ᠱᠢᠨᠬᠤᠸᠠ ᠬᠤᠷᠢᠶ᠎ᠠ ᠵᠢᠨ ᠤᠯᠤᠰ ᠎ᠤᠨ ᠳᠡᠭᠡᠳᠦ ᠲᠡᠰ ᠎ᠤᠨ ᠤᠶᠤᠨ᠎ᠤ ᠬᠥᠮᠥᠷᠭᠡ 《ᠰᠣᠶᠣᠯ᠎ᠢᠶᠡᠷ ᠡᠨᠧᠷᠭᠢ ᠣᠯᠭᠣᠬᠤ ᠤᠨᠤᠯ — ᠳᠤᠮᠳᠠᠳᠤ ᠤᠯᠤᠰ ᠎ᠤᠨ ᠴᠢᠨᠠᠷ ᠰᠠᠢᠲᠠᠢ ᠬᠥᠭ᠌ᠵᠢᠯᠲᠡ ᠲᠡᠢᠰᠢ ᠤᠷᠤᠭ᠍ᠰᠢᠯᠠᠭ᠍ᠰᠠᠨ ᠰᠣᠶᠣᠯ᠎ᠤᠨ ᠤᠬᠠᠮᠰᠠᠷ 》 ᠭᠡᠬᠦ᠌ ᠮᠡᠳᠡᠭᠦᠯᠦᠯᠲᠡ ᠵᠢ ᠨᠡᠢᠲᠡᠯᠡᠪᠡ
2026-05-09 11:13:20
ᠵᠣᠬᠢᠶᠠᠭ᠍ᠴᠢ᠄
ᠶᠠᠩ ᠢ ᠮᠢᠶᠣᠣ ᠴᠧᠨ ᠭᠠᠩ
ᠣᠩᠱᠢᠭ᠍ᠰᠠᠨ ᠣᠳᠠᠭ᠎ᠠ᠄
★★★☆☆

ᠳᠤᠮᠳᠠᠳᠤ ᠭᠷᠧᠭ᠎ᠦᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ 20 ᠵᠢᠯ᠎ᠦᠨ ᠤᠢ ᠵᠢᠴᠢ ᠪᠣᠯᠪᠠᠰᠤᠨ᠎ᠤ ᠰᠣᠯᠢᠯᠴᠠᠭ᠎ᠠ ᠲᠤᠯᠢ ᠪᠤᠯᠭᠠᠬᠤ ᠶᠠᠷᠢᠶᠠᠨ᠎ᠤ ᠲᠠᠪᠴᠠᠩ 7 ᠤ᠋ ᠡᠳᠦᠷ ᠭᠷᠧᠭ᠎ᠦᠨ ᠨᠡᠢᠰᠯᠡᠯ ᠠᠲ᠋ᠸᠨ ᠳ᠋ᠦ᠍ ᠶᠠᠪᠤᠭ᠍ᠳᠠᠪᠠ᠃ ᠶᠠᠷᠢᠶᠠᠨ᠎ᠤ ᠲᠠᠪᠴᠠᠩ᠎ᠤᠨ ᠬᠤᠭᠤᠴᠠᠭᠠᠨ᠎ᠳᠤ᠂ ᠱᠢᠨᠬᠤᠸᠠ ᠬᠤᠷᠢᠶ᠎ᠠ ᠵᠢᠨ ᠤᠯᠤᠰ᠎ᠤᠨ ᠳᠡᠭᠡᠳᠦ ᠲᠡᠰ᠎ᠤᠨ ᠤᠶᠤᠨ᠎ᠤ ᠬᠥᠮᠥᠷᠭᠡ 《ᠰᠣᠶᠣᠯ᠎ᠢᠶᠡᠷ ᠡᠨᠧᠷᠭᠢ ᠣᠯᠭᠣᠬᠤ ᠤᠨᠤᠯ — ᠳᠤᠮᠳᠠᠳᠤ ᠤᠯᠤᠰ᠎ᠤᠨ ᠴᠢᠨᠠᠷ ᠰᠠᠢᠲᠠᠢ ᠬᠥᠭ᠌ᠵᠢᠯᠲᠡ ᠲᠡᠢᠰᠢ ᠤᠷᠤᠭ᠍ᠰᠢᠯᠠᠭ᠍ᠰᠠᠨ ᠰᠣᠶᠣᠯ᠎ᠤᠨ ᠤᠬᠠᠮᠰᠠᠷ》 ᠭᠡᠬᠦ ᠤᠶᠤᠨ᠎ᠤ ᠬᠥᠮᠥᠷᠭᠡ᠎ᠶ᠋ᠢᠨ ᠮᠡᠳᠡᠭᠦᠯᠦᠯᠲᠡ᠎ᠶ᠋ᠢ ᠨᠡᠢᠲᠡᠯᠡᠪᠡ᠃

ᠮᠡᠳᠡᠭᠦᠯᠦᠯᠲᠡ᠎ᠳᠦ ᠰᠣᠶᠣᠯ᠎ᠢᠶᠠᠷ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠤ ᠡᠨᠧᠷᠭᠢ ᠣᠯᠭᠣᠬᠤ ᠵᠢᠨ ᠪᠣᠶ ᠪᠣᠯᠤᠭᠰᠠᠨ ᠯᠣᠭᠢᠭ᠂ ᠳᠤᠮᠳᠠᠳᠤ ᠤᠯᠤᠰ᠎ᠤᠨ ᠦᠶ᠋ᠯᠡᠳᠦᠯᠭᠡ᠂ ᠠᠷᠭ᠎ᠠ᠎ᠶ᠋ᠢᠨ ᠣᠨᠣᠯ ᠬᠢᠭᠡᠳ ᠪᠥᠬᠥ᠌ ᠪᠥᠮᠪᠥᠷᠴᠡᠭ᠎ᠦᠨ ᠰᠡᠩᠬᠡᠷᠡᠭᠦᠯᠦᠯ᠎ᠢ ᠱᠢᠰᠲ᠋ᠧᠮ᠎ᠲᠡᠶ ᠲᠠᠢᠯᠪᠤᠷᠢᠯᠠᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠰᠣᠶᠣᠯ᠎ᠢᠶᠠᠷ ᠴᠢᠨᠠᠷ ᠰᠠᠢᠲᠠᠶ ᠬᠥᠭ᠌ᠵᠢᠯᠲᠡ᠎ᠳᠤ ᠡᠨᠧᠷᠭᠢ ᠣᠯᠭᠣᠬᠤ᠂ ᠳᠤᠮᠳᠠᠳᠤ ᠤᠯᠤᠰ ᠎ᠤᠨ ᠮᠠᠶᠢᠭ ᠎ᠤᠨ ᠣᠳᠣᠬᠢᠴᠢᠯᠠᠯᠲᠠ᠎ᠶ᠋ᠢ ᠠᠬᠢᠭᠤᠯᠬᠤ ᠣᠨᠣᠯ᠎ᠤᠨ ᠱᠢᠨ᠎ᠡ ᠡᠭᠦᠳᠦᠯᠲᠡ ᠪᠠ ᠠᠮᠢᠳᠤᠯᠢᠭ ᠦᠶ᠋ᠯᠡᠳᠦᠯᠭᠡ᠎ᠶ᠋ᠢ ᠪᠥᠬᠥ᠌ ᠲᠠᠯ᠎ᠠ᠎ᠪᠠᠷ ᠢᠯᠡᠷᠡᠭᠦᠯᠪᠡ᠃

ᠮᠡᠳᠡᠭᠦᠯᠦᠯᠲᠡ᠎ᠳᠦ᠂ ᠰᠣᠶᠣᠯ᠎ᠢᠶᠠᠷ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠡᠨᠧᠷᠭᠢ ᠣᠯᠭᠣᠬᠤ ᠪᠣᠯ ᠱᠢᠨ᠎ᠡ ᠬᠥᠭ᠌ᠵᠢᠯᠲᠡ᠎ᠶ᠋ᠢᠨ ᠱᠠᠲᠤᠨ᠎ᠤ ᠵᠠᠢᠯᠠᠰᠢ ᠦᠭᠡᠢ ᠱᠠᠭᠠᠷᠳᠠᠯᠭ᠎ᠠ ᠮᠥᠨ᠂ ᠮᠠᠷᠺᠰ᠎ᠤᠨ ᠦᠵᠡᠯ᠎ᠦᠨ ᠰᠣᠶᠣᠯ᠎ᠤᠨ ᠤᠨᠤᠯ᠎ᠤᠨ ᠴᠠᠭ ᠦᠶ᠎ᠡ᠎ᠶ᠋ᠢᠨ ᠱᠢᠨ᠎ᠡ ᠡᠭᠦᠳᠦᠯᠲᠡ ᠮᠥᠨ᠂ ᠨᠡᠩ ᠴᠤ᠌ ᠳᠤᠮᠳᠠᠳᠤ ᠤᠯᠤᠰ᠎ᠤᠨ ᠳᠡᠯᠡᠬᠡᠢ᠎ᠶ᠋ᠢᠨ ᠵᠠᠭᠤᠨ ᠵᠢᠯ᠎ᠳᠤ ᠲᠤᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠴᠦ᠍᠂ ᠪᠦᠬᠦ᠌ ᠪᠥᠮᠪᠥᠷᠴᠡᠭ᠎ᠦᠨ ᠪᠣᠯᠪᠠᠰᠤᠨ᠎ᠤ ᠥᠷᠢᠰᠥᠯᠳᠦᠭᠡᠨ ᠪᠠ ᠬᠠᠮᠲᠤᠷᠠᠯᠴᠠᠭ᠎ᠠ ᠭᠦᠨᠵᠡᠭᠡᠢᠷᠡᠵᠦ᠍ ᠪᠠᠢᠭ᠎ᠠ ᠠᠬᠤᠢ ᠪᠠᠢᠳᠠᠯ ᠳᠣᠣᠷ᠎ᠠ ᠭᠠᠷᠭᠠᠭ᠍ᠰᠠᠨ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠰᠣᠩᠭᠣᠯᠲᠠ ᠮᠥᠨ᠃ ᠰᠣᠶᠣᠯ ᠨᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠬᠦᠷᠢᠶ᠎ᠠ ᠪᠦᠬᠦ᠌ ᠶᠠᠪᠤᠴᠠ᠎ᠳᠤ ᠭᠦᠨ ᠰᠢᠬᠢᠳᠭᠡᠵᠦ ᠪᠠᠢᠭ᠎ᠠ ᠶᠠᠪᠤᠳᠠᠯ ᠨᠢ ᠤᠶᠤᠨ ᠰᠡᠳᠭᠢᠯᠭᠡ ᠪᠡᠨ ᠬᠥᠮᠦᠵᠢᠭᠦᠯᠬᠦ᠌ ᠤᠶᠤᠨ ᠰᠠᠨᠠᠭᠠᠨ᠎ᠤ ᠱᠢᠮ᠎ᠡ ᠲᠡᠵᠢᠭᠡᠯ ᠪᠣᠯᠬᠤ᠎ᠪᠠᠷ ᠪᠠᠷᠠᠬᠤ ᠦᠭᠡᠢ ᠨᠡᠩ ᠴᠤ᠌ ᠴᠢᠨᠠᠷ ᠰᠠᠢᠲᠠᠢ ᠬᠥᠭ᠌ᠵᠢᠯᠲᠡ᠎ᠶ᠋ᠢ ᠲᠤᠯᠭᠠᠭᠤᠷᠢᠯᠠᠬᠤ ᠭᠦᠨ ᠳᠠᠪᠬᠤᠷᠭ᠎ᠠ᠎ᠶ᠋ᠢᠨ ᠬᠥᠳᠡᠯᠭᠡᠬᠦ᠌ ᠡᠨᠧᠷᠭᠢ ᠪᠤᠯᠵᠤ᠂ ᠪᠣᠳᠠᠰ᠎ᠤᠨ ᠪᠣᠯᠪᠠᠰᠤᠨ ᠪᠠ ᠤᠶᠤᠨ᠎ᠤ ᠪᠣᠯᠪᠠᠰᠤᠨ᠎ᠤ ᠵᠣᠬᠢᠴᠠᠩᠭᠤᠢ ᠬᠥᠭ᠌ᠵᠢᠯᠲᠡ᠎ᠳᠦ ᠵᠠᠩᠭᠢᠯᠠᠭ᠎ᠠ᠎ᠶ᠋ᠢᠨ ᠲᠤᠯᠭᠠᠭᠤᠷᠢᠯᠠᠯ ᠬᠠᠩᠭᠠᠪᠠ ᠭᠡᠵᠦ ᠦᠵᠡᠪᠡ᠃

ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠵᠢᠯᠤᠭᠤᠳᠤᠯᠭ᠎ᠠ ᠳᠣᠣᠷ᠎ᠠ᠂ ᠳᠤᠮᠳᠠᠳᠤ ᠤᠯᠤᠰ ᠰᠣᠶᠣᠯ᠎ᠢᠶᠠᠷ ᠠᠵᠤ ᠠᠬᠤᠢ᠎ᠶ᠋ᠢᠨ ᠬᠢᠯᠠᠰ ᠴᠡᠭ᠎ᠢ ᠪᠤᠢ ᠪᠤᠯᠭᠠᠵᠤ᠂ ᠬᠡᠷᠡᠭ᠌ᠯᠡᠭᠡᠨ᠎ᠦ ᠠᠮᠢᠵᠢᠷᠠᠯ᠎ᠤᠨ ᠬᠦᠴᠦᠨ᠎ᠢ ᠪᠠᠳᠠᠷᠠᠭᠤᠯᠵᠤ᠂ ᠨᠡᠢᠭᠡᠮ᠎ᠤᠨ ᠴᠢᠳᠠᠮᠠᠭᠠᠢ ᠵᠠᠰᠠᠯᠲᠠ ᠵᠢ ᠤᠮᠳᠠᠯᠠᠵᠤ᠂ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ᠎ᠶ᠋ᠢ ᠬᠤᠷᠠᠮᠳᠤᠭᠤᠯᠪᠠ᠃ ᠮᠡᠳᠡᠭᠦᠯᠦᠯᠲᠡ᠎ᠳᠦ᠂ 《ᠰᠣᠶᠣᠯ +》 ᠠᠵᠢᠯ ᠲᠦᠷᠦᠯ ᠠᠯᠤᠰᠯᠠᠭᠰᠠᠨ ᠠᠭᠤᠰᠤᠯᠴᠠᠯ ᠨᠢ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢ ᠪᠣᠢᠵᠢᠭᠤᠯᠵᠤ᠂ ᠰᠣᠶᠣᠯ ᠵᠢᠭᠤᠯᠴᠢᠯᠠᠯ᠎ᠤᠨ ᠠᠭᠤᠰᠤᠯᠴᠠᠯ ᠨᠢ ᠬᠡᠷᠡᠭ᠌ᠯᠡᠭᠡᠨ᠎ᠦ ᠵᠠᠬ᠎ᠠ ᠳᠡᠯᠭᠡᠭᠦᠷ᠎ᠢ ᠬᠥᠭ᠌ᠵᠢᠭᠡᠵᠦ᠍᠂ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠵᠦ᠍᠂ ᠦᠨᠳᠦᠰᠦᠨ ᠱᠠᠲᠤᠨ᠎ᠤ ᠤᠶᠠᠨ ᠬᠠᠳᠠᠨ ᠴᠢᠨᠠᠷᠲᠠᠢ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠰᠣᠶᠣᠯ ᠨᠢ ᠶᠠᠭ ᠪᠦᠬᠦ᠌ ᠲᠠᠯ᠎ᠠ᠎ᠪᠠᠷ ᠪᠣᠳᠠᠲᠤ ᠦᠢᠯᠡᠳᠪᠦᠷᠢᠯᠡᠯ᠎ᠦᠨ ᠬᠦᠴᠦᠨ ᠪᠣᠯᠤᠨ ᠭᠣᠣᠯᠯᠠᠭ᠍ᠴᠢ ᠦᠷᠢᠰᠦᠯᠳᠦᠬᠦ᠌ ᠬᠦᠴᠦᠨ ᠪᠣᠯᠤᠨ ᠬᠤᠪᠢᠷᠠᠵᠤ᠂ ᠬᠥᠭ᠌ᠵᠢᠯᠲᠡ᠎ᠶ᠋ᠢ ᠨᠡᠩ ᠡᠮᠬᠢ ᠵᠢᠷᠤᠮ᠎ᠲᠠᠶ᠂ ᠨᠡᠩ ᠪᠦᠲᠦᠮᠵᠢᠲᠡᠢ᠂ ᠨᠡᠩ ᠰᠦᠭ ᠰᠦᠨᠡᠰᠦ᠎ᠲᠡᠶ ᠪᠣᠯᠭᠠᠵᠤ ᠪᠠᠢᠨ᠎ᠠ ᠭᠡᠵᠦ᠍ ᠦᠵᠡᠪᠡ᠃

ᠮᠡᠳᠡᠭᠦᠯᠦᠯᠲᠡ᠎ᠳᠦ᠂ ᠰᠣᠶᠣᠯ᠎ᠢᠶᠠᠷ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠡᠨᠧᠷᠭᠢ ᠣᠯᠭᠣᠬᠤ᠎ᠨᠢ ᠱᠢᠨᠵᠢᠯᠡᠬᠦ᠌ ᠤᠬᠠᠭᠠᠨᠴᠢ ᠠᠷᠭ᠎ᠠ᠎ᠶ᠋ᠢᠨ ᠤᠨᠤᠯ ᠠᠭᠤᠯᠤᠭ᠍ᠳᠠᠵᠤ ᠪᠠᠢᠳᠠᠭ᠂ ᠡᠷᠬᠡᠪᠰᠢ ᠦᠷᠳᠡᠭ᠎ᠢᠶᠡᠷ ᠬᠦᠲᠦᠯᠦᠨ ᠳᠠᠭᠠᠭᠤᠯᠬᠤ᠂ ᠬᠥᠮᠦᠨ᠎ᠢᠶᠡᠷ ᠦᠨᠳᠦᠰᠦ ᠪᠣᠯᠭᠠᠬᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌᠂ ᠱᠢᠰᠲ᠋ᠧᠮ ᠤ᠋ᠨ ᠰᠡᠳᠭᠢᠬᠦᠢ᠎ᠶ᠋ᠢ ᠪᠠᠷᠢᠮᠲᠠᠯᠠᠵᠤ᠂ ᠰᠣᠶᠣᠯ᠎ᠢᠶᠡᠷ ᠡᠨᠧᠷᠭᠢ ᠣᠯᠭᠣᠬᠤ᠎ᠶ᠋ᠢ ᠢᠮᠠᠭ᠍ᠲᠠ ᠵᠥᠪ ᠴᠢᠭ᠌ᠯᠡᠯ᠎ᠢᠶᠡᠷ ᠠᠬᠢᠭᠤᠯᠬᠤ᠎ᠶ᠋ᠢ ᠪᠠᠲᠤᠯᠠᠵᠤ᠂ ᠨᠡᠢᠭᠡᠮ ᠎ᠦᠨ ᠦᠷ᠎ᠡ ᠠᠱᠢᠭ ᠬᠢᠭᠡᠳ ᠠᠵᠤ ᠠᠬᠤᠢ᠎ᠶ᠋ᠢᠨ ᠦᠷ᠎ᠡ ᠠᠱᠢᠭ᠎ᠤᠨ ᠣᠷᠭᠠᠨᠢᠭ ᠨᠢᠭᠡᠳᠦᠯ ᠎ᠢ ᠪᠡᠶᠡᠯᠡᠭᠦᠯᠬᠦ᠌ ᠬᠡᠷᠡᠭ᠌ᠲᠡᠢ᠃ ᠡᠨᠡ ᠬᠦ᠌ ᠦᠢᠯᠡᠳᠦᠯᠭᠡ ᠨᠢ ᠳᠤᠮᠳᠠᠳᠤ ᠤᠯᠤᠰ᠎ᠤᠨ ᠤᠯᠤᠰ᠎ᠤᠨ ᠪᠠᠢᠳᠠᠯ᠎ᠳᠤ ᠰᠠᠭᠤᠷᠢᠯᠠᠭ᠍ᠰᠠᠨ ᠮᠥᠷᠲᠡᠭᠡᠨ ᠪᠠᠰᠠ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠤᠯᠠᠭᠠᠨ ᠲᠣᠭ᠎ᠠ᠂ ᠵᠠᠰᠠᠯᠲᠠ᠎ᠶ᠋ᠢᠨ ᠬᠦᠴᠢᠷᠳᠡᠯ᠂ ᠤᠶᠤᠨ ᠰᠠᠨᠠᠭᠠᠨ᠎ᠤ ᠲᠥᠭᠡᠷᠢᠭ᠌ᠳᠡᠯ ᠵᠡᠷᠭᠡ ᠨᠡᠢᠲᠡᠯᠢᠭ ᠴᠢᠨᠠᠷᠲᠠᠢ ᠥᠷᠢᠰᠥᠯᠳᠦᠭᠡᠨ᠎ᠳᠦ ᠬᠠᠷᠢᠭᠤᠯᠲᠠ ᠥᠭ᠌ᠴᠦ᠂ ᠳᠡᠯᠡᠬᠡᠢ᠎ᠶ᠋ᠢᠨ ᠡᠯ᠎ᠡ ᠤᠯᠤᠰ᠎ᠤᠨ ᠨᠡᠩ ᠪᠠᠭ᠍ᠲᠠᠭᠠᠮᠵᠢᠲᠤ ᠴᠢᠨᠠᠷ᠂ ᠤᠶᠠᠨ ᠬᠠᠳᠠᠨ ᠴᠢᠨᠠᠷ ᠪᠣᠯᠤᠨ ᠰᠣᠶᠣᠯ ᠢᠷᠭᠡᠨᠱᠢᠯ᠎ᠦᠨ ᠬᠠᠯᠠᠭᠤᠨ ᠳᠤᠯᠠᠭᠠᠨ᠎ᠲᠠᠢ ᠬᠥᠭ᠌ᠵᠢᠯᠲᠡ᠎ᠶ᠋ᠢᠨ ᠠᠷᠭ᠎ᠠ ᠵᠠᠮ᠎ᠢ ᠰᠦᠪᠡᠭ᠌ᠴᠢᠯᠡᠬᠦ᠌᠎ᠳᠦ ᠳᠤᠮᠳᠠᠳᠤ ᠤᠯᠤᠰ᠎ᠤᠨ ᠤᠶᠤᠨ ᠤᠬᠠᠭᠠᠨ ᠪᠣᠯᠤᠨ ᠳᠤᠮᠳᠠᠳᠤ ᠤᠯᠤᠰ᠎ᠤᠨ ᠲᠥᠰᠦᠯ᠎ᠢ ᠬᠠᠩᠭᠠᠭ᠍ᠰᠠᠨ ᠪᠠᠢᠨ᠎ᠠ ᠭᠡᠵᠦ ᠴᠢᠬᠤᠯᠠᠴᠢᠯᠠᠪᠠ᠃

ᠬᠤᠷᠠᠯ᠎ᠳᠤ ᠣᠷᠣᠯᠴᠠᠭ᠍ᠰᠠᠨ ᠤᠶᠤᠨ᠎ᠤ ᠬᠥᠮᠥᠷᠭᠡ᠎ᠶ᠋ᠢᠨ ᠲᠤᠰᠭᠠᠢ ᠮᠡᠷᠭᠡᠵᠢᠯᠲᠡᠳ ᠮᠡᠳᠡᠭᠦᠯᠦᠯᠲᠡ᠎ᠶ᠋ᠢᠨ ᠦᠵᠡᠯᠲᠡ᠎ᠶ᠋ᠢ ᠵᠥᠪᠱᠢᠶᠡᠷᠡᠵᠦ᠍᠂ ᠰᠣᠶᠣᠯ᠎ᠢᠶᠡᠷ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠡᠨᠧᠷᠭᠢ ᠣᠯᠭᠣᠬᠤ ᠨᠢ ᠰᠣᠶᠣᠯ᠎ᠤᠨ ᠭᠣᠣᠯ ᠴᠣᠭ᠍ᠴᠠᠲᠤ ᠴᠢᠨᠠᠷ ᠪᠣᠯᠤᠨ ᠪᠣᠯᠪᠠᠰᠤᠨ᠎ᠢ ᠤᠯᠠᠮᠵᠢᠯᠠᠨ ᠵᠠᠯᠭᠠᠮᠵᠢᠯᠠᠵᠤ ᠱᠢᠨ᠎ᠡ᠎ᠶ᠋ᠢ ᠡᠭᠦᠳᠬᠦ᠌᠎ᠳᠦ ᠰᠠᠭᠤᠷᠢᠯᠠᠵᠤ᠂ ᠰᠣᠶᠣᠯ ᠨᠢ ᠭᠦᠨ ᠳᠠᠪᠬᠤᠷᠭ᠎ᠠ᠎ᠶ᠋ᠢᠨ ᠬᠥᠳᠡᠯᠭᠡᠬᠦ᠌ ᠡᠨᠧᠷᠭᠢ᠂ ᠦᠷᠳᠡᠭ᠎ᠦᠨ ᠴᠥᠮ᠎ᠡ᠂ ᠠᠭᠤᠰᠤᠯᠴᠠᠯ᠎ᠤᠨ ᠵᠠᠭᠤᠴᠢ ᠪᠣᠯᠤᠨ ᠵᠠᠰᠠᠯᠲᠠ᠎ᠵᠢᠨ ᠲᠤᠯᠭᠠᠭᠤᠷᠢᠯᠠᠯ ᠪᠤᠯᠤᠭᠰᠠᠨ ᠬᠤᠪᠢ᠎ᠳᠡᠬᠢ ᠵᠠᠩᠭᠢᠯᠠᠭ᠎ᠠ᠎ᠶ᠋ᠢᠨ ᠦᠢᠯᠡᠳᠦᠯ᠎ᠢ ᠱᠢᠰᠲᠸᠮ ᠲᠠᠢ ᠢᠯᠡᠷᠡᠭᠦᠯᠵᠦ᠍᠂ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌᠂ ᠪᠣᠳᠠᠰ᠎ᠤᠨ ᠪᠣᠯᠪᠠᠰᠤᠨ ᠪᠣᠯᠤᠨ ᠤᠶᠤᠨ᠎ᠤ ᠪᠣᠯᠪᠠᠰᠤᠨ᠎ᠤ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠬᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠳᠤ ᠴᠢᠬᠤᠯᠠ ᠤᠨᠤᠯ᠎ᠤᠨ ᠵᠢᠯᠤᠭᠤᠳᠤᠯᠭ᠎ᠠ ᠪᠣᠯᠤᠨ ᠦᠢᠯᠡᠳᠦᠯᠭᠡ᠎ᠶ᠋ᠢᠨ ᠠᠷᠭ᠎ᠠ ᠵᠠᠮ ᠬᠠᠩᠭᠠᠪᠠ ᠭᠡᠵᠦ᠍ ᠦᠵᠡᠪᠡ᠃

ᠮᠡᠳᠡᠭᠦᠯᠦᠯᠲᠡ᠎ᠶ᠋ᠢᠨ ᠪᠥᠬᠥ᠌ ᠠᠭᠤᠯᠭ᠎ᠠ᠎ᠨᠢ ᠪᠠᠷᠤᠭ 2.1 ᠲᠦᠮᠡᠨ ᠥᠰᠥᠭ᠎ᠲᠡᠶ᠂ ᠬᠠᠮᠢᠶ᠎ᠠ ᠪᠥᠬᠥᠶ ᠰᠦᠯᠵᠢᠶ᠎ᠡ᠂ ᠬᠤᠭᠤᠴᠠᠭᠠᠲᠤ ᠰᠡᠳᠬᠦᠯ᠂ ᠨᠡᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ ᠵᠡᠷᠭᠡ ᠲᠠᠪᠴᠠᠩ ᠎ᠢᠶᠠᠷ ᠳᠠᠮᠵᠢᠨ ᠬᠢᠲᠠᠳ ᠠᠨᠭ᠌ᠭ᠌ᠯᠢ ᠬᠡᠯᠡ᠎ᠪᠡᠷ ᠪᠥᠬᠥ᠌ ᠪᠥᠮᠪᠥᠷᠴᠡᠭ᠎ᠲᠦ ᠨᠡᠢᠲᠡᠯᠡᠪᠡ᠃


ᠱᠢᠨᠬᠤᠸᠠ ᠬᠤᠷᠢᠶ᠎ᠠ ᠵᠢᠨ ᠠᠲ᠋ᠸᠨ᠎ᠤ 5 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号