9900 ᠲᠦᠮᠡᠨ ᠲᠦᠭᠦᠷᠢᠭ ᠪᠠᠭᠤᠯᠭᠠᠵᠦ ᠲᠡᠮᠵᠢᠪᠡ
2026-05-08 10:57:04
ᠵᠣᠬᠢᠶᠠᠭ᠍ᠴᠢ᠄
ᠶᠠᠩ ᠸᠧᠢ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠪᠠ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ ᠬᠠᠮᠲᠤᠷᠠᠨ ᠣᠢᠷ᠎ᠠ᠎ᠳᠤ 2026 ᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠤᠰᠬᠠᠢ ᠪᠡᠯᠡ ᠮᠥᠩᠭᠥ᠎ᠶᠢ 9900 ᠲᠦᠮᠡᠨ ᠲᠥᠭᠥᠷᠢᠭ ᠪᠠᠭᠤᠯᠭᠠᠪᠠ᠃

ᠲᠤᠰ ᠪᠡᠯᠡ ᠮᠥᠩᠭᠥ᠎ᠶᠢ ᠪᠠᠢᠯᠳᠤᠬᠤ ᠪᠣᠳᠣᠯᠭ᠎ᠠ᠎ᠶᠢᠨ ᠬᠣᠰᠢᠭᠤᠷᠠᠯ ᠪᠠ ᠠᠵᠤ ᠦᠢᠯᠡᠰ᠎ᠦᠨ ᠪᠠᠴᠢᠮ ᠬᠡᠷᠡᠭᠴᠡᠭᠡ᠎ᠳᠦ ᠴᠢᠭᠯᠡᠭᠦᠯᠦᠨ᠂ ᠬᠦᠷᠢᠶ᠎ᠡ ᠬᠤᠪᠢᠶᠠᠨ ᠣᠨᠣᠴᠠᠲᠠᠢ ᠲᠣᠬᠢᠷᠠᠭᠤᠯᠪᠡ᠄

ᠰᠢᠨ᠎ᠡ ᠡᠨᠧᠷᠭᠢ᠎ᠶᠢᠨ ᠬᠦᠷᠢᠶ᠎ᠡ᠎ᠳᠤ᠂ 3 ᠴᠢᠬᠤᠯᠠ ᠶᠡᠬᠡ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠥᠷᠥᠯ ᠵᠦᠢᠯ᠎ᠢ ᠬᠡᠷᠡᠭᠵᠢᠭᠦᠯᠬᠦ ᠵᠢ 3000 ᠲᠦᠮᠡᠨ ᠲᠥᠭᠥᠷᠢᠭ ᠵᠢᠡᠷ ᠳᠡᠮᠵᠢᠵᠦ᠂ ᠰᠢᠨ᠎ᠡ ᠡᠨᠧᠷᠭᠢ᠎ᠶᠢᠨ ᠬᠦᠷᠢᠶ᠎ᠠ ᠵᠢᠨ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠰᠢᠪᠲᠤᠯᠬᠤ ᠠᠵᠢᠯ ᠥᠷᠨᠢᠭᠦᠯᠬᠦ᠎ᠶᠢ ᠭᠣᠣᠯᠳᠠᠯᠭ᠎ᠠ᠎ᠲᠠᠢ ᠳᠡᠮᠵᠢᠵᠦ᠂ ᠥᠪᠥᠷ ᠮᠣᠩᠭᠣᠯ᠎ᠤᠨ ᠰᠢᠨ᠎ᠡ ᠡᠨᠧᠷᠭᠢ᠎ᠶᠢᠨ ᠠᠵᠤ ᠦᠢᠯᠡᠰ᠎ᠦᠨ ᠮᠡᠷᠭᠡᠵᠢᠯ᠎ᠦᠨ ᠲᠠᠰ ᠳᠡᠪᠰᠢᠬᠦ᠎ᠳᠦ ᠬᠦᠴᠦᠨ ᠨᠡᠮᠡᠷᠢᠯᠡᠨ᠎ᠡ;

ᠵᠣᠬᠢᠶᠠᠮᠠᠯ ᠣᠶᠤᠨ ᠴᠢᠳᠠᠪᠤᠷᠢ᠎ᠶᠢᠨ ᠬᠦᠷᠢᠶ᠎ᠡ᠎ᠳᠤ᠂ 2 ᠴᠢᠬᠤᠯᠠ ᠶᠡᠬᠡ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠥᠷᠥᠯ ᠵᠦᠢᠯ᠎ᠢ ᠬᠡᠷᠡᠭᠵᠢᠭᠦᠯᠬᠦ᠎ᠶᠢ 1500 ᠲᠦᠮᠡᠨ ᠲᠥᠭᠥᠷᠢᠭ ᠵᠢᠡᠷ ᠳᠡᠮᠵᠢᠵᠦ᠂ ᠲᠠᠷᠢᠬᠢ — ᠮᠠᠰᠢᠨ᠎ᠤ ᠵᠠᠯᠭᠠᠭᠠᠰᠤ ᠵᠡᠷᠭᠡ ᠬᠣᠰᠢᠭᠤᠷᠠᠯ ᠮᠡᠷᠭᠡᠵᠢᠯ᠎ᠳᠦ ᠠᠩᠬᠠᠷᠤᠯ᠎ᠢᠶᠠᠨ ᠲᠥᠪᠯᠡᠷᠡᠭᠦᠯᠦᠨ ᠪᠣᠭᠣᠮᠲᠠ ᠰᠢᠪᠲᠤᠯᠬᠤ᠎ᠶᠢ ᠭᠣᠣᠯᠳᠠᠯᠭ᠎ᠠ᠎ᠲᠠᠢ ᠳᠡᠮᠵᠢᠵᠦ᠂ ᠲᠠᠷᠢᠬᠢᠨ᠎ᠤ ᠰᠢᠨᠵᠢᠯᠡᠬᠦ ᠤᠬᠠᠭᠠᠨ ᠬᠢᠭᠡᠳ ᠡᠮ ᠡᠮᠨᠡᠯᠭᠡ ᠡᠷᠡᠭᠦᠯ ᠮᠡᠨᠳᠦ᠂ ᠣᠶᠤᠨᠯᠢᠭ᠋ ᠲᠣᠨᠣᠭ ᠲᠥᠬᠦᠭᠡᠷᠦᠮᠵᠢ ᠵᠡᠷᠭᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ;

ᠠᠮᠢᠳᠤ ᠪᠣᠳᠠᠰ᠎ᠤᠨ ᠮᠡᠷᠭᠡᠵᠢᠯ᠎ᠦᠨ ᠬᠦᠷᠢᠶ᠎ᠡ᠎ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠦᠨ 6 ᠲᠥᠷᠥᠯ ᠵᠦᠢᠯ᠎ᠢ ᠬᠡᠷᠡᠭᠵᠢᠭᠦᠯᠬᠦ᠎ᠶᠢ 5400 ᠲᠦᠮᠡᠨ ᠲᠥᠭᠥᠷᠢᠭ ᠵᠢᠡᠷ ᠳᠡᠮᠵᠢᠵᠦ᠂ ᠠᠮᠢᠲᠠᠨ᠎ᠤ ᠬᠢᠵᠢᠭ ᠡᠪᠡᠳᠴᠢᠨ᠎ᠢ ᠵᠠᠰᠠᠬᠤ ᠰᠢᠨ᠎ᠡ ᠬᠡᠯᠪᠡᠷᠢ᠎ᠶᠢᠨ ᠮᠠᠯ᠎ᠤᠨ ᠡᠮ᠎ᠤᠨ ᠨᠠᠢᠷᠠᠯᠭ᠎ᠠ ᠵᠡᠷᠭᠡ ᠵᠢᠨ ᠲᠣᠭᠣᠷᠢᠨ᠎ᠳᠤ ᠪᠣᠭᠣᠮᠲᠠ ᠰᠢᠪᠲᠤᠯᠬᠤ᠎ᠶᠢ ᠭᠣᠣᠯᠳᠠᠯᠭ᠎ᠠ᠎ᠲᠠᠢ ᠳᠡᠮᠵᠢᠵᠦ᠂ ᠠᠮᠢᠳᠤ ᠪᠣᠳᠠᠰ᠎ᠤᠨ ᠦᠢᠯᠡᠳᠬᠦ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号