ᠰᠤᠷᠪᠤᠯᠵᠢᠯᠠᠭ᠍ᠴᠢ ᠤᠯᠤᠰ᠎ᠤᠨ ᠴᠠᠬᠢᠯᠭᠠᠨ
ᠲᠣᠣᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠠᠬᠢᠯᠭᠠᠨ ᠬᠦᠴᠦᠨ᠎ᠦ ᠺᠣᠮᠫᠠᠨᠢ᠎ᠠᠴᠠ ᠣᠢᠯᠠᠭᠠᠭᠰᠠᠨ ᠵᠢᠡᠷ᠂
5 ᠰᠠᠷ᠎ᠠ᠎ᠶᠢᠨ 1᠎ᠡᠴᠡ 5᠎ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠠᠬᠢᠯᠭᠠᠨ ᠲᠣᠣᠷ
ᠠᠩᠬ᠎ᠠ ᠤᠳᠠᠭ᠎ᠠ ᠭᠤᠸᠠᠩᠳᠦ᠋ᠩ᠎ᠳᠦ ᠴᠠᠬᠢᠯᠭᠠᠨ ᠬᠦᠷᠭᠡᠪᠡ᠂ ᠡᠨᠡ ᠬᠦ᠌ 2300 ᠭᠠᠷᠤᠢ ᠺᠢᠯᠣᠮᠧᠲᠷ
ᠠᠯᠤᠰᠯᠠᠭᠰᠠᠨ ᠴᠠᠬᠢᠯᠭᠠᠨ ᠬᠦᠴᠦᠨ᠎ᠦ ᠬᠦᠷᠭᠡᠯᠲᠡ ᠨᠢ ᠤᠯᠤᠰ᠎ᠤᠨ ᠴᠠᠬᠢᠯᠭᠠᠨ ᠲᠣᠣᠷ ᠬᠢᠭᠡᠳ ᠡᠮᠦᠨᠡᠲᠦ᠎ᠶᠢᠨ
ᠴᠠᠬᠢᠯᠭᠠᠨ ᠲᠣᠣᠷ᠎ᠤᠨ ᠡᠵᠡᠩᠨᠡᠯᠲᠡ᠎ᠶᠢᠨ ᠣᠷᠣᠨ ᠠᠯᠤᠰᠯᠠᠨ ᠠᠷᠠᠯᠵᠢᠶᠠᠯᠠᠬᠤ ᠴᠢᠬᠤᠯᠠ ᠦᠢᠯᠡᠳᠦᠯᠭᠡ ᠪᠣᠯᠬᠤ᠎ᠪᠠᠷ
ᠪᠠᠷᠠᠬᠤ ᠦᠭᠡᠢ᠂ ᠪᠥᠬᠥ ᠤᠯᠤᠰ᠎ᠤᠨ ᠨᠢᠭᠡᠳᠦᠯᠲᠡᠢ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠪᠦᠲᠦᠭᠡᠨ
ᠪᠠᠢᠭᠤᠯᠤᠯᠲᠠ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠢᠨ᠎ᠠ᠃
ᠣᠢᠯᠠᠭᠠᠭᠰᠠᠨ᠎ᠢᠶᠠᠷ᠂ ᠲᠣᠰ ᠤᠳᠠᠭ᠎ᠠ
ᠵᠢᠨ ᠣᠷᠣᠨ ᠪᠦᠰᠡ ᠠᠯᠤᠰᠯᠠᠨ ᠴᠠᠬᠢᠯᠭᠠᠨ ᠬᠦᠷᠭᠡᠵᠦ ᠠᠷᠠᠯᠵᠢᠶᠠᠯᠠᠭᠰᠠᠨ ᠴᠠᠬᠢᠯᠭᠠᠨ᠎ᠤ ᠬᠡᠮᠵᠢᠶ᠎ᠡ ᠨᠢ
560 ᠲᠦᠮᠡᠨ ᠺᠢᠯᠣᠸᠠᠲ ᠴᠠᠭ᠎ᠲᠤ ᠬᠦᠷᠴᠦ᠂ ᠠᠮᠠᠷᠠᠯᠲᠠ᠎ᠶᠢᠨ ᠬᠤᠭᠤᠴᠠᠭᠠᠨ᠎ᠤ ᠴᠠᠬᠢᠯᠭᠠᠨ ᠬᠡᠷᠡᠭᠯᠡᠬᠦ ᠣᠷᠭᠢᠯ᠎ᠤᠨ
ᠬᠡᠷᠡᠭᠴᠡᠭᠡ᠎ᠶᠢ ᠣᠨᠣᠪᠴᠢᠲᠠᠶ ᠵᠣᠯᠭᠠᠭᠤᠯᠵᠤ᠂ ᠪᠦᠬᠦᠨ᠎ᠢ 《5·1》᠎ᠤ ᠠᠮᠠᠷᠠᠯᠲᠠ᠎ᠶᠢᠨ ᠬᠤᠭᠤᠴᠠᠭᠠᠨ᠎ᠤ
ᠭᠤᠸᠠᠩᠳᠦ᠋ᠩ ᠣᠷᠣᠨ᠎ᠤ ᠴᠠᠬᠢᠯᠭᠠᠨ ᠬᠦᠴᠦᠨ᠎ᠦ ᠬᠠᠩᠭᠠᠯᠭ᠎ᠠ᠎ᠶᠢ ᠪᠠᠲᠤᠯᠠᠬᠤ᠎ᠳᠤ ᠬᠡᠷᠡᠭᠯᠡᠵᠦ᠂ ᠴᠠᠬᠢᠯᠭᠠᠨ ᠬᠦᠴᠦᠨ᠎ᠦ
ᠡᠬᠢ ᠪᠠᠶᠠᠯᠢᠭ᠋᠎ᠢ ᠣᠷᠣᠨ ᠪᠦᠰᠡ ᠠᠯᠤᠰᠯᠠᠨ ᠰᠢᠯᠢᠳᠡᠭᠵᠢᠭᠦᠯᠦᠨ ᠲᠣᠬᠢᠷᠠᠭᠤᠯᠵᠦ᠂ ᠪᠥᠬᠥ ᠤᠯᠤᠰ᠎ᠤᠨ ᠴᠠᠬᠢᠯᠭᠠᠨ
ᠬᠦᠴᠦᠨ᠎ᠦ ᠵᠠᠬ᠎ᠠ ᠳᠡᠯᠭᠡᠭᠦᠷ᠎ᠦᠨ 《ᠨᠢᠭᠡ ᠬᠥᠯᠭᠡ ᠰᠢᠲᠠᠷ᠎ᠠ》 ᠪᠣᠯᠬᠤ ᠣᠢᠯᠠᠭᠠᠭᠳᠠᠬᠤᠨ᠎ᠢ ᠦᠢᠯᠡᠳᠦᠯᠭᠡᠵᠢᠭᠦᠯᠪᠡ᠃
ᠥᠪᠥᠷ ᠮᠣᠩᠭᠣᠯ᠎ᠤᠨ ᠵᠡᠭᠦᠨ ᠬᠡᠰᠡᠭ᠎ᠦᠨ
ᠭᠠᠵᠠᠷ ᠣᠷᠣᠨ᠎ᠳᠤ ᠡᠨᠧᠷᠭᠢ᠎ᠶᠢᠨ ᠡᠬᠢ ᠪᠠᠶᠠᠯᠢᠭ᠋ ᠡᠯᠪᠡᠭ ᠪᠠᠢᠵᠤ᠂ ᠲᠣᠰ ᠤᠳᠠᠭ᠎ᠠ ᠵᠢᠨ ᠣᠷᠣᠨ ᠪᠦᠰᠡ ᠠᠯᠤᠰᠯᠠᠭᠰᠠᠨ
ᠴᠠᠬᠢᠯᠭᠠᠨ ᠬᠦᠴᠦᠨ᠎ᠦ ᠬᠦᠷᠭᠡᠯᠲᠡ ᠨᠢ ᠲᠤᠬᠠᠢ᠎ᠶᠢᠨ ᠭᠠᠵᠠᠷ᠎ᠤᠨ ᠦᠯᠡᠭᠦᠦ ᠰᠢᠨ᠎ᠡ ᠡᠨᠧᠷᠭᠢ᠎ᠶᠢᠨ ᠠᠰᠢᠭ᠍ᠯᠠᠯᠲᠠ᠎ᠶᠢ
ᠪᠦᠲᠦᠮᠵᠢᠲᠡᠶ ᠠᠬᠢᠭᠤᠯᠵᠤ᠂ ᠠᠮᠢ ᠠᠬᠤᠢ᠎ᠶᠢᠨ ᠦᠷ᠎ᠡ ᠠᠰᠢᠭ᠋ ᠪᠣᠯᠣᠨ ᠠᠵᠤ ᠠᠬᠤᠢ᠎ᠶᠢᠨ ᠦᠷ᠎ᠡ ᠠᠰᠢᠭ᠋᠎ᠤᠨ ᠬᠣᠣᠰ
ᠳᠡᠭᠡᠭᠰᠢᠯᠡᠯᠲᠡ᠎ᠶᠢ ᠠᠬᠢᠭᠤᠯᠪᠠ᠃ ᠡᠭᠦᠨ᠎ᠦ ᠬᠠᠮᠲᠤ᠂ ᠠᠷᠠᠯᠵᠢᠶ᠎ᠠ ᠨᠢ ᠴᠠᠬᠢᠯᠭᠠᠨ ᠲᠣᠣᠷ ᠠᠯᠤᠰᠯᠠᠭᠰᠠᠨ ᠡᠵᠡᠩᠨᠡᠯᠲᠡ᠎ᠶᠢᠨ
ᠣᠷᠣᠨ ᠪᠦᠰᠡ᠎ᠶᠢᠨ ᠠᠷᠠᠯᠵᠢᠶᠠᠨ᠎ᠤ ᠲᠣᠭᠲᠠᠴᠠ᠎ᠶᠢ ᠴᠢᠩᠭ᠎ᠠ ᠵᠢᠷᠤᠮᠯᠠᠵᠤ᠂ ᠴᠠᠬᠢᠯᠭᠠᠨ ᠬᠦᠷᠭᠡᠬᠦ ᠠᠮᠤᠷ ᠲᠦᠪᠰᠢᠨ
ᠨᠠᠢᠳᠠᠪᠤᠷᠢᠲᠠᠢ ᠪᠠᠢᠬᠤ᠎ᠶᠢ ᠦᠨᠡᠨ ᠬᠦ᠌ ᠪᠠᠲᠤᠯᠠᠵᠤ᠂ ᠲᠠᠷᠠᠭᠠᠴᠢ᠎ᠶᠢᠨ ᠣᠷᠣᠨ ᠪᠦᠰᠡ ᠠᠯᠤᠰᠯᠠᠭᠰᠠᠨ ᠪᠠᠢᠩᠭᠤᠵᠢᠭ᠍ᠰᠠᠨ
ᠬᠣᠯᠠ ᠵᠠᠢ᠎ᠶᠢᠨ ᠴᠠᠬᠢᠯᠭᠠᠨ ᠬᠦᠴᠦᠨ᠎ᠦ ᠠᠷᠠᠯᠵᠢᠶ᠎ᠠ᠎ᠳᠤ ᠡᠷᠬᠢᠮ ᠨᠠᠨᠳᠢᠨ ᠲᠤᠷᠰᠢᠯᠭ᠎ᠠ ᠬᠠᠩᠭᠠᠪᠠ᠃