ᠲᠠᠪᠤᠨ ᠰᠠᠷ᠎ᠠ᠎ᠶᠢᠨ ᠲᠦᠷᠪᠡᠨᠦ ᠵᠠᠯᠠᠭᠤᠴᠤᠳ᠎ᠤᠨ
ᠪᠠᠶᠠᠷ ᠲᠣᠬᠢᠶᠠᠯᠳᠤᠬᠤ ᠲᠠᠢ ᠳᠠᠪᠬᠤᠴᠠᠨ᠂ 5 ᠰᠠᠷ᠎ᠠ᠎ᠶᠢᠨ 3᠎ᠤ ᠡᠳᠦᠷ᠂ ᠪᠤᠭᠤᠲᠤ ᠬᠣᠲᠠ᠎ᠶᠢᠨ ᠨᠢᠭᠡᠳᠦᠭᠡᠷ
ᠳᠤᠮᠳᠠᠳᠤ ᠰᠤᠷᠭᠠᠭᠤᠯᠢ᠎ᠶᠢᠨ ᠡᠮᠡᠭᠲᠡᠢ᠎ᠶᠢᠨ ᠠᠯᠠᠭᠠᠳᠠᠬᠤ ᠪᠥᠮᠪᠥᠭᠡ᠎ᠶᠢᠨ ᠠᠩᠭᠢ ᠪᠥᠬᠥ ᠤᠯᠤᠰ᠎ᠤᠨ ᠳᠤᠮᠳᠠᠳᠤ
ᠰᠤᠷᠭᠠᠭᠤᠯᠢ᠎ᠶᠢᠨ ᠰᠤᠷᠤᠭ᠍ᠴᠢᠳ᠎ᠤᠨ ᠠᠯᠠᠭᠠᠳᠠᠬᠤ ᠪᠥᠮᠪᠥᠭᠡ ᠵᠢᠨ ᠬᠣᠶᠠᠷ ᠶᠡᠬᠡ ᠤᠷᠤᠯᠳᠤᠭᠠᠨ᠎ᠳᠤ ᠣᠷᠣᠯᠴᠠᠵᠤ᠂
ᠠᠩᠬ᠎ᠠ ᠳᠤᠮᠳᠠᠳᠤ᠎ᠶᠢᠨ ᠳᠤᠭᠤᠢᠯᠠᠩ ᠨᠢ ᠮᠠᠩᠯᠠᠢᠯᠠᠵᠤ᠂ ᠥᠨᠳᠥᠷ ᠳᠤᠮᠳᠠᠳᠤ᠎ᠶᠢᠨ ᠳᠤᠭᠤᠢᠯᠠᠩ ᠨᠢ ᠬᠦᠷᠡᠯ ᠮᠧᠳᠠᠯ
ᠬᠦᠷᠲᠡᠭᠰᠡᠨ ᠪᠠᠬᠠᠲᠤᠮᠠ ᠠᠮᠵᠢᠯᠲᠠ᠎ᠪᠠᠷ ᠲᠠᠪᠤᠨ ᠰᠠᠷ᠎ᠠ᠎ᠶᠢᠨ ᠳᠥᠷᠪᠡᠨ᠎ᠦ ᠵᠠᠯᠠᠭᠤᠴᠤᠳ᠎ᠤᠨ ᠪᠠᠶᠠᠷᠲᠤ ᠪᠡᠯᠡᠭ
ᠡᠷᠭᠦᠵᠦ᠂ ᠰᠢᠨ᠎ᠡ ᠴᠠᠭ ᠦᠶ᠎ᠡ᠎ᠶᠢᠨ ᠵᠠᠯᠠᠭᠤ ᠰᠤᠷᠤᠭ᠍ᠴᠢᠳ᠎ᠤᠨ ᠪᠠᠢᠪᠠᠰᠤ ᠵᠣᠬᠢᠬᠤ ᠣᠶᠤᠨ ᠰᠠᠨᠠᠭᠠᠨ᠎ᠤ ᠳᠦᠷᠰᠦ
ᠪᠠᠢᠳᠠᠯ᠎ᠢ ᠪᠦᠷᠢᠨ ᠲᠡᠭᠦᠯᠳᠡᠷ ᠲᠠᠢᠯᠪᠤᠷᠢᠯᠠᠵᠤ᠂ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠠᠯᠠᠭᠠᠳᠠᠬᠤ
ᠪᠥᠮᠪᠥᠭᠡ᠎ᠶᠢᠨ ᠢᠷᠠᠭᠤ ᠠᠯᠳᠠᠷ᠎ᠢ ᠦᠷᠭᠦᠯᠵᠢᠯᠡᠨ ᠪᠢᠴᠢᠭᠯᠡᠪᠡ︕
22 ᠳ᠋ᠤᠭᠠᠷ ᠬᠤᠭᠤᠴᠠᠭᠠᠨ᠎ᠤ ᠳᠤᠮᠳᠠᠳᠤ
ᠤᠯᠤᠰ᠎ᠤᠨ ᠳᠤᠮᠳᠠᠳᠤ ᠰᠤᠷᠭᠠᠭᠤᠯᠢ ᠵᠢᠨ ᠰᠤᠷᠤᠭ᠍ᠴᠢᠳ᠎ᠤᠨ ᠠᠯᠠᠭᠠᠳᠠᠬᠤ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ
( ᠠᠩᠬ᠎ᠠ ᠳᠤᠮᠳᠠᠳᠤ᠎ᠶᠢᠨ ᠳᠤᠭᠤᠢᠯᠠᠩ ) ᠤ ᠤᠷᠤᠯᠳᠤᠭᠠᠨ᠎ᠤ ᠲᠠᠯᠠᠪᠤᠷ᠎ᠲᠤ᠂
ᠪᠦᠬᠦ ᠤᠯᠤᠰ᠎ᠤᠨ 35 ᠠᠩᠭᠢ ᠰᠢᠷᠦᠭᠦᠨ ᠲᠡᠮᠡᠴᠡᠯᠳᠦᠵᠦ᠂ ᠪᠤᠭᠤᠲᠤ ᠵᠢᠨ ᠨᠢᠭᠡᠳᠦᠭᠡᠷ ᠳᠤᠮᠳᠠᠳᠤ ᠰᠤᠷᠭᠠᠭᠤᠯᠢ᠎ᠶᠢᠨ
ᠡᠮᠡᠭᠲᠡᠢ᠎ᠶᠢᠨ ᠠᠯᠠᠭᠠᠳᠠᠬᠤ ᠪᠥᠮᠪᠥᠭᠡ᠎ᠶᠢᠨ ᠠᠩᠭᠢ᠎ᠶᠢᠨ ᠲᠠᠮᠢᠷᠴᠢᠳ ᠲᠠᠪᠤᠨ ᠰᠠᠷ᠎ᠠ᠎ᠶᠢᠨ ᠳᠦᠷᠪᠡᠨᠦ ᠡᠷᠡᠯᠬᠡᠭᠯᠡᠨ
ᠤᠷᠤᠭᠰᠢᠯᠠᠬᠤ ᠵᠣᠷᠢᠭ᠋ ᠰᠠᠨᠠᠭ᠎ᠠ᠎ᠶᠢ ᠤᠯᠠᠮᠵᠢᠯᠠᠵᠤ᠂ ᠳᠤᠭᠤᠢᠯᠠᠩ᠎ᠤᠨ ᠤᠷᠤᠯᠳᠤᠭᠠᠨ᠎ᠳᠤ ᠡᠰᠡᠷᠭᠦ ᠡᠲᠡᠭᠡᠳ᠎ᠢᠶᠡᠨ ᠪᠦᠬᠦᠨ᠎ᠢ ᠢᠯᠠᠵᠤ᠂ ᠰᠢᠭᠰᠢᠭᠡ
ᠤᠷᠤᠯᠳᠤᠭᠠᠨ᠎ᠳᠤ ᠬᠦᠴᠦᠷᠬᠡᠭ ᠠᠩᠭᠢ ᠵᠢ ᠵᠠᠯᠭᠠᠭ᠎ᠠ᠎ᠪᠠᠷ ᠢᠯᠠᠵᠤ᠂ ᠠᠷᠪᠠᠨ ᠨᠢᠭᠡᠨ ᠵᠢᠯ ᠠᠯᠤᠰᠯᠠᠭᠠᠳ ᠳᠠᠬᠢᠨᠲᠠ
ᠪᠦᠬᠦ ᠤᠯᠤᠰ᠎ᠤᠨ ᠮᠠᠩᠯᠠᠢ ᠪᠣᠯᠵᠤ᠂ ᠬᠦᠴᠦ ᠬᠥᠯᠥᠰᠦᠪᠡᠷᠢᠶᠡᠨ ᠬᠦᠰᠡᠯ ᠵᠡᠭᠦᠳᠦ᠎ᠪᠡᠨ ᠲᠡᠷᠭᠡᠯᠰᠢᠭᠦᠯᠵᠦ᠂ ᠡᠷᠡᠯᠬᠡᠭᠯᠡᠨ
ᠲᠡᠮᠡᠴᠡᠬᠦ ᠪᠠᠭᠠᠴᠤᠳ᠎ᠤᠨ ᠡᠭᠦᠷᠭᠡᠯᠡᠯ ᠬᠠᠷᠢᠭᠤᠴᠠᠯᠭ᠎ᠠ ᠵᠢ ᠢᠯᠡᠷᠡᠭᠦᠯᠪᠡ᠃
ᠳᠤᠮᠳᠠᠳᠤ ᠤᠯᠤᠰ᠎ᠤᠨ ᠰᠤᠷᠤᠭ᠍ᠴᠢᠳ᠎ᠤᠨ
ᠪᠡᠶ᠎ᠡ ᠵᠢᠨ ᠲᠠᠮᠢᠷ᠎ᠤᠨ ᠬᠣᠯᠪᠣᠭ᠎ᠠ᠎ᠶᠢᠨ 2026 ᠣᠨ᠎ᠤ ᠪᠦᠬᠦ ᠤᠯᠤᠰ᠎ᠤᠨ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ᠎ᠤᠨ
ᠠᠯᠠᠭᠠᠳᠠᠬᠤ ᠪᠥᠮᠪᠥᠭᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ( ᠥᠨᠳᠥᠷ ᠳᠤᠮᠳᠠᠳᠤ᠎ᠶᠢᠨ ᠳᠤᠭᠤᠢᠯᠠᠩ )᠎ᠤ ᠦᠷᠢᠰᠦᠯᠳᠦᠭᠡᠨ ᠳᠤᠮᠳᠠ᠂ ᠪᠦᠬᠦ ᠤᠯᠤᠰ᠎ᠤᠨ 18 ᠬᠦᠴᠦᠷᠬᠡᠭ ᠠᠩᠭᠢ ᠵᠢᠨ ᠳᠤᠲᠤᠷ᠎ᠠ ᠡᠴᠡ ᠡᠮᠡᠭᠲᠡᠢ᠎ᠶᠢᠨ ᠠᠯᠠᠭᠠᠳᠠᠬᠤ ᠪᠥᠮᠪᠥᠭᠡ᠎ᠶᠢᠨ
ᠠᠩᠭᠢ᠎ᠶᠢᠨ ᠥᠬᠢᠳ ᠵᠣᠷᠢᠭ᠍ᠲᠠᠢ ᠲᠡᠮᠡᠴᠡᠵᠦ᠂ ᠬᠦᠴᠦᠷᠬᠡᠭ ᠡᠲᠡᠭᠡᠳ᠎ᠡᠴᠡ ᠰᠦᠷᠳᠡᠯ ᠦᠭᠡᠢ ᠪᠡᠷ ᠳᠤᠭᠤᠢᠯᠠᠩ
ᠳ᠋ᠠᠭᠠᠨ ᠨᠢᠭᠡᠳᠦᠭᠡᠷ ᠵᠢᠡᠷ ᠰᠢᠭᠰᠢᠭᠡ ᠤᠷᠤᠯᠳᠤᠭᠠᠨ᠎ᠳᠤ ᠤᠷᠤᠵᠤ᠂ ᠵᠠᠯᠭᠠᠭ᠎ᠠ᠎ᠪᠠᠷ ᠢᠯᠠᠯᠲᠠ ᠪᠠᠢᠭᠤᠯᠤᠨ ᠳᠥᠷᠪᠡᠨ
ᠬᠦᠴᠦᠷᠬᠡᠭ᠎ᠲᠦ ᠳᠠᠪᠰᠢᠨ᠂ ᠡᠴᠦᠰ᠎ᠲᠡᠬᠡᠨ ᠪᠦᠬᠦ ᠤᠯᠤᠰ᠎ᠤᠨ ᠭᠤᠷᠪᠠᠳᠤᠭᠠᠷ ᠪᠠᠢᠷᠢ ᠪᠡᠷ ᠵᠠᠯᠠᠭᠤ ᠨᠠᠰᠤᠨ᠎ᠤ ᠬᠦᠴᠦᠨ
ᠴᠢᠳᠠᠯ᠎ᠢ ᠭᠠᠢᠬᠠᠭᠤᠯᠪᠠ᠃
ᠤᠷᠤᠯᠳᠤᠭᠠᠨ᠎ᠤ ᠲᠠᠯᠠᠪᠠᠢ ᠳᠡᠭᠡᠷ᠎ᠡ᠂
ᠲᠡᠲᠡ ᠪᠤᠰᠢᠭᠤ ᠱᠠᠯᠠᠮᠠᠭ ᠬᠦᠳᠡᠯᠵᠦ ᠪᠠᠷᠢᠨ᠂ ᠲᠡᠮᠡᠴᠡᠯ᠎ᠦᠨ ᠵᠣᠷᠢᠭ᠋ ᠨᠢ ᠪᠠᠳᠠᠷᠠᠩᠭᠤᠢ ᠪᠠᠢᠵᠤ᠂ ᠥᠪᠥᠷ ᠮᠣᠩᠭᠣᠯ᠎ᠤᠨ
ᠵᠠᠯᠠᠭᠤᠴᠤᠳ ᠪᠠᠭᠠᠴᠤᠳ᠎ᠤᠨ ᠡᠷᠡᠭᠦᠯ ᠥᠭᠡᠳᠡᠷᠬᠡᠭ᠂ ᠪᠡᠶ᠎ᠡ ᠮᠠᠬᠠᠪᠤᠳ ᠡᠷᠡᠭᠦᠯ ᠴᠢᠭᠢᠷᠠᠭ᠎ᠤᠨ ᠠᠮᠢᠳᠤᠯᠢᠭ᠋
ᠵᠢᠷᠤᠭᠯᠠᠯ ᠪᠤᠯᠤᠭᠰᠠᠨ ᠪᠥᠭᠡᠳ ᠪᠠᠰᠠ ᠪᠦᠬᠦ ᠣᠷᠣᠨ᠎ᠤ ᠰᠤᠷᠤᠭ᠍ᠴᠢᠳ᠎ᠤᠨ ᠪᠡᠶ᠎ᠡ ᠮᠠᠬᠠᠪᠤᠳ᠎ᠢᠶᠠᠨ ᠴᠢᠭᠢᠷᠠᠭᠵᠢᠭᠤᠯᠬᠤ
ᠲᠥᠯᠥᠪᠯᠡᠭᠡ᠎ᠶᠢ ᠯᠠᠪᠳᠠᠭᠤᠨ ᠪᠠᠲᠤᠲᠠᠢ ᠠᠬᠢᠭᠤᠯᠵᠤ᠂ ᠰᠤᠷᠭᠠᠭᠤᠯᠢ᠎ᠶᠢᠨ ᠬᠦᠷᠢᠶᠡᠨ᠎ᠦ ᠪᠡᠶ᠎ᠡ᠎ᠶᠢᠨ ᠲᠠᠮᠢᠷ᠎ᠤᠨ
ᠰᠣᠶᠣᠯ᠎ᠢ ᠭᠦᠨᠵᠡᠭᠡᠢᠷᠡᠭᠦᠯᠦᠭᠰᠡᠨ ᠭᠡᠷᠡᠯ ᠰᠠᠴᠤᠷᠠᠩᠭᠤᠢ ᠦᠷ᠎ᠡ ᠪᠦᠲᠦᠭᠡᠯ᠎ᠢ ᠭᠦᠢᠴᠡᠳ ᠬᠠᠷᠠᠭᠤᠯᠪᠠ᠃
ᠴᠠᠭ᠎ᠤᠨ ᠰᠠᠢᠬᠠᠨ᠎ᠳᠤ
ᠲᠤᠬᠢᠶᠠᠯᠳᠤᠭᠰᠠᠨ ᠵᠠᠯᠠᠭᠤ ᠨᠠᠰᠤ᠂ ᠲᠡᠮᠡᠴᠡᠯ᠎ᠤᠨ ᠢᠳᠡ ᠬᠦᠴᠦᠨ ᠵᠢᠡᠷ ᠪᠢᠯᠬᠠᠮ᠎ᠠ᠃ ᠪᠤᠭᠤᠲᠤ ᠵᠢᠨ
ᠨᠢᠭᠡᠳᠦᠭᠡᠷ ᠳᠤᠮᠳᠠᠳᠤ ᠰᠤᠷᠭᠠᠭᠤᠯᠢ᠎ᠶᠢᠨ ᠡᠮᠡᠭᠲᠡᠢ᠎ᠶᠢᠨ ᠠᠯᠠᠭᠠᠳᠠᠬᠤ ᠪᠥᠮᠪᠥᠭᠡ᠎ᠶᠢᠨ ᠠᠩᠭᠢ ᠡᠨᠡ ᠬᠦ᠌ ᠢᠷᠠᠭᠤ
ᠠᠯᠳᠠᠷ ᠪᠣᠯᠣᠨ ᠤᠭ ᠰᠠᠨᠠᠭ᠎ᠠ᠎ᠪᠠᠨ ᠡᠪᠦᠷᠯᠡᠵᠦ᠂ ᠦᠷᠭᠦᠯᠵᠢᠯᠡᠨ ᠪᠡᠶ᠎ᠡ᠎ᠶᠢᠨ ᠲᠠᠮᠢᠷ᠎ᠢᠶᠠᠷ ᠡᠷᠴᠢ ᠵᠣᠷᠢᠭ᠋᠎ᠢᠶᠠᠨ
ᠬᠥᠪᠴᠢᠯᠡᠵᠦ᠂ ᠬᠥᠳᠡᠯᠭᠡᠭᠡᠨ᠎ᠢᠶᠡᠷ ᠪᠡᠶ᠎ᠡ ᠮᠠᠬᠠᠪᠤᠳ᠎ᠢᠶᠠᠨ ᠴᠢᠭᠢᠷᠠᠭᠵᠢᠭᠤᠯᠵᠤ᠂ ᠨᠡᠩ ᠤᠯᠠᠨ ᠵᠠᠯᠠᠭᠤ ᠪᠠᠭ᠎ᠠ
ᠰᠤᠷᠤᠭ᠍ᠴᠢᠳ᠎ᠢ ᠲᠠᠢ᠍ᠢᠴᠢᠯᠠᠨ ᠪᠡᠶ᠎ᠡ᠎ᠶᠢᠨ ᠲᠠᠮᠢᠷ᠎ᠤᠨ ᠪᠣᠯᠪᠠᠰᠤᠷᠠᠯ᠎ᠳᠤ ᠣᠷᠣᠯᠴᠠᠭᠤᠯᠵᠤ᠂ ᠪᠡᠶ᠎ᠡ ᠰᠡᠳᠬᠢᠯ᠎ᠦᠨ
ᠬᠢᠨᠢ ᠪᠦᠬᠦ ᠲᠠᠯ᠎ᠠ᠎ᠪᠠᠷ ᠡᠷᠡᠭᠦᠯ ᠬᠥᠭᠵᠢᠬᠦ᠎ᠶᠢ ᠠᠬᠢᠭᠤᠯᠵᠤ᠂ ᠰᠢᠨ᠎ᠡ ᠴᠠᠭ ᠦᠶ᠎ᠡ᠎ᠶᠢᠨ ᠵᠠᠯᠠᠭᠤ ᠰᠤᠷᠤᠭ᠍ᠴᠢᠳ᠎ᠤᠨ
ᠵᠠᠯᠠᠭᠤ ᠨᠠᠰᠤᠨ᠎ᠤ ᠡᠭᠦᠷᠭᠡᠯᠡᠯ ᠪᠣᠯᠣᠨ ᠴᠤᠭ ᠵᠢᠪᠬᠤᠭ᠎ᠠ᠎ᠶᠢ ᠢᠯᠡᠷᠡᠭᠦᠯᠦᠨ᠎ᠡ ᠭᠡᠳᠡᠭ᠎ᠲᠤ ᠪᠢᠳᠡ ᠢᠲᠡᠭᠡᠵᠦ
ᠪᠠᠢᠨ᠎ᠠ︕
ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ
ᠲᠢᠩᠬᠢᠮ