ᠪᠠᠶᠠᠷ ᠬᠦᠷᠭᠡᠶ᠎ᠡ! ᠥᠪᠥᠷ ᠮᠣᠩᠭᠣᠯ᠎ᠤᠨ 3 ᠰᠣᠷᠣᠭᠴᠢ ᠰᠣᠩᠭᠣᠭᠳᠠᠪᠠ!
2026-05-08 11:00:30
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

5 ᠰᠠᠷ᠎ᠠ᠎ᠶᠢᠨ 4᠎ᠦ ᠡᠳᠦᠷ᠂ 5᠎ᠤ ᠡᠳᠦᠷ᠂《ᠠᠷᠠᠳ᠎ᠤᠨ ᠡᠳᠦᠷ᠎ᠦᠨ ᠰᠣᠨᠢᠨ》ᠳ᠋ᠤ《2024 — 2025 ᠰᠤᠷᠤᠯᠭ᠎ᠠ᠎ᠶᠢᠨ ᠣᠨ᠎ᠤ ᠵᠢᠩᠬᠢᠨᠢ ᠠᠩᠭᠢ ᠪᠠ ᠲᠤᠰᠬᠠᠶ ᠮᠡᠷᠭᠡᠵᠢᠯ᠎ᠦᠨ ᠠᠩᠭᠢ᠎ᠶᠢᠨ ᠰᠣᠷᠣᠭᠴᠢ᠎ᠶᠢᠨ ᠤᠯᠤᠰ᠎ᠤᠨ ᠰᠤᠷᠤᠯᠭ᠎ᠠ᠎ᠶᠢᠨ ᠱᠠᠩᠨᠠᠯ᠎ᠤᠨ ᠮᠥᠩᠭᠥ᠌ ᠭᠥᠷᠳᠡᠭᠰᠡᠨ ᠰᠣᠷᠣᠭᠴᠢᠳ᠎ᠤᠨ ᠲᠥᠯᠥᠭᠡᠯᠡᠭᠴᠢ᠎ᠶᠢᠨ ᠨᠡᠷᠡᠰ》᠂ 《2024 — 2025 ᠰᠤᠷᠤᠯᠭ᠎ᠠ᠎ᠶᠢᠨ ᠣᠨ᠎ᠤ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠤᠯᠤᠰ᠎ᠤᠨ ᠰᠤᠷᠤᠯᠭ᠎ᠠ᠎ᠶᠢᠨ ᠱᠠᠩᠨᠠᠯ᠎ᠤᠨ ᠮᠥᠩᠭᠥ᠌ ᠭᠥᠷᠳᠡᠭᠰᠡᠨ ᠰᠣᠷᠣᠭᠴᠢᠳ᠎ᠤᠨ ᠲᠥᠯᠥᠭᠡᠯᠡᠭᠴᠢ᠎ᠶᠢᠨ ᠨᠡᠷᠡᠰ》᠂《2024 — 2025 ᠰᠤᠷᠤᠯᠭ᠎ᠠ᠎ᠶᠢᠨ ᠣᠨ᠎ᠤ ᠠᠰᠫᠢᠷᠠᠨᠲ᠎ᠤᠨ ᠤᠯᠤᠰ᠎ᠤᠨ ᠰᠤᠷᠤᠯᠭ᠎ᠠ᠎ᠶᠢᠨ ᠱᠠᠩᠨᠠᠯ᠎ᠤᠨ ᠮᠥᠩᠭᠥ᠌ ᠭᠥᠷᠳᠡᠭᠰᠡᠨ ᠰᠣᠷᠣᠭᠴᠢᠳ᠎ᠤᠨ ᠲᠥᠯᠥᠭᠡᠯᠡᠭᠴᠢ ᠵᠢᠨ ᠨᠡᠷᠡᠰ》᠎ᠢ ᠨᠡᠶ᠋ᠢᠲᠡᠯᠡᠪᠡ᠂ ᠥᠪᠥᠷ ᠮᠣᠩᠭᠣᠯ᠎ᠤᠨ ᠬᠥᠬᠡᠬᠣᠲᠠ᠎ᠶᠢᠨ ᠣᠲᠣ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ᠎ᠦᠨ ᠰᠤᠷᠭᠠᠭᠤᠯᠢ᠎ᠶᠢᠨ 2023 ᠤᠨ᠎ᠤ ᠪᠠᠷᠢᠯᠭ᠎ᠠ ᠵᠢᠨ ᠬᠡᠮᠵᠢᠯᠲᠡ᠎ᠶᠢᠨ ᠮᠡᠷᠭᠡᠵᠢᠯ᠎ᠦᠨ ᠰᠣᠷᠣᠭᠴᠢ ᠯᠦᠸᠧ ᠵᠢᠩ᠂ ᠥᠪᠥᠷ ᠮᠣᠩᠭᠣᠯ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠬᠣᠪᠣᠷ ᠰᠢᠷᠣᠶ᠎ᠶᠢᠨ ᠠᠵᠤ ᠦᠢᠯᠡᠰ᠎ᠦᠨ ᠳᠡᠭᠡᠳᠦ ᠰᠤᠷᠭᠠᠭᠤᠯᠢ ᠵᠢᠨ ᠲᠡᠮᠦᠷᠯᠢᠭ ᠬᠠᠶ᠋ᠢᠯᠤᠭᠤᠯᠬᠤ ᠢᠨᠵᠧᠨᠧᠷᠢᠩ᠎ᠦᠨ ᠲᠤᠰᠬᠠᠶ ᠮᠡᠷᠭᠡᠵᠢᠯ᠎ᠤᠨ 2022 ᠣᠨ᠎ᠤ ᠰᠣᠷᠣᠭᠴᠢ ᠯᠢ ᠶᠠᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠠᠮᠢ ᠨᠠᠰᠤᠨ᠎ᠤ ᠰᠢᠨᠵᠢᠯᠡᠬᠦ᠌ ᠤᠬᠠᠭᠠᠨ᠎ᠤ ᠳᠡᠭᠡᠳᠦ ᠰᠤᠷᠭᠠᠭᠤᠯᠢ᠎ᠶᠢᠨ ᠠᠮᠢᠳᠤ ᠪᠣᠳᠠᠰ᠎ᠤᠨ ᠤᠬᠠᠭᠠᠨ᠎ᠤ ᠲᠤᠰᠬᠠᠶ ᠮᠡᠷᠭᠡᠵᠢᠯ᠎ᠦᠨ 2023 ᠣᠨ᠎ᠤ ᠠᠰᠫᠢᠷᠠᠨᠲ ᠰᠢᠶᠠ ᠶᠠᠨ ᠡᠭᠦᠨ᠎ᠳᠦ ᠵᠢᠭᠰᠠᠭᠠᠭᠳᠠᠪᠠ᠃

ᠯᠦᠸᠧ ᠵᠢᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠎ᠶᠢᠨ ᠣᠲᠣ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ᠎ᠦᠨ ᠰᠤᠷᠭᠠᠭᠤᠯᠢ᠎ᠶᠢᠨ 2023 ᠤᠨ᠎ᠤ ᠢᠨᠵᠧᠨᠧᠷᠢᠩ᠎ᠦᠨ ᠬᠡᠮᠵᠢᠯᠲᠡ᠎ᠶᠢᠨ ᠮᠡᠷᠭᠡᠵᠢᠯ᠎ᠦᠨ ᠲᠤᠰᠬᠠᠶ ᠮᠡᠷᠭᠡᠵᠢᠯ᠎ᠦᠨ ᠰᠣᠷᠣᠭᠴᠢ᠂ ᠡᠪ ᠬᠠᠮᠲᠤ᠌ ᠵᠠᠯᠠᠭᠤᠴᠤᠳ᠎ᠤᠨ ᠡᠪᠯᠡᠯ᠎ᠦᠨ ᠭᠡᠰᠢᠭᠦᠨ᠃ 2024 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠮᠡᠷᠭᠡᠵᠢᠯ ᠴᠢᠳᠠᠪᠤᠷᠢ᠎ᠶᠢᠨ ᠤᠷᠤᠯᠳᠤᠭᠠᠨ᠎ᠤ ᠢᠨᠵᠧᠨᠧᠷᠢᠩ᠎ᠦᠨ ᠬᠡᠮᠵᠢᠯᠲᠡ᠎ᠶᠢᠨ ᠤᠷᠤᠯᠳᠤᠭᠠᠨ᠎ᠤ ᠲᠥᠷᠥᠯ ᠵᠦᠢᠯ᠎ᠦᠨ ᠪᠦᠯᠬᠦᠮ᠎ᠦᠨ ᠭᠤᠷᠪᠠᠳᠤᠭᠠᠷ ᠳᠡᠰ᠎ᠤᠨ ᠱᠠᠩᠨᠠᠯ᠎ᠢ ᠭᠥᠷᠳᠡᠪᠡ᠃ 2025 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠮᠡᠷᠭᠡᠵᠢᠯ ᠴᠢᠳᠠᠪᠤᠷᠢ᠎ᠶᠢᠨ ᠤᠷᠤᠯᠳᠤᠭᠠᠨ᠎ᠤ ᠢᠨᠵᠧᠨᠧᠷᠢᠩ᠎ᠦᠨ ᠬᠡᠮᠵᠢᠯᠲᠡ᠎ᠶᠢᠨ ᠤᠷᠤᠯᠳᠤᠭᠠᠨ᠎ᠤ ᠲᠥᠷᠥᠯ ᠵᠦᠢᠯ᠎ᠦᠨ ᠪᠦᠯᠬᠦᠮ᠎ᠦᠨ ᠨᠢᠭᠡᠳᠦᠭᠡᠷ ᠳᠡᠰ᠎ᠤᠨ ᠱᠠᠩᠨᠠᠯ ᠭᠥᠷᠳᠡᠵᠦ᠍᠂ ᠳᠡᠯᠡᠬᠡᠶ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠮᠡᠷᠭᠡᠵᠢᠯ ᠴᠢᠳᠠᠪᠤᠷᠢ᠎ᠶᠢᠨ ᠤᠷᠤᠯᠳᠤᠭᠠᠨ᠎ᠤ ᠶᠡᠷᠦᠩᠬᠡᠶ ᠰᠢᠢᠳᠪᠦᠷᠢᠲᠦ᠍ ᠤᠷᠤᠯᠳᠤᠭᠠᠨ᠎ᠳᠤ ᠭᠠᠵᠠᠷ ᠰᠢᠨᠵᠢᠯᠡᠭᠡᠨ᠎ᠦ ᠬᠠᠶ᠋ᠢᠨ ᠪᠠᠶ᠋ᠢᠴᠠᠭᠠᠯᠲᠠ ᠬᠢᠭᠡᠳ ᠭᠠᠵᠠᠷ ᠵᠦᠶ᠎ᠶᠢᠨ ᠬᠡᠮᠵᠢᠨ ᠵᠢᠷᠤᠭᠯᠠᠯᠲᠠ᠎ᠶᠢᠨ ᠤᠷᠤᠯᠳᠤᠭᠠᠨ᠎ᠤ ᠪᠦᠯᠬᠦᠮ᠎ᠦᠨ ᠬᠦᠷᠡᠯ ᠮᠸᠲᠠᠯ᠎ᠤᠨ ᠱᠠᠩᠨᠠᠯ᠎ᠢ ᠭᠥᠷᠳᠡᠪᠡ᠃

 ᠯᠢ ᠶᠠᠨ᠂ ᠥᠪᠥᠷ ᠮᠣᠩᠭᠣᠯ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠬᠣᠪᠣᠷ ᠰᠢᠷᠣᠢ᠎ᠶᠢᠨ ᠠᠵᠤ ᠦᠢᠯᠡᠰ᠎ᠦᠨ ᠳᠡᠭᠡᠳᠦ ᠰᠤᠷᠭᠠᠭᠤᠯᠢ᠎ᠶᠢᠨ ᠲᠡᠮᠦᠷᠯᠢᠭ ᠬᠠᠶ᠋ᠢᠯᠤᠭᠤᠯᠬᠤ ᠢᠨᠵᠧᠨᠧᠷᠢᠩ᠎ᠦᠨ ᠲᠤᠰᠬᠠᠢ ᠮᠡᠷᠭᠡᠵᠢᠯ᠎ᠦᠨ 2022 ᠣᠨ᠎ᠤ ᠰᠤᠷᠤᠭᠴᠢ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠭᠡᠰᠢᠭᠦᠨ᠃ ᠳᠤᠮᠳᠠᠳᠤ ᠤᠯᠤᠰ᠎ᠤᠨ ᠣᠯᠠᠨ ᠤᠯᠤᠰ᠎ᠤᠨ ᠤᠶᠤᠲᠠᠳ᠎ᠤᠨ ᠰᠢᠨ᠎ᠡ᠎ᠶᠢ ᠡᠭᠦᠳᠬᠦ᠌ ᠤᠷᠤᠯᠳᠤᠭᠠᠨ(2025)᠎ᠤ ᠠᠯᠲᠠᠨ ᠮᠧᠳᠠᠯ᠂ ᠠᠷᠪᠠ ᠶᠢᠰᠦᠳᠦᠭᠡᠷ ᠬᠤᠭᠤᠴᠠᠭᠠᠨ᠎ᠤ 《ᠥᠷᠢᠰᠥᠯᠳᠦᠭᠡᠨ ᠬᠤᠨᠳᠠᠭᠠᠲᠤ᠌》 ᠪᠥᠬᠥ᠌ ᠤᠯᠤᠰ᠎ᠤᠨ ᠤᠶᠤᠲᠠᠳ᠎ᠤᠨ ᠬᠢᠴᠢᠶᠡᠯ᠎ᠦᠨ ᠭᠠᠳᠠᠨᠠᠬᠢ ᠡᠷᠳᠡᠮ ᠰᠢᠨᠵᠢᠯᠡᠭᠡᠨ᠎ᠦ ᠪᠦᠲᠦᠭᠡᠯ᠎ᠦᠨ ᠤᠷᠤᠯᠳᠤᠭᠠᠨ᠎ᠤ ᠭᠤᠷᠪᠠᠳᠤᠭᠠᠷ ᠳᠡᠰ᠎ᠤᠨ ᠱᠠᠩᠨᠠᠯ ᠭᠥᠷᠳᠡᠪᠡ᠃ ᠤᠯᠤᠰ᠎ᠤᠨ 2 ᠵᠦᠢᠯ᠎ᠦᠨ ᠬᠡᠷᠡᠭᠯᠡᠭᠡᠨ᠎ᠦ ᠰᠢᠨ᠎ᠡ ᠬᠡᠯᠪᠡᠷᠢ᠎ᠶᠢᠨ ᠲᠤᠰᠬᠠᠶ ᠠᠰᠢᠭ᠎ᠤᠨ ᠡᠷᠬᠡ ᠤᠯᠪᠠ᠃ ᠰᠠᠶ᠋ᠢᠨ ᠳᠤᠷ᠎ᠠ᠎ᠶᠢᠨ ᠦᠢᠯᠡᠴᠢᠯᠡᠭᠡ᠎ᠳᠦ ᠢᠳᠡᠪᠬᠢᠲᠡᠶ ᠣᠷᠣᠯᠴᠠᠵᠤ᠂ ᠰᠠᠶ᠋ᠢᠨ ᠳᠤᠷ᠎ᠠ᠎ᠶᠢᠨ ᠦᠢᠯᠡᠴᠢᠯᠡᠭᠡ ᠵᠢᠨ ᠴᠠᠭ ᠨᠡᠶ᠋ᠢᠲᠡ 364 ᠴᠠᠭ ᠪᠣᠯᠪᠠ᠃

ᠰᠢᠶᠠ ᠶᠠᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠠᠮᠢ ᠨᠠᠰᠤᠨ᠎ᠤ ᠰᠢᠨᠵᠢᠯᠡᠬᠦ᠌ ᠤᠬᠠᠭᠠᠨ᠎ᠤ ᠳᠡᠭᠡᠳᠦ ᠰᠤᠷᠭᠠᠭᠤᠯᠢ᠎ᠶᠢᠨ ᠠᠮᠢᠳᠤ ᠪᠣᠳᠠᠰ᠎ᠤᠨ ᠤᠬᠠᠭᠠᠨ᠎ᠤ ᠲᠤᠰᠬᠠᠶ ᠮᠡᠷᠭᠡᠵᠢᠯ᠎ᠦᠨ 2023 ᠣᠨ᠎ᠤ ᠠᠰᠫᠢᠷᠠᠨᠲ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠭᠡᠰᠢᠭᠦᠨ᠃ ᠤᠭᠤᠷᠠᠭ᠎ᠤᠨ ᠰᠠᠭᠤᠷᠢ ᠠᠮᠢᠳᠤ ᠪᠣᠳᠠᠰ᠎ᠤᠨ ᠮᠠᠲ᠋ᠧᠷᠢᠶᠠᠯ᠎ᠤᠨ ᠴᠢᠳᠠᠮᠵᠢᠭᠰᠠᠨ ᠵᠢᠷᠤᠭ ᠲᠥᠯᠥᠪᠯᠡᠭᠡ ᠵᠢᠴᠢ ᠡᠮ᠎ᠦᠨ ᠵᠦᠢᠯᠡᠰ᠎ᠢ ᠳᠠᠮᠵᠢᠭᠤᠯᠤᠨ ᠬᠦᠷᠭᠡᠬᠦ᠌᠂ ᠵᠤᠭᠢᠶᠠᠨ ᠪᠠᠢᠭᠤᠯᠤᠨ ᠰᠡᠷᠭᠦᠭᠡᠨ ᠬᠡᠷᠡᠭᠯᠡᠬᠦ᠌᠎ᠰᠤᠳᠤᠯᠭᠠᠨ᠎ᠢ ᠦᠷᠨᠢᠭᠦᠯᠭᠦ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠨᠢᠭᠡᠳᠦᠭᠡᠷ ᠵᠣᠬᠢᠶᠠᠭᠴᠢ (ᠬᠠᠮᠲᠤ᠎ᠶᠢᠨ ᠨᠢᠭᠡᠳᠦᠭᠡᠷ ᠵᠣᠬᠢᠶᠠᠭᠴᠢ ᠪᠠᠭᠲᠠᠨ᠎ᠠ)ᠪᠠᠷ SCI ᠬᠤᠭᠤᠴᠠᠭᠠᠲᠤ᠌ ᠰᠡᠳᠬᠦᠯ᠎ᠳᠦ 3 ᠬᠤᠪᠢ ᠥᠭᠦᠯᠡᠯ ᠨᠡᠶ᠋ᠢᠲᠡᠯᠡᠪᠡ᠃

 ᠣᠶ᠋ᠢᠯᠠᠭᠠᠭᠰᠠᠨ᠎ᠢᠶᠠᠷ᠂ 2024 — 2025 ᠰᠤᠷᠤᠯᠭ᠎ᠠ᠎ᠶᠢᠨ ᠣᠨ᠎ᠳᠤ᠂ ᠪᠥᠬᠥ᠌ ᠤᠯᠤᠰ᠎ᠲᠤ᠌ ᠪᠠᠷᠤᠭ 2 ᠲᠦᠮᠡᠨ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠣᠷᠣᠭᠴᠢ᠂ 12 ᠲᠦᠮᠡᠨ ᠵᠢᠩᠬᠢᠨᠢ ᠠᠩᠭᠢ ᠪᠠ ᠲᠤᠰᠬᠠᠶ ᠮᠡᠷᠭᠡᠵᠢᠯ᠎ᠦᠨ ᠠᠩᠭᠢ᠎ᠶᠢᠨ ᠰᠣᠷᠣᠭᠴᠢ᠂ 9 ᠲᠦᠮᠡᠨ ᠠᠰᠫᠢᠷᠠᠨᠲ ᠤᠯᠤᠰ᠎ᠤᠨ ᠰᠤᠷᠤᠯᠭ᠎ᠠ᠎ᠶᠢᠨ ᠱᠠᠩᠨᠠᠯ᠎ᠤᠨ ᠮᠥᠩᠭᠥ᠎ᠶᠢ ᠭᠥᠷᠳᠡᠪᠡ᠂ ᠲᠣᠰ ᠨᠡᠷᠡᠰ᠎ᠦᠨ ᠵᠢᠭᠰᠠᠭᠠᠯᠲᠠ᠎ᠳᠠᠬᠢ 100 ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠣᠷᠣᠭᠴᠢ᠂ 100 ᠵᠢᠩᠬᠢᠨᠢ ᠠᠩᠭᠢ ᠪᠠ ᠲᠤᠰᠬᠠᠶ ᠮᠡᠷᠭᠡᠵᠢᠯ᠎ᠦᠨ ᠠᠩᠭᠢ᠎ᠶᠢᠨ ᠰᠣᠷᠣᠭᠴᠢ ᠪᠠ 100 ᠠᠰᠫᠢᠷᠠᠨᠲ ᠪᠣᠯ ᠤᠯᠤᠰ᠎ᠤᠨ ᠰᠤᠷᠤᠯᠭ᠎ᠠ᠎ᠶᠢᠨ ᠱᠠᠩᠨᠠᠯ᠎ᠤᠨ ᠮᠥᠩᠭᠥ᠌ ᠣᠯᠤᠭᠰᠠᠨ ᠰᠣᠷᠣᠭᠴᠢᠳ᠎ᠤᠨ ᠳᠣᠲᠣᠷᠠᠬᠢ ᠰᠢᠯᠢᠳᠡᠭ ᠲᠥᠯᠥᠭᠡᠯᠡᠭᠴᠢ ᠪᠣᠯᠤᠨ᠎ᠠ᠃ 《ᠠᠷᠠᠳ᠎ᠤᠨ ᠡᠳᠦᠷ᠎ᠦᠨ  ᠰᠣᠨᠢᠨ》 ᠲᠣᠰ ᠨᠡᠷᠡᠰ᠎ᠢ ᠨᠡᠶ᠋ᠢᠲᠡᠯᠡᠭᠰᠡᠨ ᠨᠢ ᠥᠷᠭᠡᠨ ᠣᠯᠠᠨ ᠵᠠᠯᠠᠭᠤ ᠰᠤᠷᠤᠭᠴᠢᠳ ᠲᠡᠳᠡᠨ᠎ᠢᠶᠡᠷ ᠥᠯᠢᠭᠡᠷ ᠳᠠᠭᠤᠷᠢᠶᠠᠯ ᠪᠣᠯᠭᠠᠵᠤ᠂ ᠲᠡᠳᠡᠨ᠎ᠦ ᠪᠡᠶ᠎ᠡ ᠳᠡᠭᠡᠷ᠎ᠡ᠎ᠡᠴᠡ ᠦᠰᠦᠨ ᠪᠣᠶ᠋ᠢᠵᠢᠬᠤ ᠬᠦᠴᠦᠨ ᠴᠢᠳᠠᠯ ᠣᠯᠵᠤ᠂ ᠵᠢᠩᠬᠢᠨᠢ ᠡᠷᠳᠡᠮ ᠴᠢᠳᠠᠪᠤᠷᠢ᠎ᠪᠠᠷ᠎ᠢᠶᠠᠨ ᠠᠷᠠᠳ ᠲᠦᠮᠡᠨ᠎ᠳᠦ ᠦᠢᠯᠡᠴᠢᠯᠡᠵᠦ᠍᠂ ᠰᠢᠨ᠎ᠡ᠎ᠶᠢ ᠡᠭᠦᠳᠦᠨ ᠪᠦᠲᠦᠭᠡᠵᠦ᠍᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠴᠦᠷᠬᠡᠭ ᠤᠯᠤᠰ᠂ ᠴᠢᠳᠠᠪᠤᠷᠢᠲᠠᠨ᠎ᠤ ᠬᠦᠴᠦᠷᠬᠡᠭ ᠤᠯᠤᠰ᠎ᠢ ᠪᠥᠲᠥᠭᠡᠨ ᠪᠠᠶ᠋ᠢᠭᠤᠯᠬᠤ ᠳᠤᠮᠳᠠ ᠵᠣᠷᠢᠭᠲᠠᠶ᠎ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠵᠦ᠍᠂ ᠯᠠᠪᠳᠠᠭᠤᠨ ᠪᠠᠲᠤᠲᠠᠶ ᠠᠵᠢᠯᠯᠠᠵᠤ᠂ ᠵᠠᠯᠠᠭᠤ ᠨᠠᠰᠤᠨ᠎ᠤ ᠣᠷᠭᠢᠯᠤᠮ᠎ᠠ ᠰᠡᠳᠬᠢᠯᠭᠡ᠎ᠪᠡᠨ ᠪᠠᠳᠠᠷᠠᠭᠤᠯᠤᠨ᠂ ᠵᠠᠯᠠᠭᠤ ᠨᠠᠰᠤᠨ᠎ᠤ ᠬᠦᠰᠡᠯ ᠵᠡᠭᠦᠳᠦ᠎ᠪᠡᠨ ᠬᠥᠭᠡᠭᠡᠴᠡᠯᠳᠦᠵᠦ᠍᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌᠎ᠳᠦ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠬᠦ᠌᠎ᠶᠢ ᠬᠦᠰᠡᠵᠦ ᠪᠠᠶ᠋ᠢᠨ᠎ᠠ᠃

ᠢᠷᠡᠯᠲᠡ᠄  ᠠᠷᠠᠳ᠎ᠤᠨ ᠡᠳᠦᠷ᠎ᠦᠨ ᠰᠣᠨᠢᠨ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号