4 ᠰᠠᠷ᠎ᠠ᠎ᠶᠢᠨ 29 ᠤ᠋ ᠡᠳᠦᠷ᠂ ᠪᠠᠶᠠᠨᠨᠠᠭᠤᠷ ᠬᠣᠲᠠ᠎ᠶᠢᠨ ᠯᠢᠨ ᠾᠧ ᠲᠣᠭᠣᠷᠢᠭ᠎ᠤᠨ ᠯᠠᠩᠱᠠᠨ ᠪᠠᠯᠭᠠᠰᠤᠨ᠎ᠤ ᠹᠦ᠋ ᠴᠢᠶᠠᠩ ᠲᠣᠰᠬᠣᠨ᠎ᠤ ᠬᠦᠢᠲᠡᠨ ᠰᠡᠷᠢᠭᠦᠨ ᠢᠳᠡᠰᠢᠨ ᠨᠣᠭᠣᠭ᠎ᠠ᠎ᠶᠢᠨ ᠰᠠᠭᠤᠷᠢᠨ᠎ᠳᠤ ᠲᠠᠷᠢᠶᠠᠯᠠᠭ᠎ᠠ᠎ᠶᠢᠨ ᠠᠵᠢᠯ ᠶᠠᠭᠠᠷᠠᠯᠲᠠᠶ ᠶᠠᠪᠤᠭᠳᠠᠨ᠎ᠠ᠃ ᠲᠣᠮᠣ ᠬᠡᠯᠪᠡᠷᠢ᠎ᠶᠢᠨ ᠭᠠᠵᠠᠷ ᠬᠠᠭᠠᠯᠪᠤᠷᠢᠯᠠᠬᠤ ᠮᠠᠰᠢᠨ ᠨᠠᠰᠢ ᠴᠠᠰᠢ ᠰᠦᠯᠵᠢᠯᠳᠦᠨ ᠭᠠᠵᠠᠷ ᠬᠠᠭᠠᠯᠪᠤᠷᠢᠯᠠᠵᠤ᠂ ᠬᠡᠳᠦᠨ ᠠᠷᠪᠠᠨ ᠠᠵᠢᠯᠴᠢᠨ᠎ᠤ ᠵᠠᠷᠢᠮ ᠨᠢ ᠭᠠᠵᠠᠷ ᠲᠡᠭᠰᠢᠯᠡᠵᠦ᠂ ᠵᠠᠷᠢᠮ ᠨᠢ ᠪᠦᠷᠬᠦᠪᠴᠢ ᠪᠦᠷᠬᠦᠭᠦᠯᠵᠦ᠂ ᠵᠠᠷᠢᠮ ᠨᠢ ᠦᠷ᠎ᠡ ᠰᠠᠴᠤᠨ᠎ᠠ᠃ ᠠᠦ᠋ᠲ᠋ᠣ᠋ ᠰᠦᠷᠴᠢᠭᠦ ᠰᠢᠰᠲ᠋ᠧᠮ ᠤᠰᠤᠨ ᠮᠠᠨᠠᠨ ᠲᠠᠲᠠᠭᠤᠯᠤᠨ᠂ ᠰᠠᠶᠢᠬᠠᠨ ᠲᠠᠷᠢᠭᠰᠠᠨ ᠢᠳᠡᠰᠢᠨ ᠨᠤᠭᠤᠭᠠᠨ᠎ᠤ ᠦᠷ᠎ᠡ᠎ᠵᠢ ᠤᠮᠳᠠᠯᠠᠨ᠎ᠠ᠃
ᠪᠠᠶᠠᠨᠨᠠᠭᠤᠷ ᠬᠣᠲᠠ᠎ᠶᠢᠨ ᠹᠦ᠋ ᡁᠢ ᠺᠧᠦ ᠲᠠᠷᠢᠶᠠᠯᠠᠩ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠶᠡᠷᠦᠩᠬᠡᠶ ᠳᠠᠭᠠᠭᠠᠮᠠᠯ ᠯᠦᠸᠧ ᠲᠦᠩ ᠵᠢᠶᠧ᠄ 《ᠪᠢᠳᠡ 3 ᠰᠠᠷ᠎ᠠ᠎ᠳᠤ ᠠᠵᠢᠯ ᠵᠢᠡᠨ ᠡᠬᠢᠯᠡᠭᠦᠯᠵᠦ᠂ ᠣᠲᠣ ᠨᠢᠭᠡᠨᠲᠡ 1000 ᠭᠠᠷᠤᠶ ᠮᠥ᠍ ᠢᠳᠡᠰᠢᠨ ᠨᠤᠭᠤᠭ᠎ᠠ ᠳᠠᠷᠢᠵᠠᠢ᠂ ᠦᠯᠡᠳᠡᠭᠰᠡᠨ 1000 ᠭᠠᠷᠤᠶ ᠮᠥ᠍ᠶᠢ ᠨᠢ ᠳᠠᠷᠢᠵᠤ ᠳᠠᠭᠤᠰᠬᠠᠲᠠᠯᠠ᠂ ᠤᠷᠢᠳᠠᠪᠠᠷ ᠳᠠᠷᠢᠭᠰᠠᠨ ᠢᠳᠡᠰᠢᠨ ᠨᠣᠭᠣᠭ᠎ᠠ ᠬᠤᠷᠢᠶᠠᠬᠤ ᠪᠤᠯᠴᠢᠬᠠᠨ᠎ᠠ᠃ ᠵᠢᠱ᠌ᠢᠯᠲᠡ᠎ᠪᠡᠷ ᠨᠢᠭᠡ ᠡᠭᠡᠯᠵᠢ᠎ᠶᠢᠨ ᠢᠳᠡᠰᠢᠨ ᠨᠣᠭᠣᠭ᠎ᠠ ᠵᠢᠨ ᠮᠥ᠍ ᠪᠦᠷᠢ᠎ᠡᠴᠡ 2500 ᠵᠢᠩ ᠬᠤᠷᠢᠶᠠᠵᠤ᠂ ᠪᠥᠬᠥ ᠵᠢᠯ᠎ᠳᠦ 4 ᠡᠭᠡᠯᠵᠢ ᠳᠠᠷᠢᠨ᠂ ᠮᠥ᠍ ᠪᠦᠷᠢ᠎ᠡᠴᠡ 1 ᠲᠦᠮᠡᠨ ᠵᠢᠩ ᠬᠤᠷᠢᠶᠠᠵᠤ ᠲᠠᠢᠯᠤᠨ᠎ᠠ》 ᠭᠡᠮᠡᠨ ᠰᠤᠷᠪᠤᠯᠵᠢᠯᠠᠭᠴᠢ᠎ᠳᠤ ᠲᠠᠨᠢᠯᠴᠠᠭᠤᠯᠤᠯ᠎ᠠ᠃
ᠲᠣᠰ ᠰᠠᠭᠤᠷᠢᠨ᠎ᠢ ᠪᠠᠶᠠᠨᠨᠠᠭᠤᠷ ᠬᠣᠲᠠ᠎ᠶᠢᠨ ᠹᠦ᠋ ᡁᠢ ᠺᠧᠦ ᠲᠠᠷᠢᠶᠠᠯᠠᠩ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢᠪᠠᠯᠠ ᠣᠷᠣᠭᠤᠯᠤᠨ ᠪᠥᠲᠥᠭᠡᠨ ᠪᠠᠢᠭᠤᠯᠵᠤ᠂ 3000 ᠮᠥ᠍ ᠭᠠᠵᠠᠷ ᠲᠦ᠍ ᠴᠠᠭᠠᠨ ᠨᠤᠭᠤᠭ᠎ᠠ ᠵᠡᠷᠭᠡ ᠢᠳᠡᠰᠢᠨ ᠨᠣᠭᠣᠭ᠎ᠠ ᠳᠠᠷᠢᠵᠤ᠂ ᠱᠠᠩᠬᠠᠶ᠂ ᠵᠦᠵᠢᠶᠠᠩ ᠮᠥᠷᠡᠨ᠎ᠦ ᠭᠤᠷᠪᠠᠯᠵᠢᠨ ᠬᠣᠢᠭ ᠵᠡᠷᠭᠡ ᠭᠠᠵᠠᠷ᠎ᠲᠤ ᠪᠤᠷᠤᠯᠠᠭᠤᠯᠵᠤ ᠪᠤᠢ᠃ ᠵᠢᠱ᠌ᠢᠯᠲᠡ᠎ᠪᠡᠷ ᠵᠢᠯ᠎ᠳᠦ 1.5 ᠲᠦᠮᠡᠨ ᠲᠣᠨ ᠬᠦᠢᠲᠡᠨ ᠰᠡᠷᠢᠭᠦᠨ ᠢᠳᠡᠰᠢᠨ ᠨᠣᠭᠣᠭ᠎ᠠ ᠬᠤᠷᠢᠶᠠᠵᠤ᠂ ᠵᠢᠯ᠎ᠦᠨ ᠦᠢᠯᠡᠳᠬᠦᠨ᠎ᠦ ᠥᠷᠲᠡᠭ ᠨᠢ 8000 ᠲᠦᠮᠡᠨ ᠲᠥᠭᠥᠷᠢᠭ᠎ᠢ ᠳᠠᠪᠠᠬᠤ ᠪᠣᠯᠤᠨ᠎ᠠ᠃
《ᠪᠣᠷᠣᠲᠣᠬᠣᠶ ᠣᠷᠣᠨ᠎ᠤ ᠬᠡᠷᠡᠯ᠎ᠦᠨ ᠲᠤᠰᠤᠯᠲᠠ᠎ᠶᠢᠨ ᠴᠠᠭ ᠣᠷᠳᠣ᠂ ᠡᠳᠦᠷ ᠰᠥᠨᠢ᠎ᠶᠢᠨ ᠳᠤᠯᠠᠭᠠᠨ᠎ᠤ ᠵᠥᠷᠢᠶ᠎ᠡ ᠶᠡᠬᠡ᠂ ᠬᠥᠷᠥᠰᠥ ᠰᠢᠷᠣᠶ᠎ᠶᠢᠨ ᠨᠥᠬᠥᠴᠡᠯᠮᠠᠰᠢ ᠰᠠᠢᠨ ᠪᠤᠯᠬᠤᠷ ᠬᠦᠢᠲᠡᠨ ᠰᠡᠷᠢᠭᠦᠨ ᠢᠳᠡᠰᠢᠨ ᠨᠣᠭᠣᠭ᠎ᠠ ᠳᠠᠷᠢᠬᠤ᠎ᠳᠤ ᠮᠠᠰᠢ ᠲᠣᠬᠢᠷᠠᠮᠵᠢᠲᠠᠶ᠃ ᠮᠠᠨ᠎ᠤ ᠰᠠᠭᠤᠷᠢᠨ ᠲᠤᠬᠠᠶ᠎ᠶᠢᠨ ᠭᠠᠵᠠᠷ᠎ᠤᠨ ᠣᠲᠣ ᠦᠶ᠎ᠡ᠎ᠶᠢᠨ ᠲᠠᠷᠢᠶᠠᠯᠠᠩ᠎ᠤᠨ ᠬᠥᠭᠵᠢᠯᠲᠡ᠎ᠶᠢ ᠳᠠᠢᠴᠢᠯᠠᠬᠤ᠎ᠪᠠᠷ ᠦᠯᠦ ᠪᠠᠷᠠᠨ ᠪᠠᠰᠠ ᠲᠠᠷᠢᠶᠠᠴᠢᠳ᠎ᠤᠨ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ᠎ᠶᠢ ᠳᠠᠢᠴᠢᠯᠠᠨ᠎ᠠ》 ᠭᠡᠵᠦ ᠯᠦᠸᠧ ᠲᠦᠩ ᠵᠢᠶᠧ ᠢᠳᠡᠭᠡᠯ ᠲᠡᠭᠦᠯᠳᠡᠷ ᠶᠠᠷᠢᠭᠰᠠᠨ ᠪᠠᠢᠨ᠎ᠠ᠃
《ᠡᠨᠡ ᠬᠦ᠌ ᠢᠳᠡᠰᠢᠨ ᠨᠤᠭᠤᠭ᠎ᠠ᠎ᠶᠢᠨ ᠰᠠᠭᠤᠷᠢᠨ᠎ᠢ ᠪᠠᠢᠭᠤᠯᠤᠭᠰᠠᠨ᠎ᠠᠴᠠ ᠨᠠᠭᠠᠰᠢ ᠮᠠᠨ᠎ᠤ ᠲᠣᠰᠬᠣᠨ᠎ᠡᠴᠡ ᠡᠳᠦᠷ ᠪᠦᠷᠢ ᠬᠡᠳᠦᠨ ᠠᠷᠪᠠᠨ ᠬᠥᠮᠦᠨ᠂ ᠵᠠᠷᠢᠮ᠎ᠳᠠᠭᠠᠨ ᠵᠠᠭᠤ ᠭᠠᠷᠤᠶ ᠬᠥᠮᠦᠨ ᠡᠨᠳᠡ ᠢᠷᠡᠵᠦ ᠬᠦᠯᠦᠰᠦᠨ ᠠᠵᠢᠯ ᠬᠢᠳᠡᠭ᠃ ᠢᠳᠡᠰᠢᠨ ᠨᠣᠭᠣᠭ᠎ᠠ ᠲᠡᠭᠦᠵᠦ ᠬᠤᠷᠢᠶᠠᠬᠤ ᠬᠤᠭᠤᠴᠠᠭ᠎ᠠ ᠪᠣᠯᠪᠠᠯ ᠠᠵᠢᠯᠴᠢᠨ ᠬᠡᠷᠡᠭᠯᠡᠬᠦ ᠬᠡᠮᠵᠢᠶ᠎ᠡ ᠪᠠᠰᠠ ᠨᠡᠮᠡᠭᠳᠡᠴᠢᠬᠡᠨᠡ》 ᠭᠡᠮᠡᠨ ᠹᠦ᠋ ᠴᠢᠶᠠᠩ ᠲᠣᠰᠬᠣᠨ᠎ᠤ ᠨᠠᠮ᠎ᠤᠨ ᠡᠭᠦᠷ᠎ᠦᠨ ᠱᠦᠵᠢ ᠸᠠᠩ ᠬᠣᠩ ᠵᠢᠶᠦ᠋ᠨ ᠵᠠᠯᠭᠠᠨ ᠶᠠᠷᠢᠪᠠ᠃
《ᠮᠠᠨ᠎ᠤ ᠬᠢ 20 ᠮᠦ᠍ ᠲᠠᠷᠢᠶᠠᠨ ᠭᠠᠵᠠᠷ᠎ᠲᠠᠶ᠂ ᠪᠦᠬᠦ ᠲᠠᠷᠢᠶᠠᠨ ᠭᠠᠵᠠᠷ᠎ᠤᠨ ᠡᠵᠡᠩᠨᠡᠯᠲᠡ᠎ᠶᠢᠨ ᠡᠷᠭᠡ ᠪᠠᠨ ᠮᠦ᠍ ᠪᠦᠷᠢ᠎ᠶᠢ 1300 ᠲᠥᠭᠥᠷᠢᠭ᠎ᠢᠶᠡᠷ ᠡᠨᠡ ᠰᠠᠭᠤᠷᠢᠨ᠎ᠳᠤ ᠰᠢᠯᠵᠢᠭᠦᠯᠵᠦ ᠥᠭᠭᠦᠭᠰᠡᠨ ᠶᠤᠮ᠂ ᠪᠢ ᠡᠨᠳᠡ ᠢᠷᠡᠵᠦ ᠠᠵᠢᠯᠯᠠᠨ᠂ ᠰᠠᠷ᠎ᠠ ᠳᠤᠮᠳᠠᠴᠢ᠎ᠪᠠᠷ 4000 ᠭᠠᠷᠤᠢ ᠲᠥᠭᠥᠷᠢᠭ᠎ᠤᠨ ᠴᠠᠯᠢᠩ ᠤᠯᠵᠤ ᠪᠤᠢ᠂ ᠡᠨᠡ ᠨᠢ ᠬᠠᠷᠢᠨ ᠥᠪᠡᠷ᠎ᠢᠶᠡᠨ ᠲᠠᠷᠢᠶ᠎ᠠ ᠲᠠᠷᠢᠬᠤ᠎ᠠᠴᠠ ᠬᠤᠯᠠ ᠢᠯᠡᠬᠦᠦ ᠠᠰᠢᠭᠲᠠᠢ》 ᠭᠡᠵᠦ ᠹᠦ᠋ ᠴᠢᠶᠠᠩ ᠲᠣᠰᠬᠣᠨ᠎ᠤ ᠠᠷᠠᠳ ᠰᠢᠶᠤᠤ ᠴᠢᠶᠣᠤ ᠶᠦᠨᠬᠠᠵᠠᠭᠤ ᠡᠴᠡ ᠬᠡᠯᠡᠨ᠎ᠡ᠃
ᠯᠠᠩᠱᠠᠨ ᠪᠠᠯᠭᠠᠰᠤ᠎ᠲᠠᠶ ᠬᠥᠷᠰᠢᠯᠡᠵᠦ ᠪᠠᠢᠭ᠎ᠠ ᠪᠠ ᠢ ᠰᠢᠶᠠᠩ᠎ᠳᠤ ᠲᠤᠰ ᠰᠠᠭᠤᠷᠢᠨ ᠲᠠᠢ ᠠᠳᠠᠯᠢ ᠪᠠᠰᠠ ᠨᠢᠭᠡ ᠬᠦᠢᠳᠡᠨ ᠰᠡᠷᠢᠭᠦᠨ ᠢᠳᠡᠰᠢᠨ ᠨᠣᠭᠣᠭ᠎ᠠ᠎ᠶᠢᠨ ᠰᠠᠭᠤᠷᠢᠨ ᠪᠤᠢ᠃ ᠲᠤᠰ ᠰᠠᠭᠤᠷᠢᠨ᠎ᠳᠤ ᠬᠦᠷᠬᠦ᠎ᠳᠤ᠂ ᠠᠵᠢᠯᠴᠢᠳ ᠶᠠᠭ ᠢᠳᠡᠰᠢᠨ ᠨᠣᠭᠣᠭ᠎ᠠ᠎ᠶᠢᠨ ᠨᠡᠷᠡᠨ᠎ᠦ ᠲᠤᠰᠤᠯᠲᠠ ᠭᠦᠢᠴᠡᠳ᠂ ᠰᠢᠮ᠎ᠡ ᠲᠡᠵᠢᠭᠡᠯ ᠭᠦᠢᠴᠡᠳ ᠰᠢᠩᠭᠡᠭᠡᠬᠦ᠎ᠶᠢ ᠪᠠᠲᠤᠯᠠᠬᠤ ᠵᠢᠨ ᠲᠦᠯᠦᠭᠡ ᠴᠢᠬᠢ᠎ᠶᠢ ᠦᠭᠲᠡᠭᠡᠨ ᠰᠢᠩᠭᠡᠯᠡᠵᠦ ᠪᠠᠢᠯ᠎ᠠ᠃
ᠥᠪᠥᠷ ᠮᠣᠩᠭᠣᠯ᠎ᠤᠨ ᠱᠧᠩ ᠳ᠋ᠠ ᠲᠠᠷᠢᠶᠠᠯᠠᠩ᠎ᠤᠨ ᠬᠥᠭᠵᠢᠯᠲᠡ᠎ᠶᠢᠨ ᠬᠢᠵᠠᠭᠠᠷᠲᠤ ᠺᠣᠮᠫᠠᠨᠢ᠎ᠶᠢᠨ ᠳᠠᠭᠠᠭᠠᠮᠠᠯ ᠳ᠋ᠤᠸᠠᠨ ᠶᠠᠩ ᠶᠠᠩ᠄ 《ᠮᠠᠨ᠎ᠤ ᠰᠠᠭᠤᠷᠢᠨ ᠬᠦᠢᠲᠡᠨ ᠰᠡᠷᠢᠭᠦᠨ ᠢᠳᠡᠰᠢᠨ ᠨᠣᠭᠣᠭ᠎ᠠ ᠳᠠᠷᠢᠭᠠᠳ ᠬᠤᠶᠠᠳᠡᠬᠢ ᠵᠢᠯ ᠪᠤᠯᠵᠤ ᠪᠠᠢᠨ᠎ᠠ᠂ ᠨᠢᠳᠤᠨᠤᠨ 360 ᠮᠥ᠍ ᠴᠢᠨᠠᠷ ᠰᠠᠢᠲᠠᠢ ᠢᠳᠡᠰᠢᠨ ᠨᠣᠭᠣᠭ᠎ᠠ ᠲᠤᠷᠰᠢᠨ ᠳᠠᠷᠢᠭᠠᠳ ᠮᠠᠰᠢ ᠰᠠᠢᠨ ᠪᠤᠯᠬᠤᠷ ᠡᠨᠡ ᠵᠢᠯ ᠬᠡᠪᠴᠢᠶ᠎ᠡ᠎ᠪᠡᠨ ᠥᠷᠭᠡᠳᠬᠡᠭᠡᠳ 3000 ᠮᠥ᠍ ᠳᠠᠷᠢᠵᠠᠢ᠂ ᠪᠦᠬᠦᠨ᠎ᠢ ᠭᠤᠸᠠᠩᠳᠦ᠋ᠩ᠂ ᠱᠧᠨᠵᠧᠨ ᠵᠡᠷᠭᠡ ᠭᠠᠵᠠᠷ᠎ᠤᠨ ᠬᠤᠳᠠᠯᠳᠤᠭᠠᠴᠢᠨ ᠵᠠᠬᠢᠶᠠᠯᠠᠴᠢᠬᠠᠵᠠᠢ》 ᠭᠡᠮᠡᠨ ᠰᠤᠷᠪᠤᠯᠵᠢᠯᠠᠭᠴᠢ᠎ᠳᠤ ᠲᠠᠨᠢᠯᠴᠠᠭᠤᠯᠪᠠ᠃
ᠣᠢᠯᠠᠭᠠᠭᠰᠠᠨ᠎ᠢᠶᠠᠷ᠂ ᠲᠣᠰ ᠰᠠᠭᠤᠷᠢᠨ ᠬᠤᠷᠢᠶᠠᠭᠰᠠᠨ ᠢᠳᠡᠰᠢᠨ ᠨᠣᠭᠣᠭ᠎ᠠ ᠪᠠᠨ 2 ᠴᠠᠭ᠎ᠤᠨ ᠳᠣᠲᠣᠷ᠎ᠠ ᠬᠦᠢᠲᠡᠨ ᠬᠥᠮᠥᠷᠭᠡ᠎ᠳᠦ ᠣᠷᠣᠭᠤᠯᠵᠤ᠂ ᠲᠤᠬᠠᠶ᠎ᠶᠢᠨ ᠡᠳᠦᠷ ᠲᠤᠨᠢ ᠬᠦᠢᠲᠡᠨ ᠬᠡᠯᠬᠢᠶᠡᠲᠦ ᠪᠠᠷᠠᠭᠠᠨ᠎ᠤ ᠭᠦᠢᠯᠭᠡᠭᠡᠨ᠎ᠦ ᠲᠡᠷᠭᠡᠨ᠎ᠳᠤ ᠰᠠᠪᠠᠯᠠᠨ᠂ ᠡᠮᠦᠨᠡᠲᠦ ᠣᠷᠣᠨ᠎ᠤ ᠵᠠᠬ᠎ᠠ ᠳᠡᠯᠭᠡᠭᠦᠷ᠎ᠲᠦ ᠰᠢᠭᠤᠳ ᠬᠦᠷᠬᠡᠳᠡᠭ᠂ ᠡᠭᠦᠨ᠎ᠳᠤ ᠶᠠᠮᠠᠷ᠎ᠴᠤ ᠬᠢᠮᠢ᠎ᠶᠢᠨ ᠡᠳ᠋ ᠨᠡᠮᠡᠬᠦ ᠥᠬᠡᠶ᠂ ᠪᠥᠬᠥ ᠶᠠᠪᠤᠴᠠ᠎ᠳᠤ ᠬᠦᠢᠲᠡᠨ ᠬᠡᠯᠬᠢᠶ᠎ᠡ ᠪᠡᠷ ᠰᠣᠷᠭᠣᠭ᠎ᠢ ᠪᠠᠲᠤᠯᠠᠵᠤ᠂ ᠳᠤᠮᠳᠠ ᠨᠢ ᠲᠡᠷᠭᠡ ᠰᠤᠯᠢᠬᠤ ᠴᠢᠬᠤᠯᠠ ᠥᠬᠡᠶ ᠪᠠᠢᠵᠤ᠂ ᠠᠭᠠᠷ᠎ᠤᠨ ᠲᠡᠭᠡᠭᠡᠪᠦᠷᠢ ᠪᠤᠶᠤ ᠲᠡᠮᠦᠷ ᠵᠠᠮ᠎ᠤᠨ ᠲᠡᠭᠡᠭᠡᠪᠦᠷᠢ᠎ᠡᠴᠡ ᠨᠠᠩ ᠲᠥᠬᠥᠮ ᠪᠠᠢᠳᠠᠭ᠃
ᠣᠢᠷ᠎ᠠ᠎ᠶᠢᠨ ᠵᠢᠯ᠎ᠡᠴᠡ᠂ ᠪᠠᠶᠠᠨᠨᠠᠭᠤᠷ ᠬᠣᠲᠠ ᠬᠦᠢᠲᠡᠨ ᠰᠡᠷᠢᠭᠦᠨ ᠢᠳᠡᠰᠢᠨ ᠨᠣᠭᠣᠭ᠎ᠠ᠎ᠶᠢᠨ ᠰᠠᠭᠤᠷᠢᠨ᠎ᠤ ᠪᠥᠲᠥᠭᠡᠨ ᠪᠠᠢᠭᠤᠯᠤᠯᠲᠠ᠎ᠶᠢ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠤ ᠪᠥᠲᠥᠭᠡᠨ ᠪᠠᠢᠭᠤᠯᠤᠯᠲᠠ ᠵᠢ ᠴᠢᠨᠠᠷ ᠰᠠᠢᠲᠠᠶ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠰᠠᠭᠤᠷᠢᠨ᠎ᠤ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ᠎ᠢ ᠴᠢᠩᠭᠠᠳᠬᠠᠵᠤ᠂ ᠮᠡᠷᠭᠡᠵᠢᠯ᠎ᠦᠨ ᠦᠢᠯᠡᠴᠢᠯᠡᠭᠡ ᠵᠢᠯᠣᠭᠣᠳᠣᠯᠭ᠎ᠠ᠎ᠶᠢ ᠴᠢᠩᠭᠠᠳᠬᠠᠨ᠂ ᠰᠢᠨ᠎ᠡ ᠬᠡᠯᠪᠡᠷᠢ᠎ᠶᠢᠨ ᠡᠵᠡᠩᠨᠡᠯᠲᠡ᠎ᠶᠢᠨ ᠭᠤᠤᠯ ᠴᠣᠭᠴᠠ᠎ᠶᠢ ᠪᠣᠢᠵᠢᠭᠤᠯᠵᠤ᠂ ᠬᠦᠢᠲᠡᠨ ᠰᠡᠷᠢᠭᠦᠨ ᠢᠳᠡᠰᠢᠨ ᠨᠣᠭᠣᠭ᠎ᠠ᠎ᠶᠢᠨ ᠠᠵᠤ ᠦᠢᠯᠡᠰ᠎ᠦᠨ ᠪᠠᠷᠢᠮᠵᠢᠶᠠᠵᠢᠭᠰᠠᠨ᠂ ᠬᠡᠪᠴᠢᠶᠡᠵᠢᠭᠰᠡᠨ᠂ ᠲᠥᠷᠥᠯ ᠲᠡᠮᠳᠡᠭᠴᠢᠯᠡᠭᠰᠡᠨ ᠬᠥᠭᠵᠢᠯᠲᠡ᠎ᠶᠢ ᠠᠬᠢᠭᠤᠯᠵᠤ᠂ ᠣᠳᠣᠬᠠᠨ᠎ᠳᠤ ᠨᠢᠭᠡᠨᠲᠡ 1.8 ᠲᠦᠮᠡᠨ ᠮᠥ᠍ ᠵᠢᠨ ᠬᠦᠢᠲᠡᠨ ᠰᠡᠷᠢᠭᠦᠨ ᠢᠳᠡᠰᠢᠨ ᠨᠣᠭᠣᠭ᠎ᠠ᠎ᠶᠢᠨ ᠰᠠᠭᠤᠷᠢᠨ᠎ᠢ ᠪᠠᠢᠭᠤᠯᠤᠭᠰᠠᠨ ᠪᠠᠢᠨ᠎ᠠ᠃
《ᠲᠤᠷᠰᠢᠯᠭ᠎ᠠ᠎ᠪᠠᠷ᠎ᠢᠶᠠᠨ ᠲᠠᠷᠢᠶ᠎ᠠ ᠲᠠᠷᠢᠬᠤ》 ᠡᠴᠡ 《ᠵᠠᠬ᠎ᠠ ᠳᠡᠯᠭᠡᠭᠦᠷ᠎ᠢᠶᠡᠷ ᠪᠠᠢᠷᠢᠰᠢᠭᠤᠯᠬᠤ》 ᠬᠦᠷᠲᠡᠯ᠎ᠡ᠂ ᠬᠦᠢᠳᠡᠨ ᠰᠡᠷᠢᠭᠦᠨ ᠢᠳᠡᠰᠢᠨ ᠨᠣᠭᠣᠭ᠎ᠠ᠎ᠶᠢᠨ ᠰᠠᠭᠤᠷᠢᠨ᠎ᠤ ᠬᠡᠪᠴᠢᠶᠡᠵᠢᠨ ᠥᠷᠭᠡᠳᠬᠦ᠎ᠶᠢ ᠲᠠᠭᠠᠯᠳᠤᠨ᠂ ᠥᠩᠭᠡᠷᠡᠭᠰᠡᠨ᠎ᠤ ᠨᠢᠷᠤᠭᠤ ᠪᠦᠭᠲᠦᠢᠨ ᠨᠤᠭᠤᠷᠠᠰᠢ ᠦᠭᠡᠢ ᠵᠢᠳᠭᠦᠳᠡᠭ ᠤᠯᠠᠮᠵᠢᠯᠠᠯᠲᠤ ᠲᠠᠷᠢᠶᠠᠯᠠᠩ᠎ᠤᠨ ᠵᠠᠭᠪᠤᠷ᠎ᠲᠤ ᠲᠩᠷᠢ ᠭᠠᠵᠠᠷ᠎ᠢ ᠳᠣᠩᠰᠣᠯᠭᠠᠮ᠎ᠠ ᠬᠤᠪᠢᠷᠠᠯᠲᠠ ᠭᠠᠷᠴᠤ᠂ ᠬᠦᠢᠲᠡᠨ ᠰᠡᠷᠢᠭᠦᠨ ᠢᠳᠡᠰᠢ ᠵᠢᠨ ᠨᠤᠭᠤᠭ᠎ᠠ ᠨᠢ ᠠᠯᠤᠰ ᠬᠤᠯᠠ ᠵᠢᠨ ᠲᠠᠯᠠᠢ ᠲᠠᠭᠠᠤ ᠤᠷᠤᠨ᠎ᠤ ᠬᠦᠭᠵᠢᠭᠰᠡᠨ ᠭᠠᠵᠠᠷ᠎ᠤᠨ ᠬᠣᠭᠣᠯᠠᠨ ᠰᠢᠷᠡᠭᠡᠨ᠎ᠳᠤ ᠭᠠᠷᠴᠤ᠂ ᠤᠷᠤᠨ ᠨᠤᠲᠤᠭ᠎ᠤᠨ ᠠᠷᠠᠳ ᠲᠦᠮᠡᠨ᠎ᠤ ᠠᠮᠢᠳᠤᠷᠠᠯᠡᠳᠦᠷ ᠡᠴᠡ ᠡᠳᠦᠷ ᠬᠦᠰᠡᠯ ᠡᠷᠡᠮᠡᠯᠵᠡᠯ᠎ᠲᠡᠶ ᠪᠣᠯᠵᠠᠢ᠃
ᠰᠤᠷᠪᠤᠯᠵᠢᠯᠠᠭᠴᠢ᠎ᠶᠢᠨ ᠲᠡᠮᠳᠡᠭᠯᠡᠯ᠄
ᠯᠠᠩᠱᠠᠨ ᠪᠠᠯᠭᠠᠰᠤ ᠪᠣᠯᠤᠨ ᠪᠠ ᠢ ᠰᠢᠶᠠᠩ᠎ᠤᠨ ᠢᠳᠡᠰᠢᠨ ᠨᠣᠭᠣᠭ᠎ᠠ ᠵᠢᠨ ᠲᠠᠷᠢᠶᠠᠨ᠎ᠳᠤ ᠬᠦᠷᠬᠦ᠎ᠳᠤ᠂ ᠬᠤᠷᠤᠭᠤᠨᠦᠵᠦᠭᠦᠷ ᠲᠦ᠍ ᠰᠢᠭᠦᠳᠡᠷᠢ᠎ᠶᠢᠨ ᠤᠰᠤ ᠭᠢᠯᠲᠤᠭᠠᠨᠠᠭᠰᠠᠨ ᠢᠳᠡᠰᠢᠨ ᠨᠤᠭᠤᠭ᠎ᠠ᠎ᠶᠢᠨ ᠨᠠᠪᠴᠢ ᠲᠡᠮᠲᠡᠷᠢᠭᠳᠡᠵᠦ᠂ ᠴᠢᠬᠢᠨ᠎ᠳᠤ ᠤᠰᠤᠨ ᠰᠦᠷᠴᠢᠭᠦᠷ᠎ᠦᠨ ᠱᠠᠷᠴᠢᠬᠢᠨᠠᠬᠤ ᠳᠠᠭᠤᠨ ᠪᠠ ᠬᠦᠮᠦᠰ᠎ᠤᠨ ᠨᠤᠲᠤᠭ᠎ᠤᠨ ᠠᠶᠠᠯᠭᠤ ᠪᠡᠷ ᠵᠣᠭᠣᠭᠳᠠᠬᠤ ᠨᠢ ᠲᠤᠭᠤᠯᠳᠠᠨ᠎ᠠ᠃ ᠥᠩᠭᠡᠷᠡᠭᠰᠡᠨ᠎ᠳᠦ ᠪᠣᠷᠣᠲᠣᠬᠣᠢ᠎ᠶᠢᠨ ᠲᠠᠷᠢᠮᠠᠯ᠎ᠳᠤ ᠪᠤᠭᠤᠳᠠᠢ᠂ ᠨᠡᠷᠡᠨ ᠬᠤᠸᠠᠷ ᠭᠤᠤᠯᠳᠠᠵᠤ ᠪᠠᠢᠬᠰᠠᠨ ᠪᠤᠯ ᠣᠳᠣ ᠬᠦᠢᠲᠡᠨ ᠰᠡᠷᠢᠭᠦᠨ ᠢᠳᠡᠰᠢᠨ ᠨᠣᠭᠣᠭ᠎ᠠ ᠲᠤᠬᠠᠢ᠎ᠶᠢᠨ ᠭᠠᠵᠠᠷ᠎ᠤᠨ ᠬᠥᠮᠦᠰ᠎ᠦᠨ 《ᠪᠠᠶᠠᠵᠢᠯ᠎ᠤᠨ ᠨᠤᠭᠤᠭ᠎ᠠ》 ᠪᠣᠯᠵᠠᠢ᠃
ᠭᠠᠵᠠᠷ ᠰᠢᠷᠣᠢ᠎ᠶᠢᠨ ᠡᠵᠡᠩᠨᠡᠯᠲᠡ᠎ᠶᠢᠨ ᠡᠷᠬᠡ᠎ᠪᠠᠨ ᠰᠢᠯᠵᠢᠭᠦᠯᠬᠦ᠎ᠳᠦ ᠲᠦᠷᠢᠶᠡᠰᠦᠨ ᠮᠥᠩᠭᠥ ᠭᠠᠷᠳᠠᠵᠤ᠂ ᠭᠡᠷ᠎ᠦᠨ ᠵᠢᠡᠨ ᠬᠠᠪᠢ᠎ᠳᠤ ᠠᠵᠢᠯ ᠬᠢᠵᠦ ᠴᠠᠯᠢᠩ ᠣᠯᠤᠨ᠎ᠠ᠂ ᠪᠢᠳᠡ ᠳᠠᠩᠰᠠ ᠪᠤᠳᠤᠬᠤ ᠦᠶ᠎ᠡ᠎ᠳᠦ᠂ ᠰᠢᠶᠤᠤ ᠴᠢᠶᠣᠤ ᠶᠦᠨ᠎ᠤ ᠨᠢᠭᠤᠷ ᠳᠡᠭᠡᠷ᠎ᠡ ᠡᠷᠬᠡ ᠦᠭᠡᠢ ᠪᠠᠶᠠᠷ ᠵᠢᠷᠭᠠᠯ᠎ᠤᠨ ᠮᠦᠰᠢᠶᠡᠯ ᠲᠤᠳᠤᠷᠠᠵᠤ ᠪᠠᠢᠯ᠎ᠠ᠃ ᠭᠤᠸᠠᠩᠳᠦ᠋ᠩ᠂ ᠱᠧᠨᠵᠧᠨ ᠵᠡᠷᠭᠡ ᠡᠮᠦᠨᠡᠲᠦ ᠣᠷᠣᠨ᠎ᠤ ᠮᠤᠵᠢ ᠬᠣᠲᠠ᠎ᠳᠤ ᠰᠢᠭᠤᠳ ᠬᠥᠷᠴᠦ᠂ ᠵᠠᠬ᠎ᠠ ᠳᠡᠯᠭᠡᠭᠦᠷ᠎ᠲᠦ ᠭᠠᠷᠬᠤ᠎ᠠᠴᠠ ᠡᠮᠦᠨ᠎ᠡ ᠵᠠᠬᠢᠶᠠᠯᠠᠭᠳᠠᠵᠤ᠂ ᠠᠵᠤ ᠠᠬᠤᠢᠯᠠᠯ᠎ᠤᠨ ᠬᠠᠷᠢᠭᠤᠴᠠᠯᠭᠠᠲᠠᠨ ᠵᠠᠬ᠎ᠠ ᠳᠡᠯᠭᠡᠭᠦᠷ᠎ᠦᠨ ᠠᠯᠤᠰ᠎ᠤᠨ ᠲᠥᠰᠦᠪ ᠵᠢᠡᠨ ᠶᠠᠷᠢᠬᠤ᠎ᠳᠦ ᠢᠲᠡᠭᠡᠯ ᠨᠢ ᠡᠷᠴᠢᠯᠡᠭᠳᠡᠨ᠂ ᠨᠠᠩᠴᠤ ᠡᠨᠡᠬᠦ ᠠᠵᠤ ᠦᠢᠯᠡᠰ᠎ᠦᠨ ᠳᠠᠯᠳᠠ ᠬᠦᠴᠦᠨ᠎ᠢ ᠬᠠᠷᠠᠭᠤᠯᠵᠤ ᠪᠠᠢᠨ᠎ᠠ᠃
《ᠲᠠᠷᠢᠶᠠᠨ ᠭᠠᠵᠠᠷ᠎ᠠᠴᠠ ᠦᠷ᠎ᠡ ᠠᠰᠢᠭ ᠬᠦᠷᠲᠡᠨ᠂ ᠠᠷᠠᠳ ᠤᠯᠠᠨ ᠪᠣᠳᠠᠲᠤ ᠠᠰᠢᠭ ᠤᠯᠬᠤ》 ᠡᠴᠡ ᠨᠡᠩ ᠪᠣᠳᠠᠲᠠᠢ ᠵᠦᠢᠯ ᠭᠡᠵᠦ ᠦᠭᠡᠢ ᠶᠤᠮ᠃ ᠪᠣᠷᠣᠲᠣᠬᠣᠶᠤᠷᠤᠨᠤ ᠬᠡᠷᠡᠯ᠎ᠤᠨ ᠲᠤᠰᠤᠯᠲᠠ᠂ ᠬᠦᠷᠦᠰᠦ ᠰᠢᠷᠣᠶ ᠵᠡᠷᠭᠡ ᠪᠠᠢᠭᠠᠯᠢ᠎ᠶᠢᠨ ᠳᠠᠪᠠᠭᠤᠯᠢᠭ᠎ᠨᠢ ᠶᠠᠭ ᠬᠦᠢᠲᠡᠨ ᠰᠡᠷᠢᠭᠦᠨ ᠢᠳᠡᠰᠢᠨ ᠨᠣᠭᠣᠭ᠎ᠠ᠎ᠶᠢᠨ ᠠᠵᠤ ᠦᠢᠯᠡᠰ᠎ᠦᠨ ᠬᠡᠯᠬᠢᠶ᠎ᠡ᠎ᠪᠡᠷ ᠲᠠᠮᠵᠢᠨ᠂ ᠪᠠᠶᠠᠨᠨᠠᠭᠤᠷ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠢᠨ᠎ᠡ ᠠᠯᠬᠤᠮ᠎ᠢ ᠠᠯᠬᠤᠬᠤ᠎ᠳᠤ ᠬᠦᠴᠦᠨ ᠨᠡᠮᠡᠷᠢᠯᠡᠵᠦ ᠪᠤᠢ᠃