ᠦᠪᠦᠷ ᠮᠤᠡᠭᠭᠤᠯ ᠨᠡᠷᠡᠲᠦ ᠤᠨᠴᠠᠯᠢᠭᠲᠦ ᠤᠬᠢ ᠪᠦᠳᠦᠬᠡᠭᠳᠡᠬᠦᠨ ᠶ᠋ᠢᠡᠨ ᠭᠤᠸᠠᠡᠭᠳᠦ᠋ᠡᠭ ᠳ᠋ᠦ ᠲᠠᠨᠢᠯᠴᠠᠭᠤᠯᠪᠠ
2026-05-08 10:01:54
ᠵᠣᠬᠢᠶᠠᠭ᠍ᠴᠢ᠄
​ ᠼᠠᠢ ᠬᠤᠡᠭ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠮᠠᠨ ᠤ᠋ ᠤᠷᠤᠨ ᠤᠷᠤᠨ ᠪᠠᠢᠷᠢ ᠶ᠋ᠢᠨ ᠳᠠᠪᠠᠭᠤᠯᠢᠭ ᠪᠠ ᠮᠠᠯ ᠠᠵᠤ ᠠᠬᠤᠢ ᠲᠠᠷᠢᠶᠠᠯᠠᠡᠭ ᠤ᠋ᠨ ᠠᠵᠤ ᠦᠢᠯᠡᠰ ᠤ᠋ᠨ ᠤᠨᠴᠠᠯᠢᠭ ᠶ᠋ᠢᠡᠨ ᠭᠦᠢᠴᠡᠳ ᠪᠠᠳᠠᠷᠠᠭᠤᠯᠤᠨ᠂ ᠨᠡᠡᠭ ᠤᠯᠠᠨ ᠴᠢᠨᠠᠷ ᠰᠠᠢᠲᠠᠢ ᠪᠤᠬᠢᠷᠳᠤᠯ ᠦᠭᠡᠢ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠶ᠋ᠢᠡᠨ ᠤᠯᠠᠨ ᠤᠯᠤᠰ ᠤ᠋ᠨ ᠵᠠᠬ᠎ᠠ ᠳᠡᠯᠭᠡᠭᠦᠷ ᠲᠦ᠍ ᠭᠠᠷᠭᠠᠬᠤ ᠶ᠋ᠢᠨ ᠲᠦᠯᠦᠭᠡ ᠲᠦᠷᠦᠭᠦᠬᠡᠨ ᠭᠤᠸᠠᠡᠭᠳᠦ᠋ᠡᠭ ᠬᠤᠳᠠ ᠳ᠋ᠦ ᠶᠠᠪᠤᠭᠳᠠᠭᠰᠠᠨ ᠵᠠᠭᠤ ᠭᠤᠴᠢ ᠶᠢᠰᠦᠳᠦᠭᠡᠷ ᠬᠤᠭᠤᠴᠠᠭᠠᠨ ᠤ᠋ ᠳᠤᠮᠳᠠᠳᠤ ᠤᠯᠤᠰ ᠤ᠋ᠨ ᠭᠠᠳᠠᠭᠠᠳᠤ ᠡᠴᠡ ᠤᠷᠤᠭᠤᠯᠵᠤ ᠭᠠᠳᠠᠭᠠᠳᠤ ᠳ᠋ᠦ ᠭᠠᠷᠭᠠᠬᠤ ᠪᠠᠷᠠᠭ᠎ᠠ ᠲᠠᠸᠠᠷ ᠤ᠋ᠨ ᠠᠷᠠᠯᠵᠢᠶᠠᠨ ᠤ᠋ ᠴᠤᠭᠯᠠᠭᠠᠨ ᠤ᠋ ᠬᠤᠭᠤᠴᠠᠭᠠᠨ ᠳ᠋ᠦ ᠦᠪᠦᠷ ᠮᠤᠡᠭᠭᠤᠯ ᠤ᠋ᠨ ᠨᠡᠷᠡᠲᠦ ᠤᠨᠴᠠᠯᠢᠭᠲᠦ ᠤᠬᠢ ᠪᠦᠳᠦᠬᠡᠭᠳᠡᠬᠦᠨ ᠤ᠋ ᠤᠯᠠᠨ ᠤᠯᠤᠰ ᠤ᠋ᠨ ᠠᠷᠠᠯᠵᠢᠶᠠᠨ ᠤ᠋ ᠲᠠᠨᠢᠯᠴᠠᠭᠤᠯᠭ᠎ᠠ ᠶ᠋ᠢᠨ ᠬᠤᠷᠠᠯ ᠢ᠋ ᠡᠷᠬᠢᠯᠡᠨ ᠶᠠᠪᠤᠭᠳᠠᠭᠤᠯᠪᠠ᠃

ᠲᠣᠰ ᠬᠤᠭᠤᠴᠠᠭᠠᠨ ᠤ᠋ ᠲᠠᠨᠢᠯᠴᠠᠭᠤᠯᠭ᠎ᠠ ᠶ᠋ᠢᠨ ᠬᠤᠷᠠᠯ ᠳ᠋ᠤ ᠤᠯᠤᠰ ᠤ᠋ᠨ ᠲᠤᠳᠤᠨ᠎ᠠ ᠭᠠᠳᠠᠨᠠᠬᠢ ᠬᠤᠳᠠᠯᠳᠤᠨ ᠠᠪᠬᠤ ᠬᠤᠳᠠᠯᠳᠤᠭᠠᠴᠢᠨ ᠬᠢᠭᠡᠳ ᠠᠵᠤ ᠠᠬᠤᠢᠯᠠᠯ ᠤ᠋ᠨ ᠲᠥᠯᠥᠭᠡᠯᠡᠭ᠌ᠴᠢ ᠤᠷᠤᠯᠴᠠᠵᠤ᠂ ᠮᠠᠨ ᠤ᠋ ᠤᠷᠤᠨ ᠲᠠᠯ᠎ᠠ ᠨᠤᠲᠤᠭ ᠤ᠋ᠨ ᠦᠬᠡᠷ ᠬᠣᠨᠢᠨ ᠮᠢᠬ᠎ᠠ᠂ ᠪᠣᠬᠢᠷᠲᠤᠯ ᠥᠬᠡᠶ ᠠᠮᠤ ᠲᠣᠰᠣ᠂ ᠴᠠᠭᠠᠨ ᠢᠳᠡᠭᠡᠨ᠂ ᠳᠡᠭᠡᠳᠦ ᠲᠠᠰ ᠤ᠋ᠨ ᠢᠮᠠᠭᠠᠨ ᠨᠤᠤᠯᠤᠭᠤᠷ᠂ ᠤᠨᠴᠠᠯᠢᠭ᠍ᠳᠤ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠵᠡᠷᠭᠡ ᠳᠠᠪᠠᠭᠤᠯᠢᠭᠲᠦ ᠪᠦᠲᠦᠭᠡᠭ᠌ᠳᠡᠬᠦᠨ ᠶ᠋ᠢᠡᠨ ᠲᠥᠪᠯᠡᠷᠡᠭᠦᠯᠦᠨ ᠳᠡᠯᠭᠡᠨ ᠦᠵᠡᠭᠦᠯᠵᠦ᠍᠂ ᠥᠪᠥᠷ ᠮᠣᠩᠭᠣᠯ ᠤ᠋ᠨ《ᠠᠮᠤ ᠶ᠋ᠢᠨ ᠰᠠᠡᠭ᠂ ᠮᠢᠬᠠᠨ ᠤ᠋ ᠬᠥᠮᠥᠷᠭᠡ᠂ ᠰᠦ ᠶ᠋ᠢᠨ ᠬᠦᠨᠦᠭ᠂ ᠨᠤᠤᠯᠤᠭᠤᠷ ᠤ᠋ᠨ ᠬᠣᠲᠠ》 ᠶ᠋ᠢᠨ ᠠᠵᠤ ᠦᠶ᠋ᠯᠡᠰ ᠤ᠋ᠨ ᠪᠣᠳᠠᠲᠤ ᠬᠦᠴᠦᠨ ᠪᠠ ᠲᠥᠷᠥᠯ ᠲᠡᠮᠳᠡᠭ᠌ ᠤ᠋ᠨ ᠨᠥᠯᠥᠭᠡᠯᠡᠬᠦ᠌ ᠬᠦᠴᠦᠨ ᠶ᠋ᠢᠡᠨ ᠪᠥᠬᠥ᠌ ᠲᠠᠯ᠎ᠠ ᠪᠠᠷ ᠢᠯᠡᠷᠡᠭᠦᠯᠪᠡ᠃ ᠲᠠᠨᠢᠯᠴᠠᠭᠤᠯᠭ᠎ᠠ ᠶ᠋ᠢᠨ ᠬᠤᠷᠠᠯ ᠳ᠋ᠦ ᠢᠯᠢ᠂ ᠮᠸᠩ ᠨᠢᠦ᠂ ᠤᠷᠳᠤᠰ᠂ ᠬᠥᠯᠥᠨ ᠪᠤᠢ᠌ᠷ ᠤ᠋ᠨ ᠮᠢᠬᠠᠨ ᠤ᠋ ᠦᠢᠯᠡᠰ ᠵᠡᠷᠭᠡ 7 ᠭᠣᠣᠯᠳᠠᠯᠭ᠎ᠠ ᠲᠠᠶ ᠠᠵᠤ ᠠᠬᠤᠢᠯᠠᠯ ᠲᠤᠰᠭᠠᠢ ᠰᠡᠳᠦᠪᠲᠦ ᠲᠠᠨᠢᠯᠴᠠᠭᠤᠯᠭ᠎ᠠ ᠬᠢᠵᠦ᠍᠂ 177 ᠠᠵᠤ ᠠᠬᠤᠢᠯᠠᠯ ᠤᠯᠤᠰ ᠤ᠋ᠨ ᠳᠣᠲᠣᠨ᠎ᠠ ᠭᠠᠳᠠᠨᠠᠬᠢ ᠬᠤᠳᠠᠯᠳᠤᠨ ᠠᠪᠬᠤ ᠬᠤᠳᠠᠯᠳᠤᠭᠠᠴᠢᠨ ᠲᠠᠶ ᠵᠤᠯᠭᠠᠯᠴᠠᠭ᠎ᠠ ᠦᠷᠨᠢᠭᠦᠯᠵᠦ᠂ ᠥᠪᠥᠷ ᠮᠣᠩᠭᠣᠯ ᠤ᠋ᠨ ᠵᠢᠶᠦ᠋ᠨ ᠨᠢᠦ ᠲᠠᠷᠢᠶᠠᠯᠠᠩ ᠮᠠᠯ ᠠᠵᠤ ᠠᠬᠤᠢ ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ᠂ ᠥᠪᠥᠷ ᠮᠣᠩᠭᠣᠯ ᠤ᠋ᠨ ᠮᠢᠬᠠᠨ ᠤ᠋ ᠦᠬᠡᠷ ᠮᠠᠯ ᠠᠵᠤ ᠠᠬᠤᠢ ᠶ᠋ᠢᠨ ᠠᠵᠤ ᠦᠢᠯᠡᠰ ᠤ᠋ᠨ ᠪᠦᠯᠦᠭ᠌ᠯᠡᠯ᠂ ᠥᠪᠥᠷ ᠮᠣᠩᠭᠣᠯ ᠤ᠋ᠨ ᠵᠢᠩ ᠰᠢ ᠲᠠᠷᠢᠶᠠᠯᠠᠩ ᠮᠠᠯ ᠠᠵᠤ ᠠᠬᠤᠢ ᠵᠢᠨ ᠺᠤᠮᠫᠠᠨᠢ ᠵᠡᠷᠭᠡ 5 ᠠᠵᠤ ᠠᠬᠤᠢᠯᠠᠯ ᠲᠤᠬᠠᠢ ᠶ᠋ᠢᠨ ᠲᠠᠯᠠᠪᠠᠢ ᠳ᠋ᠤ ᠭᠡᠷ᠎ᠡ ᠲᠣᠭ᠍ᠲᠠᠪᠠ᠃

ᠲᠣᠰ ᠬᠤᠭᠤᠴᠠᠭᠠᠨ ᠤ᠋ ᠲᠠᠨᠢᠯᠴᠠᠭᠤᠯᠭ᠎ᠠ ᠶ᠋ᠢᠨ ᠬᠤᠷᠠᠯ ᠪᠤᠯ ᠦᠪᠤᠷ ᠮᠤᠩᠭᠤᠯ ᠤ᠋ᠨ ᠤᠨᠴᠠᠯᠢᠭᠲᠦ ᠮᠠᠯ ᠠᠵᠤ ᠠᠬᠤᠶ᠎ᠲᠠᠷᠢᠶᠠᠯᠠᠡᠭ ᠤ᠋ᠨ ᠠᠵᠤ ᠦᠶ᠋ᠯᠡᠰ ᠤ᠋ᠨ ᠦᠷ᠎ᠡ ᠪᠦᠲᠦᠭᠡᠯ ᠤ᠋ᠨ ᠲᠥᠪᠯᠡᠷᠡᠩᠭᠦᠶ ᠦᠵᠡᠭᠦᠯᠭᠡ ᠪᠣᠯᠬᠤ ᠪᠥᠭᠡᠳ ᠪᠠᠰᠠ ᠴᠤ᠌ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠠᠷᠠᠯᠵᠢᠶ᠎ᠠ ᠶ᠋ᠢ ᠨᠢᠭᠡ ᠴᠣᠭ᠍ᠴᠠᠵᠢᠭᠤᠯᠬᠤ᠂ ᠣᠯᠠᠨ ᠤᠯᠤᠰ ᠤ᠋ᠨ ᠵᠠᠬ᠎ᠠ ᠳᠡᠯᠭᠡᠭᠦᠷ ᠢ᠋ ᠥᠷᠭᠡᠳᠭᠡᠬᠦ᠌ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠣᠢᠷ᠎ᠠ ᠶ᠋ᠢᠨ ᠵᠢᠯ ᠳ᠋ᠤ ᠮᠠᠨ ᠤ᠋ ᠣᠷᠣᠨ ᠡᠬᠢ ᠪᠠᠶᠠᠯᠢᠭ ᠤ᠋ᠨ ᠳᠠᠪᠠᠭᠤᠯᠢᠭ ᠲᠠᠭᠠᠨ ᠰᠠᠭᠤᠷᠢᠯᠠᠨ ᠮᠠᠯ ᠠᠵᠤ ᠠᠬᠤᠶ ᠲᠠᠷᠢᠶᠠᠯᠠᠩ ᠤ᠋ᠨ ᠣᠨᠴᠠᠯᠢᠭ᠍ᠲᠤ ᠠᠵᠤ ᠦᠶ᠋ᠯᠡᠰ ᠢ᠋ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍᠂ ᠨᠠᠷᠠᠲᠤ ᠤᠨᠴᠠᠯᠢᠭᠲᠦ ᠤᠬᠢ ᠪᠦᠲᠦᠭᠡᠭ᠌ᠳᠡᠬᠦᠨ ᠤ᠋ ᠲᠥᠷᠥᠯ ᠲᠡᠮᠳᠡᠭ᠌ ᠢ᠋ ᠶᠡᠬᠡ ᠪᠡᠷ ᠪᠣᠢᠵᠢᠭᠤᠯᠤᠨ᠂ ᠦᠶ᠋ᠯᠡᠳᠪᠦᠷᠢᠯᠡᠯ ᠪᠣᠷᠣᠯᠠᠭᠤᠯᠭ᠎ᠠ ᠶ᠋ᠢ ᠵᠣᠯᠭᠠᠭᠤᠯᠬᠤ ᠪᠠ ᠣᠯᠠᠨ ᠤᠯᠤᠰ ᠤ᠋ᠨ ᠠᠷᠠᠯᠵᠢᠶᠠᠨ ᠤ᠋ ᠠᠷᠭ᠎ᠠ ᠵᠠᠮ ᠢ᠋ ᠰᠠᠭᠠᠳ ᠥᠬᠡᠶ ᠨᠡᠪᠲᠡᠷᠡᠭᠦᠯᠵᠦ᠍᠂ ᠴᠢᠨᠠᠷ ᠰᠠᠢᠲᠠᠢ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭ᠌ᠳᠡᠬᠦᠨ ᠤ᠋ ᠪᠠᠨ ᠤᠯᠠᠨ ᠤᠯᠤᠰ ᠤ᠋ᠨ ᠵᠠᠬ᠎ᠠ ᠳᠡᠯᠭᠡᠭᠦᠷ ᠲᠡᠬᠢ ᠨᠡᠷ᠎ᠡ ᠨᠦᠯᠦᠭᠡ ᠪᠠ ᠥᠷᠢᠰᠥᠯᠳᠦᠬᠦ᠌ ᠬᠦᠴᠦᠨ ᠢ᠋ ᠪᠦᠲᠦᠮᠵᠢᠲᠡᠶ ᠳᠡᠭᠡᠭ᠌ᠰᠢᠯᠡᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号