠᠨ ᠪᠠᠢᠴᠠᠭᠠᠵᠤ ᠰᠢᠢᠳᠪᠤᠷᠢᠯᠡᠬᠦ ᠶ᠋ᠢ ᠪᠡᠶᠡᠯᠡᠭᠦᠯᠪᠡ᠃ ᠡᠭᠦᠨ ᠳ᠋ᠤ ᠵᠢᠯ ᠤ᠋ᠨ ᠡᠬᠢᠨ ᠡᠴᠡ ᠨᠠᠭᠠᠰᠢ ᠨᠡᠢᠳᠡ 73 ᠵᠤᠷᠪᠤᠰ ᠰᠡᠷᠡᠮᠵᠢ ᠶ᠋ᠢᠨ ᠳᠤᠬᠢᠶ᠎ᠠ ᠶ᠋ᠢ ᠰᠢᠢᠳᠪᠤᠷᠢᠯᠡᠵᠦ᠂ ᠠᠶᠤᠯ ᠲᠦᠭᠰᠢᠭᠦᠷᠢ ᠶ᠋ᠢ ᠴᠠᠭ ᠲᠤᠬᠠᠢ ᠳ᠋ᠤᠨᠢ ᠠᠷᠢᠯᠭᠠᠵᠠᠢ᠃