ᠬᠥᠯᠥᠨ ᠪᠣᠢᠷ ᠬᠣᠲᠠ ᠳᠦᠯ᠎ᠮᠠᠯ᠎ᠤᠨ ᠮᠠᠨᠳᠦ ᠤᠨᠳᠤᠷᠤᠯᠳᠠ ᠵᠢ ᠪᠥᠬᠥ᠌ ᠬᠦᠴᠦᠨ᠎ᠢᠶᠡᠷ᠎ᠢᠶᠡᠨ ᠪᠠᠳᠤᠯᠠᠵᠦ ᠪᠣᠶ
2026-05-09 09:23:20
ᠵᠣᠬᠢᠶᠠᠭ᠍ᠴᠢ᠄
ᠯᠢ ᠱᠢᠨ ᠵᠢᠶᠦ᠋ᠨ
ᠣᠩᠱᠢᠭ᠍ᠰᠠᠨ ᠣᠳᠠᠭ᠎ᠠ᠄
★★★☆☆

163 ᠲᠦᠮᠡ ᠭᠠᠷᠤᠢ ᠲᠦᠯ ᠲᠤᠰᠴᠤ ᠤᠨᠳᠤᠷᠤᠯᠲᠠ᠎ᠶ᠋ᠢᠨ ᠨᠣᠷᠮ᠎ᠠ 98.3% ᠳ᠋ᠥ᠍ ᠬᠦᠷᠴᠡᠶ


ᠤᠷᠢᠨ ᠬᠠᠪᠤᠷ ᠰᠠᠭᠠᠲᠠᠨ᠂ ᠲᠦᠮᠡᠨ ᠪᠣᠳᠠᠰ ᠲᠦᠯᠵᠢᠵᠦ᠂ ᠬᠥᠯᠥᠨ ᠪᠤᠢ᠌ᠷ᠎ᠤᠨ ᠲᠠᠯ᠎ᠠ ᠨᠤᠲᠤᠭ ᠵᠢᠯ᠎ᠳᠦ ᠨᠢᠭᠡ ᠤᠳᠠᠭ᠎ᠠ᠎ᠵᠢᠨ ᠲᠥᠯ ᠲᠤᠰᠴᠤ᠌ ᠪᠣᠢᠵᠢᠭᠤᠯᠬᠤ ᠵᠠᠩᠭᠢᠯᠠᠭ᠎ᠠ᠎ᠶ᠋ᠢᠨ ᠬᠤᠭᠤᠴᠠᠭ᠎ᠠ᠎ᠪᠡᠨ ᠤᠭ᠍ᠲᠤᠨ ᠠᠪᠴᠢᠷᠠᠯ᠎ᠠ᠃ ᠡᠯ᠎ᠡ ᠭᠠᠵᠠᠷ᠎ᠤᠨ᠎ᠬᠢᠨ ᠲᠤᠰᠭᠠᠶ ᠮᠡᠷᠭᠡᠵᠢᠯ᠎ᠦᠨ ᠠᠵᠢᠯᠲᠠᠨ᠎ᠢ ᠢᠳᠡᠪᠬᠢᠲᠡᠶ ᠵᠣᠬᠢᠶᠠᠨ ᠪᠠᠢᠭᠤᠯᠤᠨ ᠮᠠᠯ ᠠᠵᠤ ᠠᠬᠤᠶ᠎ᠶ᠋ᠢᠨ ᠦᠶ᠋ᠯᠡᠳᠪᠦᠷᠢᠯᠡᠯ᠎ᠦᠨ ᠨᠢᠭᠡᠳᠦᠭᠡᠷ ᠹᠷᠣᠨᠲ᠎ᠲᠤ ᠭᠦᠨᠵᠡᠭᠡᠢᠷᠡᠭᠦᠯᠵᠦ᠍᠂ ᠮᠡᠷᠭᠡᠵᠢᠯ᠎ᠦᠨ ᠦᠶ᠋ᠯᠡᠴᠢᠯᠡᠭᠡ᠂ ᠡᠳ᠋ ᠪᠣᠳᠠᠰ᠎ᠤᠨ ᠪᠠᠲᠤᠯᠠᠭ᠎ᠠ᠎ᠶ᠋ᠢ ᠮᠠᠯᠴᠢᠳ᠎ᠤᠨ ᠳᠡᠷᠭᠡᠳᠡ ᠬᠦᠷᠭᠡᠵᠦ᠍᠂ ᠱᠢᠨ᠎ᠡ ᠲᠤᠰᠤᠭᠰᠠᠨ ᠲᠦᠯ ᠪᠦᠷᠢ ᠨᠢ ᠥᠷᠭᠡᠨ ᠠᠭᠤᠳᠠᠮ ᠲᠠᠯ᠎ᠠ ᠨᠤᠲᠤᠭ᠎ᠲᠤ ᠠᠮᠢᠵᠢᠷᠠᠯ᠎ᠤᠨ ᠬᠦᠴᠦᠨ ᠪᠠ ᠬᠦᠰᠡᠯ ᠡᠷᠡᠮᠡᠯᠵᠡᠯ ᠨᠡᠮᠡᠷᠢᠯᠡᠪᠡ᠃

3 ᠰᠠᠷ᠎ᠠ᠎ᠶ᠋ᠢᠨ ᠲᠠᠯ᠎ᠠ ᠨᠤᠲᠤᠭ᠎ᠤᠨ ᠠᠭᠤᠷ ᠠᠮᠢᠰᠭᠤᠯ ᠬᠤᠪᠢᠷᠠᠯᠲᠠ ᠶᠡᠬᠡᠲᠡᠶ ᠪᠠᠢᠵᠤ᠂ ᠱᠢᠨ᠎ᠡ ᠪᠠᠷᠭᠤ ᠵᠡᠭᠦᠨ ᠬᠣᠱᠢᠭᠤᠨ᠎ᠤ ᠵᠢᠪᠬᠤᠯᠠᠩᠲᠤ ᠰᠤᠮᠤ᠎ᠶ᠋ᠢᠨ ᠬᠣᠯᠪᠣᠭᠠᠲᠦ ᠭᠠᠴᠠᠭ᠎ᠠ᠎ᠳᠤ ᠶᠡᠬᠡ ᠴᠠᠰᠤ ᠣᠷᠣᠵᠤ᠂ ᠣᠷᠣᠵᠤ ᠭᠠᠷᠬᠤ ᠵᠠᠮ ᠲᠦᠭ᠌ᠵᠢᠷᠡᠪᠡ᠃ ᠲᠥᠯ ᠲᠤᠰᠴᠤ᠌ ᠪᠣᠢᠵᠢᠭᠤᠯᠬᠤ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠬᠣᠷ ᠡᠪᠡᠰᠦ ᠪᠣᠷᠳᠣᠭᠠᠨ᠎ᠤ ᠬᠠᠩᠭᠠᠯᠭ᠎ᠠ ᠲᠤᠯᠭᠠᠮ ᠱᠠᠭᠠᠷᠳᠠᠭ᠍ᠳᠠᠵᠤ ᠪᠠᠢᠪᠠ᠃ ᠲᠤᠬᠠᠢ᠎ᠶ᠋ᠢᠨ ᠭᠠᠵᠠᠷ᠎ᠤᠨ ᠰᠤᠮᠤ᠂ ᠵᠠᠮ ᠬᠠᠷᠢᠯᠴᠠᠭᠠᠨ᠎ᠤ ᠰᠠᠯᠠᠭ᠎ᠠ ᠮᠥᠴᠢᠷ ᠮᠠᠯᠴᠢᠨ ᠲᠦᠮᠡᠨ᠎ᠲᠡᠶ ᠮᠥᠷᠥ᠍ ᠵᠡᠷᠭᠡᠴᠡᠨ ᠪᠠᠢᠯᠳᠤᠵᠤ᠂ ᠵᠠᠰᠠᠨ ᠰᠡᠯᠪᠢᠬᠦ᠌ ᠡᠩᠨᠡᠭᠡ 3 ᠡᠳᠦᠷ ᠳᠠᠷᠠᠭᠠᠯᠠᠨ ᠠᠵᠢᠯᠯᠠᠵᠤ᠂ ᠰᠠᠭᠠᠳ᠎ᠲᠤ ᠤᠴᠠᠷᠠᠭ᠍ᠰᠠᠨ ᠵᠠᠮ᠎ᠢ ᠠᠮᠵᠢᠯᠲᠠ᠎ᠲᠠᠶ ᠨᠡᠪᠲᠡᠷᠡᠭᠦᠯᠪᠡ᠃ ᠳᠠᠷᠠᠭ᠎ᠠ᠎ᠨᠢ᠂ ᠨᠠᠷᠢᠯᠢᠭ ᠪᠣᠷᠳᠣᠭ᠎ᠠ ᠲᠡᠭᠡᠭᠡᠭ᠌ᠰᠡᠨ ᠮᠠᠱᠢᠨ ᠲᠡᠷᠭᠡ ᠭᠠᠴᠠᠭ᠎ᠠ᠎ᠳᠤ ᠤᠷᠤᠭ᠍ᠰᠢᠲᠠᠶ ᠣᠷᠣᠵᠤ᠂ ᠮᠠᠯᠴᠢᠳ᠎ᠤᠨ ᠪᠠᠴᠢᠮ ᠪᠠᠢᠳᠠᠯ᠎ᠢ ᠴᠠᠭ ᠲᠤᠬᠠᠶ᠎ᠳᠤᠨᠢ ᠱᠢᠶ᠋ᠳᠪᠦᠷᠢᠯᠡᠵᠡᠢ᠃

《ᠣᠲᠣ ᠪᠣᠯ ᠶᠠᠭ ᠲᠥᠯ ᠲᠣᠰᠭᠣ ᠬᠠᠮᠤᠭ᠎ᠤᠨ ᠴᠢᠬᠤᠯᠠ ᠴᠠᠭ ᠦᠶ᠎ᠡ ᠮᠥᠨ᠂ ᠭᠠᠴᠠᠭᠠᠨ᠎ᠤ 〈ᠬᠣᠶᠠᠷ ᠵᠥᠪᠯᠡᠯ〉 ᠲᠡᠵᠢᠭᠡᠯ ᠪᠣᠷᠳᠣᠭ᠎ᠠ᠎ᠶ᠋ᠢ ᠬᠡᠷ᠎ᠦᠨ ᠡᠭᠦᠳᠡᠨ᠎ᠳᠦ ᠬᠦᠷᠭᠡᠵᠦ᠍᠂ ᠪᠢᠳᠡᠨ᠎ᠦ ᠪᠣᠳᠠᠲᠠᠶ ᠬᠦᠴᠢᠷᠳᠡᠯ᠎ᠢ ᠱᠢᠶ᠋ᠳᠪᠦᠷᠢᠯᠡᠵᠦ᠍᠂ ᠪᠢᠳᠡᠨ᠎ᠢ ᠨᠠᠩ ᠢᠲᠡᠭᠡᠯ ᠵᠤᠷᠢᠭ᠎ᠲᠡᠶ᠂ ᠨᠠᠩ ᠰᠠᠨᠠᠭ᠎ᠠ ᠠᠮᠤᠷ ᠪᠣᠯᠭᠠᠵᠠᠢ》 ᠭᠡᠵᠦ᠍ ᠮᠠᠯᠴᠢᠨ ᠤᠴᠠᠷᠠᠯᠲᠦ ᠬᠡᠯᠡᠪᠡ᠃ ᠲᠣᠰ ᠤᠳᠠᠭᠠᠨ᠎ᠤ ᠲᠡᠵᠢᠭᠡᠯ ᠪᠣᠷᠳᠣᠭ᠎ᠠ ᠲᠠᠷᠬᠠᠭᠠᠬᠤ᠎ᠳᠤ 57 ᠮᠠᠯᠵᠢᠬᠤ ᠡᠷᠦᠬᠡ᠎ᠶ᠋ᠢ ᠬᠠᠮᠤᠷᠴᠤ᠌᠂ ᠮᠠᠯ ᠲᠡᠵᠢᠭᠡᠪᠦᠷᠢ᠎ᠶ᠋ᠢᠨ ᠬᠡᠪᠴᠢᠶ᠎ᠡ ᠶᠣᠰᠣᠭᠠᠷ ᠣᠨᠣᠪᠴᠢᠲᠠᠶ ᠬᠤᠪᠢᠶᠠᠷᠢᠯᠠᠨ᠂ ᠪᠠᠭ᠎ᠠ᠎ᠳᠠᠭᠠᠨ 15 ᠤᠭᠤᠲᠠ᠂ ᠣᠯᠠᠨ᠎ᠳᠠᠭᠠᠨ 30 ᠤᠭᠤᠲᠠ ᠲᠠᠷᠬᠠᠭᠠᠵᠤ᠂ ᠵᠢᠱ᠌ᠢᠯᠲᠡ᠎ᠪᠡᠷ ᠶᠡᠷᠦᠩᠬᠡᠶ ᠬᠡᠮᠵᠢᠶ᠎ᠡ ᠨᠢ 32 ᠲᠣᠨ᠎ᠳᠤ ᠬᠦᠷᠦᠨ᠎ᠡ᠃ ᠡᠳ᠋ ᠪᠣᠳᠠᠰ᠎ᠢ ᠲᠣᠭᠠᠯᠠᠨ ᠪᠦᠷᠢᠳᠭᠡᠬᠦ᠌᠎ᠡᠴᠡ ᠠᠪᠤᠭᠠᠳ ᠲᠡᠷᠭᠡᠨ᠎ᠳᠦ ᠠᠴᠢᠵᠤ ᠲᠣᠬᠢᠷᠠᠭᠤᠯᠤᠨ ᠬᠦᠷᠭᠡᠬᠦ᠌ ᠬᠦᠷᠲᠡᠯ᠎ᠡ᠂ ᠭᠠᠴᠠᠭᠠᠨ᠎ᠤ 《ᠬᠣᠶᠠᠷ ᠵᠥᠪᠯᠡᠯ》 ᠠᠵᠢᠯ ᠬᠤᠪᠢᠶᠠᠷᠢᠯᠠᠨ ᠬᠠᠮᠵᠢᠯᠴᠠᠵᠤ᠂ ᠥᠨᠳᠥᠷ ᠪᠦᠲᠦᠮᠵᠢᠲᠡᠶ ᠡᠮᠬᠢ ᠵᠢᠷᠤᠮ᠎ᠲᠠᠶ ᠪᠡᠷ ᠪᠠᠲᠤᠯᠠᠭ᠎ᠠ᠎ᠶ᠋ᠢ ᠮᠠᠯᠴᠢᠨ ᠡᠷᠦᠬᠡ ᠪᠦᠷᠢ᠎ᠳᠦ ᠦᠨᠡᠨ ᠬᠦ᠌ ᠬᠦᠷᠭᠡᠪᠡ᠃

ᠡᠳ᠋ ᠪᠣᠳᠠᠰ᠎ᠤᠨ ᠪᠠᠲᠤᠯᠠᠭ᠎ᠠ᠎ᠶ᠋ᠢ ᠪᠣᠳᠠᠲᠠᠢᠵᠢᠭᠤᠯᠵᠤ᠂ ᠮᠡᠷᠭᠡᠵᠢᠯ᠎ᠦᠨ ᠦᠢᠯᠡᠴᠢᠯᠡᠭᠡ᠎ᠶ᠋ᠢ ᠵᠡᠷᠭᠡ᠎ᠪᠡᠷ ᠠᠬᠢᠭᠤᠯᠪᠠ᠃ ᠬᠠᠭᠤᠴᠢᠨ ᠪᠠᠷᠭᠤ ᠬᠣᠱᠢᠭᠤᠨ᠎ᠤ ᠪᠠᠶᠠᠨᠬᠠᠳᠠ ᠰᠤᠮᠤ᠎ᠶ᠋ᠢᠨ ᠭᠡᠭᠡᠨᠬᠤᠱᠢᠭᠤ ᠭᠠᠴᠠᠭ᠎ᠠ᠎ᠳᠤ᠂ ᠮᠠᠯᠴᠢᠨ ᠰᠦᠷᠦᠨᠭᠲᠣᠭ᠍ᠲᠠᠬᠤ᠎ᠵᠢᠨ ᠭᠡᠷ᠎ᠦᠨ ᠪᠠᠷᠢᠮᠵᠢᠶᠠᠵᠢᠭ᠍ᠰᠠᠨ  ᠬᠦᠯᠡᠮᠵᠢ ᠮᠠᠰᠢ ᠳᠤᠯᠠᠭᠠᠬᠠᠨ ᠪᠠᠢᠯ᠎ᠠ᠃ ᠬᠠᠱᠢᠶᠠᠨ ᠳᠣᠲᠣᠷ᠎ᠠ᠂ ᠬᠤᠷᠠᠭ᠎ᠠ ᠨᠤᠭᠤᠳ᠎ᠤᠨ ᠮᠠᠢᠯᠠᠯᠳᠤᠬᠤ ᠳᠠᠭᠤᠨ ᠠᠮᠢ ᠠᠮᠢᠵᠢᠷᠠᠯ᠎ᠢ ᠬᠠᠷᠠᠭᠤᠯᠤᠨ᠎ᠠ᠃ ᠰᠦᠷᠦᠩᠲᠣᠭ᠍ᠲᠠᠬᠤ ᠡᠷ᠎ᠡ ᠡᠮ᠎ᠡ ᠬᠣᠶᠠᠭᠤᠯᠠ ᠲᠡᠵᠢᠭᠡᠨ ᠦᠷᠡᠵᠢᠭᠦᠯᠬᠦ᠌ ᠲᠠᠯ᠎ᠠ ᠪᠡᠷ ᠪᠠᠶᠠᠯᠢᠭ ᠲᠤᠷᠱᠢᠯᠭ᠎ᠠ᠎ᠲᠠᠶ᠂ ᠭᠡᠷ᠎ᠲᠡᠬᠡᠨ 800 ᠭᠠᠷᠤᠶ ᠡᠮ᠎ᠡ ᠬᠣᠨᠢ ᠪᠠ 100 ᠭᠠᠷᠤᠶ ᠦᠬᠡᠷ ᠲᠡᠵᠢᠭᠡᠵᠦ᠍ ᠪᠠᠢᠨ᠎ᠠ᠃ ᠡᠪᠦᠯ ᠪᠣᠯᠬᠤ᠎ᠡᠴᠡ ᠡᠮᠦᠨ᠎ᠡ᠂ ᠲᠠᠳᠠ 2600 ᠭᠠᠷᠤᠶ ᠪᠣᠭᠣᠵᠢ ᠡᠪᠡᠰᠦ᠂ 30 ᠲᠣᠨ ᠡᠪᠡᠰᠦ ᠪᠣᠷᠳᠣᠭ᠎ᠠ᠎ᠶ᠋ᠢ ᠤᠷᠢᠳᠴᠢᠯᠠᠨ ᠨᠥᠭᠡᠴᠡᠯᠡᠵᠦ᠍᠂ ᠬᠠᠱᠢᠶ᠎ᠠ ᠰᠠᠷᠠᠪᠴᠢ᠎ᠪᠠᠨ ᠰᠡᠯᠪᠢᠨ ᠵᠠᠰᠠᠵᠤ᠂ ᠳᠤᠯᠠᠭᠠᠨ᠎ᠢ ᠬᠠᠮᠠᠭᠠᠯᠠᠬᠤ ᠠᠵᠢᠯ᠎ᠢ ᠰᠠᠢᠲᠤᠷ ᠬᠢᠵᠦ᠍᠂ ᠲᠥᠯ ᠲᠤᠰᠴᠤ᠌ ᠪᠣᠢᠵᠢᠭᠤᠯᠬᠤ᠎ᠳᠤ ᠪᠠᠲᠤ ᠪᠠᠬᠢ ᠰᠠᠭᠤᠷᠢ ᠲᠠᠯᠪᠢᠵᠠᠢ᠃ ᠣᠳᠣᠬᠠᠨ᠎ᠳᠤ᠂ ᠲᠡᠳᠡᠨ᠎ᠦ ᠬᠢᠨ 50 ᠭᠠᠷᠤᠢ ᠬᠤᠷᠠᠭ᠎ᠠ᠂ 30 ᠲᠤᠭᠤᠯ ᠲᠤᠰᠴᠤ᠌᠂ ᠰᠠᠷ᠎ᠠ᠎ᠶ᠋ᠢᠨ ᠳᠣᠲᠣᠷ᠎ᠠ ᠲᠥᠯ ᠲᠤᠰᠭᠤ ᠠᠵᠢᠯ᠎ᠵᠢᠨᠨ ᠳᠠᠭᠤᠰᠬᠠᠬᠤ ᠪᠣᠯᠤᠨ᠎ᠠ᠃ ᠱᠢᠨᠵᠢᠯᠡᠬᠦ᠌ ᠤᠬᠠᠭᠠᠨᠴᠢ᠎ᠪᠠᠷ ᠠᠷᠠᠴᠢᠯᠠᠨ ᠲᠡᠵᠢᠭᠡᠬᠦ᠌ ᠪᠠ ᠬᠠᠯᠠᠭᠤᠨ ᠲᠤᠯᠠᠭᠠᠨ ᠦᠢᠯᠡᠴᠢᠯᠡᠭᠡ ᠪᠠᠲᠤᠯᠠᠭ᠎ᠠ ᠳᠣᠣᠷ᠎ᠠ  ᠲᠡᠳᠡᠨ ᠤ᠋ ᠬᠤᠷᠠᠭ᠎ᠠ᠎ᠶ᠋ᠢᠨ ᠤᠨᠳᠤᠷᠤᠯᠳᠠ᠎ᠶ᠋ᠢᠨ ᠨᠤᠷᠮ᠎ᠠ ᠨᠢ ᠵᠢᠯ ᠲᠤᠷᠰᠢ ᠨᠡᠯᠢᠶᠡᠳ ᠥᠨᠳᠥᠷ  ᠪᠠᠢᠵᠤ᠂ ᠡᠷ᠎ᠡ ᠡᠮ᠎ᠡ ᠬᠣᠶᠠᠭᠤᠯᠠ ᠡᠨᠡ ᠵᠢᠯ᠎ᠦᠨ ᠮᠠᠯ ᠠᠵᠤ ᠠᠬᠤᠢ᠎ᠶ᠋ᠢᠨ ᠦᠨᠢᠷ ᠦᠰᠦᠯᠳᠡ ᠳ᠋ᠡᠭᠡᠨ ᠢᠲᠡᠭᠡᠯ ᠳᠦᠭᠦᠷᠡᠩ ᠪᠠᠢᠯ᠎ᠠ᠃

ᠲᠥᠯ ᠲᠤᠰᠴᠤ᠌ ᠪᠣᠢᠵᠢᠭᠤᠯᠬᠤ ᠨᠢ ᠪᠥᠬᠥ᠌ ᠵᠢᠯ᠎ᠦᠨ ᠦᠶ᠋ᠯᠡᠳᠪᠦᠷᠢᠯᠡᠯ᠎ᠦᠨ ᠦᠷ᠎ᠡ ᠪᠦᠲᠦᠮᠵᠢ᠎ᠶ᠋ᠢ ᠱᠢᠭᠤᠳ ᠲᠣᠭ᠍ᠲᠠᠭᠠᠨ᠎ᠠ᠃ ᠬᠠᠭᠤᠴᠢᠨ ᠪᠠᠷᠭᠤ ᠬᠣᠱᠢᠭᠤ ᠮᠠᠯ ᠠᠵᠤ ᠠᠬᠤᠶ᠎ᠶ᠋ᠢᠨ ᠰᠠᠭᠤᠷᠢ ᠲᠥᠬᠥᠭᠡᠷᠦᠮᠵᠢ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠠᠮᠢᠲᠠᠨ᠎ᠤ ᠬᠢᠵᠢᠭ ᠡᠪᠡᠳᠴᠢᠨ᠎ᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠂ ᠪᠠᠯᠠ ᠮᠥᠩᠭᠥ᠎ᠶ᠋ᠢᠨ ᠪᠠᠲᠤᠯᠠᠭ᠎ᠠ᠂ ᠮᠡᠷᠭᠡᠵᠢᠯ᠎ᠦᠨ ᠦᠶ᠋ᠯᠡᠴᠢᠯᠡᠭᠡ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠲᠥᠯ ᠲᠤᠰᠴᠤ᠌ ᠪᠣᠢᠵᠢᠭᠤᠯᠬᠤ ᠠᠵᠢᠯ᠎ᠢ ᠪᠥᠬᠥ᠌ ᠬᠦᠴᠦᠨ᠎ᠢᠶᠡᠷ᠎ᠢᠶᠡᠨ ᠪᠠᠳᠤᠯᠠᠪᠠ᠃ ᠡᠨᠡ ᠵᠢᠯ ᠪᠥᠬᠥ᠌ ᠬᠣᠱᠢᠭᠤᠨ᠎ᠳᠤ 49.7 ᠲᠦᠮᠡᠨ ᠲᠥᠯ ᠲᠣᠰᠭᠣ᠎ᠪᠠᠷ ᠲᠥᠯᠥᠪᠯᠡᠵᠦ᠍᠂ 5 ᠰᠠᠷ᠎ᠠ᠎ᠶ᠋ᠢᠨ ᠰᠡᠭᠦᠯᠴᠢ᠎ᠡᠴᠡ ᠡᠮᠦᠨ᠎ᠡ ᠪᠦᠬᠦᠨ᠎ᠢ ᠪᠡᠶᠡᠯᠡᠭᠦᠯᠬᠦ᠌᠎ᠪᠡᠷ ᠲᠥᠯᠥᠪᠯᠡᠵᠦ᠍ ᠪᠠᠢᠨ᠎ᠠ᠃ ᠲᠤᠬᠠᠶ᠎ᠶ᠋ᠢᠨ ᠭᠠᠵᠠᠷ᠎ᠤᠨ ᠨᠥᠭᠡᠴᠡᠯᠡᠭ᠌ᠰᠡᠨ ᠭᠠᠮᠱᠢᠭ᠎ᠢ ᠡᠰᠡᠷᠭᠦᠴᠡᠬᠦ᠌ ᠡᠪᠡᠰᠦ ᠪᠣᠷᠳᠣᠭ᠎ᠠ 7000 ᠭᠠᠷᠤᠶ ᠪᠣᠭᠣᠵᠢ᠂ ᠠᠷᠢᠭᠤᠳᠭᠠᠬᠤ ᠡᠮ᠎ᠦᠨ ᠵᠦᠶ᠋ᠯ 1 ᠲᠣᠨ ᠪᠠᠢᠵᠤ᠂ ᠭᠠᠮᠱᠢᠭ᠎ᠢ ᠡᠰᠡᠷᠭᠦᠴᠡᠬᠦ᠌ ᠪᠠᠯᠠ ᠮᠥᠩᠭᠥ᠌ 50 ᠭᠠᠷᠤᠶ ᠲᠦᠮᠡᠨ ᠲᠥᠭᠥᠷᠢᠭ ᠲᠠᠷᠬᠠᠭᠠᠵᠤ᠂ ᠮᠡᠷᠭᠡᠵᠢᠯᠲᠡᠨ᠎ᠢ ᠵᠣᠬᠢᠶᠠᠨ ᠪᠠᠢᠭᠤᠯᠤᠨ ᠮᠠᠯᠴᠢᠳ᠎ᠤᠨ ᠬᠡᠷ᠎ᠲᠦᠨᠢ ᠬᠦᠷᠴᠦ᠍ ᠵᠢᠭᠠᠨ ᠵᠢᠯᠤᠭᠤᠳᠴᠤ᠂ ᠲᠦᠯ ᠮᠠᠯ᠎ᠤᠨ ᠤᠨᠳᠤᠷᠤᠯᠳᠠ ᠵᠢᠨ ᠨᠣᠷᠮ᠎ᠠ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠪᠡ᠃

ᠬᠠᠪᠤᠷ᠎ᠤᠨ ᠤᠯᠠᠷᠢᠯ᠎ᠤᠨ ᠲᠥᠯ ᠲᠣᠰᠭᠣ ᠠᠵᠢᠯ᠎ᠢ ᠲᠣᠭ᠍ᠲᠠᠭᠤᠨ᠎ᠢᠶᠠᠷ ᠠᠬᠢᠭᠤᠯᠬᠤ᠎ᠶ᠋ᠢ ᠪᠠᠲᠤᠯᠠᠬᠤ᠎ᠶ᠋ᠢᠨ ᠲᠥᠯᠥᠭᠡ ᠬᠥᠯᠥᠨ ᠪᠣᠢᠷ ᠬᠣᠲᠠ ᠤᠷᠢᠳᠴᠢᠯᠠᠨ ᠪᠠᠢᠷᠢᠯᠠᠭᠤᠯᠵᠤ᠂ ᠤᠨᠤᠴᠠᠳᠠᠢ ᠬᠦᠴᠦᠯᠡᠵᠦ᠍᠂ ᠡᠪᠡᠰᠦ ᠪᠣᠷᠳᠣᠭ᠎ᠠ ᠨᠥᠭᠡᠴᠡᠯᠡᠬᠦ᠌᠂ ᠬᠠᠱᠢᠶ᠎ᠠ ᠰᠠᠷᠠᠪᠴᠢ᠎ᠶᠢ ᠲᠤᠯᠠᠭᠠᠯᠠᠬᠤ ᠪᠠ ᠰᠡᠯᠪᠢᠨ ᠵᠠᠰᠠᠬᠤ᠂ ᠠᠮᠢᠲᠠᠨ᠎ᠤ ᠬᠢᠵᠢᠭ ᠡᠪᠡᠳᠴᠢᠨ᠎ᠢ ᠰᠡᠷᠭᠡᠢᠯᠡᠨ ᠡᠵᠡᠮᠳᠡᠬᠦ᠌ ᠵᠡᠷᠭᠡ ᠡᠯ᠎ᠡ ᠵᠦᠶ᠋ᠯ᠎ᠦᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠪᠠ᠃ ᠬᠣᠲᠠ᠂ ᠬᠣᠱᠢᠭᠤ ᠬᠣᠶᠠᠷ ᠱᠠᠲᠤᠨ᠎ᠤ ᠬᠢᠨ ᠮᠡᠷᠭᠡᠵᠢᠯ᠎ᠦᠨ ᠦᠶ᠋ᠯᠡᠴᠢᠯᠡᠭᠡᠨ᠎ᠦ ᠠᠩᠭᠢ᠎ᠶ᠋ᠢ ᠵᠣᠬᠢᠶᠠᠨ ᠪᠠᠢᠭᠤᠯᠵᠤ᠂ ᠮᠠᠯᠵᠢᠬᠤ ᠡᠷᠦᠬᠡ᠎ᠳᠦ ᠭᠦᠨᠵᠡᠭᠡᠢᠷᠡᠨ ᠲᠡᠵᠢᠭᠡᠨ ᠠᠷᠠᠴᠢᠯᠠᠬᠤ ᠬᠠᠮᠢᠶᠠᠷᠤᠯᠲᠠ᠂ ᠲᠡᠵᠢᠭᠡᠯ ᠡᠪᠡᠰᠦ ᠪᠣᠷᠳᠣᠭ᠎ᠠ᠎ᠶ᠋ᠢᠨ ᠬᠠᠷᠢᠴᠠᠯ᠂ ᠨᠢᠯᠬ᠎ᠠ ᠮᠠᠯ᠎ᠢ ᠠᠷᠠᠴᠢᠯᠠᠨ ᠬᠠᠮᠠᠭᠠᠯᠠᠬᠤ ᠵᠡᠷᠭᠡ ᠬᠡᠷᠡᠭ᠌ᠯᠡᠭᠡᠨ᠎ᠦ ᠮᠡᠷᠭᠡᠵᠢᠯ᠎ᠦᠨ ᠵᠢᠯᠣᠭᠣᠳᠣᠯᠭ᠎ᠠ ᠥᠷᠨᠢᠭᠦᠯᠬᠦ᠌᠎ᠶ᠋ᠢᠨ ᠬᠠᠮᠲᠤ ᠬᠢᠵᠢᠭ᠎ᠢ ᠰᠡᠷᠭᠡᠢᠯᠡᠬᠦ᠌ ᠤᠬᠠᠭᠤᠯᠭ᠎ᠠ᠎ᠶ᠋ᠢ ᠴᠢᠩᠭᠠᠳᠭᠠᠵᠤ᠂ ᠬᠠᠱᠢᠶ᠎ᠠ ᠰᠠᠷᠠᠪᠴᠢ᠎ᠶ᠋ᠢ ᠠᠷᠢᠭᠤᠳᠭᠠᠬᠤ᠂ ᠬᠤᠤᠷ ᠥᠬᠡᠢᠳᠡᠭᠦᠯᠦᠨ ᠱᠢᠶ᠋ᠳᠪᠦᠷᠢᠯᠡᠬᠦ᠌ ᠵᠡᠷᠭᠡ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠠᠮᠢᠳᠤ ᠪᠣᠳᠠᠰ᠎ᠤᠨ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠡᠬᠢᠵᠢᠭᠦᠯᠪᠡ᠃

ᠡᠨᠡ ᠵᠢᠯ᠎ᠦᠨ ᠬᠥᠯᠥᠨ ᠪᠣᠢᠷ ᠬᠣᠲᠠ᠎ᠶ᠋ᠢᠨ ᠲᠥᠯ ᠲᠤᠰᠴᠤ᠌ ᠪᠣᠢᠵᠢᠭᠤᠯᠬᠤ ᠠᠵᠢᠯ 3 ᠰᠠᠷ᠎ᠠ᠎ᠶ᠋ᠢᠨ ᠡᠬᠢ᠎ᠪᠡᠷ ᠡᠬᠢᠯᠡᠵᠦ᠍᠂ ᠣᠳᠣᠬᠠᠨ ᠪᠣᠯᠲᠠᠯ᠎ᠠ ᠨᠢᠭᠡᠨᠲᠡ 163.74 ᠲᠦᠮᠡᠨ ᠲᠥᠯ ᠲᠤᠰᠴᠤ᠌᠂ 98.3% ᠪᠠᠷ ᠤᠨᠳᠤᠷᠤᠭᠤᠯᠵᠤ᠂ ᠪᠥᠬᠥ᠌ ᠵᠢᠯ᠎ᠳᠦ ᠵᠢᠱ᠌ᠢᠯᠲᠡ᠎ᠪᠡᠷ 450 ᠲᠦᠮᠡᠨ ᠲᠦᠯ ᠲᠤᠰᠬᠤ ᠪᠣᠯᠤᠨ᠎ᠠ᠃

ᠵᠠᠮ᠎ᠢ ᠵᠠᠪᠳᠤᠨ ᠨᠡᠪᠲᠡᠷᠡᠭᠦᠯᠬᠦ᠌᠎ᠡᠴᠡ ᠲᠡᠵᠢᠭᠡᠯ ᠪᠤᠷᠳᠤᠭ᠎ᠠ ᠬᠦᠷᠭᠡᠬᠦ᠌ ᠬᠦᠷᠲᠡᠯ᠎ᠡ᠂ ᠬᠠᠱᠢᠶ᠎ᠠ ᠰᠠᠷᠠᠪᠴᠢ᠎ᠶ᠋ᠢ ᠰᠡᠯᠪᠢᠨ ᠵᠠᠰᠠᠬᠤ᠎ᠡᠴᠡ ᠮᠡᠷᠭᠡᠵᠢᠯ᠎ᠢ ᠳᠣᠷᠣᠭ᠍ᠰᠢ ᠪᠠᠭᠤᠯᠭᠠᠬᠤ ᠬᠦᠷᠲᠡᠯ᠎ᠡ᠂ ᠠᠯᠢ ᠣᠯᠠᠨ ᠰᠡᠳᠭᠢᠯ᠎ᠢ ᠳᠤᠯᠠᠭᠠᠴᠠᠭᠤᠯᠬᠤ ᠠᠷᠭ᠎ᠠ ᠬᠡᠮᠵᠢᠶ᠎ᠡ᠎ᠪᠡᠷ ᠪᠣᠳᠠᠲᠠᠶ᠎ᠶ᠋ᠢ ᠡᠷᠬᠢᠮᠯᠡᠨ ᠦᠶ᠋ᠯᠡᠴᠢᠯᠡᠵᠦ᠍᠂ ᠮᠠᠯᠴᠢᠳ᠎ᠲᠤ ᠦᠶ᠋ᠯᠡᠴᠢᠯᠡᠬᠦ᠌ 《ᠡᠴᠦᠰ᠎ᠦᠨ ᠨᠢᠭᠡ ᠺᠢᠯᠣᠮᠧᠲ᠋ᠷ》 ᠢ᠋ ᠦᠨᠡᠨ ᠬᠦ᠌ ᠨᠡᠪᠲᠡᠷᠡᠭᠦᠯᠪᠡ᠃ ᠣᠳᠣᠬᠠᠨ᠎ᠳᠤ ᠬᠥᠯᠥᠨ ᠪᠤᠢ᠌ᠷ᠎ᠤᠨ ᠲᠥᠯ ᠲᠤᠰᠭᠤ ᠠᠵᠢᠯ ᠡᠮᠬᠢ ᠳᠢᠭ᠌ᠯᠢᠮ᠎ᠲᠡᠶ ᠶᠠᠪᠤᠭ᠍ᠳᠠᠵᠤ᠂ ᠲᠥᠯ ᠮᠠᠯ ᠲᠠᠷᠭᠤ ᠬᠦᠴᠦᠳᠡᠢ ᠪᠣᠢᠵᠢᠵᠤ᠂ ᠮᠠᠯᠴᠢᠳ᠎ᠤᠨ ᠡᠷᠴᠢ ᠵᠣᠷᠢᠭ ᠲᠡᠭᠦᠯᠳᠡᠷ ᠪᠠᠢᠨ᠎ᠠ᠃ ᠬᠣᠲᠠ᠎ᠲᠠᠶᠠᠭᠠᠷ᠎ᠢᠶᠠᠨ ᠯᠠᠪᠳᠠᠭᠤᠨ ᠬᠦᠴᠦᠲᠡᠶ ᠠᠵᠢᠯᠯᠠᠭ᠎ᠠ ᠠᠪᠴᠤ᠌᠂ ᠬᠠᠪᠤᠷ᠎ᠤᠨ ᠤᠯᠠᠷᠢᠯ᠎ᠤᠨ ᠮᠠᠯ ᠠᠵᠤ ᠠᠬᠤᠶ᠎ᠶ᠋ᠢᠨ ᠦᠶ᠋ᠯᠡᠳᠪᠦᠷᠢᠯᠡᠯ᠎ᠢ ᠪᠥᠬᠥ᠌ ᠬᠦᠴᠦᠨ᠎ᠢᠶᠡᠷ᠎ᠢᠶᠡᠨ ᠬᠠᠮᠠᠭᠠᠯᠠᠵᠤ᠂ ᠪᠡᠯᠴᠢᠭᠡᠷ᠎ᠦᠨ ᠮᠠᠯ ᠠᠵᠤ ᠠᠬᠤᠶ᠎ᠶ᠋ᠢᠨ ᠭᠠᠷᠤᠯᠲᠠ᠎ᠶ᠋ᠢ ᠲᠣᠭ᠍ᠲᠠᠪᠤᠷᠢᠵᠢᠭᠤᠯᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号