ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠰᠤᠨ ᠠᠰᠢᠭᠯᠠᠯᠲᠠ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ ᠠᠭᠠᠷ ᠤ᠋ᠨ ᠳᠤᠯᠠᠭᠠᠨ ᠠᠭᠠᠵᠢᠮ ᠢ᠋ᠢᠡᠷ ᠳᠡᠭᠡᠭ᠌ᠰᠢᠯᠡᠬᠦ᠌ ᠢ᠋ᠢ ᠳᠠᠭᠠᠯᠳᠤᠨ ᠥᠪᠥᠷ ᠮᠣᠩᠭᠣᠯ ᠤ᠋ᠨ ᠭᠤᠤᠯᠳᠠᠯᠭ᠎ᠠ ᠲᠠᠶ ᠤᠰᠤᠨ ᠠᠱᠢᠭ᠍ᠯᠠᠯᠲᠠ ᠢ᠋ᠢᠨ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠵᠢᠨ ᠠᠬᠢᠴᠠ ᠲᠦᠷᠭᠡᠰᠴᠤ᠂ 3 ᠰᠠᠷ᠎ᠠ ᠢ᠋ᠢᠨ ᠰᠡᠭᠦᠯᠴᠢ ᠪᠣᠯᠲᠠᠯ᠎ᠠ ᠴᠤᠤᠯ ᠭᠤᠤᠯ ᠤ᠋ᠨ ᠤᠰᠤ ᠢ᠋ᠢ ᠯᠢᠶᠣᠤᠾᠧ ᠭᠤᠤᠯ ᠳ᠋ᠤ ᠲᠡᠲᠡᠬᠤ ᠬᠣᠶᠠᠳᠤᠭᠠᠷ ᠬᠤᠭᠤᠴᠠᠭᠠᠨ ᠤ᠋ ᠢᠨᠵᠸᠨ᠋ᠸᠷᠢᠩ᠂ ᠤᠯᠠᠭᠠᠨ ᠪᠥᠴᠡ ᠤᠰᠤᠨ ᠴᠥᠭᠥᠷᠥᠮ ᠤ᠋ᠨ ᠠᠶᠤᠯ ᠢ᠋ ᠠᠷᠢᠯᠭᠠᠨ ᠪᠡᠬᠢᠵᠢᠭᠦᠯᠬᠦ᠌ ᠢᠨᠵᠸᠨ᠋ᠸᠷᠢᠩ᠂ ᠲᠤᠰᠤᠲᠤ ᠭᠤᠤᠯ ᠤ᠋ᠨ ᠭᠤᠯᠳᠤᠷᠢᠯ ᠢ᠋ ᠵᠠᠰᠠᠬᠤ ᠢᠨᠵᠸᠨ᠋ᠸᠷᠢᠩ ᠵᠡᠷᠭᠡ ᠨᠢᠭᠡ ᠪᠦᠯᠦᠭ ᠭᠤᠤᠯᠳᠠᠯᠭ᠎ᠠ ᠲᠠᠶ ᠲᠣᠮᠣ ᠬᠡᠯᠪᠡᠷᠢ ᠢ᠋ᠢᠨ ᠤᠰᠤ ᠲᠠᠲᠠᠬᠤ᠂ ᠲᠣᠮᠣ ᠳᠤᠮᠳᠠ ᠬᠡᠯᠪᠡᠷᠢ ᠢ᠋ᠢᠨ ᠤᠰᠤᠨ ᠴᠥᠭᠥᠷᠥᠮ ᠤ᠋ᠨ ᠤᠰᠤᠨ ᠤ᠋ ᠬᠠᠭᠠᠯᠲᠠ ᠢ᠋ᠢ ᠪᠡᠬᠢᠵᠢᠭᠦᠯᠬᠦ᠌᠂ ᠭᠤᠤᠯ ᠤ᠋ᠨ ᠭᠤᠯᠳᠤᠷᠢᠯ ᠢ᠋ ᠵᠠᠰᠠᠬᠤ ᠢᠨᠵᠧᠨᠧᠷᠢᠩ ᠵᠠᠯᠭᠠᠭ᠎ᠠ ᠪᠡᠷ ᠪᠠᠷᠢᠯᠭ᠎ᠠ ᠪᠡᠨ ᠰᠡᠷᠭᠦᠭᠡᠨ᠂ ᠪᠠᠷᠢᠯᠭ᠎ᠠ ᠪᠡᠨ ᠰᠡᠷᠭᠦᠭᠡᠭ᠌ᠰᠡᠨ ᠨᠣᠷᠮ᠎ᠠ ᠨᠢ 72.7% ᠳ᠋ᠤ ᠬᠦᠷᠴᠦ᠍᠂ ᠪᠥᠬᠥ᠌ ᠵᠢᠯ ᠤ᠋ᠨ ᠪᠥᠲᠥᠭᠡᠨ ᠪᠠᠢᠭᠤᠯᠤᠯᠲᠠ ᠢ᠋ᠢᠨ ᠬᠠᠷᠠᠯᠲᠠ ᠢ᠋ᠢ ᠤᠷᠤᠭ᠍ᠰᠢᠲᠠᠶ ᠪᠡᠶᠡᠯᠡᠭᠦᠯᠬᠦ ᠳ᠋ᠤ ᠪᠠᠳᠤ ᠰᠠᠭᠤᠷᠢ ᠢ᠋ᠢ ᠲᠠᠯᠪᠢᠪᠠ᠃
ᠡᠨᠡ ᠵᠢᠯ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠢ᠋ᠢᠨ ᠲᠢᠩᠬᠢᠮ ᠡᠷᠲᠡᠬᠡᠨ ᠪᠠᠢᠷᠢᠯᠠᠭᠤᠯᠬᠤ᠂ ᠡᠷᠲᠡᠬᠡᠨ ᠬᠥᠳᠡᠯᠦᠯᠴᠡᠬᠦ᠌᠂ ᠤᠷᠢᠳᠴᠢᠯᠠᠨ ᠲᠥᠰᠦᠪᠯᠡᠬᠦ᠌᠂ ᠨᠠᠷᠢᠨ ᠨᠢᠮᠪᠠᠶ ᠪᠠᠢᠷᠢᠯᠠᠭᠤᠯᠬᠤ ᠢ᠋ᠢ ᠪᠠᠷᠢᠮᠲᠠᠯᠠᠵᠤ᠂ ᠴᠢᠬᠤᠯᠠ ᠶᠡᠬᠡ ᠤᠰᠤᠨ ᠠᠱᠢᠭ᠍ᠯᠠᠯᠲᠠ ᠢ᠋ᠢᠨ ᠢᠨᠵᠸᠨ᠋ᠸᠷᠢᠩ ᠤ᠋ᠨ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠳ᠋ᠤ ᠲᠤᠯᠭᠠᠷᠠᠭ᠍ᠰᠠᠨ ᠬᠦᠴᠢᠷᠳᠡᠯ ᠪᠠ ᠠᠰᠠᠭᠤᠳᠠᠯ ᠢ᠋ ᠴᠠᠭ ᠲᠤᠬᠠᠶ ᠳ᠋ᠤᠨᠢ ᠵᠣᠬᠢᠴᠠᠭᠤᠯᠤᠨ ᠱᠢᠶ᠋ᠳᠪᠦᠷᠢᠯᠡᠪᠡ᠃ ᠪᠠᠷᠢᠯᠭ᠎ᠠ ᠢ᠋ᠢᠨ ᠶᠠᠰᠤ ᠴᠢᠨᠠᠷ ᠪᠠ ᠪᠠᠷᠢᠯᠭ᠎ᠠ ᠢ᠋ᠢᠨ ᠠᠵᠢᠯ ᠤ᠋ᠨ ᠠᠮᠤᠷ ᠲᠦᠪᠱᠢᠨ ᠢ᠋ ᠦᠨᠡᠨ ᠬᠦ᠌ ᠪᠠᠲᠤᠯᠠᠭ᠍ᠰᠠᠨ ᠤᠷᠢᠲᠠᠯ ᠳᠤᠤᠷ᠎ᠠ ᠲᠣᠬᠢᠷᠠᠭᠤᠯᠤᠨ ᠬᠠᠮᠢᠶᠠᠷᠬᠤ ᠠᠵᠢᠯ ᠢ᠋ ᠤᠯᠠᠮ ᠨᠢᠭᠡ ᠠᠯᠬᠤᠮ ᠴᠢᠩᠭᠠᠷᠠᠭᠤᠯᠵᠤ᠂ ᠪᠠᠷᠢᠯᠭ᠎ᠠ ᠢ᠋ᠢᠨ ᠠᠵᠢᠯ ᠤ᠋ᠨ ᠵᠣᠬᠢᠶᠠᠨ ᠪᠠᠢᠭᠤᠯᠤᠯᠲᠠ ᠢ᠋ᠢ ᠱᠢᠯᠢᠳᠡᠭ᠌ᠵᠢᠭᠦᠯᠦᠨ᠂ ᠦᠷᠭᠦᠯᠵᠢᠯᠡᠨ ᠪᠦᠳᠦᠬᠡᠨ ᠪᠠᠢᠭᠤᠯᠬᠤ ᠲᠥᠷᠥᠯ ᠵᠦᠶ᠋ᠯ ᠤ᠋ᠨ ᠪᠠᠷᠢᠯᠭ᠎ᠠ ᠪᠠᠨ ᠰᠡᠷᠭᠦᠭᠡᠬᠦ ᠶᠤᠰᠤᠲᠠᠢ ᠢ᠋ᠢ ᠨᠢ ᠪᠦᠬᠦᠨ ᠢ᠋ ᠰᠡᠷᠭᠦᠭᠡᠬᠦ᠌ ᠢ᠋ᠢ ᠠᠬᠢᠭᠤᠯᠵᠤ᠂ ᠱᠢᠨ᠎ᠡ ᠪᠡᠷ ᠪᠦᠳᠦᠬᠡᠨ ᠪᠠᠢᠭᠤᠯᠬᠤ ᠲᠥᠷᠥᠯ ᠵᠦᠶ᠋ᠯ ᠢ᠋ ᠡᠷᠲᠡᠬᠡᠨ ᠪᠠᠷᠢᠯᠭ᠎ᠠ ᠡᠬᠢᠯᠡᠭᠦᠯᠦᠨ᠂ ᠣᠨ ᠤ᠋ ᠪᠥᠲᠥᠭᠡᠨ ᠪᠠᠢᠭᠤᠯᠤᠯᠳᠠ ᠵᠢᠨ ᠡᠭᠦᠷᠭᠡ ᠬᠠᠷᠠᠯᠳᠠ ᠢ᠋ᠢ ᠬᠤᠭᠤᠴᠠᠭ᠎ᠠ ᠶᠣᠰᠣᠭᠠᠷ ᠪᠡᠶᠡᠯᠡᠭᠦᠯᠬᠦ᠌ ᠢ᠋ᠢ ᠦᠨᠡᠨ ᠬᠦ᠌ ᠪᠠᠲᠤᠯᠠᠵᠤ᠂ ᠥᠪᠥᠷ ᠮᠣᠩᠭᠣᠯ ᠤ᠋ᠨ ᠤᠰᠤᠨ ᠤ᠋ ᠠᠮᠤᠷ ᠲᠦᠪᠱᠢᠨ ᠤ᠋ ᠪᠠᠲᠤᠯᠠᠭ᠎ᠠ ᠢ᠋ᠢ ᠰᠠᠢᠲᠤᠷ ᠬᠢᠬᠦ ᠳ᠋ᠤ ᠤᠰᠤᠨ ᠠᠱᠢᠭ᠍ᠯᠠᠯᠲᠠ ᠢ᠋ᠢᠨ ᠬᠦᠴᠦᠨ ᠴᠢᠳᠠᠯ ᠢ᠋ᠢᠡᠨ ᠡᠷᠭᠦᠵᠤ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号