ᠮᠧᠩ ᠨᠢᠤ ᠪᠦᠯᠦᠭᠯᠡᠯ 《ᠪᠦᠬᠦ ᠲᠦᠷᠦᠯ ᠤ᠋ᠨ ᠴᠠᠭᠠᠨ ᠢᠳᠡᠬᠡᠨ ᠢ᠋ ᠨᠠᠷᠢᠯᠢᠭ ᠪᠤᠯᠪᠠᠰᠤᠷᠠᠭᠤᠯᠬᠤ ᠦᠢᠯᠡᠳᠪᠤᠷᠢ》 ᠪᠡᠷ ᠦᠨᠡᠯᠡᠭᠳᠡᠪᠡ
2026-05-08 12:40:53
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠮᠧᠩ ᠨᠢᠤ ᠪᠦᠯᠦᠭᠯᠡᠯ ᠺᠤᠮᠫᠠᠨᠢ ᠤᠢᠷ᠎ᠠ ᠳ᠋ᠤ 《ᠳᠤᠮᠳᠠᠳᠤ ᠤᠯᠤᠰ ᠤ᠋ᠨ ᠠᠩᠬᠠᠳᠠᠭᠴᠢ ᠪᠦᠬᠦ ᠲᠦᠷᠦᠯ ᠤ᠋ᠨ ᠴᠠᠭᠠᠨ ᠢᠳᠡᠬᠡᠨ ᠢ᠋ ᠨᠠᠷᠢᠯᠢᠭ ᠪᠤᠯᠪᠠᠰᠤᠷᠠᠭᠤᠯᠬᠤ ᠦᠢᠯᠡᠳᠪᠤᠷᠢ》 ᠪᠡᠷ ᠦᠨᠡᠯᠡᠭᠳᠡᠨ᠂ ᠮᠠᠨ ᠤ᠋ ᠤᠯᠤᠰ ᠤ᠋ᠨ ᠦᠨᠢᠶᠡᠨ ᠰᠦ ᠶ᠋ᠢ ᠨᠠᠷᠢᠯᠢᠭ ᠪᠤᠯᠪᠠᠰᠤᠷᠠᠭᠤᠯᠬᠤ ᠵᠠᠬ᠎ᠠ ᠳᠡᠯᠭᠡᠭᠦᠷ ᠤ᠋ᠨ ᠬᠤᠭᠤᠰᠤᠨ ᠢ᠋ ᠨᠦᠬᠦᠪᠤᠷᠢᠯᠡᠵᠤ᠂ ᠴᠠᠭᠠᠨ ᠢᠳᠡᠭᠡᠨ ᠤ᠋ ᠦᠢᠯᠡᠰ ᠤ᠋ᠨ 《ᠬᠡᠪᠴᠢᠶ᠎ᠠ ᠪᠡᠷ ᠬᠦᠳᠡᠯᠭᠡᠭᠦᠷ ᠪᠤᠯᠭᠠᠬᠤ》 ᠡᠴᠡ 《ᠦᠷᠳᠡᠭ ᠶ᠋ᠢᠡᠷ ᠬᠦᠳᠡᠯᠭᠡᠭᠦᠷ ᠪᠤᠯᠭᠠᠬᠤ》 ᠲᠡᠢᠰᠢ ᠬᠡᠯᠪᠡᠷᠢ ᠪᠡᠨ ᠬᠤᠪᠢᠷᠠᠭᠤᠯᠬᠤ ᠳ᠋ᠤ ᠬᠦᠳᠡᠯᠭᠡᠬᠦ ᠬᠦᠴᠦᠨ ᠨᠡᠮᠡᠷᠢᠯᠡᠪᠡ᠃

ᠤᠢᠯᠠᠭᠠᠭᠰᠠᠨ ᠶ᠋ᠢᠡᠷ᠂ 《ᠪᠦᠬᠦ ᠲᠦᠷᠦᠯ ᠤ᠋ᠨ ᠴᠠᠭᠠᠨ ᠢᠳᠡᠬᠡᠨ ᠢ᠋ ᠨᠠᠷᠢᠯᠢᠭ ᠪᠤᠯᠪᠠᠰᠤᠷᠠᠭᠤᠯᠬᠤ ᠦᠢᠯᠡᠳᠪᠤᠷᠢ》 ᠭᠡᠳᠡᠭ ᠨᠢ ᠰᠦᠨ ᠲᠤᠰᠤ᠂ ᠪᠢᠰᠢᠯᠠᠭ᠂ ᠰᠦᠨ ᠤ᠋ ᠤᠭᠤᠷᠠᠭ ᠪᠠ ᠰᠢᠷᠠᠰᠤ ᠵᠡᠷᠭᠡ 4 ᠲᠦᠷᠦᠯ ᠤ᠋ᠨ ᠳᠡᠭᠡᠳᠦ ᠳᠡᠰ ᠤ᠋ᠨ ᠴᠠᠭᠠᠨ ᠢᠳᠡᠭᠡᠨ ᠢ᠋ ᠪᠤᠯᠪᠠᠰᠤᠷᠠᠭᠤᠯᠬᠤ ᠲᠦᠬᠦᠭᠡᠷᠦᠮᠵᠢ ᠢᠵᠢ ᠪᠦᠷᠢᠨ ᠪᠠᠢᠵᠤ᠂ ᠨᠠᠷᠢᠯᠢᠭ ᠢᠯᠭᠠᠷᠠᠭᠤᠯᠤᠨ ᠰᠠᠯᠭᠠᠬᠤ ᠪᠠ ᠬᠤᠬᠢᠷᠠᠯ ᠦᠭᠡᠢ ᠪᠡᠷ ᠰᠢᠯᠭᠠᠨ ᠪᠠᠢᠴᠠᠭᠠᠬᠤ ᠵᠡᠷᠭᠡ ᠮᠡᠷᠭᠡᠵᠢᠯ ᠶ᠋ᠢᠡᠷ ᠦᠨᠢᠶᠡᠨ ᠰᠦ ᠶ᠋ᠢᠨ ᠡᠬᠢ ᠪᠠᠶᠠᠯᠢᠭ ᠢ᠋ ᠦᠨᠳᠦᠷ ᠪᠦᠲᠦᠮᠵᠢᠳᠠᠢ ᠪᠡᠷ ᠠᠰᠢᠭᠯᠠᠵᠤ ᠳᠡᠢᠯᠬᠦ ᠦᠢᠯᠡᠳᠪᠤᠷᠢ ᠶ᠋ᠢ ᠬᠡᠯᠡᠵᠤ ᠪᠠᠢᠨ᠎ᠠ᠃

ᠮᠧᠩ ᠨᠢᠤ ᠪᠦᠯᠦᠭᠯᠡᠯ ᠳ᠋ᠤ ᠳᠡᠯᠡᠬᠡᠢ ᠶ᠋ᠢᠨ ᠲᠡᠷᠢᠭᠦᠨ ᠤ᠋ ᠲᠦᠬᠦᠭᠡᠷᠦᠮᠵᠢ ᠪᠡᠷ ᠰᠦᠨ ᠲᠡᠮᠦᠷᠳᠤ ᠤᠭᠤᠷᠠᠭ᠂ ᠰᠢᠷᠬᠡᠭᠯᠢᠭ ᠬᠠᠯᠢᠰᠦ ᠪᠡᠷ ᠢᠯᠭᠠᠷᠠᠭᠤᠯᠤᠨ ᠰᠠᠯᠭᠠᠭᠰᠠᠨ ᠰᠦᠨ ᠤᠭᠤᠷᠠᠭ᠂ ᠳᠠᠪᠤᠰᠤ ᠦᠭᠡᠢᠳᠡᠭᠦᠯᠦᠭᠰᠡᠨ ᠰᠢᠷᠠᠰᠤ ᠶ᠋ᠢᠨ ᠲᠠᠯᠬ᠎ᠠ D90 ᠵᠡᠷᠭᠡ ᠰᠢᠷᠢᠰ ᠳᠡᠭᠡᠳᠦ ᠳᠡᠰ ᠤ᠋ᠨ ᠪᠦᠲᠦᠭᠡᠭᠳᠡᠭᠦᠨ ᠢ᠋ ᠦᠢᠯᠡᠳᠪᠤᠷᠢᠯᠡᠬᠦ ᠴᠢᠳᠠᠪᠤᠷᠢ ᠲᠠᠢ ᠶᠤᠮ᠃ ᠡᠭᠦᠨ ᠳ᠋ᠤ ᠰᠦᠨ ᠲᠡᠮᠦᠷᠳᠤ ᠤᠭᠤᠷᠠᠭ ᠤ᠋ᠨ ᠴᠡᠪᠡᠷᠴᠡ ᠨᠢ ᠦᠨᠳᠦᠷ᠂ ᠵᠢᠯ ᠤ᠋ᠨ ᠦᠢᠯᠡᠳᠪᠤᠷᠢᠯᠡᠯ ᠤ᠋ᠨ ᠴᠢᠳᠠᠪᠤᠷᠢ ᠨᠢ ᠳᠤᠭᠳᠠᠪᠤᠷᠢᠳᠠᠢ ᠪᠦᠭᠡᠳ ᠭᠦᠢᠴᠡᠳ ᠪᠠᠢᠵᠤ᠂ ᠳᠠᠪᠤᠰᠤ ᠦᠭᠡᠢᠳᠡᠭᠦᠯᠦᠭᠰᠡᠨ ᠰᠢᠷᠠᠰᠤ ᠶ᠋ᠢᠨ ᠲᠠᠯᠬ᠎ᠠ D90 ᠶ᠋ᠢᠨ ᠦᠢᠯᠡᠳᠪᠤᠷᠢᠯᠡᠯ ᠤ᠋ᠨ ᠱᠤᠭᠤᠮ ᠨᠢ ᠭᠦᠨᠵᠡᠭᠡᠢ ᠳᠠᠪᠤᠰᠤ ᠦᠭᠡᠢᠳᠡᠭᠦᠯᠬᠦ ᠤᠷ᠎ᠠ ᠮᠡᠷᠭᠡᠰᠢᠯ ᠢ᠋ ᠬᠡᠷᠡᠭᠯᠡᠨ᠂ ᠳᠠᠪᠤᠰᠤ ᠦᠭᠡᠢᠳᠡᠭᠦᠯᠬᠦ ᠦᠷ᠎ᠠ ᠪᠦᠲᠦᠮᠵᠢ ᠨᠢ ᠮᠠᠰᠢ ᠰᠠᠢᠨ ᠪᠠᠢᠵᠤ᠂ ᠡᠯ᠎ᠠ ᠵᠦᠢᠯ ᠤ᠋ᠨ ᠵᠠᠩᠬᠢᠯᠠᠭ᠎ᠠ ᠶ᠋ᠢᠨ ᠭᠦᠢᠴᠡᠳᠭᠡᠯ ᠲᠤᠭ᠎ᠠ ᠨᠢ ᠴᠦᠮ ᠮᠠᠰᠢ ᠴᠢᠩᠭ᠎ᠠ ᠨᠢᠮᠪᠠᠢ ᠶᠠᠰᠤ ᠴᠢᠨᠠᠷ ᠤ᠋ᠨ ᠡᠵᠡᠮᠰᠢᠯ ᠢ᠋ ᠳᠠᠮᠵᠢᠳᠠᠭ ᠪᠤᠯᠬᠤᠷ ᠶᠠᠰᠤ ᠴᠢᠨᠠᠷ ᠨᠢ ᠨᠠᠢᠳᠠᠪᠤᠷᠢᠳᠠᠢ ᠪᠦᠭᠡᠳ ᠪᠠᠳᠤᠯᠠᠭ᠎ᠠ ᠲᠠᠢ ᠶᠤᠮ᠃

ᠪᠢᠰᠢᠯᠠᠭ ᠬᠢᠭᠡᠳ ᠰᠦᠨ ᠲᠤᠰᠤᠨ ᠤ᠋ ᠬᠦᠷᠢᠶᠡᠨ ᠳ᠋ᠤ᠂ ᠮᠧᠩ ᠨᠢᠤ ᠪᠦᠯᠦᠭᠯᠡᠯ ᠳ᠋ᠤ ᠪᠦᠬᠦ ᠳᠡᠯᠡᠬᠡᠢ ᠶ᠋ᠢᠨ ᠠᠩᠬᠠᠳᠠᠭᠴᠢ ᠪᠦᠬᠦ ᠶᠠᠪᠤᠴᠠ ᠪᠡᠷ ᠠᠦ᠋ᠲ᠋ᠤᠴᠢᠯᠠᠭᠰᠠᠨ ᠮᠠᠼᠧᠷᠠᠢᠯᠠ ᠶ᠋ᠢᠨ ᠦᠢᠯᠡᠳᠪᠤᠷᠢᠯᠡᠯ ᠤ᠋ᠨ ᠱᠤᠭᠤᠮ ᠵᠢᠴᠢ ᠵᠠᠬᠢᠶᠠᠯᠠᠭ᠎ᠠ ᠶ᠋ᠢᠨ ᠬᠡᠯᠪᠡᠷᠢ ᠶ᠋ᠢᠨ ᠪᠠᠺᠲᠧᠷᠢ ᠦᠭᠡᠢ ᠮᠠᠰᠺᠠᠫᠤᠨ ᠤ᠋ ᠪᠦᠷᠢᠮᠦᠰᠦᠨ ᠠᠦ᠋ᠲ᠋ᠤᠴᠢᠯᠠᠭᠰᠠᠨ ᠦᠢᠯᠡᠳᠪᠤᠷᠢᠯᠡᠯ ᠤ᠋ᠨ ᠱᠤᠭᠤᠮ ᠲᠠᠢ ᠪᠠᠢᠵᠤ᠂ ᠮᠠᠼᠧᠷᠠᠢᠯᠠ ᠪᠢᠰᠢᠯᠠᠭ ᠨᠢ ᠭᠤᠢᠳᠠ ᠰᠠᠢᠬᠠᠨ ᠦᠨᠦᠷ ᠠᠮᠳᠠ ᠪᠠ ᠰᠤᠨᠳᠠᠭ ᠰᠢᠷᠬᠡᠭ ᠲᠠᠢ ᠪᠡᠷ ᠬᠡᠷᠡᠭᠯᠡᠭᠴᠢᠳ ᠤ᠋ᠨ ᠳᠠᠭᠠᠰᠢᠶᠠᠯ ᠢ᠋ ᠤᠯᠵᠤ᠂ ᠮᠠᠰᠺᠠᠫᠤᠨ ᠪᠢᠰᠢᠯᠠᠭ ᠨᠢ ᠨᠡᠩ ᠴᠤ᠌ ᠪᠤᠳᠠᠳᠤ ᠬᠡᠷᠡᠭᠴᠡᠭᠡᠳᠦ ᠴᠢᠨᠠᠷ ᠬᠢᠭᠡᠳ ᠳᠦᠭᠦᠮᠬᠡᠨ ᠠᠮᠳᠠᠯᠠᠭᠴᠢ ᠶ᠋ᠢ ᠵᠡᠷᠭᠡ ᠳ᠋ᠤᠨᠢ ᠬᠠᠷᠠᠭᠠᠯᠵᠠᠬᠤ ᠠᠵᠢᠯ ᠲᠦᠷᠦᠯ ᠤ᠋ᠨ ᠲᠤᠮᠤ ᠠᠰᠠᠭᠤᠳᠠᠯ ᠢ᠋ ᠰᠢᠢᠳᠪᠤᠷᠢᠯᠡᠨ᠂ 《ᠶᠠᠰᠤ ᠴᠢᠨᠠᠷ + ᠬᠠᠩᠭᠠᠯᠭ᠎ᠠ》 ᠶ᠋ᠢᠨ ᠬᠤᠤᠰ ᠳᠠᠪᠠᠭᠤᠯᠢᠭ ᠲᠠᠢ᠃ ᠡᠭᠦᠨ ᠤ᠋ ᠵᠡᠷᠭᠡ ᠪᠡᠷ ᠮᠧᠩ ᠨᠢᠤ ᠪᠦᠯᠦᠭᠯᠡᠯ ᠪᠠᠰᠠ ᠰᠠᠪᠠᠯᠠᠯᠳᠠ ᠶ᠋ᠢᠨ ᠲᠤᠭ᠎ᠠ ᠪᠠᠷᠢᠮᠳᠠ ᠶ᠋ᠢᠨ ᠬᠡᠯᠬᠢᠶ᠎ᠠ ᠶ᠋ᠢ ᠪᠠᠢᠭᠤᠯᠵᠤ᠂ ᠰᠠᠪᠠᠯᠠᠯᠳᠠ ᠶ᠋ᠢᠨ ᠲᠤᠭ᠎ᠠ ᠪᠠᠷᠢᠮᠳᠠ ᠶ᠋ᠢ ᠲᠦᠪ ᠡᠵᠡᠮᠰᠢᠯ ᠤ᠋ᠨ ᠳᠠᠪᠴᠠᠩ ᠳ᠋ᠤ ᠲᠦᠪᠯᠡᠷᠡᠭᠦᠯᠤᠨ ᠬᠤᠷᠠᠮᠳᠤᠭᠤᠯᠬᠤ ᠶ᠋ᠢ ᠪᠡᠶᠡᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号