ᠲᠦᠷᠦᠬᠦᠦ ᠤᠯᠠᠷᠢᠯ ᠎ᠳᠤ ᠦᠪᠤᠷ ᠮᠤᠨᠭᠭᠤᠯ ᠎ᠤᠨ ᠴᠢᠬᠤᠯᠠ ᠶᠡᠬᠡ ᠲᠦᠷᠦᠯ ᠵᠦᠢᠯ ᠎ᠤᠨ ᠠᠵᠢᠯ ᠵᠢᠨᠨ ᠡᠬᠢᠯᠡᠬᠦᠯᠵᠦ ᠠᠵᠢᠯ ᠵᠢᠨᠨ ᠰᠡᠷᠬᠦᠬᠡᠭᠰᠡᠨ ᠨᠤᠷᠮ᠎ᠠ 80%᠎ᠳᠤ ᠬᠦᠷᠪᠡ
2026-05-08 10:02:48
ᠵᠣᠬᠢᠶᠠᠭ᠍ᠴᠢ᠄
​ ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ᠎ᠤᠨ ᠡᠯ᠎ᠡ ᠭᠠᠵᠠᠷ᠎ᠤᠨ᠎ᠬᠢᠨ ᠲᠥᠷᠥᠯ ᠵᠦᠶ᠋ᠯ᠎ᠦᠨ ᠠᠵᠢᠯ᠎ᠢᠶᠠᠨ ᠡᠬᠢᠯᠡᠭᠦᠯᠵᠦ᠍ ᠠᠵᠢᠯ᠎ᠢᠶᠡᠨ ᠰᠡᠷᠭᠦᠭᠡᠬᠦ᠌᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ 3 ᠰᠠᠷ᠎ᠠ᠎ᠶ᠋ᠢᠨ ᠰᠡᠭᠦᠯᠴᠢ ᠪᠣᠯᠲᠠᠯ᠎ᠠ᠂ 2946 ᠲᠥᠷᠥᠯ ᠵᠦᠶ᠋ᠯ ᠠᠵᠢᠯ᠎ᠢᠶᠠᠨ ᠡᠬᠢᠯᠡᠭᠦᠯᠵᠦ᠍ ᠠᠵᠢᠯ᠎ᠢᠶᠠᠨ ᠰᠡᠷᠭᠦᠭᠡᠨ᠂ ᠠᠵᠢᠯ᠎ᠢᠶᠠᠨ ᠡᠬᠢᠯᠡᠭᠦᠯᠵᠦ᠍ ᠠᠵᠢᠯ᠎ᠢᠶᠡᠨ ᠰᠡᠷᠭᠦᠭᠡᠭ᠌ᠰᠡᠨ ᠨᠣᠷᠮ᠎ᠠ 80% ᠎ᠳ᠋ᠤ ᠬᠦᠷᠴᠡᠶ᠃ ᠡᠭᠦᠨ᠎ᠳᠦ᠂ 1695 ᠲᠦᠷᠦᠯ ᠵᠦᠢᠯ ᠠᠵᠢᠯ᠎ᠢᠶᠡᠨ ᠰᠡᠷᠭᠦᠭᠡᠵᠦ᠍᠂ ᠠᠵᠢᠯ᠎ᠢᠶᠡᠨ ᠰᠡᠷᠭᠦᠭᠡᠭ᠌ᠰᠡᠨ ᠨᠣᠷᠮ᠎ᠠ 98% ᠎ᠳ᠋ᠤ ᠬᠦᠷᠴᠦ᠍᠂ 1251 ᠲᠦᠷᠦᠯ ᠵᠦᠢᠯ ᠠᠵᠢᠯ᠎ᠢᠶᠡᠨ ᠡᠬᠢᠯᠡᠭᠦᠯᠵᠦ᠍᠂ ᠠᠵᠢᠯ᠎ᠢᠶᠡᠨ ᠡᠬᠢᠯᠡᠭᠦᠯᠦᠭ᠌ᠰᠡᠨ ᠨᠣᠷᠮ᠎ᠠ 64% ᠎ᠳ᠋ᠤ ᠬᠥᠷᠴᠠᠢ᠃ ᠱᠢᠨ᠎ᠡ᠎ᠪᠡᠷ ᠪᠠᠢᠭᠤᠯᠬᠤ ᠲᠦᠷᠦᠯ ᠵᠦᠢᠯ ᠡᠴᠡ 1616 ᠲᠦᠷᠦᠯ ᠵᠦᠢᠯ ᠨᠢ ᠭᠠᠷ ᠭᠦᠢᠴᠡᠳᠭᠡᠯ᠎ᠢᠶᠡᠨ ᠭᠦᠢᠴᠡᠳᠭᠡᠵᠦ᠍᠂ ᠥᠩᠭᠡᠷᠡᠭ᠌ᠰᠡᠨ ᠵᠢᠯ᠎ᠦᠳ᠎ᠦᠨ ᠠᠳᠠᠯᠢ ᠬᠤᠭᠤᠴᠠᠭᠠᠨ᠎ᠤ ᠬᠠᠮᠤᠭ᠎ᠤᠨ ᠰᠠᠢ᠌ᠨ ᠲᠦᠪᠱᠢᠨ᠎ᠳᠦ ᠬᠦᠷᠴᠡᠢ᠃

ᠡᠨᠡ ᠵᠢᠯ ᠦᠪᠦᠷ ᠮᠤᠡᠭᠭᠤᠯ 3668 ᠴᠢᠬᠤᠯᠠ ᠶᠡᠬᠡ ᠲᠦᠷᠦᠯ ᠵᠦᠢᠯ᠎ᠢ ᠬᠡᠷᠡᠭ᠌ᠵᠢᠭᠦᠯᠬᠦ᠌᠎ᠪᠡᠷ ᠲᠥᠯᠥᠪᠯᠡᠵᠦ᠍᠂ ᠶᠡᠷᠦᠩᠬᠡᠢ ᠪᠡᠯᠡ ᠣᠷᠣᠭᠤᠯᠤᠯᠲᠠ ᠨᠢ 3.7 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ ᠵᠢᠯ᠎ᠳᠦ 1.8 ᠲᠦᠮᠡᠨ ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠬᠤ᠎ᠪᠠᠷ ᠲᠥᠯᠥᠪᠯᠡᠵᠦ᠍ ᠪᠤᠢ᠃ ᠡᠨᠡ ᠵᠢᠯ᠎ᠡᠴᠡ ᠨᠠᠭᠠᠰᠢ᠂ ᠥᠪᠥᠷ ᠮᠣᠩᠭᠣᠯ᠎ᠤᠨ ᠡᠯ᠎ᠡ ᠭᠠᠵᠠᠷ᠎ᠤᠨ᠎ᠬᠢᠨ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠬᠤᠷᠳᠤᠴᠠ ᠪᠠᠨ ᠲᠦᠷᠭᠡᠳᠭᠡᠨ ᠦᠷ᠎ᠡ ᠠᠱᠢᠭ᠎ᠢᠶᠡᠨ ᠨᠡᠮᠡᠭ᠌ᠳᠡᠭᠦᠯᠬᠦ᠌᠎ᠶ᠋ᠢ ᠠᠬᠢᠭᠤᠯᠵᠠᠢ᠃ ᠪᠥᠬᠥ᠌ ᠣᠷᠣᠨ᠎ᠤ ᠡᠯ᠎ᠡ ᠭᠠᠵᠠᠷ᠎ᠤᠨ᠎ᠬᠢᠨ ᠱᠢᠨ᠎ᠡ ᠡᠨᠧᠷᠭᠢ᠂ ᠲᠣᠨᠣᠭ᠍ᠯᠠᠯ ᠦᠶ᠋ᠯᠡᠳᠬᠦ᠌᠂ ᠵᠠᠮ ᠬᠠᠷᠢᠯᠴᠠᠭ᠎ᠠ ᠤᠰᠤᠨ ᠠᠱᠢᠭ᠍ᠯᠠᠯᠲᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠴᠢᠬᠤᠯᠠ ᠶᠡᠬᠡ ᠲᠥᠷᠥᠯ ᠵᠦᠶ᠋ᠯ᠎ᠢ ᠡᠬᠢᠯᠡᠬᠦᠯᠬᠦ ᠴᠢᠬᠤᠯᠠᠲᠠᠶ᠎ᠶ᠋ᠢ᠎ᠨᠢ ᠪᠦᠬᠦᠨ᠎ᠢ ᠡᠬᠢᠯᠡᠭᠦᠯᠵᠦ᠍᠂ ᠲᠦᠷᠭᠡᠳᠭᠡᠨ ᠪᠦᠲᠦᠭᠡᠨ ᠪᠠᠢᠭᠤᠯᠵᠦ ᠲᠡᠢᠯᠬᠦ ᠵᠢ ᠨᠢ ᠲᠦᠷᠭᠡᠳᠭᠡᠨ ᠪᠦᠲᠦᠭᠡᠨ ᠪᠠᠢᠭᠤᠯᠬᠤ᠎ᠶ᠋ᠢ ᠦᠨᠡᠨ ᠬᠦ᠌ ᠪᠠᠲᠤᠯᠠᠵᠠᠢ᠃

《ᠪᠥᠬᠥ᠌ ᠣᠷᠣᠨ᠎ᠤ ᠳᠡᠭᠡᠳᠦ ᠳᠤᠤᠷᠠᠳᠤ ᠱᠠᠲᠤ᠎ᠪᠠᠷ᠎ᠢᠶᠠᠨ ᠬᠦᠴᠦᠨ ᠵᠤᠢᠯ᠎ᠦᠨ ᠪᠠᠲᠤᠯᠠᠭ᠎ᠠ ᠬᠢᠭᠡᠳ ᠬᠠᠮᠵᠢᠯᠴᠠᠭ᠎ᠠ ᠦᠶ᠋ᠯᠡᠴᠢᠯᠡᠭᠡ᠎ᠶ᠋ᠢ ᠴᠢᠩᠭᠠᠳᠭᠠᠵᠤ᠂ ᠬᠠᠮᠲᠤᠷᠠᠨ ᠬᠢᠨᠠᠵᠦ ᠬᠠᠮᠲᠤᠷᠠᠨ ᠵᠥᠪᠱᠢᠶᠡᠷᠡᠬᠦ᠌᠂ ᠳᠤᠲᠠᠭᠤᠳᠠᠯ᠎ᠢ ᠨᠢ ᠪᠠᠭ᠍ᠲᠠᠭᠠᠵᠤ ᠭᠥᠯᠢᠶᠡᠨ ᠠᠪᠴᠤ᠌ ᠱᠢᠶ᠋ᠳᠪᠦᠷᠢᠯᠡᠬᠦ᠌ ᠵᠡᠷᠭᠡ ᠲᠣᠭ᠍ᠲᠠᠴᠠ᠎ᠪᠠᠷ ᠳᠠᠮᠵᠢᠭᠤᠯᠤᠨ ᠡᠮᠦᠨᠡᠬᠢ ᠬᠤᠭᠤᠴᠠᠭᠠᠨ᠎ᠤ ᠠᠵᠢᠯ᠎ᠢᠶᠠᠨ ᠲᠦᠷᠭᠡᠳᠭᠡᠵᠦ᠍᠂ ᠪᠠᠯᠠ ᠮᠥᠩᠭᠥ᠌᠂ ᠭᠠᠵᠠᠷ ᠬᠡᠷᠡᠭ᠌ᠯᠡᠬᠦ᠌᠂ ᠡᠨᠧᠷᠭᠢ ᠬᠡᠷᠡᠭ᠌ᠯᠡᠬᠦ᠌ ᠵᠡᠷᠭᠡ ᠪᠠᠲᠤᠯᠠᠭ᠎ᠠ ᠬᠦᠴᠦᠲᠡᠶ ᠪᠣᠯᠵᠠᠢ᠃  ᠣᠳᠣᠬᠠᠨ᠎ᠳᠤ᠂ ᠪᠢᠳᠡ ᠶᠠᠭ ᠡᠯ᠎ᠡ ᠱᠠᠲᠤᠨ᠎ᠤ ᠬᠠᠮᠲᠤᠷᠠᠨ ᠬᠢᠨᠠᠵᠤ ᠬᠠᠮᠲᠤᠷᠠᠨ ᠵᠥᠪᠱᠢᠶᠡᠷᠡᠬᠦ᠌ ᠠᠵᠢᠯ᠎ᠤᠨ ᠳᠤᠭᠤᠢᠯᠠᠩ᠎ᠤᠨ ᠳᠤᠤᠷ᠎ᠠ ᠬᠠᠭᠠᠰ ᠵᠢᠯ᠎ᠳᠦ ᠠᠵᠢᠯ᠎ᠢᠶᠡᠨ ᠡᠬᠢᠯᠡᠭᠦᠯᠬᠦ᠌ ᠲᠦᠷᠦᠯ ᠵᠦᠢᠯ᠎ᠢ ᠬᠢᠨᠠᠨ ᠵᠥᠪᠱᠢᠶᠡᠷᠡᠬᠦ᠌ ᠡᠬᠡ ᠲᠠᠩᠰᠠ᠎ᠪᠠᠨ ᠲᠡᠭᠦᠯᠳᠡᠷᠵᠢᠭᠦᠯᠬᠦ᠌᠎ᠶ᠋ᠢ ᠠᠬᠢᠭᠤᠯᠵᠤ᠂ ᠡᠯ᠎ᠡ ᠵᠦᠶ᠋ᠯ᠎ᠦᠨ ᠭᠠᠷ ᠭᠦᠶ᠋ᠴᠡᠳᠭᠡᠯ᠎ᠢ ᠡᠷᠲᠡᠬᠡᠨ ᠭᠦᠶ᠋ᠴᠡᠳᠭᠡᠬᠦ᠌᠎ᠶ᠋ᠢ ᠠᠬᠢᠭᠤᠯᠵᠤ ᠪᠠᠢᠨ᠎ᠠ᠃ ᠡᠭᠦᠨ᠎ᠦ ᠬᠠᠮᠲᠤ᠂ 〈ᠨᠢᠭᠡ ᠲᠥᠷᠥᠯ ᠵᠦᠶ᠋ᠯ ᠳ᠋ᠦ ᠨᠢᠭᠡ ᠲᠥᠷᠥ᠎ᠶ᠋ᠢᠨ ᠪᠣᠳᠣᠯᠭ᠎ᠠ〉 ᠪᠡᠷ ᠠᠵᠢᠯ᠎ᠢᠶᠠᠨ ᠡᠬᠢᠯᠡᠭᠦᠯᠵᠦ᠍ ᠠᠵᠢᠯ᠎ᠢᠶᠡᠨ ᠰᠡᠷᠭᠦᠭᠡᠬᠦ᠌ ᠲᠥᠯᠥᠪᠯᠡᠭᠡ᠎ᠶ᠋ᠢ ᠦᠷᠭᠦᠯᠵᠢᠯᠡᠨ ᠡᠮᠬᠢᠯᠡᠵᠦ᠍᠂ ᠴᠢᠬᠤᠯᠠ ᠶᠡᠬᠡ ᠲᠥᠷᠥᠯ ᠵᠦᠶ᠋ᠯ᠎ᠦᠨ ᠠᠵᠢᠯ᠎ᠢᠶᠠᠨ ᠡᠬᠢᠯᠡᠭᠦᠯᠬᠦ᠌᠎ᠶ᠋ᠢ ᠵᠣᠬᠢᠶᠠᠨ ᠪᠠᠢᠭᠤᠯᠵᠤ ᠪᠠᠲᠤᠯᠠᠬᠤ ᠠᠵᠢᠯ᠎ᠢ ᠰᠠᠢᠲᠤᠷ ᠬᠢᠵᠦ᠍᠂ ᠨᠠᠩ ᠣᠯᠠᠨ ᠲᠥᠷᠥᠯ ᠵᠦᠶ᠋ᠯ ᠢᠯᠠᠩᠭᠤᠶ᠎ᠠ ᠡᠮᠦᠨᠡᠬᠢ ᠬᠤᠭᠤᠴᠠᠭᠠᠨ᠎ᠤ ᠭᠠᠷ ᠬᠦᠢᠴᠡᠳᠭᠡᠯ᠎ᠢᠶᠡᠨ ᠨᠢᠭᠡᠨᠲᠡ ᠭᠦᠶ᠋ᠴᠡᠳᠭᠡᠵᠦ᠍ ᠳᠠᠭᠤᠰᠭᠠᠭ᠍ᠰᠠᠨ ᠲᠥᠷᠥᠯ ᠵᠦᠶ᠋ᠯ᠎ᠦᠨ ᠡᠷᠲᠡᠬᠡᠨ ᠠᠵᠢᠯ᠎ᠢᠶᠠᠨ ᠡᠬᠢᠯᠡᠭᠦᠯᠬᠦ᠌᠎ᠶ᠋ᠢ ᠠᠬᠢᠭᠤᠯᠵᠤ ᠪᠠᠢᠨ᠎ᠠ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠲᠠᠨᠢᠯᠴᠠᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号