ᠪᠦᠲᠦᠮᠵᠢᠲᠡᠢ ᠪᠡᠯᠡ ᠣᠷᠣᠭᠤᠯᠤᠯᠲᠠ᠎ᠶ᠋ᠢ ᠥᠷᠭᠡᠳᠭᠡᠵᠦ᠍ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠵᠤ ᠱᠢᠨ᠎ᠡ ᠵᠠᠮ ᠢ᠋ ᠨᠡᠭᠡᠭᠡᠨ᠎ᠡ
2026-05-09 09:21:32
ᠵᠣᠬᠢᠶᠠᠭ᠍ᠴᠢ᠄
ᠶᠠᠩ ᠸᠧᠶ
ᠣᠩᠱᠢᠭ᠍ᠰᠠᠨ ᠣᠳᠠᠭ᠎ᠠ᠄
★★★☆☆

— ᠬᠠᠳᠠᠭᠠᠯᠠᠮᠵᠢ ᠵᠢ ᠱᠢᠯᠢᠳᠡᠭ᠌ᠵᠢᠭᠦᠯᠦᠨ ᠨᠡᠮᠡᠭᠳᠡᠯ ᠢ᠋ ᠰᠠᠢᠳᠤᠷ ᠠᠬᠢᠭᠤᠯᠬᠤ ᠡᠴᠡ ᠥᠪᠥᠷ ᠮᠣᠩᠭᠣᠯ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠵᠢ ᠬᠠᠷᠠᠬᠤᠢ


ᠴᠠᠭ ᠦᠶ᠎ᠡ ᠡᠳᠦᠷ᠎ᠡᠴᠡ ᠡᠳᠦᠷ ᠱᠢᠨᠡᠳᠦᠨ ᠬᠤᠪᠢᠷᠠᠨ᠎ᠠ; ᠬᠥᠭ᠌ᠵᠢᠯᠲᠡ ᠡᠬᠦᠷᠢᠳᠠ ᠵᠤᠬᠰᠤᠰᠢ ᠦᠭᠡᠢ ᠤᠷᠤᠭᠰᠢᠯᠠᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ᠎ᠳᠦ᠂ ᠥᠪᠥᠷ ᠮᠣᠩᠭᠣᠯ᠎ᠤᠨ ᠠᠵᠤ ᠠᠬᠤᠶ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠣᠣᠯ ᠳᠠᠢᠨ᠎ᠦ ᠲᠠᠯᠠᠪᠤᠷ ᠡᠷᠴᠢ ᠵᠤᠷᠢᠭ ᠵᠢᠠᠨ ᠴᠢᠩᠭᠠᠯᠠᠨ ᠶᠠᠭᠠᠷᠠᠯᠳᠠᠢᠬᠠᠨ ᠠᠵᠢᠯᠯᠠᠵᠠᠭᠠᠨ᠎ᠠ᠃

ᠶᠡᠷᠦᠩᠬᠡᠶ ᠪᠡᠯᠡ ᠣᠷᠣᠭᠤᠯᠤᠯᠲᠠ ᠨᠢ 172 ᠳ᠋ᠦᠩᠱᠢᠭᠤᠷ ᠲᠥᠭᠥᠷᠢᠭ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠡᠴᠡ ᠪᠡᠭᠡᠵᠢᠩ ᠲᠢᠶᠠᠨᠵᠢᠨ ᠾᠧᠪᠧᠶ ᠬᠦᠷᠬᠦ᠌ ± 800 ᠺᠢᠯᠦᠸᠤᠯᠲ᠎ᠤᠨ ᠣᠨᠴᠠ ᠥᠨᠳᠥᠷ ᠬᠦᠴᠦᠳᠡᠯᠲᠦ ᠲᠣᠭ᠍ᠲᠠᠮᠠᠯ ᠭᠦᠶᠦᠳᠡᠯ᠎ᠦᠨ ᠢᠨᠵᠧᠨᠧᠷᠢᠩ᠎ᠦᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ ᠵᠢᠨ ᠠᠵᠢᠯ ᠠᠬᠢᠴᠠ ᠪᠡᠨ ᠲᠦᠷᠭᠡᠳᠭᠡᠪᠡ᠃ 《ᠲᠦᠷᠦᠯ ᠵᠦᠢᠯ ᠠᠱᠢᠭ᠍ᠯᠠᠯᠲᠠ᠎ᠳᠤ ᠤᠷᠤᠭ᠍ᠰᠠᠨ᠎ᠤ ᠲᠠᠷᠠᠭ᠎ᠠ᠂ ᠬᠥᠪᠴᠢ᠎ᠶ᠋ᠢᠨ ᠡᠯᠡᠰᠦᠨ᠎ᠦ 1200 ᠲᠦᠮᠡᠨ ᠺᠢᠯᠦᠸᠠᠲ᠎ᠤᠨ ᠱᠢᠨ᠎ᠡ ᠡᠨᠧᠷᠭᠢ᠎ᠶ᠋ᠢᠨ ᠴᠠᠬᠢᠯᠭᠠᠨ ᠬᠦᠴᠦᠨ᠎ᠢ ᠬᠤᠸᠠᠪᠸᠢ ᠣᠷᠣᠨ᠎ᠳᠤ ᠱᠢᠭᠤᠳ ᠬᠦᠷᠭᠡᠵᠦ᠍᠂ ᠥᠪᠥᠷ ᠮᠣᠩᠭᠣᠯ᠎ᠤᠨ ᠴᠡᠪᠡᠷ ᠡᠨᠧᠷᠭᠢ᠎ᠶ᠋ᠢ ᠨᠡᠩ ᠶᠡᠬᠡ ᠬᠡᠪᠴᠢᠶᠡᠨ᠎ᠳᠦ ᠱᠢᠯᠢᠳᠡᠭ᠌ᠵᠢᠭᠦᠯᠦᠨ ᠲᠤᠬᠢᠷᠠᠭᠤᠯᠬᠤ᠎ᠶ᠋ᠢ ᠠᠬᠢᠭᠤᠯᠤᠨ᠎ᠠ》 ᠭᠡᠵᠦ᠍ ᠤᠯᠤᠰ᠎ᠤᠨ ᠴᠠᠬᠢᠯᠭᠠᠨ ᠲᠣᠣᠷ᠎ᠤᠨ ᠥᠪᠥᠷ ᠮᠣᠩᠭᠣᠯ᠎ᠤᠨ ᠵᠡᠭᠦᠨ ᠬᠡᠰᠡᠭ ᠤ᠋ᠨ ᠴᠠᠬᠢᠯᠭᠠᠨ ᠬᠦᠴᠦᠨ᠎ᠦ ᠺᠣᠮᠫᠠᠨᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠬᠡᠯᠲᠡᠰ᠎ᠦᠨ ᠳᠡᠳ᠋ ᠡᠷᠬᠢᠯᠡᠭ᠌ᠴᠢ ᠵᠢᠶᠠ ᠲᠢ ᠺᠠᠩ ᠬᠡᠯᠡᠪᠡ᠃

ᠶᠡᠷᠦᠩᠬᠡᠶ ᠪᠠᠯᠠ ᠣᠷᠣᠭᠤᠯᠤᠯᠲᠠ᠎ᠨᠢ 98.3 ᠳ᠋ᠦᠩᠱᠢᠭᠤᠷ ᠲᠥᠭᠥᠷᠢᠭ᠂ ᠥᠪᠥᠷ ᠮᠣᠩᠭᠣᠯ᠎ᠤᠨ ᠷᠦᠩ ᠱᠢᠨ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ 80 ᠲᠦᠮᠡᠨ ᠲᠣᠨ ᠨᠡᠭᠦᠷᠡᠰᠦ᠎ᠪᠡᠷ ᠠᠯᠺᠧᠨ ᠦᠶ᠋ᠯᠡᠳᠬᠦ᠌ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠠᠬᠤᠶ ᠲᠠᠯᠠᠪᠠᠶ᠎ᠳᠤ ᠲᠡᠷᠭᠡ ᠤᠨᠤᠭ᠎ᠠ ᠬᠦᠮᠦᠨ ᠬᠠᠷ᠎ᠠ ᠰᠦᠯᠵᠢᠯᠳᠦᠵᠦ᠍᠂ ᠥᠨᠳᠥᠷ ᠰᠦᠷᠯᠢᠭ ᠫᠷᠤᠫᠸᠨ᠎ᠤ ᠨᠠᠷᠢᠯᠢᠭ ᠨᠡᠷᠡᠬᠦ᠌ ᠰᠤᠪᠤᠷᠭ᠎ᠠ᠎ᠨᠢ ᠲᠥᠷᠥᠯ ᠵᠦᠶ᠋ᠯ᠎ᠦᠨ ᠲᠣᠭᠣᠷᠢᠭ᠎ᠲᠤ ᠰᠦᠨᠳᠡᠷᠯᠡᠨ᠎ᠡ᠃

《ᠤᠯᠠᠮᠵᠢᠯᠠᠯᠲᠤ ᠲᠥᠷᠥᠯ ᠵᠦᠶ᠋ᠯ᠎ᠲᠡᠶ ᠬᠠᠷᠢᠴᠠᠭᠤᠯᠪᠠᠯ᠂ 1 ᠲᠣᠨ ᠠᠯᠺᠧᠨ ᠦᠶ᠋ᠯᠡᠳᠪᠦᠷᠢᠯᠡᠬᠦ᠌ ᠪᠦᠷᠢ 300 ᠺᠢᠯᠣᠭ᠌ᠷᠠᠮ ᠱᠢᠬᠠᠮ ᠮᠧᠲ᠋ᠢᠯ ᠠᠯᠺᠣᠣᠯ ᠠᠷᠪᠢᠯᠠᠵᠤ᠂ ᠲᠥᠷᠥᠯ ᠵᠦᠶ᠋ᠯ᠎ᠦᠨ ᠪᠣᠬᠢᠷᠲᠤᠯ ᠥᠬᠡᠶ ᠬᠥᠭ᠌ᠵᠢᠯᠲᠡ᠎ᠶ᠋ᠢᠨ ᠳᠠᠪᠠᠭᠤᠯᠢᠭ ᠢᠯᠡᠳᠲᠡ ᠪᠤᠯᠵᠠᠢ》᠃ ᠥᠪᠥᠷ ᠮᠣᠩᠭᠣᠯ᠎ᠤᠨ ᠷᠦᠩ ᠱᠢᠨ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠠᠯᠺᠧᠨ ᠤ᠋ ᠪᠡᠯᠡᠳᠭᠡᠯ ᠭᠠᠵᠠᠷ᠎ᠤᠨ ᠢᠨᠵᠧᠨᠧᠷᠢᠩ᠎ᠦᠨ ᠬᠡᠯᠳᠡᠰ᠎ᠤᠨ ᠳᠡᠳ᠋ ᠳᠠᠷᠤᠭ᠎ᠠ ᠯᠢᠦᠶ ᠴᠠᠩ ᠴᠤᠤ ᠲᠠᠨᠢᠯᠴᠠᠭᠤᠯᠬᠤ᠎ᠳᠠᠭᠠᠨ᠂ ᠲᠥᠷᠥᠯ ᠵᠦᠶ᠋ᠯ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ᠂ 《ᠮᠧᠲ᠋ᠢᠯ ᠠᠯᠺᠣᠣᠯ — ᠠᠯᠺᠧᠨ — ᠳᠡᠭᠡᠳᠦ ᠲᠠᠰ᠎ᠤᠨ ᠱᠢᠨ᠎ᠡ ᠮᠠᠲ᠋ᠧᠷᠢᠶᠠᠯ》ᠤ᠋ᠨ ᠪᠦᠷᠢᠨ ᠪᠦᠲᠦᠨ ᠠᠵᠤ ᠦᠶ᠋ᠯᠡᠰ᠎ᠦᠨ ᠬᠡᠯᠬᠢᠶ᠎ᠡ᠎ᠶ᠋ᠢ ᠪᠦᠲᠦᠮᠵᠢᠲᠡᠶ ᠨᠡᠪᠲᠡᠷᠡᠭᠦᠯᠵᠦ᠍᠂ ᠵᠢᠯ᠎ᠦᠨ ᠦᠶ᠋ᠯᠡᠳᠬᠦᠨ᠎ᠦ ᠥᠷᠲᠡᠭ ᠨᠢ ᠪᠠᠷᠤᠭ 66 ᠳ᠋ᠦᠩᠱᠢᠭᠤᠷ ᠲᠥᠭᠥᠷᠢᠭ᠎ᠲᠦ ᠬᠥᠷᠬᠥ᠌ ᠪᠣᠯᠤᠨ᠎ᠠ ᠭᠡᠵᠡᠶ᠃

ᠶᠡᠷᠦᠩᠬᠡᠶ ᠪᠠᠯᠠ ᠣᠷᠣᠭᠤᠯᠤᠯᠲᠠ᠎ᠨᠢ 360 ᠳ᠋ᠦᠩᠱᠢᠭᠤᠷ ᠲᠥᠭᠥᠷᠢᠭ᠎ᠦᠨ ᠥᠪᠥᠷ ᠮᠣᠩᠭᠣᠯ᠎ᠤᠨ ᠵᠡᠭᠦᠨ ᠬᠡᠰᠡᠭ (ᠲᠦᠩᠯᠢᠶᠣᠤ) ᠤ᠋ᠨ ᠳᠡᠭᠡᠳᠦ ᠲᠠᠰ᠎ᠤᠨ ᠬᠦᠨᠳᠦ ᠬᠡᠯᠪᠡᠷᠢ᠎ᠶ᠋ᠢᠨ ᠰᠠᠭᠤᠷᠢ ᠲᠣᠨᠣᠭ ᠲᠥᠬᠥᠭᠡᠷᠦᠮᠵᠢ ᠦᠶ᠋ᠯᠡᠳᠬᠦ᠌ ᠠᠵᠤ ᠦᠶ᠋ᠯᠡᠰ᠎ᠦᠨ ᠰᠠᠭᠤᠷᠢᠨ ᠳ᠋ᠤ᠂ ᠬᠠᠭᠠᠰ᠎ᠡᠴᠡ ᠳᠡᠭᠡᠭ᠌ᠰᠢᠬᠢ ᠢᠵᠢ ᠪᠥᠷᠢᠳᠦᠭᠦᠯᠬᠦ᠌ ᠬᠤᠪᠢᠶᠠᠷᠢ ᠲᠥᠷᠥᠯ ᠵᠦᠶ᠋ᠯ᠎ᠢ ᠪᠠᠢᠭᠤᠯᠤᠨ ᠠᠱᠢᠭ᠍ᠯᠠᠯᠲᠠ᠎ᠳᠤ ᠣᠷᠣᠭᠤᠯᠵᠤ᠂ ᠯᠦᠩ ᠮᠠ ᠪᠦᠯᠦᠭ᠌ᠯᠡᠯ᠂ ᠵᠢᠨ ᠹᠸᠩ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠡᠷᠭᠡ᠎ᠪᠡᠷ ᠭᠤᠤᠯ ᠪᠣᠯᠭᠠᠭ᠍ᠰᠠᠨ ᠭᠡᠯᠬᠢᠶ᠎ᠠ ᠵᠢᠨ ᠡᠬᠢᠨ᠎ᠤ ᠪᠠ ᠡᠴᠦᠰ᠎ᠤᠨ ᠭᠡᠯᠬᠢᠶ᠎ᠠ ᠵᠢᠨ ᠠᠵᠤ ᠠᠬᠤᠢᠯᠠᠯ᠎ᠤᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢᠨ ᠪᠠᠢᠷᠢᠱᠢᠯ᠎ᠢ ᠪᠦᠷᠢᠯᠳᠦᠭᠦᠯᠪᠡ᠃

ᠲᠡᠮᠦᠷ ᠵᠠᠮ᠎ᠤᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠲᠦᠷᠭᠡᠳᠬᠦ᠌᠎ᠶ᠋ᠢ ᠳᠠᠭᠠᠯᠳᠤᠨ᠂ ᠥᠪᠥᠷ ᠮᠣᠩᠭᠣᠯ᠎ᠳ᠋ᠤ ᠪᠡᠭᠡᠵᠢᠩ ᠳ᠋ᠤ ᠬᠥᠷᠬᠥ᠌ ᠲᠦᠷᠭᠡᠨ ᠎ᠦ  ᠲᠡᠮᠦᠷ ᠵᠠᠮ ᠎ᠦᠨ ᠭᠠᠯᠳᠦ ᠲᠡᠷᠭᠡ ᠪᠠ ᠬᠦᠳᠡᠯᠭᠡᠬᠦ ᠬᠦᠴᠦᠨᠳᠦ ᠭᠠᠯᠳᠦ ᠲᠡᠷᠭᠡ ᠲᠠᠢ ᠲᠤᠰᠭᠠᠶ ᠣᠷᠣᠨ ᠬᠣᠲᠠ 7 ᠪᠣᠯᠵᠣ᠂ 7 ᠲᠤᠰᠭᠠᠶ ᠣᠷᠣᠨ ᠬᠣᠲᠠ᠎ᠶ᠋ᠢᠨ ᠦᠶ᠋ᠯᠡᠳᠪᠦᠷᠢᠯᠡᠯ᠎ᠦᠨ ᠪᠥᠬᠥ᠌ ᠥᠷᠲᠡᠭ ᠨᠢ ᠪᠥᠬᠥ᠌ ᠣᠷᠣᠨ᠎ᠤ GDP ᠵᠢᠨ ᠵᠢᠷᠭᠤᠭᠠᠨ ᠬᠤᠪᠢ᠎ᠡᠴᠡ ᠳᠡᠭᠡᠭ᠌ᠰᠢᠬᠢ᠎ᠶ᠋ᠢ ᠡᠵᠡᠯᠡᠪᠡ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠡᠬᠢᠯᠡᠵᠦ᠍᠂ ᠲᠡᠮᠡᠴᠡᠯ᠎ᠦᠨ ᠠᠯᠬᠤᠭ᠎ᠠ ᠵᠤᠬ᠍ᠰᠤᠰᠢ ᠦᠭᠡᠢ ᠤᠷᠤᠬᠰᠢᠯᠠᠨ᠎ᠠ᠃ 2026 ᠣᠨ᠎ᠳᠤ ᠤᠷᠤᠭ᠍ᠰᠠᠨ᠎ᠤ ᠳᠠᠷᠠᠭ᠎ᠠ᠂ ᠥᠪᠥᠷ ᠮᠣᠩᠭᠣᠯ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠳᠠᠭᠠᠨ ᠠᠩᠬᠠᠷᠤᠯ᠎ᠢᠶᠠᠨ ᠲᠥᠪᠯᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠴᠢᠨᠠᠷ ᠰᠠᠢᠲᠠᠶ ᠬᠥᠭ᠌ᠵᠢᠯᠲᠡ᠎ᠶ᠋ᠢ ᠤᠨᠢᠯᠠᠨ᠂ ᠪᠦᠲᠦᠮᠵᠢᠲᠡᠶ ᠪᠠᠯᠠ ᠣᠷᠣᠭᠤᠯᠤᠯᠲᠠ᠎ᠶ᠋ᠢ ᠥᠷᠭᠡᠳᠭᠡᠬᠦ᠌᠎ᠪᠡᠷ ᠭᠠᠷᠳᠠᠴᠠ ᠪᠣᠯᠭᠠᠵᠤ᠂ ᠬᠠᠳᠠᠭᠠᠯᠠᠮᠵᠢ᠎ᠶ᠋ᠢ ᠱᠢᠯᠢᠳᠡᠭ᠌ᠵᠢᠭᠦᠯᠦᠨ᠂ ᠨᠡᠮᠡᠭ᠌ᠳᠡᠯ᠎ᠢ᠋ ᠰᠠᠢᠳᠤᠷ ᠠᠬᠢᠭᠤᠯᠵᠦ᠂ ᠠᠵᠤ ᠠᠬᠤᠶ᠎ᠶ᠋ᠢᠨ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠵᠤ ᠱᠢᠨ᠎ᠡ ᠵᠠᠮ ᠨᠡᠭᠡᠭᠡᠬᠦ᠌᠎ᠶ᠋ᠢ ᠦᠷᠭᠦᠯᠵᠢᠯᠡᠨ ᠠᠬᠢᠭᠤᠯᠪᠠ᠃

ᠡᠷᠡᠮᠡᠬᠡᠢᠯᠡᠨ ᠤᠷᠤᠭ᠍ᠰᠢᠯᠠᠬᠤ ᠵᠠᠮ ᠳᠡᠭᠡᠷ᠎ᠡ᠂ ᠥᠪᠥᠷ ᠮᠣᠩᠭᠣᠯ ᠡᠨᠡ ᠵᠢᠯ 3668 ᠴᠢᠬᠤᠯᠠ ᠶᠡᠬᠡ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠢ ᠬᠡᠷᠡᠭ᠌ᠵᠢᠭᠦᠯᠬᠦ᠌᠎ᠪᠡᠷ ᠲᠥᠯᠥᠪᠯᠡᠵᠦ᠍᠂ ᠶᠡᠷᠦᠩᠬᠡᠶ ᠪᠠᠯᠠ ᠣᠷᠣᠭᠤᠯᠤᠯᠲᠠ᠎ᠨᠢ 3.7 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ ᠣᠨ᠎ᠤ ᠪᠠᠯᠠ ᠣᠷᠣᠭᠤᠯᠤᠯᠲᠠ᠎ᠪᠡᠨ 1.08 ᠲᠦᠮᠡᠨ ᠳ᠋ᠦᠩᠱᠢᠭᠤᠷ ᠲᠥᠭᠥᠷᠢᠭ᠎ᠲᠦ ᠬᠥᠷᠭᠡᠬᠥ᠎ᠪᠡᠷ ᠲᠥᠯᠥᠪᠯᠡᠵᠦ᠍ ᠪᠣᠶ᠃

ᠡᠷᠡᠮᠡᠬᠡᠢᠯᠡᠨ ᠤᠷᠤᠭ᠍ᠰᠢᠯᠠᠬᠤ ᠵᠠᠮ ᠳᠡᠭᠡᠷ᠎ᠡ᠂ ᠪᠦᠬᠦ᠌ ᠣᠷᠣᠨ᠎ᠤ ᠡᠯ᠎ᠡ ᠭᠠᠵᠠᠷ᠎ᠤᠨ ᠬᠢᠨ ᠪᠠᠷᠢᠯᠭ᠎ᠠ᠎ᠶ᠋ᠢᠨ ᠱᠢᠵᠢᠷ ᠠᠯᠳᠠᠨ ᠴᠠᠭ᠎ᠢ ᠠᠮᠵᠢᠵᠤ᠂ ᠲᠦᠷᠦᠯ ᠵᠦᠢᠯ᠎ᠦᠨ ᠠᠵᠢᠯ᠎ᠢᠶᠠᠨ ᠡᠬᠢᠯᠡᠭᠦᠯᠵᠦ᠍ ᠠᠵᠢᠯ᠎ᠢᠶᠠᠨ ᠰᠡᠷᠭᠦᠭᠡᠬᠦ᠌᠎ᠶ᠋ᠢ ᠠᠬᠢᠭᠤᠯᠵᠤ᠂ ᠲᠦᠷᠦᠭᠦᠦ ᠤᠯᠠᠷᠢᠯ᠎ᠤᠨ ᠰᠡᠭᠦᠯᠴᠢ ᠪᠣᠯᠲᠠᠯ᠎ᠠ 2946 ᠴᠢᠬᠤᠯᠠ ᠶᠡᠬᠡ ᠲᠦᠷᠦᠯ ᠵᠦᠢᠯ ᠠᠵᠢᠯ᠎ᠢᠶᠠᠨ ᠡᠬᠢᠯᠡᠭᠦᠯᠵᠦ᠍ ᠠᠵᠢᠯ᠎ᠢᠶᠠᠨ ᠰᠡᠷᠭᠦᠭᠡᠵᠦ᠍᠂ ᠠᠵᠢᠯ᠎ᠢᠶᠠᠨ ᠰᠡᠷᠭᠦᠭᠡᠭ᠌ᠰᠡᠨ ᠨᠤᠷᠮ᠎ᠠ 80% ᠳ᠋ᠦ᠍ ᠬᠦᠷᠴᠡᠢ᠃

ᠡᠷᠡᠮᠡᠬᠡᠢᠯᠡᠨ ᠤᠷᠤᠭ᠍ᠰᠢᠯᠠᠬᠤ ᠵᠠᠮ ᠳᠡᠭᠡᠷ᠎ᠡ᠂ ᠬᠠᠳᠠᠭᠠᠯᠠᠮᠵᠢ ᠵᠢ ᠱᠢᠯᠢᠳᠡᠭ᠌ᠵᠢᠭᠦᠯᠬᠦ᠌ ᠳᠤᠮᠳᠠ ᠤᠯᠠᠮᠵᠢᠯᠠᠯᠲᠤ ᠠᠵᠤ ᠦᠢᠯᠡᠰ᠎ᠦᠨ 《ᠬᠥᠭ᠌ᠰᠢᠨ ᠮᠣᠳᠣᠨ᠎ᠡᠴᠡ ᠱᠢᠨ᠎ᠡ ᠨᠠᠬᠢᠶ᠎ᠠ ᠭᠠᠷᠬᠤ》 ᠵᠢ ᠠᠬᠢᠭᠤᠯᠬᠤ ᠪᠣᠯ ᠥᠪᠥᠷ ᠮᠣᠩᠭᠣᠯ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠦᠨᠳᠦᠰᠦᠨ ᠪᠠᠢᠳᠠᠯ᠎ᠢ ᠲᠣᠭ᠍ᠲᠠᠪᠤᠷᠢᠵᠢᠭᠤᠯᠬᠤ 《ᠠᠰᠢᠭᠳᠠᠢ ᠭᠠᠷᠳᠠᠴᠠ》 ᠪᠣᠯᠤᠨ᠎ᠠ᠃

ᠭᠡᠬᠦ ᠳ᠋ᠡᠭᠡᠨ ᠬᠠᠳᠠᠭᠠᠯᠠᠮᠵᠢ᠎ᠶ᠋ᠢ ᠱᠢᠯᠢᠳᠡᠭ᠌ᠵᠢᠭᠦᠯᠬᠦ᠌᠎ᠶ᠋ᠢᠨ ᠵᠠᠩᠭᠢᠯᠠᠭ᠎ᠠ ᠨᠢ ᠠᠵᠤ ᠦᠢᠯᠡᠰ᠎ᠢ ᠲᠡᠰ ᠳᠡᠪᠱᠢᠭᠦᠯᠬᠦ᠌᠎ᠳᠦ ᠪᠤᠢ᠃

ᠤᠷᠳᠤᠰ ᠬᠤᠳᠠ᠎ᠶ᠋ᠢᠨ ᠦᠦᠱᠢᠨ ᠬᠣᠱᠢᠭᠤᠨ᠎ᠳᠤ᠂ ᠪᠦᠬᠦ᠌ ᠪᠥᠮᠪᠥᠷᠴᠡᠭ᠎ᠦᠨ ᠲᠠᠩ ᠦᠢᠯᠡᠳᠪᠦᠷᠢ᠎ᠶ᠋ᠢᠨ ᠬᠡᠪᠴᠢᠶ᠎ᠡ᠎ᠪᠡᠷ ᠬᠠᠮᠤᠭ᠎ᠤᠨ ᠶᠡᠬᠡ ᠨᠡᠭᠦᠷᠡᠰᠦ᠎ᠪᠡᠷ ᠠᠯᠺᠸᠨ ᠦᠢᠯᠡᠳᠬᠦ᠌ ᠲᠦᠷᠦᠯ ᠵᠦᠢᠯ — ᠪᠦᠦ ᠹᠸᠩ᠎ᠤᠨ 300 ᠲᠦᠮᠡᠨ ᠲᠣᠨ ᠨᠡᠭᠦᠷᠡᠰᠦ᠎ᠪᠡᠷ ᠠᠯᠺᠸᠨ ᠦᠢᠯᠡᠳᠬᠦ᠌ ᠲᠦᠷᠦᠯ ᠵᠦᠢᠯ᠎ᠦᠨ ᠲᠣᠭᠣᠷᠢᠭ᠎ᠤᠨ ᠲᠤᠨᠤᠭ ᠲᠥᠬᠥᠭᠡᠷᠦᠮᠵᠢ ᠰᠡᠬᠦᠢᠨ ᠰᠦᠨᠳᠡᠷᠯᠡᠵᠦ᠍᠂ ᠰᠠᠶᠢᠬᠠᠨ ᠦᠢᠯᠡᠳᠪᠦᠷᠢᠯᠡᠯ ᠤ᠋ᠨ ᠱᠤᠭᠤᠮ ᠡᠴᠡ ᠭᠠᠷᠤᠭ᠍ᠰᠠᠨ ᠠᠯᠺᠸᠨ᠎ᠤ ᠦᠢᠯᠡᠳᠬᠦᠨ᠎ᠢ  ᠪᠣᠭᠣᠳᠠᠯᠯᠠᠬᠤ ᠲᠠᠰᠤᠭ᠎ᠲᠡᠢᠰᠢ ᠲᠡᠭᠡᠭᠡᠪᠦᠷᠢᠯᠡᠵᠦ᠍ ᠪᠠᠢᠪᠠ᠃

ᠡᠨᠡ ᠬᠦ᠌ ᠶᠡᠷᠦᠩᠬᠡᠢ ᠪᠡᠯᠡ ᠣᠷᠣᠭᠤᠯᠤᠯᠲᠠ ᠨᠢ 480 ᠳ᠋ᠦᠩᠱᠢᠭᠤᠷ ᠲᠥᠭᠥᠷᠢᠭ᠎ᠢ ᠳᠠᠪᠠᠭ᠍ᠰᠠᠨ ᠦᠢᠯᠡᠳᠪᠦᠷᠢᠯᠡᠯ᠎ᠦᠨ ᠱᠤᠭᠤᠮ ᠳᠡᠭᠡᠷ᠎ᠡ᠂ ᠨᠢᠭᠡ ᠬᠡᠰᠡᠭ ᠨᠡᠭᠦᠷᠡᠰᠦ ᠨᠢ ᠤᠯᠠᠨ ᠵᠦᠢᠯ᠎ᠦᠨ ᠠᠵᠢᠯ᠎ᠤᠨ ᠳᠠᠷᠠᠭᠠᠯᠠᠯ᠎ᠢᠶᠠᠷ ᠳᠠᠮᠵᠢᠨ ᠦᠷᠳᠡᠭ ᠨᠢ ᠳᠠᠬᠢᠨ᠎ᠢᠶᠠᠷ ᠨᠡᠮᠡᠭ᠌ᠳᠡᠭ᠌ᠰᠡᠨ ᠳᠡᠭᠡᠳᠦ ᠲᠡᠰ᠎ᠤᠨ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠦᠢᠯᠡᠳᠬᠦᠨ ᠪᠤᠯᠵᠤ ᠬᠤᠪᠢᠷᠠᠪᠠ᠃

ᠪᠤᠭᠤᠲᠤ ᠬᠣᠲᠠ᠎ᠶ᠋ᠢᠨ ᠳ᠋ᠦᠩ ᠾᠧ ᠲᠣᠭᠣᠷᠢᠭ ᠤ᠋ᠨ ᠪᠤᠭᠤᠲᠤ᠎ᠶ᠋ᠢᠨ ᠬᠥᠩᠭᠡᠨᠴᠠᠭᠠᠨ᠎ᠤ ᠠᠵᠤ ᠦᠶ᠋ᠯᠡᠰ᠎ᠦᠨ ᠬᠦᠷᠢᠶᠡᠯᠡᠩ᠎ᠦᠨ ᠤᠶᠤᠨᠲᠤ ᠦᠶ᠋ᠯᠡᠳᠪᠦᠷᠢ᠎ᠶ᠋ᠢᠨ ᠲᠠᠰᠤᠭ ᠲᠤ᠌᠂ ᠴᠠᠬᠢᠯᠭᠠᠨ ᠵᠠᠳᠠᠯᠤᠯ᠎ᠤᠨ ᠣᠩᠭᠣᠴᠠ ᠲᠡᠷᠢ ᠲᠡᠭ᠌ᠰᠢ ᠪᠠᠢᠷᠢᠱᠢᠵᠤ᠂ 5G ᠵᠢᠯᠣᠭᠣᠴᠢ ᠥᠬᠡᠶ ᠤᠳᠬᠤᠭᠤᠷ ᠲᠡᠷᠭᠡ ᠵᠡᠷᠭᠡ ᠤᠶᠤᠨᠲᠤ ᠲᠣᠨᠣᠭ᠍ᠯᠠᠯ ᠨᠤᠭᠤᠳ ᠨᠢ ᠠᠦ᠋ᠲ᠋ᠣ᠋ ᠠᠵᠢᠯᠯᠠᠭᠠᠨ ᠬᠢᠵᠤ᠂ ᠦᠶ᠋ᠯᠡᠳᠪᠦᠷᠢᠯᠡᠯ᠎ᠨᠢ ᠦᠨᠳᠦᠰᠦᠨ᠎ᠳᠡᠭᠡᠨ ᠪᠦᠷᠢᠨ ᠠᠦ᠋ᠲ᠋ᠣᠴᠢᠯᠠᠬᠰᠠᠨ ᠪᠠᠢᠨ᠎ᠠ᠃

ᠬᠥᠩᠭᠡᠨᠴᠠᠭᠠᠨ᠎ᠤ ᠠᠵᠤ ᠦᠶ᠋ᠯᠡᠰ᠎ᠦᠨ ᠬᠦᠷᠢᠶᠡᠯᠡᠩ᠎ᠦᠨ ᠲᠥᠪᠯᠡᠷᠡᠭᠦᠯᠦᠨ ᠡᠵᠡᠮᠳᠡᠬᠦ᠌ ᠲᠠᠰᠤᠭ᠎ᠲᠤ᠂ ᠢᠨᠵᠧᠨᠧᠷ ᠳᠡᠯᠭᠡᠴᠡ᠎ᠲᠡᠭᠡᠷ᠎ᠡ ᠠᠯᠤᠰ ᠡᠵᠡᠮᠱᠢᠯᠲᠦ ᠲᠣᠭᠠᠴᠢᠯᠠᠭ᠍ᠰᠠᠨ ᠲᠣᠬᠢᠷᠠᠭᠤᠯᠭ᠎ᠠ ᠡᠵᠡᠮᠳᠡᠯ᠎ᠢ ᠪᠡᠶᠡᠯᠡᠭᠦᠯᠵᠦ᠍᠂ ᠬᠥᠩᠭᠡᠨᠴᠠᠭᠠᠨ᠎ᠤ ᠦᠶ᠋ᠯᠡᠳᠬᠦᠨ ᠦᠶ᠋ᠯᠡᠳᠬᠦ᠌ ᠬᠡᠯᠬᠢᠶ᠎ᠡ᠎ᠳᠡᠬᠢ ᠪᠤᠬᠢᠷᠳᠤᠯ ᠦᠭᠡᠢ ᠴᠠᠬᠢᠯᠭᠠᠨ᠎ᠤ ᠡᠵᠡᠯᠡᠬᠦ᠌ ᠬᠠᠷᠢᠴᠠᠯ᠎ᠢ 40%᠎ᠡᠴᠡ ᠳᠡᠭᠡᠭ᠌ᠰᠢ᠎ᠳᠦ ᠬᠦᠷᠭᠡᠵᠦ᠍᠂ ᠠᠵᠤ ᠦᠶ᠋ᠯᠡᠳᠪᠦᠷᠢ᠎ᠶ᠋ᠢᠨ ᠬᠠᠶᠠᠭ᠍ᠳᠠᠮᠠᠯ ᠤᠰᠤ᠎ᠶ᠋ᠢ ᠡᠭᠡᠭᠦᠯᠦᠨ ᠬᠡᠷᠡᠭ᠌ᠯᠡᠬᠦ᠌ ᠨᠣᠷᠮ᠎ᠠ᠎ᠶ᠋ᠢ 100%᠎ᠳ᠋ᠤ ᠬᠦᠷᠭᠡᠵᠦ᠍᠂ ᠪᠣᠬᠢᠷᠲᠤᠯ ᠥᠬᠡᠶ ᠬᠥᠭ᠌ᠵᠢᠯᠲᠡ᠎ᠶ᠋ᠢᠨ ᠲᠦᠪᠱᠢᠨ᠎ᠨᠢ ᠪᠥᠬᠥ᠌ ᠤᠯᠤᠰ᠎ᠤᠨ ᠥᠨᠳᠥᠷ ᠡᠨᠧᠷᠭᠢ ᠠᠴᠢᠶᠠᠯᠠᠬᠤ ᠠᠵᠢᠯ ᠲᠥᠷᠥᠯ᠎ᠤᠨ ᠳᠤᠮᠳᠠ ᠲᠦᠷᠦᠭᠦᠯᠡᠪᠡ᠃

《ᠡᠨᠧᠷᠭᠢ᠎ᠶ᠋ᠢᠨ ᠬᠣᠷᠣᠭ᠍ᠳᠠᠯ ᠶᠡᠬᠡᠲᠡᠢ ᠡᠷᠦᠭᠡ》 ᠡᠴᠡ 《ᠡᠨᠧᠷᠭᠢ ᠠᠷᠪᠢᠯᠠᠬᠤ ᠬᠡᠪ ᠳᠠᠭᠤᠷᠢᠶᠠᠯ》 ᠪᠤᠯᠤᠭᠰᠠᠨ ᠬᠦᠷᠲᠡᠯ᠎ᠡ᠂ 《ᠨᠡᠭᠦᠷᠡᠰᠦᠨ ᠴᠠᠬᠢᠯᠭᠠᠨ ᠬᠦᠩᠭᠡᠨᠴᠠᠭᠠᠨ》 ᠡᠴᠡ 《ᠪᠣᠬᠢᠷᠲᠤᠯ ᠦᠭᠡᠢ ᠴᠠᠬᠢᠯᠭᠠᠨ ᠬᠦᠩᠭᠡᠨᠴᠠᠭᠠᠨ》 ᠬᠦᠷᠲᠡᠯ᠎ᠡ᠂ ᠪᠤᠭᠤᠲᠤ᠂ ᠡᠨᠡ ᠬᠦ᠌ ᠬᠠᠭᠤᠴᠢᠨ ᠠᠵᠤ ᠦᠢᠯᠡᠳᠪᠦᠷᠢ᠎ᠶ᠋ᠢᠨ ᠬᠤᠳᠠ ᠪᠣᠬᠢᠷᠲᠤᠯ ᠦᠭᠡᠢ ᠱᠢᠨ᠎ᠡ ᠠᠮᠢᠵᠢᠷᠠᠯ᠎ᠤ᠋ᠨ ᠬᠦᠴᠦᠨ ᠵᠢᠡᠨ ᠣᠯᠵᠤ ᠪᠠᠢᠨ᠎ᠠ᠃

ᠤᠯᠠᠭᠠᠨᠴᠠᠪ ᠬᠣᠲᠠ ᠤᠯᠠᠮᠵᠢᠯᠠᠯᠲᠤ ᠲᠡᠮᠦᠷ᠎ᠦᠨ ᠬᠠᠢᠯᠤᠰᠢ᠎ᠶ᠋ᠢᠨ ᠠᠵᠤ ᠦᠶ᠋ᠯᠡᠰ᠎ᠢ ᠪᠣᠬᠢᠷᠲᠤᠯ ᠥᠬᠡᠶ ᠠᠵᠤ ᠦᠶ᠋ᠯᠡᠰ ᠪᠣᠯᠭᠠᠪᠠ᠃

ᠹᠸᠩᠵᠸᠨ ᠤ᠋ ᠵᠢᠶ ᠲᠢᠶᠸ ᠲᠡᠮᠦᠷ᠎ᠦᠨ ᠬᠠᠢᠯᠤᠰᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠦᠢᠯᠡᠳᠪᠦᠷᠢ᠎ᠶ᠋ᠢᠨ ᠲᠣᠭᠣᠷᠢᠭ᠎ᠲᠤ ᠬᠦᠷᠬᠦ᠌᠎ᠳᠦ ᠬᠠᠷ᠎ᠠ ᠤᠲᠤᠭ᠎ᠠ ᠣᠯᠵᠤ ᠦᠵᠡᠬᠦ᠌ ᠦᠭᠡᠶ ᠮᠥᠷᠲᠡᠭᠡᠨ ᠬᠠᠮᠠᠷ ᠭᠠᠳᠠᠮ᠎ᠠ ᠦᠨᠦᠷ ᠴᠦ᠍ ᠣᠯᠵᠤ ᠦᠨᠦᠷᠲᠦᠬᠦ᠌ ᠦᠭᠡᠶ ᠪᠤᠯᠵᠦ᠂ 24 ᠰᠠᠭᠤᠷᠢ ᠴᠠᠬᠢᠯᠭᠠᠨ ᠵᠤᠤᠬ᠎ᠠ ᠦᠷᠭᠦᠯᠵᠢᠯᠡᠨ ᠠᠵᠢᠯᠯᠠᠵᠤ ᠪᠠᠢᠪᠠ᠃

《ᠮᠠᠨ᠎ᠤ ᠬᠠᠶᠠᠭ᠍ᠳᠠᠮᠠᠯ ᠬᠡᠢ ᠬᠠᠶᠠᠭ᠍ᠳᠠᠮᠠᠯ ᠤᠰᠤ᠎ᠶ᠋ᠢ ᠦᠢᠯᠡᠳᠪᠦᠷᠢ᠎ᠶ᠋ᠢᠨ ᠲᠣᠭᠣᠷᠢᠭ᠎ᠤ᠋ᠨ ᠲᠤᠳᠤᠭᠠᠳᠤ ᠳ᠋ᠠᠭᠠᠨ ᠤᠨᠳᠤᠤᠰᠢᠭᠤᠯᠤᠨ ᠠᠱᠢᠭ᠍ᠯᠠᠵᠤ᠂ ᠵᠤᠤᠬ᠎ᠠ᠎ᠶ᠋ᠢᠨ ᠱᠢᠭᠠᠷᠤ᠎ᠶ᠋ᠢ ᠴᠤ᠌ ᠪᠠᠷᠢᠯᠭ᠎ᠠ᠎ᠶ᠋ᠢᠨ ᠮᠠᠲ᠋ᠧᠷᠢᠶᠠᠯ ᠪᠣᠯᠭᠠᠵᠤ᠂ ᠪᠣᠬᠢᠷᠲᠤᠯ ᠦᠭᠡᠢ᠎ᠪᠡᠷ ᠬᠡᠯᠪᠡᠷᠢ᠎ᠪᠡᠨ ᠬᠤᠪᠢᠷᠠᠭᠤᠯᠬᠤ᠎ᠶ᠋ᠢ ᠪᠡᠶᠡᠯᠡᠭᠦᠯᠪᠡ》᠃ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠲᠤᠬᠠᠶ ᠶᠠᠷᠢᠬᠤ᠎ᠳᠠᠭᠠᠨ᠂ ᠹᠸᠩᠵᠸᠨ᠎ᠤ ᠵᠢᠶ ᠲᠢᠶᠸ ᠲᠡᠮᠦᠷ᠎ᠦᠨ ᠬᠠᠢᠯᠤᠰᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠬᠠᠨ ᠶᠦᠩ ᠭᠤᠸᠠᠩ ᠢᠲᠡᠭᠡᠯ ᠳᠦᠭᠦᠷᠡᠩ ᠪᠠᠢᠯ᠎ᠠ᠃

ᠡᠨᠡ ᠬᠦ᠌ ᠦᠩᠭᠡᠷᠡᠭᠰᠡᠨ ᠤ᠋ 《ᠪᠣᠬᠢᠷᠲᠤᠯ ᠶᠡᠬᠡᠲᠡᠶ᠂ ᠡᠨᠧᠷᠭᠢ᠎ᠶ᠋ᠢᠨ ᠬᠣᠷᠣᠭ᠍ᠳᠠᠯ ᠶᠡᠬᠡᠲᠡᠶ》 ᠲᠡᠮᠦᠷ᠎ᠦᠨ ᠬᠠᠢᠯᠤᠰᠢ᠎ᠶ᠋ᠢᠨ ᠠᠵᠤ ᠠᠬᠤᠢᠯᠠᠯ ᠨᠢ ᠣᠲᠣ ᠤᠯᠤᠰ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ ᠪᠣᠯᠤᠭᠰᠠᠨ ᠵᠢᠡᠷ ᠪᠠᠷᠠᠬᠤ ᠥᠬᠡᠶ ᠪᠠᠰᠠ ᠪᠥᠬᠥ᠌ ᠤᠯᠤᠰ᠎ᠤᠨ ᠲᠡᠮᠦᠷ᠎ᠦᠨ ᠬᠠᠢᠯᠤᠰᠢ᠎ᠶ᠋ᠢᠨ ᠠᠵᠢᠯ ᠲᠥᠷᠥᠯ᠎ᠦᠨ 《ᠡᠨᠧᠷᠭᠢ᠎ᠶ᠋ᠢᠨ ᠠᠱᠢᠭ᠍ᠯᠠᠮᠵᠢ᠎ᠶ᠋ᠢᠨ ᠳᠠᠭᠠᠭᠤᠯᠤᠭ᠍ᠴᠢ》 ᠪᠠ ᠤᠯᠤᠰ᠎ᠤᠨ ᠲᠠᠰ᠎ᠤᠨ ᠪᠣᠬᠢᠷᠲᠤᠯ ᠥᠬᠡᠶ ᠦᠶ᠋ᠯᠡᠳᠪᠦᠷᠢ ᠪᠣᠯᠪᠠ᠃

《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠵᠢ ᠡᠬᠢᠯᠡᠭᠦᠯᠵᠦ᠂ ᠲᠣᠮᠣ ᠠᠯᠬᠤᠮ᠎ᠢᠶᠠᠷ ᠱᠢᠨ᠎ᠡ ᠠᠶᠠᠨ᠎ᠳᠤ ᠮᠤᠷᠳᠠᠨ᠎ᠠ᠃ ᠨᠡᠮᠡᠭ᠌ᠳᠡᠯ᠎ᠢ ᠰᠠᠢᠳᠤᠷ ᠠᠬᠢᠭᠤᠯᠬᠤ ᠳᠤᠮᠳᠠ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ 《ᠢᠳᠡᠷᠡᠭᠦᠨ᠎ᠢᠶᠡᠷ ᠦᠰᠦᠨ ᠪᠣᠢᠵᠢᠬᠤ》 ᠵᠢ ᠠᠬᠢᠭᠤᠯᠬᠤ ᠪᠣᠯ ᠨᠡᠩ ᠴᠤ᠌ ᠥᠪᠥᠷ ᠮᠣᠩᠭᠣᠯ᠎ᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢᠨ ᠵᠠᠮ᠎ᠢ ᠨᠡᠭᠡᠭᠡᠬᠦ᠌᠂ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠲᠡᠮᠡᠴᠡᠨ ᠤᠯᠬᠤ᠎ᠶ᠋ᠢᠨ ᠵᠠᠩᠭᠢᠯᠠᠭ᠎ᠠ ᠪᠣᠯᠤᠨ᠎ᠠ᠃

ᠱᠢᠨ᠎ᠡ ᠠᠶᠠᠨ᠎ᠳᠤ᠂ ᠪᠥᠬᠥ᠌ ᠣᠷᠣᠨ᠎ᠤ ᠡᠯ᠎ᠡ ᠭᠠᠵᠠᠷ᠎ᠤᠨ᠎ᠬᠢᠨ 《ᠱᠢᠨ᠎ᠡ᠂ ᠪᠣᠬᠢᠷᠲᠤᠯ ᠥᠬᠡᠶ᠂ ᠣᠶᠤᠨᠯᠢᠭ᠂ ᠳᠡᠭᠡᠳᠦ》 ᠳ᠋ᠤ᠌ ᠠᠩᠬᠠᠷᠤᠯ᠎ᠢᠶᠠᠨ ᠲᠥᠪᠯᠡᠷᠡᠭᠦᠯᠵᠦ ᠰᠢᠨ᠎ᠡ ᠬᠥᠳᠡᠯᠭᠡᠬᠦ᠌ ᠡᠨᠧᠷᠭᠢ᠎ᠶ᠋ᠢ ᠪᠣᠢᠵᠢᠭᠤᠯᠵᠤ᠂ ᠠᠵᠤ ᠦᠶ᠋ᠯᠡᠰ᠎ᠦᠨ ᠱᠢᠨ᠎ᠡ ᠠᠮᠢ ᠠᠬᠤᠶ᠎ᠶ᠋ᠢ ᠪᠠᠢᠭᠤᠯᠪᠠ᠃

ᠶᠡᠷᠦᠩᠬᠡᠶ ᠪᠠᠯᠠ ᠣᠷᠣᠭᠤᠯᠤᠯᠲᠠ᠎ᠨᠢ 32 ᠳ᠋ᠦᠩᠱᠢᠭᠤᠷ ᠲᠥᠭᠥᠷᠢᠭ᠎ᠦᠨ ᠵᠢᠦ ᠶᠣᠣ (ᠠᠯᠠᠱᠠ) ᠪᠦᠷᠢᠨ ᠸᠠᠨᠠᠳᠢ᠎ᠵᠢᠨ ᠱᠢᠩᠭᠡᠨ ᠬᠦᠶᠦᠳᠡᠯᠳᠦ ᠳ᠋ᠢᠶᠠᠨ ᠤ᠋ᠤᠢ᠎ᠵᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠣᠨᠣᠭ᠍ᠯᠠᠯ ᠦᠶ᠋ᠯᠡᠳᠬᠦ᠌ ᠰᠠᠭᠤᠷᠢᠨ᠎ᠤ ᠲᠥᠷᠥᠯ ᠵᠦᠶ᠋ᠯ᠂ ᠶᠡᠷᠦᠩᠬᠡᠶ ᠪᠠᠯᠠ ᠣᠷᠣᠭᠤᠯᠤᠯᠲᠠ᠎ᠨᠢ 17 ᠳ᠋ᠦᠩᠱᠢᠭᠤᠷ ᠲᠥᠭᠥᠷᠢᠭ᠎ᠦᠨ ᠵᠥᠩ ᠵᠧᠸ᠋ (ᠠᠯᠠᠱᠠ) ᠠᠯᠮᠠᠰ ᠴᠢᠯᠠᠭᠤᠨ᠎ᠤ ᠳᠥᠷᠪᠡᠳᠦᠭᠡᠷ ᠦᠶ᠎ᠡ᠎ᠶ᠋ᠢᠨ ᠬᠠᠭᠠᠰ ᠳᠠᠮᠵᠢᠭᠤᠯᠤᠭ᠍ᠴᠢ ᠮᠠᠲ᠋ᠧᠷᠢᠶᠠᠯ᠎ᠤᠨ ᠲᠥᠷᠥᠯ ᠵᠦᠶ᠋ᠯ ᠵᠡᠷᠭᠡᠪᠡᠷ ᠠᠵᠢᠯ᠎ᠢᠶᠠᠨ ᠡᠬᠢᠯᠡᠭᠦᠯᠪᠡ᠃

《ᠬᠣᠶᠠᠷ ᠲᠥᠷᠥᠯ ᠵᠦᠶ᠋ᠯ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ᠂ ᠵᠢᠯ᠎ᠳᠦ 3GW/12GWh ᠡᠨᠧᠷᠭᠢ ᠨᠦᠬᠡᠴᠡᠯᠡᠬᠦ ᠱᠢᠰᠲ᠋ᠧᠮ᠎ᠦᠨ ᠦᠶ᠋ᠯᠡᠳᠪᠦᠷᠢᠯᠡᠬᠦ᠌ ᠴᠢᠳᠠᠪᠤᠷᠢ᠎ᠶ᠋ᠢ ᠪᠦᠷᠢᠯᠳᠦᠭᠦᠯᠵᠦ᠍᠂ ᠱᠢᠨ᠎ᠡ ᠡᠨᠧᠷᠭᠢ᠎ᠶ᠋ᠢ ᠱᠢᠩᠭᠡᠭᠡᠬᠦ ᠪᠠ ᠴᠠᠬᠢᠯᠭᠠᠨ ᠲᠤᠤᠷ᠎ᠢ ᠲᠣᠭ᠍ᠲᠠᠪᠤᠷᠢᠵᠢᠭᠤᠯᠬᠤ ᠪᠡᠷᠬᠡ ᠰᠡᠳᠦᠪ᠎ᠢ ᠪᠦᠲᠦᠮᠵᠢᠲᠡᠶ ᠱᠢᠶ᠋ᠳᠪᠦᠷᠢᠯᠡᠵᠦ᠍᠂ ᠬᠠᠭᠠᠰ ᠳᠠᠮᠵᠢᠭᠤᠯᠤᠭ᠍ᠴᠢ ᠱᠢᠨ᠎ᠡ ᠮᠠᠲ᠋ᠧᠷᠢᠶᠠᠯ᠎ᠤᠨ ᠦᠶ᠋ᠯᠡᠳᠬᠦᠨ᠎ᠢ ᠳᠡᠭᠡᠳᠦ ᠲᠠᠰ᠎ᠤᠨ ᠴᠠᠬᠢᠮ ᠢᠯᠳᠡᠰᠦ ᠪᠠ ᠱᠢᠨ᠎ᠡ ᠡᠨᠧᠷᠭᠢ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ ᠵᠡᠷᠭᠡ ᠬᠦᠷᠢᠶᠡᠨ᠎ᠳᠡᠬᠢ ᠭᠤᠤᠯᠯᠠᠬᠤ ᠲᠣᠨᠣᠭ᠍ᠯᠠᠯ ᠦᠶ᠋ᠯᠡᠳᠬᠦ᠌᠎ᠳᠦ ᠬᠡᠷᠡᠭ᠌ᠯᠡᠵᠦ᠍ ᠪᠣᠯᠤᠨ᠎ᠠ》᠃ ᠥᠪᠥᠷ ᠮᠣᠩᠭᠣᠯ᠎ᠤᠨ ᠠᠵᠤ ᠦᠶ᠋ᠯᠡᠳᠪᠦᠷᠢ ᠪᠠ ᠮᠡᠳᠡᠭᠡ ᠵᠠᠩᠬᠢᠴᠢᠯᠠᠯᠲᠠ᠎ᠶ᠋ᠢᠨ ᠲᠢᠩᠬᠢᠮ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ᠂ ᠬᠣᠶᠠᠷ ᠶᠡᠬᠡ ᠲᠦᠷᠦᠯ ᠵᠦᠢᠯ᠎ᠢ ᠨᠠᠢᠳᠠᠪᠤᠷᠢᠵᠢᠭᠤᠯᠬᠤ ᠪᠣᠯ ᠥᠪᠥᠷ ᠮᠣᠩᠭᠣᠯ᠎ᠤᠨ ᠡᠬᠢ ᠪᠠᠶᠠᠯᠢᠭ᠎ᠲᠤ ᠲᠦᠱᠢᠭ᠌ᠯᠡᠬᠦ᠌᠎ᠡᠴᠡ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠳᠠᠢᠰᠢ ᠳᠠᠪᠠᠯᠲᠠ᠎ᠵᠢ ᠪᠡᠶᠡᠯᠡᠭᠦᠯᠬᠦ ᠪᠠᠰᠠ ᠨᠢᠭᠡᠨ ᠴᠢᠬᠤᠯᠠ ᠠᠷᠭ᠎ᠠ ᠬᠡᠮᠵᠢᠶ᠎ᠡ ᠮᠥᠨ ᠭᠡᠪᠡ᠃

ᠤᠯᠤᠰ᠎ᠤᠨ ᠭᠤᠷᠪᠠᠳᠤᠭᠠᠷ ᠪᠦᠯᠦᠭ᠎ᠦᠨ ᠲᠣᠮᠣ ᠬᠡᠯᠪᠡᠷᠢ᠎ᠶ᠋ᠢᠨ ᠰᠠᠯᠬᠢᠨ ᠬᠦᠴᠦᠨ᠎ᠦ ᠴᠠᠬᠢᠯᠭᠠᠨ ᠬᠡᠷᠡᠯᠴᠢ ᠴᠡᠨᠡᠭ᠎ᠦᠨ ᠰᠠᠭᠤᠷᠢᠨ᠎ᠤ ᠲᠥᠷᠥᠯ ᠵᠦᠶ᠋ᠯ — ᠬᠤᠸᠠ ᠨᠸᠡᠭ ᠰᠦᠵᠢ ᠵᠢᠨ ᠡᠯᠡᠰᠦᠷᠬᠡᠭ ᠭᠠᠵᠠᠷ᠎ᠤᠨ 200 ᠲᠦᠮᠡᠨ ᠺᠢᠯᠦᠸᠠᠲ᠎ᠤᠨ ᠬᠡᠷᠡᠯᠴᠢ ᠴᠡᠨᠡᠭ᠎ᠦᠨ ᠲᠥᠷᠥᠯ ᠵᠦᠶ᠋ᠯ᠎ᠢ ᠪᠠᠶᠠᠨᠨᠠᠭᠤᠷ ᠬᠣᠲᠠ᠎ᠳᠤ ᠪᠥᠬᠥ᠌ ᠪᠠᠭ᠍ᠲᠠᠭᠠᠮᠵᠢ᠎ᠪᠠᠷ᠎ᠢᠶᠠᠨ ᠲᠤᠤᠷ᠎ᠲᠤ ᠨᠡᠢᠯᠡᠭᠦᠯᠵᠦ᠍᠂ ᠵᠢᠯ᠎ᠦᠨ ᠴᠠᠬᠢᠯᠭᠠᠨ ᠭᠠᠷᠭᠠᠬᠤ ᠬᠡᠮᠵᠢᠶ᠎ᠡ ᠨᠢ 29.6 ᠳ᠋ᠦᠩᠱᠢᠭᠤᠷ ᠭᠷᠠᠳᠦ᠋ᠰ ᠲᠦ᠍ ᠬᠦᠷᠴᠦ᠂ ᠪᠠᠷᠢᠮᠵᠢᠶᠠᠲᠦ ᠨᠡᠭᠦᠷᠡᠰᠦ᠎ᠶ᠋ᠢ 91 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠳᠠ ᠵᠢ 268 ᠲᠦᠮᠡᠨ ᠲᠣᠨ ᠪᠠᠭᠠᠰᠭᠠᠬᠤ ᠪᠤᠯᠤᠨ᠎ᠠ᠃

ᠶᠤᠸᠠᠨ ᠵᠢᠩ ᠤᠯᠠᠭᠠᠨᠴᠠᠪ᠎ᠤᠨ ᠰᠠᠷᠬᠢᠷᠠᠭᠤᠯ᠎ᠤᠨ ᠰᠠᠭᠤᠷᠢᠨ᠎ᠤ ᠲᠥᠷᠥᠯ ᠵᠦᠶ᠋ᠯ᠎ᠦᠨ ᠲᠣᠭᠣᠷᠢᠭ᠎ᠲᠤ᠂ 6 ᠲᠣᠮᠣ ᠮᠸᠭ᠎ᠠ ᠸᠠᠲ ᠲᠠᠰ᠎ᠤᠨ ᠤᠶᠤᠨᠴᠢ ᠰᠠᠯᠬᠢᠨ ᠬᠦᠴᠦᠨ᠎ᠦ ᠮᠠᠱᠢᠨ᠎ᠤ ᠰᠠᠷᠬᠢᠷᠠᠭᠤᠯ᠎ᠤᠨ ᠦᠶ᠋ᠯᠡᠳᠪᠦᠷᠢᠯᠡᠯ᠎ᠦᠨ ᠱᠤᠭᠤᠮ᠎ᠨᠢ ᠳᠠᠭᠠᠭᠠᠴᠠ ᠰᠠᠢᠲᠠᠶ ᠠᠵᠢᠯᠯᠠᠵᠤ᠂ ᠳᠤᠮᠳᠠᠴᠢ᠎ᠪᠠᠷ ᠡᠳᠦᠷ ᠪᠦᠷᠢ 4  ᠡᠴᠡ 5 ᠲᠣᠮᠣ ᠬᠡᠯᠪᠡᠷᠢ᠎ᠶ᠋ᠢᠨ ᠰᠠᠷᠬᠢᠷᠠᠭᠤᠯ᠎ᠢ ᠦᠢᠯᠡᠳᠪᠦᠷᠢᠯᠡᠵᠦ ᠪᠤᠢ᠃

ᠬᠥᠬᠡᠬᠣᠲᠠ᠎ᠶ᠋ᠢᠨ ᠬᠤᠳᠠ ᠵᠢᠨ ᠲᠡᠭᠦᠷᠭᠡ᠎ᠳᠦ ᠪᠠᠢᠭ᠎ᠠ ᠳᠤᠮᠳᠠᠳᠤ ᠤᠯᠤᠰ᠎ᠤᠨ ᠬᠤᠸᠠ ᠳ᠋ᠢᠶᠠᠨ 《ᠰᠠᠯᠬᠢᠨ ᠬᠦᠴᠦᠨ ᠬᠡᠷᠡᠯᠴᠢ ᠴᠡᠨᠡᠭ᠎ᠤᠨ ᠨᠥᠭᠡᠴᠡ》 ᠴᠠᠬᠢᠯᠭᠠᠨ ᠥᠷᠲᠡᠭᠡ᠎ᠳᠦ᠂ 48 ᠲᠣᠮᠣ ᠬᠡᠯᠪᠡᠷᠢ᠎ᠶ᠋ᠢᠨ ᠰᠠᠯᠬᠢᠨ ᠬᠦᠷᠳᠦ ᠡᠷᠭᠢᠯᠳᠦᠵᠦ᠍᠂ ᠳᠠᠭᠤᠰᠤᠰᠢ ᠥᠬᠡᠶ ᠰᠠᠯᠬᠢᠨ ᠡᠨᠧᠷᠭᠢ᠎ᠶ᠋ᠢ ᠪᠤᠬᠢᠷᠲᠦᠯ ᠦᠭᠡᠢ ᠴᠠᠬᠢᠯᠭᠠᠨ ᠪᠣᠯᠭᠠᠨ ᠬᠤᠪᠢᠷᠠᠭᠤᠯᠵᠤ᠂ ᠴᠡᠭ᠎ᠡᠴᠡ ᠴᠡᠭ᠎ᠲᠦ ᠱᠢᠭᠤᠳ ᠪᠤᠳᠤᠯᠲᠠ᠎ᠵᠢᠨ ᠬᠦᠴᠦᠨ᠎ᠤ ᠠᠵᠤ ᠠᠬᠤᠢᠯᠠᠯ᠎ᠳᠤ ᠬᠠᠩᠭᠠᠵᠦ ᠪᠤᠢ᠃ ᠬᠡᠳᠦᠨ ᠠᠷᠪᠠᠨ ᠺᠢᠯᠣᠮᠧᠲ᠋ᠷ᠎ᠦᠨ ᠴᠠᠭᠠᠨᠠᠬᠢ ᠬᠣᠷᠢᠨᠭᠡᠷ ᠱᠢᠨ᠎ᠡ ᠲᠣᠭᠣᠷᠢᠭ᠎ᠲᠤ᠂ ᠬᠡᠳᠦᠨ ᠲᠦᠮᠡᠨ ᠤᠶᠤᠨᠲᠤ ᠪᠤᠳᠤᠯᠭ᠎ᠠ᠎ᠶ᠋ᠢᠨ ᠦᠢᠯᠡᠴᠢᠯᠡᠭᠦᠷ ᠡᠳᠡᠭᠡᠷ ᠪᠤᠬᠢᠷᠲᠦᠯ ᠦᠭᠡᠢ ᠴᠠᠬᠢᠯᠭᠠᠨ᠎ᠳᠤ ᠲᠦᠱᠢᠭ᠌ᠯᠡᠨ᠂ ᠪᠦᠬᠦ᠌ ᠤᠯᠤᠰ᠎ᠤᠨ ᠡᠯ᠎ᠡ ᠭᠠᠵᠠᠷ᠎ᠡᠴᠡ ᠢᠷᠡᠭ᠌ᠰᠡᠨ ᠲᠣᠭ᠎ᠠ ᠪᠠᠷᠢᠮᠲᠠ᠎ᠶ᠋ᠢ ᠱᠢᠢᠳᠪᠦᠷᠢᠯᠡᠵᠦ᠍ ᠪᠠᠢᠳᠠᠭ᠃ ᠡᠨᠡ ᠬᠣᠶᠠᠷ ᠦᠵᠡᠭ᠌ᠳᠡᠯ ᠨᠢ ᠥᠪᠥᠷ ᠮᠣᠩᠭᠣᠯ᠎ᠤᠨ ᠪᠤᠳᠤᠯᠲᠠ᠎ᠵᠢᠨ ᠬᠦᠴᠦᠨ᠎ᠤ ᠠᠵᠤ ᠦᠢᠯᠡᠰ᠎ᠢ ᠬᠥᠭ᠌ᠵᠢᠭᠦᠯᠬᠦ᠌ ᠳᠠᠪᠠᠭᠤᠯᠢᠭ ᠠᠷᠭ᠎ᠠ ᠵᠠᠮ᠎ᠢ ᠵᠢᠷᠤᠭ᠍ᠯᠠᠪᠠ᠃

ᠤᠷᠤᠭ᠍ᠰᠢᠯᠠᠨ ᠳᠠᠪᠱᠢᠬᠤ ᠭᠡᠷᠡᠯ ᠭᠢᠯᠪᠠᠭ᠎ᠠ᠂ ᠬᠦᠰᠡᠯ ᠡᠷᠡᠮᠡᠯᠵᠡᠯ᠎ᠢ ᠪᠣᠢᠵᠢᠭᠤᠯᠤᠨ᠎ᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠵᠠᠮ ᠳᠡᠭᠡᠷ᠎ᠡ᠂ ᠪᠦᠲᠦᠮᠵᠢᠲᠡᠢ ᠪᠡᠯᠡ ᠣᠷᠣᠭᠤᠯᠤᠯᠲᠠ ᠨᠢ ᠶᠠᠭ ᠠᠵᠤ ᠠᠬᠤᠢ᠎ᠶ᠋ᠢᠨ ᠠᠵᠢᠯᠯᠠᠭᠠᠨ᠎ᠢ ᠲᠣᠭ᠍ᠲᠠᠪᠤᠷᠢᠵᠢᠭᠤᠯᠬᠤ ᠪᠣᠳᠠᠲᠤ ᠦᠢᠯᠡᠳᠪᠦᠷᠢᠯᠡᠯ᠎ᠦᠨ ᠬᠦᠴᠦᠨ ᠪᠤᠯᠵᠤ ᠪᠠᠢᠨ᠎ᠠ᠃

ᠤᠯᠠᠭᠠᠨᠴᠠᠪ᠎ᠤᠨ ᠴᠠᠬᠠᠷ ᠳᠡᠭᠡᠳᠦ ᠱᠢᠨ᠎ᠡ ᠮᠡᠷᠭᠡᠵᠢᠯ᠎ᠦᠨ ᠨᠡᠭᠡᠭᠡᠯᠲᠡ᠎ᠶ᠋ᠢᠨ ᠣᠷᠣᠨ᠎ᠤ ᠱᠢ ᠵᠢᠢ ᠢᠨᠲ᠋ᠸᠷ ᠰᠦᠯᠵᠢᠶ᠎ᠡ᠎ᠶ᠋ᠢᠨ ᠡᠭᠦᠯᠡᠨ ᠪᠤᠳᠤᠯᠲᠠ᠎ᠶ᠋ᠢᠨ ᠲᠥᠪ᠎ᠦᠨ ᠮᠠᠱᠢᠨ᠎ᠤ ᠦᠷᠦᠭᠡ᠎ᠳᠤ ᠳ᠋ᠧᠩ᠎ᠦᠨ ᠬᠡᠷᠡᠯ ᠳᠤᠸᠠᠯᠠᠵᠤ᠂ ᠪᠤᠬᠢᠷᠲᠦᠯ ᠦᠭᠡᠢ ᠴᠠᠬᠢᠯᠭᠠᠨ᠎ᠢᠶᠠᠷ ᠭᠤᠤᠯ ᠲᠤᠯᠭᠠᠭᠤᠷᠢ ᠪᠣᠯᠭᠠᠭ᠍ᠰᠠᠨ ᠦᠢᠯᠡᠴᠢᠯᠡᠭᠦᠷ ᠲᠦᠷᠭᠡᠨ ᠬᠤᠷᠳᠤᠴᠠ᠎ᠪᠠᠷ ᠠᠵᠢᠯᠯᠠᠵᠤ ᠪᠣᠶ᠃

ᠦᠢᠯᠡᠴᠢᠯᠡᠭᠦᠷ᠎ᠤᠨ ᠠᠵᠢᠯᠯᠠᠭ᠎ᠠ ᠵᠢ ᠳᠠᠭᠠᠯᠳᠤᠨ᠂ ᠲᠣᠭ᠎ᠠ ᠪᠠᠷᠢᠮᠲᠠ᠎ᠶ᠋ᠢᠨ ᠢᠨᠵᠧᠨᠧᠷ ᠯᠢᠦ ᠮᠢᠨ ᠳᠠᠷᠤᠪᠴᠢ᠎ᠶ᠋ᠢ ᠬᠦᠩᠭᠡᠭᠡᠨ ᠳᠠᠷᠤᠵᠦ᠂ ᠪᠣᠬᠢᠷᠲᠤᠯ ᠥᠬᠡᠶ ᠪᠤᠳᠤᠯᠲᠠ᠎ᠵᠢᠨ ᠬᠦᠴᠦᠨ᠎ᠢ ᠱᠢᠭᠤᠳ ᠪᠡᠭᠡᠵᠢᠩ ᠲᠢᠶᠠᠨᠵᠢᠨ ᠾᠧᠪᠧᠶ᠎ᠳᠦ ᠬᠠᠩᠭᠠᠵᠤ᠂ ᠣᠯᠠᠨ ᠠᠵᠢᠯ ᠲᠥᠷᠥᠯ᠎ᠳᠦ ᠬᠦᠴᠦᠨ ᠴᠢᠳᠠᠯ ᠣᠯᠭᠣᠵᠤ᠂ ᠲᠣᠭᠠᠴᠢᠯᠠᠭ᠍ᠰᠠᠨ ᠠᠵᠤ ᠠᠬᠤᠶ᠎ᠶ᠋ᠢᠨ ᠱᠢᠨ᠎ᠡ ᠬᠥᠳᠡᠯᠭᠡᠭᠦᠷ᠎ᠢ ᠬᠥᠭ᠌ᠵᠢᠭᠡᠪᠡ᠃

《ᠵᠡᠭᠦᠨᠳᠡᠬᠢ ᠳ᠋ᠠᠢᠲ᠋ᠠ᠎ᠵᠢ ᠪᠠᠷᠠᠭᠤᠨᠳᠠᠬᠢ ᠳ᠋ᠦ ᠪᠤᠳᠤᠬᠤ》 ᠲᠥᠷᠥ᠎ᠶ᠋ᠢᠨ ᠪᠣᠳᠣᠯᠭ᠎ᠠ᠎ᠶ᠋ᠢᠨ ᠠᠵᠠ ᠲᠣᠬᠢᠶᠠᠯ᠎ᠢ ᠠᠱᠢᠭ᠍ᠯᠠᠨ᠂ ᠬᠥᠬᠡᠬᠣᠲᠠ ᠶᠠᠭ 《ᠳᠡᠯᠡᠬᠡᠶ᠎ᠶ᠋ᠢᠨ ᠪᠣᠳᠣᠯᠲᠠ᠎ᠶ᠋ᠢᠨ ᠬᠥᠨᠳᠡᠶ》 ᠶ᠋ᠢ ᠴᠣᠭ᠍ᠴᠠᠯᠠᠵᠤ᠂ ᠳ᠋ᠠᠢᠲ᠋ᠠ᠎ᠶ᠋ᠢᠨ ᠡᠯᠧᠮᠧᠨ᠋ᠲ᠎ᠨᠢ ᠨᠢᠭᠡᠨᠲᠡ ᠥᠪᠥᠷ ᠮᠣᠩᠭᠣᠯ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠭᠤᠤᠯ ᠬᠥᠳᠡᠯᠭᠡᠬᠦ᠌ ᠬᠦᠴᠦᠨ ᠪᠣᠯᠵᠠᠶ᠃

ᠥᠪᠥᠷ ᠮᠣᠩᠭᠣᠯ᠎ᠤᠨ ᠠᠩᠬᠠᠳᠠᠭ᠍ᠴᠢ 6 ᠢᠨᠴ ᠥᠨᠳᠥᠷ ᠴᠢᠳᠠᠪᠬᠢᠲᠤ ᠬᠠᠭᠠᠰ ᠳᠠᠮᠵᠢᠭᠤᠯᠤᠭ᠍ᠴᠢ ᠴᠠᠬᠢᠮ ᠢᠯᠳᠡᠰᠦ᠎ᠵᠢᠨ ᠲᠥᠷᠥᠯ ᠵᠦᠶ᠋ᠯ ᠠᠱᠢᠭ᠍ᠯᠠᠯᠲᠠ᠎ᠳᠤ ᠣᠷᠣᠵᠤ᠂ ᠥᠪᠡᠷᠲᠡᠭᠡᠨ ᠵᠠᠰᠠᠬᠤ ᠣᠷᠣᠨ᠎ᠤ ᠬᠤᠷᠠᠮᠠᠯ ᠴᠠᠬᠢᠯᠭᠠᠨ ᠬᠡᠯᠬᠢᠶ᠎ᠡ ᠦᠶ᠋ᠯᠡᠳᠬᠦ᠌ ᠬᠦᠷᠢᠶ᠎ᠡ᠎ᠳᠠᠬᠢ ᠬᠣᠭᠣᠰᠣᠨ᠎ᠢ ᠨᠥᠬᠥᠪᠥᠷᠢᠯᠡᠵᠦ᠂ ᠥᠪᠥᠷ ᠮᠣᠩᠭᠣᠯ᠎ᠤᠨ ᠳᠡᠭᠡᠳᠦ ᠲᠠᠰ᠎ᠤᠨ ᠦᠶ᠋ᠯᠡᠳᠬᠦ᠌ ᠦᠶ᠋ᠯᠡᠰ᠎ᠲᠦ 《ᠴᠠᠬᠢᠮ ᠢᠯᠳᠡᠰᠦ》 ᠵᠢᠨ ᠬᠥᠳᠡᠯᠭᠡᠬᠦ᠌ ᠬᠦᠴᠦᠨ ᠨᠡᠮᠡᠷᠢᠯᠡᠪᠡ᠃

ᠪᠥᠬᠥ᠌ ᠳᠡᠯᠡᠬᠡᠶ᠎ᠶ᠋ᠢᠨ ᠠᠩᠬᠠᠳᠠᠭ᠍ᠴᠢ 30 ᠮᠸᠭ᠎ᠠ ᠸᠠᠲ ᠲᠠᠰ᠎ᠤᠨ ᠴᠡᠪᠡᠷ ᠤᠰᠤᠲᠥ᠋ᠷᠥᠭ᠌ᠴᠢᠲᠦ ᠱᠢᠲᠠᠮᠠᠬᠠᠶ ᠬᠡᠶ᠎ᠶ᠋ᠢᠨ ᠲᠦᠷᠪᠢᠨ᠎ᠦ ᠲᠥᠷᠥᠯ ᠵᠦᠶ᠋ᠯ ᠥᠪᠥᠷ ᠮᠣᠩᠭᠣᠯ᠎ᠳᠤ ᠴᠡᠪᠡᠷ ᠤᠰᠤᠲᠥ᠋ᠷᠥᠭ᠌ᠴᠢ᠎ᠪᠡᠷ ᠲᠣᠭ᠍ᠲᠠᠭᠤᠨ᠎ᠢᠶᠠᠷ ᠴᠠᠬᠢᠯᠭᠠᠨ ᠭᠠᠷᠭᠠᠬᠤ᠎ᠶ᠋ᠢ ᠪᠡᠶᠡᠯᠡᠭᠦᠯᠵᠦ᠍᠂ ᠦᠶ᠋ᠯᠡᠳᠪᠦᠷᠢᠯᠡᠯ᠎ᠦᠨ ᠱᠤᠭᠤᠮ᠎ᠢ ᠬᠡᠪᠱᠢᠭ᠌ᠰᠡᠨ ᠬᠤᠳᠠᠯᠳᠤᠭᠠᠨ᠎ᠤ ᠠᠵᠢᠯᠯᠠᠭᠠᠨ᠎ᠳᠤ ᠣᠷᠣᠭᠤᠯᠪᠠ᠃

30 ᠮᠸᠭ᠎ᠠ ᠸᠠᠲ ᠲᠠᠰ᠎ᠤᠨ 《ᠪᠤᠬᠢᠷᠲᠦᠯ ᠦᠭᠡᠢ ᠴᠠᠬᠢᠯᠭᠠᠨ᠎ᠵᠢᠡᠷ ᠪᠤᠬᠢᠷᠲᠦᠯ ᠦᠭᠡᠢ ᠤᠰᠤᠲᠥ᠋ᠷᠥᠭ᠌ᠴᠢ ᠦᠢᠯᠡᠳᠬᠦ — ᠪᠤᠬᠢᠷᠲᠦᠯ ᠦᠭᠡᠢ ᠤᠰᠤᠲᠥ᠋ᠷᠥᠭ᠌ᠴᠢ ᠪᠡᠷ ᠳᠠᠬᠢᠨ ᠴᠠᠬᠢᠯᠭᠠᠨ ᠭᠠᠷᠭᠠᠬᠤ》 ᠪᠢᠲᠡᠭᠦᠦ ᠴᠠᠭᠠᠷᠢᠭ᠍ᠲᠤ ᠠᠵᠤ ᠦᠶ᠋ᠯᠡᠰ᠎ᠦᠨ ᠬᠡᠯᠬᠢᠶ᠎ᠡ᠎ᠨᠢ ᠶᠠᠭ ᠱᠢᠨ᠎ᠡ ᠡᠨᠧᠷᠭᠢ᠎ᠶ᠋ᠢ ᠱᠢᠩᠭᠡᠭᠡᠬᠦ᠌ ᠪᠡᠷᠬᠡ ᠰᠡᠳᠦᠪ᠎ᠢ ᠱᠢᠶ᠋ᠳᠪᠦᠷᠢᠯᠡᠵᠦ᠍᠂ ᠢᠷᠡᠭᠡᠳᠦᠶ᠎ᠶ᠋ᠢᠨ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠠᠵᠤ ᠦᠶ᠋ᠯᠡᠰ᠎ᠦᠨ ᠱᠢᠨ᠎ᠡ ᠤᠷᠤᠯᠳᠤᠭᠠᠨ᠎ᠤ ᠵᠠᠮ᠎ᠢ ᠨᠡᠭᠡᠭᠡᠵᠦ᠍ ᠪᠠᠢᠨ᠎ᠠ᠃

2026 ᠣᠨ᠎ᠡᠴᠡ ᠨᠠᠭᠠᠰᠢ᠂ ᠥᠪᠥᠷ ᠮᠣᠩᠭᠣᠯ ᠪᠦᠲᠦᠮᠵᠢᠲᠡᠶ ᠪᠠᠯᠠ ᠣᠷᠣᠭᠤᠯᠤᠯᠲᠠ᠎ᠶ᠋ᠢ ᠥᠷᠭᠡᠳᠭᠡᠬᠦ᠌ ᠳᠤᠮᠳᠠ ᠦᠶ᠋ᠯᠡᠳᠪᠦᠷᠢᠯᠡᠯ᠎ᠦᠨ ᠬᠦᠴᠦᠨ᠎ᠢ ᠤᠯᠠᠮ ᠴᠢᠨᠠᠭ᠍ᠰᠢᠳᠠ ᠬᠥᠭ᠌ᠵᠢᠭᠡᠵᠦ᠍᠂ ᠤᠯᠠᠮᠵᠢᠯᠠᠯᠲᠤ ᠠᠵᠤ ᠦᠶ᠋ᠯᠡᠰ᠎ᠦᠨ 《ᠲᠤᠢᠯᠪᠤᠷᠢᠲᠠᠶ ᠰᠣᠯᠢᠭ᠍ᠳᠠᠬᠤ》᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠦᠨ 《ᠶᠠᠰᠤ ᠱᠢᠷᠪᠥᠰᠥ᠎ᠶ᠋ᠢ ᠴᠢᠭᠢᠷᠠᠭ᠍ᠵᠢᠭᠤᠯᠬᠤ》 ᠵᠢ ᠠᠬᠢᠭᠤᠯᠵᠤ᠂ ᠠᠵᠤ ᠠᠬᠤᠶ᠎ᠶ᠋ᠢᠨ ᠶᠡᠬᠡ ᠲᠠᠯ᠎ᠠ᠎ᠶ᠋ᠢ ᠲᠣᠭ᠍ᠲᠠᠪᠤᠷᠢᠵᠢᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃

ᠲᠦᠷᠤᠬᠦᠦ ᠤᠯᠠᠷᠢᠯ᠎ᠳᠤ᠂ ᠪᠥᠬᠥ᠌ ᠣᠷᠣᠨ᠎ᠤ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ᠎ᠤ᠎ᠬᠢ᠎ᠡᠴᠡ 10.3% ᠪᠠᠷ ᠨᠡᠮᠡᠭ᠌ᠳᠡᠵᠦ᠍᠂ ᠪᠥᠬᠥ᠌ ᠤᠯᠤᠰ᠎ᠲᠤ ᠵᠢᠷᠭᠤᠳᠤᠭᠠᠷ᠎ᠲᠤ ᠣᠷᠣᠵᠤ᠂ ᠠᠳᠠᠯᠢ ᠬᠤᠭᠤᠴᠠᠭᠠᠨ᠎ᠤ ᠪᠥᠬᠥ᠌ ᠤᠯᠤᠰ᠎ᠤᠨ ᠪᠠᠯᠠ ᠣᠷᠣᠭᠤᠯᠤᠯᠲᠠ᠎ᠶ᠋ᠢᠨ ᠨᠡᠮᠡᠭ᠌ᠳᠡᠯ᠎ᠦᠨ ᠬᠤᠷᠳᠤᠴᠠ᠎ᠡᠴᠡ ᠵᠠᠭᠤᠨ ᠤ᠋ ᠬᠠᠷᠢᠴᠠᠯ᠎ᠵᠢᠡᠷ 8.6 ᠬᠤᠪᠢ ᠥᠨᠳᠥᠷ ᠪᠣᠯᠵᠠᠶ᠃

ᠪᠦᠲᠦᠮᠵᠢᠲᠡᠶ ᠪᠠᠯᠠ ᠣᠷᠣᠭᠤᠯᠤᠯᠲᠠ᠎ᠶ᠋ᠢᠨ ᠳᠠᠢᠴᠢᠯᠠᠯᠲᠠ᠎ᠡᠴᠡ ᠠᠱᠢᠭ ᠭᠥᠷᠳᠡᠵᠦ᠍᠂ ᠲᠦᠷᠦᠬᠦᠦ ᠤᠯᠠᠷᠢᠯ᠎ᠳᠤ ᠪᠥᠬᠥ᠌ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ 6070 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 4.6% ᠎ᠪᠠᠷ ᠨᠡᠮᠡᠭ᠌ᠳᠡᠵᠦ᠍᠂ ᠠᠵᠤ ᠠᠬᠤᠶ᠎ᠶ᠋ᠢᠨ ᠡᠷᠬᠢᠯᠲᠡ ᠶᠡᠷᠦᠩᠬᠡᠶ᠎ᠳᠡᠭᠡᠨ ᠲᠣᠭ᠍ᠲᠠᠭᠤᠨ ᠪᠠᠢᠨ᠎ᠠ᠃

ᠪᠦᠲᠦᠮᠵᠢᠲᠡᠶ ᠪᠠᠯᠠ ᠣᠷᠣᠭᠤᠯᠤᠯᠲᠠ᠎ᠶ᠋ᠢᠨ ᠳᠠᠢᠴᠢᠯᠠᠯᠲᠠ᠎ᠡᠴᠡ ᠠᠱᠢᠭ ᠭᠥᠷᠳᠡᠵᠦ᠍᠂ ᠨᠢᠭᠡᠳᠦᠭᠡᠷ ᠤᠯᠠᠷᠢᠯ᠎ᠳᠤ ᠪᠥᠬᠥ᠌ ᠣᠷᠣᠨ᠎ᠤ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠂ ᠳᠡᠭᠡᠳᠦ ᠮᠡᠷᠭᠡᠵᠢᠯ᠎ᠦᠨ ᠦᠶ᠋ᠯᠡᠳᠬᠦ᠌ ᠦᠶ᠋ᠯᠡᠰ᠎ᠦᠨ ᠨᠡᠮᠡᠭ᠌ᠳᠡᠯ ᠥᠷᠲᠡᠭ ᠠᠳᠠᠯᠢ ᠬᠤᠭᠤᠴᠠᠭᠠᠨ᠎ᠤ᠎ᠬᠢ᠎ᠡᠴᠡ 15.9%᠂ 11.7% ᠪᠠᠷ ᠨᠡᠮᠡᠭ᠌ᠳᠡᠵᠦ᠍᠂ ᠠᠳᠠᠯᠢ ᠬᠤᠭᠤᠴᠠᠭᠠᠨ᠎ᠤ ᠠᠵᠤ ᠠᠬᠤᠶ᠎ᠶ᠋ᠢᠨ ᠨᠡᠮᠡᠭ᠌ᠳᠡᠯ᠎ᠦᠨ ᠬᠤᠷᠳᠤᠴᠠ᠎ᠡᠴᠡ ᠬᠣᠯᠠ ᠥᠨᠳᠥᠷ ᠪᠣᠯᠵᠣ᠂ ᠠᠵᠤ ᠦᠶ᠋ᠯᠡᠰ᠎ᠦᠨ ᠪᠦᠲᠦᠴᠡ ᠦᠷᠭᠦᠯᠵᠢᠯᠡᠨ ᠱᠢᠯᠢᠳᠡᠭ᠌ᠵᠢᠪᠡ᠃

ᠬᠥᠭ᠌ᠵᠢᠯᠲᠡ᠎ᠶ᠋ᠢᠨ ᠡᠷᠴᠢ ᠤᠯᠠᠮ ᠴᠢᠩᠭᠠᠷᠠᠵᠦ᠂ ᠤᠷᠤᠭ᠍ᠰᠢᠯᠠᠯᠲᠠ᠎ᠶ᠋ᠢᠨ ᠭᠢᠯᠪᠠᠭ᠎ᠠ ᠴᠠᠭ ᠤᠷᠤᠨ ᠵᠠᠢ᠎ᠶ᠋ᠢ ᠲᠤᠭᠤᠯᠤᠨ᠎ᠠ᠃ ᠠᠵᠤ ᠠᠬᠤᠶ᠎ᠶ᠋ᠢᠨ ᠡᠷᠬᠢᠯᠲᠠ ᠵᠢᠨ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ᠎ᠶ᠋ᠢ ᠦᠷᠭᠦᠯᠵᠢᠯᠡᠨ ᠠᠬᠢᠭᠤᠯᠬᠤ᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠲᠠᠷᠠᠭᠠᠴᠢ᠎ᠶ᠋ᠢᠨ ᠠᠯᠬᠤᠮ᠎ᠳᠤ ᠪᠦᠲᠦᠮᠵᠢᠲᠡᠶ ᠪᠠᠯᠠ ᠣᠷᠣᠭᠤᠯᠤᠯᠲᠠ᠎ᠶ᠋ᠢ ᠥᠷᠭᠡᠳᠭᠡᠬᠦ᠌ ᠲᠤᠬᠠᠶ ᠪᠥᠬᠥ᠌ ᠣᠷᠣᠨ᠎ᠳ᠋ᠤ ᠳᠠᠢᠴᠢᠯᠠᠯᠲᠠ᠎ᠶ᠋ᠢᠨ ᠵᠠᠷᠯᠢᠭ ᠪᠠᠭᠤᠯᠭᠠᠪᠠ᠄

ᠰᠠᠭᠤᠷᠢ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠵᠦᠢ ᠵᠣᠬᠢᠰᠲᠠᠶ ᠲᠣᠬᠢᠷᠠᠭᠤᠯᠵᠤ᠂ ᠠᠷᠠᠳ᠎ᠤᠨ ᠪᠡᠯᠡ ᠣᠷᠣᠭᠤᠯᠤᠯᠲᠠ ᠪᠠ ᠦᠢᠯᠡᠳᠬᠦ᠌ ᠦᠢᠯᠡᠰ᠎ᠦᠨ ᠪᠡᠯᠡ ᠣᠷᠣᠭᠤᠯᠤᠯᠲᠠ᠎ᠶ᠋ᠢᠨ ᠲᠣᠭ᠍ᠲᠠᠭᠤᠨ᠎ᠢᠶᠠᠷ ᠨᠡᠮᠡᠭ᠌ᠳᠡᠬᠦ᠌᠎ᠶ᠋ᠢ ᠠᠬᠢᠭᠤᠯᠤᠨ᠂ ᠬᠤᠷᠳᠤᠴᠠ᠎ᠶ᠋ᠢ ᠲᠦᠷᠭᠡᠳᠭᠡᠨ ᠦᠷ᠎ᠡ ᠠᠱᠢᠭ᠎ᠢ ᠳᠡᠭᠡᠭ᠌ᠰᠢᠯᠡᠭᠦᠯᠵᠦ᠍ ᠪᠠᠢᠭᠠᠳ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ ᠪᠠ ᠠᠷᠠᠯᠵᠢᠶᠠᠴᠢᠨ ᠤᠷᠢᠵᠤ ᠪᠡᠯᠡ ᠮᠦᠨᠭᠬᠦ ᠣᠷᠣᠭᠤᠯᠤᠨ ᠠᠪᠴᠢᠷᠠᠬᠤ᠎ᠶ᠋ᠢ ᠠᠬᠢᠭᠤᠯᠵᠤ᠂ ᠪᠡᠯᠡ ᠣᠷᠣᠭᠤᠯᠤᠯᠲᠠ᠎ᠶ᠋ᠢᠨ ᠨᠡᠮᠡᠭ᠌ᠳᠡᠯ᠎ᠦᠨ ᠰᠠᠢᠨ ᠬᠠᠨᠳᠤᠰᠢ᠎ᠵᠢ  ᠪᠡᠬᠢᠵᠢᠭᠦᠯᠳᠦᠭᠡᠢ᠃

ᠡᠷᠭᠢᠨ ᠬᠠᠷᠠᠬᠤᠶ᠎ᠠ᠂ ᠥᠪᠥᠷ ᠮᠣᠩᠭᠣᠯᠴᠤᠳ᠎ᠦᠨ ᠡᠷᠡᠯᠬᠡᠭ᠌ᠯᠡᠨ ᠲᠡᠮᠡᠴᠡᠵᠦ᠍ ᠥᠪᠡᠷ᠎ᠢ᠎ᠪᠡᠨ ᠬᠦᠴᠦᠷᠬᠡᠭ᠌ᠵᠢᠭᠦᠯᠵᠦ ᠢᠷᠡᠭᠰᠡᠨ ᠵᠠᠮ ᠪᠤᠢ;ᠤᠷᠤᠭ᠍ᠰᠢ ᠪᠠᠷᠠᠯᠠᠬᠤᠶ᠎ᠠ᠂ ᠥᠪᠥᠷ ᠮᠣᠩᠭᠣᠯ᠎ᠤᠨ ᠠᠵᠤ ᠠᠬᠤᠢ ᠬᠦᠰᠡᠯ ᠡᠷᠡᠮᠡᠯᠵᠡᠯ᠎ᠢᠶᠡᠷ ᠪᠢᠯᠬᠠᠭ᠍ᠰᠠᠨ ᠢᠷᠡᠬᠦ ᠮᠠᠷᠭᠠᠰᠢ ᠪᠤᠢ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号