《ᠮᠣᠩᠭᠣᠯ ᠡᠮᠨᠡᠯᠭᠡ᠎ᠶᠢᠨ ᠶᠠᠰᠤᠨ ᠵᠠᠰᠠᠯ》 ᠎ᠢ ᠨᠡᠢᠰᠯᠡᠯ᠎ᠦᠨ ᠡᠮᠴᠢᠯᠡᠭᠡᠨ᠎ᠦ ᠦᠢᠯᠡᠴᠢᠯᠡᠭᠡᠨ᠎ᠦ ᠰᠢᠰᠲᠧᠮ᠎ᠳᠦ ᠣᠷᠣᠭᠤᠯᠪᠠ
2026-05-08 10:53:06
ᠵᠣᠬᠢᠶᠠᠭ᠍ᠴᠢ᠄
ᠾᠦᠸᠸ ᠰᠢᠶᠣᠣ ᠴᠢᠩ ᠰᠥᠩ ᠴᠤᠸ᠋ ᠰᠢᠶᠦ᠋ᠨ
ᠣᠩᠱᠢᠭ᠍ᠰᠠᠨ ᠣᠳᠠᠭ᠎ᠠ᠄
★★★☆☆

ᠪᠡᠭᠡᠵᠢᠩ ᠬᠣᠲᠠ᠎ᠶᠢᠨ ᠴᠣᠣᠶᠠᠩ ᠲᠣᠭᠣᠷᠢᠭ᠋᠎ᠤᠨ ᠬᠢᠲᠠᠳ ᠡᠮᠨᠡᠯᠭᠡ᠎ᠶᠢᠨ ᠬᠣᠷᠢᠶ᠎ᠠ ᠪᠣᠯᠣᠨ ᠥᠪᠥᠷ ᠮᠣᠩᠭᠣᠯ᠎ᠤᠨ ᠲᠦᠩᠯᠢᠶᠣᠣ ᠬᠣᠲᠠ᠎ᠶᠢᠨ ᠮᠣᠩᠭᠣᠯ ᠡᠮᠨᠡᠯᠭᠡ᠎ᠶᠢᠨ ᠶᠠᠰᠤ ᠵᠠᠰᠠᠬᠤ ᠡᠮᠨᠡᠯᠭᠡ᠎ᠶᠢᠨ ᠬᠣᠷᠢᠶ᠎ᠠ ᠣᠢᠷ᠎ᠠ᠎ᠳᠤ ᠪᠡᠭᠡᠵᠢᠩ᠎ᠳᠦ ᠵᠢᠩᠬᠢᠨᠢ᠎ᠪᠡᠷ ᠬᠠᠮᠲᠤᠷᠠᠯᠴᠠᠭᠠᠨ᠎ᠤ ᠪᠦᠳᠦᠭᠦᠪᠴᠢ ᠵᠥᠪᠯᠡᠯᠴᠡᠭᠡᠷ ᠲᠣᠭᠲᠠᠪᠠ᠂ ᠡᠨᠡ ᠨᠢ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠪᠣᠯᠬᠤ《ᠮᠣᠩᠭᠣᠯ ᠡᠮᠨᠡᠯᠭᠡ᠎ᠶᠢᠨ ᠶᠠᠰᠤᠨ ᠵᠠᠰᠠᠯ》ᠨᠡᠢᠰᠯᠡᠯ᠎ᠦᠨ ᠡᠮᠴᠢᠯᠡᠭᠡᠨ᠎ᠦ ᠦᠢᠯᠡᠴᠢᠯᠡᠭᠡ᠎ᠶᠢᠨ ᠰᠢᠰᠲᠧᠮ᠎ᠳᠦ ᠠᠮᠵᠢᠯᠲᠠ᠎ᠲᠠᠢ᠎ᠪᠠᠷ ᠣᠷᠣᠭᠰᠠᠨ᠎ᠢ ᠬᠠᠷᠠᠭᠤᠯᠵᠤ ᠪᠠᠢᠨ᠎ᠠ᠃ ᠡᠨᠡ ᠪᠣᠯ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠠᠨ᠎ᠤ ᠪᠣᠷᠣ᠌ ᠲᠥᠯᠥᠪ᠎ᠦᠨ ᠳᠣᠣᠷ᠎ᠠ᠂ ᠴᠣᠣᠶᠠᠩ ᠲᠣᠭᠣᠷᠢᠭ᠋ ᠬᠣᠷᠴᠢᠨ ᠵᠡᠭᠦᠨ ᠭᠠᠷᠤᠨ ᠬᠣᠢᠲᠤ ᠬᠣᠰᠢᠭᠤ᠎ᠲᠠᠢ ᠬᠤᠯᠪᠤᠭ᠎ᠠ ᠪᠠᠢᠭᠤᠯᠤᠨ ᠬᠠᠪᠰᠤᠷᠤᠨ ᠲᠡᠳᠬᠦᠭᠰᠡᠨ᠎ᠡᠴᠡ ᠨᠠᠭᠠᠰᠢ᠂ ᠬᠣᠷᠴᠢᠨ ᠵᠡᠭᠦᠨ ᠭᠠᠷᠤᠨ ᠬᠣᠢᠲᠤ ᠬᠣᠰᠢᠭᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠬᠦᠷᠢᠶᠡᠨ᠎ᠳᠦ ᠴᠣᠣᠶᠠᠩ ᠲᠣᠭᠣᠷᠢᠭ᠋᠎ᠲᠤ ᠠᠩᠬᠠᠳᠠᠭ᠍ᠴᠢ ᠤᠳᠠᠭ᠎ᠠ ᠮᠡᠷᠭᠡᠵᠢᠯ᠎ᠢ ᠭᠠᠳᠠᠭᠰᠢ ᠭᠠᠷᠭᠠᠬᠰᠠᠨ ᠬᠠᠮᠲᠤᠷᠠᠯᠴᠠᠭᠠᠨ᠎ᠤ ᠲᠦᠷᠦᠯ ᠵᠦᠢᠯ ᠪᠣᠯᠣᠨ᠎ᠠ᠃

ᠬᠠᠮᠲᠤᠷᠠᠯᠴᠠᠭᠠᠨ᠎ᠤ ᠵᠥᠪᠯᠡᠯᠴᠡᠭᠡᠷ ᠶᠣᠰᠣᠭᠠᠷ᠂ ᠴᠣᠣᠶᠠᠩ ᠲᠣᠭᠣᠷᠢᠭ᠋᠎ᠤᠨ ᠬᠢᠲᠠᠳ ᠡᠮᠨᠡᠯᠭᠡ᠎ᠶᠢᠨ ᠬᠣᠷᠢᠶ᠎ᠠ ᠮᠣᠩᠭᠣᠯ ᠡᠮᠨᠡᠯᠭᠡ᠎ᠶᠢᠨ ᠶᠠᠰᠤᠨ ᠵᠠᠰᠠᠯ᠎ᠤᠨ ᠡᠮᠴᠢᠯᠡᠭᠡᠨ᠎ᠦ ᠲᠣᠭᠣᠷᠢᠭ᠋᠎ᠢ ᠨᠡᠮᠡᠵᠦ ᠪᠠᠶ᠋ᠢᠭᠤᠯᠬᠤ᠎ᠶᠢᠨ ᠬᠠᠮᠲᠤ ᠣᠨᠣᠰᠢᠯᠠᠨ ᠡᠮᠨᠡᠬᠦ ᠦᠢᠯᠡᠴᠢᠯᠡᠭᠡ ᠥᠷᠨᠢᠭᠦᠯᠦᠨ᠎ᠡ᠃ ᠬᠣᠶᠠᠷ ᠲᠠᠯ᠎ᠠ᠎ᠪᠠᠷ᠎ᠢᠶᠠᠨ ᠣᠨᠴᠠᠯᠢᠭ᠍ᠲᠤ ᠣᠨᠣᠰᠢᠯᠠᠨ ᠡᠮᠨᠡᠬᠦ᠎ᠶᠢ ᠦᠨᠳᠦᠰᠦᠨ ᠱᠠᠲᠤᠨ᠎ᠳᠤ ᠪᠠᠭᠤᠯᠭᠠᠬᠤ᠂ ᠬᠣᠯᠪᠤᠭᠠᠯᠠᠨ ᠮᠡᠷᠭᠡᠵᠢᠯ᠎ᠦᠨ ᠪᠣᠯᠪᠠᠰᠤᠷᠠᠯ ᠬᠦᠷᠲᠡᠭᠡᠬᠦ᠂ ᠲᠤᠰᠬᠠᠢ ᠰᠠᠯᠠᠭ᠎ᠠ᠎ᠶᠢ ᠬᠠᠮᠲᠤ᠎ᠪᠠᠷ ᠪᠠᠶ᠋ᠢᠭᠤᠯᠬᠤ᠂ ᠴᠢᠳᠠᠪᠤᠷᠢᠲᠠᠨ ᠬᠠᠷᠢᠯᠴᠠᠨ ᠰᠤᠷᠤᠯᠴᠠᠬᠤ᠂ ᠡᠷᠳᠡᠮ ᠰᠢᠨᠵᠢᠯᠡᠭᠡᠨ᠎ᠦ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ᠎ᠶᠢ ᠬᠣᠯᠪᠤᠭᠠᠯᠠᠨ ᠠᠬᠢᠭᠤᠯᠬᠤ᠂ ᠶᠡᠬᠡ ᠳᠡᠭᠡᠳᠦ ᠰᠤᠷᠭᠠᠭᠤᠯᠢ᠎ᠶᠢᠨ ᠬᠣᠭᠣᠷᠣᠨᠳᠣᠬᠢ ᠪᠠᠢᠩᠭᠤ᠎ᠶᠢᠨ ᠬᠠᠮᠵᠢᠯᠴᠠᠭ᠎ᠠ ᠬᠢᠬᠦ ᠵᠡᠷᠭᠡ ᠵᠢᠷᠭᠤᠭᠠᠨ ᠶᠡᠬᠡ ᠴᠢᠭᠯᠡᠯ᠎ᠦᠨ ᠲᠣᠭᠣᠷᠢᠨ᠎ᠳᠤ ᠬᠠᠮᠵᠢᠯᠴᠠᠨ ᠬᠦᠴᠦᠯᠡᠬᠦ ᠪᠣᠯᠣᠨ᠎ᠠ᠃ ᠬᠠᠮᠲᠤᠷᠠᠯᠴᠠᠭ᠎ᠠ᠎ᠶᠢ ᠨᠠᠢᠳᠠᠪᠤᠷᠢᠵᠢᠭᠤᠯᠤᠭᠰᠠᠨ᠎ᠤ ᠳᠠᠷᠠᠭ᠎ᠠ᠂ ᠪᠡᠭᠡᠵᠢᠩ᠎ᠦᠨ ᠬᠣᠲᠠ᠎ᠶᠢᠨ ᠠᠷᠠᠳ ᠴᠣᠣᠶᠠᠩ ᠲᠣᠭᠣᠷᠢᠭ᠋᠎ᠤᠨ ᠬᠢᠲᠠᠳ ᠡᠮᠨᠡᠯᠭᠡ᠎ᠶᠢᠨ ᠬᠣᠷᠢᠶ᠎ᠠ᠎ᠳᠤ ᠮᠣᠩᠭᠣᠯ ᠡᠮᠨᠡᠯᠭᠡ᠎ᠶᠢᠨ ᠶᠠᠰᠤ ᠪᠠᠷᠢᠬᠤ ᠣᠨᠴᠠᠯᠢᠭ᠍ᠲᠤ ᠡᠮᠴᠢᠯᠡᠭᠡ᠎ᠶᠢ ᠣᠢᠷ᠎ᠠ ᠬᠠᠪᠢ ᠳ᠋ᠤᠨᠢ ᠪᠡᠶᠡᠴᠢᠯᠡᠨ ᠣᠢᠯᠠᠭᠠᠵᠤ ᠪᠣᠯᠣᠨ᠎ᠠ᠃

ᠲᠠᠷᠠᠭᠠᠴᠢ᠎ᠶᠢᠨ ᠠᠯᠬᠤᠮ᠎ᠳᠤ᠂ ᠬᠣᠶᠠᠷ ᠲᠠᠯ᠎ᠠ᠎ᠪᠠᠷ᠎ᠢᠶᠠᠨ ᠡᠮᠴᠢᠯᠡᠭᠡᠨ᠎ᠦ ᠲᠣᠭᠣᠷᠢᠭ᠋᠎ᠤᠨ ᠡᠵᠡᠩᠨᠡᠯᠲᠡ᠎ᠶᠢ ᠲᠦᠷᠭᠡᠨ ᠠᠬᠢᠭᠤᠯᠵᠤ᠂ ᠮᠣᠩᠭᠣᠯ ᠡᠮᠨᠡᠯᠭᠡ᠎ᠶᠢᠨ ᠶᠠᠰᠤ ᠪᠠᠷᠢᠬᠤ ᠲᠤᠰᠬᠠᠢ ᠮᠡᠷᠭᠡᠵᠢᠯᠲᠡᠨ᠎ᠦ ᠪᠦᠯᠬᠦᠮ᠎ᠢ ᠵᠣᠬᠢᠶᠠᠨ ᠪᠠᠢᠭᠤᠯᠵᠤ ᠪᠡᠭᠡᠵᠢᠩ᠎ᠳᠦ ᠢᠷᠡᠵᠦ ᠡᠮᠴᠢᠯᠡᠭᠡ ᠬᠢᠯᠭᠡᠬᠦ᠎ᠶᠢᠨ ᠬᠠᠮᠲᠤ ᠡᠷᠡᠭᠦᠯᠵᠢᠯ᠎ᠦᠨ ᠹᠢᠽᠢᠺ ᠵᠠᠰᠠᠯ᠎ᠤᠨ ᠲᠥᠪ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠰᠡᠳᠦᠪ᠎ᠢ ᠬᠠᠮᠲᠤᠷᠠᠨ ᠭᠤᠶᠤᠴᠢᠯᠠᠨ ᠮᠡᠳᠡᠭᠦᠯᠬᠦ ᠵᠡᠷᠭᠡ ᠣᠷᠳᠣ᠌ ᠬᠤᠭᠤᠴᠠᠭᠠᠨ᠎ᠤ ᠪᠦᠲᠦᠮᠵᠢᠲᠡᠶ ᠬᠠᠮᠲᠤᠷᠠᠯᠴᠠᠭᠠᠨ᠎ᠤ ᠲᠣᠭᠲᠠᠴᠠ᠎ᠶᠢ ᠰᠦᠪᠡᠭᠴᠢᠯᠡᠨ ᠪᠠᠢᠭᠤᠯᠵᠤ᠂ ᠪᠡᠭᠡᠵᠢᠩ ᠥᠪᠥᠷ ᠮᠣᠩᠭᠣᠯ᠎ᠤᠨ ᠡᠮᠴᠢᠯᠡᠭᠡᠨ᠎ᠦ ᠬᠠᠮᠵᠢᠯᠴᠠᠭ᠎ᠠ᠎ᠶᠢᠨ ᠵᠢᠱ᠌ᠢᠶ᠎ᠡ ᠦᠵᠡᠭᠦᠯᠬᠦ ᠬᠡᠪ ᠳᠠᠭᠤᠷᠢᠶᠠᠯ᠎ᠢ ᠴᠢᠷᠮᠠᠢᠨ ᠪᠣᠶ ᠪᠣᠯᠭᠠᠨ᠎ᠠ᠃ ᠬᠣᠷᠴᠢᠨ ᠵᠡᠭᠦᠨ ᠭᠠᠷᠤᠨ ᠬᠣᠢᠲᠤ ᠬᠣᠰᠢᠭᠤ ᠲᠣᠰ ᠤᠳᠠᠭᠠᠨ᠎ᠤ ᠬᠠᠮᠲᠤᠷᠠᠯᠴᠠᠭ᠎ᠠ᠎ᠪᠠᠷ ᠠᠵᠠ ᠲᠣᠬᠢᠶᠠᠯ ᠪᠣᠯᠭᠠᠵᠤ᠂ ᠮᠣᠩᠭᠣᠯ ᠡᠮ ᠡᠮᠨᠡᠯᠭᠡ᠎ᠶᠢ ᠪᠡᠭᠡᠵᠢᠩ᠎ᠳᠦ ᠣᠷᠣᠭᠤᠯᠬᠤ ᠪᠠᠲᠤᠯᠠᠭ᠎ᠠ᠎ᠶᠢᠨ ᠠᠵᠢᠯ᠎ᠢ ᠦᠷᠭᠦᠯᠵᠢᠯᠡᠨ ᠰᠠᠢᠲᠤᠷ ᠬᠢᠵᠦ᠂ ᠮᠣᠩᠭᠣᠯ ᠡᠮ ᠡᠮᠨᠡᠯᠭᠡ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠭᠣᠣᠯ ᠤᠷ᠎ᠠ ᠮᠡᠷᠭᠡᠵᠢᠯ᠎ᠢ ᠪᠥᠬᠥ ᠤᠯᠤᠰ᠎ᠤᠨ ᠠᠷᠠᠳ ᠲᠦᠮᠡᠨ᠎ᠳᠦ ᠨᠠᠩ ᠰᠠᠢᠨ ᠦᠢᠯᠡᠴᠢᠯᠡᠭᠦᠯᠬᠦ ᠪᠤᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号