ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠲᠦᠷᠦᠯ᠎ᠦᠨ ᠰᠤᠷᠭᠠᠭᠤᠯᠢ᠎ᠶᠢᠨ ᠬᠦᠷᠢᠶᠡᠨ᠎ᠦ ᠠᠵᠢᠯᠲᠠᠨ ᠤᠷᠢᠵᠤ ᠡᠯᠰᠡᠬᠦ ᠰᠠᠷ᠎ᠠ᠎ᠶᠢᠨ ᠠᠵᠢᠯᠯᠠᠭ᠎ᠠ ᠵᠢᠨ ᠬᠤᠭᠤᠴᠠᠭᠠᠨ ᠳ᠋ᠤ 8000 ᠭᠠᠷᠤᠢ ᠠᠵᠢᠯ᠎ᠤᠨ ᠪᠠᠢᠷᠢ ᠬᠠᠩᠭᠠᠵᠠᠢ
2026-05-09 09:47:30
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2026 ᠤᠨ᠎ᠤ ᠶᠡᠬᠡ ᠳᠡᠭᠡᠳᠦ ᠰᠤᠷᠭᠠᠭᠤᠯᠢ᠎ᠳᠡᠬᠦᠰᠦᠭᠰᠡᠳ᠎ᠲᠸ᠋ ᠵᠤᠷᠢᠭᠤᠯᠤᠭᠰᠠᠨ ᠰᠤᠷᠭᠠᠨ ᠬᠥᠮᠦᠵᠢᠯ᠎ᠦᠨ ᠲᠦᠷᠦᠯ᠎ᠦᠨ ᠲᠤᠰᠬᠠᠢ ᠲᠠᠯᠠᠪᠠᠢ ᠠᠵᠢᠯᠲᠠᠨ ᠤᠷᠢᠵᠤ ᠡᠯᠰᠡᠬᠦ ᠴᠤᠭᠯᠠᠭᠠᠨ᠎ᠤ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠲᠤᠰᠬᠠᠢ ᠲᠠᠯᠠᠪᠠᠢ ᠠᠵᠢᠯᠯᠠᠭ᠎ᠠ ᠶᠠᠪᠤᠭᠳᠠᠵᠤ᠂ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠲᠦᠷᠦᠯ᠎ᠦᠨ ᠰᠤᠷᠭᠠᠭᠤᠯᠢ᠎ᠶᠢᠨ ᠬᠦᠷᠢᠶᠡᠨ᠎ᠦ ᠠᠵᠢᠯᠲᠠᠨ ᠤᠷᠢᠵᠤ ᠡᠯᠰᠡᠬᠦ ᠰᠠᠷ᠎ᠠ᠎ᠶᠢᠨ ᠠᠵᠢᠯᠯᠠᠭ᠎ᠠ᠎ᠶᠢᠨ 5 ᠲᠠᠯᠠᠪᠤᠷ ᠠᠵᠢᠯᠲᠠᠨ ᠤᠷᠢᠵᠤ ᠡᠯᠰᠡᠬᠦ ᠠᠵᠢᠯᠯᠠᠭ᠎ᠠ ᠪᠦᠬᠦᠨ᠎ᠢᠶᠡᠷ᠎ᠢᠶᠡᠨ ᠳᠠᠭᠤᠰᠴᠤ᠂ ᠨᠡᠢ᠍ᠢᠳᠡ 8000 ᠭᠠᠷᠤᠢ ᠠᠵᠢᠯ᠎ᠤᠨ ᠪᠠᠢᠷᠢ ᠬᠠᠩᠭᠠᠭᠰᠠᠨ ᠪᠠᠢᠨ᠎ᠠ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ 4 ᠰᠠᠷ᠎ᠠ᠎ᠳᠤ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠂ ᠪᠤᠭᠤᠲᠤ᠎ᠶᠢᠨ ᠪᠠᠭ᠍ᠰᠢ᠎ᠶᠢᠨ ᠳᠡᠭᠡᠳᠦ ᠰᠤᠷᠭᠠᠭᠤᠯᠢ᠂ ᠬᠥᠬᠡᠬᠣᠲᠠ ᠦᠨᠳᠦᠰᠦᠲᠡᠨ᠎ᠦ ᠳᠡᠭᠡᠳᠦ ᠰᠤᠷᠭᠠᠭᠤᠯᠢ᠂ ᠵᠢᠨᠢᠩ᠎ᠤᠨ ᠪᠠᠭ᠍ᠰᠢ᠎ᠶᠢᠨ ᠳᠡᠭᠡᠳᠦ ᠰᠤᠷᠭᠠᠭᠤᠯᠢ ᠳ᠋ᠤ 2026 ᠤᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠸ᠋ ᠵᠤᠷᠢᠭᠤᠯᠤᠭᠰᠠᠨ ᠰᠤᠷᠭᠠᠨ ᠬᠥᠮᠦᠵᠢᠯ᠎ᠦᠨ ᠲᠥᠷᠥᠯ᠎ᠦᠨ ᠰᠤᠷᠭᠠᠭᠤᠯᠢ᠎ᠶᠢᠨ ᠬᠦᠷᠢᠶᠡᠨ᠎ᠦ ᠤᠷᠢᠵᠤ ᠡᠯᠰᠡᠬᠦ ᠠᠵᠢᠯᠯᠠᠭ᠎ᠠ᠎ᠵᠢᠨ ᠲᠤᠰᠬᠠᠢ ᠲᠠᠯᠠᠪᠠᠶ ᠭᠠᠷᠭᠠᠵᠠᠢ᠃ ᠠᠵᠢᠯᠯᠠᠭ᠎ᠠ ᠨᠢ ᠬᠥᠬᠡᠬᠣᠲᠠ᠂ ᠪᠤᠭᠤᠲᠤ᠂ ᠲᠦᠩᠯᠢᠶᠣᠣ᠂ ᠤᠯᠠᠭᠠᠨᠴᠠᠪ  ᠵᠡᠷᠭᠡ ᠬᠣᠲᠠ᠎ᠶᠢ ᠬᠠᠮᠤᠷᠴᠤ᠂ ᠰᠤᠷᠭᠠᠨ ᠬᠥᠮᠦᠵᠢᠯ᠎ᠦᠨ ᠲᠥᠷᠥᠯ᠎ᠦᠨ ᠬᠥᠮᠥᠨ ᠬᠡᠷᠡᠭᠯᠡᠬᠦ ᠨᠢᠭᠡᠴᠢ ᠬᠢᠭᠡᠳ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ ᠲᠠᠪᠴᠠᠩ᠎ᠢ ᠨᠠᠷᠢᠯᠢᠭ᠋ ᠣᠨᠣᠴᠠᠲᠠᠢ᠎ᠪᠠᠷ ᠪᠠᠢᠭᠤᠯᠤᠨ ᠥᠭᠴᠦ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠴᠢᠳᠠᠪᠤᠷᠢᠲᠠᠨ᠎ᠤ ᠡᠩᠨᠡᠭᠡ᠎ᠶᠢᠨ ᠪᠠᠢᠭᠤᠯᠤᠯᠲᠠ᠎ᠳᠤ ᠰᠢᠨ᠎ᠡ ᠰᠣᠷᠭᠣᠭ ᠠᠮᠢᠵᠢᠷᠠᠯ᠎ᠤᠨ ᠬᠦᠴᠦᠨ ᠨᠡᠮᠡᠷᠢᠯᠡᠪᠡ᠃ ᠲᠣᠰ ᠠᠵᠢᠯᠯᠠᠭ᠎ᠠ ᠨᠢ ᠪᠥᠬᠥ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠭᠤᠯᠢ ᠪᠠ ᠰᠤᠷᠭᠠᠨ ᠬᠥᠮᠦᠵᠢᠯ᠎ᠦᠨ ᠲᠥᠷᠥᠯ᠎ᠦᠨ 309 ᠬᠥᠮᠥᠨ ᠬᠡᠷᠡᠭᠯᠡᠬᠦ ᠨᠢᠭᠡᠴᠢ᠎ᠶᠢ ᠤᠷᠤᠯᠴᠠᠭᠤᠯᠵᠤ᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠂ ᠪᠠᠭ᠎ᠠ ᠰᠤᠷᠭᠠᠭᠤᠯᠢ᠎ᠶᠢᠨ ᠰᠤᠷᠭᠠᠨ ᠬᠥᠮᠦᠵᠢᠯ᠂ ᠳᠤᠮᠳᠠᠳᠤ ᠰᠤᠷᠭᠠᠭᠤᠯᠢ᠎ᠶᠢᠨ ᠡᠯ᠎ᠡ ᠬᠢᠴᠢᠶᠡᠯ ᠲᠥᠷᠥᠯ᠂ ᠣᠨᠴᠠᠭᠠᠶ ᠰᠤᠷᠭᠠᠨ ᠬᠥᠮᠦᠵᠢᠯ᠂ ᠰᠡᠳᠬᠢᠴᠡ᠎ᠶᠢᠨ ᠡᠷᠡᠭᠦᠯ ᠮᠡᠨᠳᠦ᠎ᠶᠢᠨ ᠬᠥᠮᠦᠵᠢᠯ᠂ ᠰᠤᠷᠭᠠᠨ ᠬᠥᠮᠦᠵᠢᠯ᠎ᠦᠨ ᠤᠬᠠᠭᠠᠨ ᠵᠡᠷᠭᠡ 8373 ᠠᠵᠢᠯ᠎ᠤᠨ ᠪᠠᠢᠷᠢ᠎ᠶᠢ ᠬᠠᠮᠤᠷᠴᠤ᠂ ᠪᠥᠬᠥ ᠣᠷᠣᠨ᠎ᠤ ᠡᠯ᠎ᠡ ᠶᠡᠬᠡ ᠳᠡᠭᠡᠳᠦ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠲᠥᠷᠥᠯ᠎ᠦᠨ 1 ᠲᠦᠮᠡ ᠰᠢᠬᠠᠮ ᠲᠤᠰᠬᠠᠢ ᠮᠡᠷᠭᠡᠵᠢᠯ᠎ᠡᠴᠡ ᠲᠡᠭᠦᠰᠦᠭᠰᠡᠨ ᠰᠣᠷᠣᠭ᠍ᠴᠢ ᠴᠤᠭᠯᠠᠭᠠᠨ᠎ᠳᠤ ᠣᠷᠣᠯᠴᠠᠵᠠᠢ᠃ ᠡᠭᠦᠨ᠎ᠦ ᠵᠡᠷᠭᠡ᠎ᠳᠦ᠂ ᠡᠯ᠎ᠡ ᠲᠤᠰᠬᠠᠢ ᠳᠠᠯᠠᠪᠠᠢ ᠳ᠋ᠤ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠵᠠᠮ ᠭᠠᠷᠭᠠᠵᠤ᠂ ᠠᠵᠢᠯ᠎ᠤᠨ ᠪᠠᠢᠷᠢ ᠨᠡᠢᠲᠡᠯᠡᠬᠦ᠂ ᠲᠣᠪᠴᠢ ᠨᠠᠮᠲᠠᠷ ᠳᠠᠮᠵᠢᠭᠤᠯᠬᠤ᠂ ᠰᠦᠯᠵᠢᠶᠡᠨ ᠳᠡᠭᠡᠷ᠎ᠡ ᠨᠢᠭᠤᠷᠲᠠᠨ ᠰᠢᠯᠭᠠᠬᠤ᠂ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠪᠥᠬᠥ ᠶᠠᠪᠤᠴᠠ᠎ᠶᠢ ᠲᠤᠬᠢᠷᠠᠭᠤᠯᠵᠤ᠂ ᠴᠠᠭ ᠪᠠ ᠣᠷᠣᠨ ᠵᠠᠢ᠎ᠶᠢᠨ ᠬᠢᠵᠠᠭᠠᠷᠯᠠᠯ᠎ᠢ ᠡᠪᠳᠡᠵᠦ᠂ ᠠᠵᠢᠯᠲᠠᠨ ᠡᠯᠰᠡᠬᠦ ᠦᠷ᠎ᠡ ᠪᠦᠲᠦᠮᠵᠢ ᠵᠢ ᠶᠡᠭᠡ ᠪᠡᠷ ᠲᠡᠭᠡᠭᠰᠢᠯᠡᠬᠦᠯᠵᠡᠢ᠃

ᠲᠣᠰ ᠤᠳᠠᠭᠠᠨ᠎ᠤ ᠰᠤᠷᠭᠠᠨ ᠬᠥᠮᠦᠵᠢᠯ᠎ᠦᠨ ᠲᠥᠷᠥᠯ᠎ᠦᠨ ᠰᠤᠷᠭᠠᠭᠤᠯᠢ᠎ᠶᠢᠨ ᠬᠦᠷᠢᠶᠡᠨ᠎ᠦ ᠠᠵᠢᠯᠲᠠᠨ ᠤᠷᠢᠵᠤ ᠡᠯᠰᠡᠬᠦ ᠰᠠᠷ᠎ᠠ᠎ᠶᠢᠨ ᠠᠵᠢᠯᠯᠠᠭ᠎ᠠ ᠪᠣᠯ ᠰᠤᠷᠭᠠᠨ ᠬᠥᠮᠦᠵᠢᠯ᠎ᠦᠨ ᠲᠢᠩᠬᠢᠮ᠎ᠡᠴᠡ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠠᠵᠢᠯ ᠣᠯᠬᠤ ᠵᠠᠩᠭᠢᠯᠠᠭ᠎ᠠ᠎ᠶᠢᠨ ᠬᠤᠭᠤᠴᠠᠭᠠᠨ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ᠎ᠦᠨ ᠴᠢᠳᠠᠪᠤᠷᠢᠲᠠᠨ᠎ᠤ ᠬᠠᠩᠭᠠᠯᠭ᠎ᠠ ᠬᠡᠷᠡᠭᠴᠡᠬᠡ ᠵᠢ ᠵᠤᠯᠭᠠᠭᠤᠯᠬᠤ ᠴᠢᠬᠤᠯᠠ ᠠᠷᠭ᠎ᠠ ᠠᠪᠴᠠᠯ ᠪᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠂ ᠴᠡᠷᠢᠭ᠎ᠤᠨ ᠠᠯᠪᠠ ᠡᠴᠡ ᠬᠠᠯᠠᠭᠳᠠᠭᠰᠠᠳ᠎ᠤᠨ ᠶᠠᠪᠤᠳᠠᠯ᠎ᠤᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠪᠥᠬᠥ ᠣᠷᠣᠨ᠎ᠤ ᠡᠯ᠎ᠡ ᠶᠡᠬᠡ ᠳᠡᠭᠡᠳᠦ ᠰᠤᠷᠭᠠᠭᠤᠯᠢ᠎ᠲᠠᠢ ᠬᠣᠯᠪᠤᠭᠠᠯᠠᠨ᠂ ᠲᠡᠷᠢᠭᠦᠨ᠎ᠦ ᠦᠢᠯᠡᠳᠬᠦ ᠦᠢᠯᠡᠰ᠂ ᠡᠨᠧᠷᠭᠢ᠎ᠶᠢᠨ ᠲᠥᠷᠥᠯ᠂ ᠪᠡᠶ᠎ᠡ᠎ᠶᠢᠨ ᠲᠠᠮᠢᠷ᠎ᠤᠨ ᠲᠥᠷᠥᠯ᠂ ᠪᠠᠷᠢᠯᠭ᠎ᠠ᠎ᠶᠢᠨ ᠲᠥᠷᠥᠯ᠂ ᠲᠣᠭᠠᠴᠢᠯᠠᠭᠰᠠᠨ ᠠᠵᠤ ᠠᠬᠤᠢ᠎ᠶᠢᠨ ᠲᠥᠷᠥᠯ ᠵᠡᠷᠭᠡ ᠣᠯᠠᠨ ᠬᠦᠷᠢᠶᠡᠨ᠎ᠳᠡᠬᠢ ᠰᠦᠯᠵᠢᠶᠡᠨ ᠳᠡᠭᠡᠷᠡᠬᠢ ᠪᠠ ᠠᠬᠤᠢ ᠳᠠᠯᠠᠪᠠᠢ ᠵᠢᠨ ᠠᠵᠢᠯᠲᠠᠨ ᠡᠯᠰᠡᠬᠦ ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠵᠦ᠂ ᠠᠵᠢᠯ᠎ᠤᠨ ᠪᠠᠢᠷᠢ᠎ᠶᠢᠨ ᠡᠬᠢ ᠪᠠᠶᠠᠯᠢᠭ᠋᠎ᠢ ᠭᠦᠨᠵᠡᠭᠡᠢ ᠠᠭᠤᠳᠠᠯᠵᠤ᠂ ᠦᠢᠯᠡᠴᠢᠯᠡᠭᠡᠨ᠎ᠦ ᠵᠠᠭᠪᠤᠷ᠎ᠢ ᠰᠢᠯᠢᠳᠡᠭᠵᠢᠭᠦᠯᠦᠨ᠂ ᠬᠠᠩᠭᠠᠯᠭ᠎ᠠ ᠬᠡᠷᠡᠭᠴᠡᠭᠡ᠎ᠶᠢᠨ ᠵᠣᠯᠭᠠᠯᠴᠠᠭ᠎ᠠ᠎ᠶᠢ ᠨᠠᠩ ᠨᠠᠷᠢᠯᠢᠭ᠋ ᠣᠨᠣᠴᠠᠲᠠᠢ ᠪᠥᠭᠡᠳ ᠥᠨᠳᠥᠷ ᠪᠦᠲᠦᠮᠵᠢᠲᠡᠶ ᠪᠤᠯᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号