ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ 2026 ᠤᠨ ᠤ᠋ ᠤᠯᠤᠰ ᠤ᠋ᠨ ᠭᠤᠶᠤᠯᠠᠯ ᠤ᠋ᠨ ᠡᠳ᠋ ᠤ᠋ᠨ ᠦᠯᠢᠭᠡᠷ ᠠᠪᠴᠤ ᠰᠤᠭᠤᠴᠢᠨ ᠪᠠᠢᠴᠠᠭᠠᠬᠤ ᠠᠵᠢᠯ ᠤ᠋ᠨ ᠮᠡᠳᠡᠭᠳᠡᠯ ᠵᠢᠴᠢ ᠰᠤᠭᠤᠴᠢᠨ ᠪᠠᠢᠴᠠᠭᠠᠬᠤ ᠲᠦᠯᠦᠪᠯᠡᠭᠡ ᠶ᠋ᠢ ᠳᠠᠷᠤᠮᠠᠯᠯᠠᠨ ᠲᠠᠷᠬᠠᠭᠠᠵᠤ᠂ ᠤᠯᠤᠰ ᠤ᠋ᠨ ᠭᠤᠶᠤᠯᠠᠯ ᠤ᠋ᠨ ᠡᠳ᠋ ᠢ᠋ ᠰᠤᠭᠤᠴᠢᠨ ᠪᠠᠢᠴᠠᠭᠠᠬᠤ ᠠᠵᠢᠯ ᠡᠭᠦᠷᠭᠡ ᠶ᠋ᠢ ᠠᠩᠬ᠎ᠠ ᠤᠳᠠᠭ᠎ᠠ ᠡᠯ᠎ᠠ ᠠᠢᠮᠠᠭ ᠬᠤᠳᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠳᠠ ᠬᠠᠮᠢᠶᠠᠷᠤᠯᠳᠠ ᠶ᠋ᠢᠨ ᠳᠤᠪᠴᠢᠶ᠎ᠠ ᠳ᠋ᠤ ᠪᠦᠬᠦ ᠲᠠᠯ᠎ᠠ ᠪᠡᠷ ᠪᠠᠭᠤᠯᠭᠠᠨ ᠳᠠᠭᠠᠭᠠᠴᠢᠯᠠᠭᠤᠯᠪᠠ᠃
ᠡᠢᠨ ᠬᠦ᠌ ᠦᠭᠡᠷᠡᠴᠢᠯᠡᠯᠳᠡ ᠶ᠋ᠢᠨ ᠠᠷᠭ᠎ᠠ ᠬᠡᠮᠵᠢᠶ᠎ᠠ ᠪᠠ ᠠᠬᠤᠢ ᠪᠠᠢᠳᠠᠯ ᠳ᠋ᠤ ᠰᠠᠢᠳᠦᠷ ᠵᠤᠬᠢᠴᠠᠭᠤᠯᠬᠤ ᠶ᠋ᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠨᠠᠷᠢᠨ ᠨᠢᠮᠪᠠᠢ ᠪᠠᠢᠷᠢᠯᠠᠭᠤᠯᠤᠯᠳᠠ ᠬᠢᠵᠦ᠂ ᠰᠤᠭᠤᠴᠢᠨ ᠪᠠᠢᠴᠠᠭᠠᠬᠤ ᠡᠭᠦᠷᠭᠡ ᠶ᠋ᠢ ᠰᠢᠨᠵᠢᠯᠡᠬᠦ ᠤᠬᠠᠭᠠᠨᠴᠢ ᠪᠡᠷ ᠬᠤᠪᠢᠶᠠᠷᠢᠯᠠᠬᠤ᠂ ᠰᠤᠭᠤᠴᠢᠨ ᠪᠠᠢᠴᠠᠭᠠᠬᠤ ᠠᠵᠢᠯ ᠤ᠋ᠨ ᠲᠤᠰᠬᠠᠢ ᠰᠡᠳᠦᠪᠳᠤ ᠪᠤᠯᠪᠠᠰᠤᠷᠠᠯ ᠡᠷᠬᠢᠯᠡᠬᠦ᠂ ᠰᠢᠯᠭᠠᠨ ᠪᠠᠢᠴᠠᠭᠠᠬᠤ ᠮᠡᠷᠭᠡᠵᠢᠯ ᠤ᠋ᠨ ᠲᠤᠯᠭᠠᠭᠤᠷᠢᠯᠠᠯ ᠢ᠋ ᠴᠢᠩᠭᠠᠳᠬᠠᠬᠤ᠂ ᠦᠨᠳᠦᠷ ᠪᠦᠲᠦᠮᠵᠢᠳᠠᠢ ᠬᠠᠮᠵᠢᠯᠴᠠᠨ ᠠᠵᠢᠯᠯᠠᠬᠤ ᠳᠤᠭᠳᠠᠴᠠ ᠪᠠᠢᠭᠤᠯᠬᠤ ᠵᠡᠷᠭᠡ ᠰᠢᠷᠢᠰ ᠠᠷᠭ᠎ᠠ ᠬᠡᠮᠵᠢᠶ᠎ᠠ ᠠᠪᠴᠤ᠂ ᠡᠭᠦᠷᠭᠡ ᠬᠠᠷᠢᠭᠤᠴᠠᠯᠭ᠎ᠠ ᠶ᠋ᠢ 《ᠪᠠᠭᠤᠯᠭᠠᠵᠤ ᠳᠡᠢᠯᠬᠦ᠂ ᠬᠦᠯᠢᠶᠡᠨ ᠠᠪᠴᠤ ᠳᠡᠢᠯᠬᠦ᠂ ᠰᠠᠢᠳᠦᠷ ᠬᠦᠢᠴᠡᠳᠭᠡᠵᠦ ᠳᠡᠢᠯᠬᠦ》 ᠶ᠋ᠢ ᠪᠠᠳᠤᠯᠠᠨ᠂ ᠤᠯᠠᠨ ᠲᠦᠮᠡᠨ ᠤ᠋ ᠠᠮᠦᠷ ᠲᠦᠪᠰᠢᠨ ᠶ᠋ᠢᠡᠷ ᠭᠤᠶᠤᠯᠠᠯ ᠤ᠋ᠨ ᠡᠳ᠋ ᠬᠡᠷᠡᠭᠯᠡᠬᠦ ᠬᠤᠷᠢᠭ᠎ᠠ ᠱᠤᠭᠤᠮ ᠢ᠋ ᠪᠦᠬᠦ ᠬᠦᠴᠦᠨ ᠶ᠋ᠢᠡᠷ ᠴᠤᠭᠴᠠᠯᠠᠬᠤ ᠵᠢ ᠠᠬᠢᠭᠤᠯᠪᠠ᠃
ᠤᠢᠯᠠᠭᠠᠭᠰᠠᠨ ᠶ᠋ᠢᠡᠷ᠂ 2026 ᠤᠨ ᠳ᠋ᠤ ᠮᠠᠨ ᠤ᠋ ᠤᠷᠤᠨ ᠨᠡᠢᠳᠡ 600 ᠪᠦᠯᠦᠭ ᠤ᠋ᠨ ᠤᠯᠤᠰ ᠤ᠋ᠨ ᠭᠤᠶᠤᠯᠠᠯ ᠤ᠋ᠨ ᠡᠳ᠋ ᠢ᠋ ᠰᠤᠭᠤᠴᠢᠨ ᠪᠠᠢᠴᠠᠭᠠᠬᠤ ᠡᠭᠦᠷᠭᠡ ᠶ᠋ᠢ ᠳᠠᠭᠠᠭᠠᠴᠢᠯᠠᠵᠤ᠂ ᠭᠡᠵᠢᠭᠡ ᠪᠤᠳᠤᠬᠤ᠂ ᠴᠤᠬᠤᠷ ᠢ᠋ ᠠᠷᠢᠯᠭᠠᠨ ᠴᠠᠢᠷᠠᠭᠤᠯᠬᠤ᠂ ᠬᠡᠤᠬᠡᠳ ᠤ᠋ᠨ ᠬᠡᠷᠡᠭᠯᠡᠭᠡᠨ ᠤ᠋ ᠭᠤᠶᠤᠯᠠᠯ ᠤ᠋ᠨ ᠡᠳ᠋ ᠵᠡᠷᠭᠡ 10 ᠲᠦᠷᠦᠯ ᠵᠢᠴᠢ ᠬᠤᠳᠠᠯᠳᠤᠭᠠᠨ ᠤ᠋ ᠭᠠᠵᠠᠷ ᠬᠠᠮ ᠳᠡᠯᠭᠡᠭᠦᠷ᠂ ᠪᠦᠭᠡᠮ ᠶ᠋ᠢᠡᠷ ᠪᠤᠷᠤᠯᠠᠭᠤᠯᠬᠤ ᠵᠠᠬ᠎ᠠ ᠳᠡᠯᠭᠡᠭᠦᠷ᠂ ᠵᠢᠰᠤ ᠭᠤᠶᠤᠯᠠᠵᠤ ᠭᠡᠵᠢᠭᠡ ᠶᠠᠩᠵᠤᠯᠠᠬᠤ ᠪᠠᠢᠭᠤᠯᠤᠮᠵᠢ ᠪᠠ ᠰᠦᠯᠵᠢᠶᠠᠨ ᠤ᠋ ᠪᠤᠷᠤᠯᠠᠭᠤᠯᠭ᠎ᠠ ᠶ᠋ᠢᠨ ᠳᠠᠪᠴᠠᠩ ᠵᠡᠷᠭᠡ ᠵᠠᠩᠬᠢᠯᠠᠭ᠎ᠠ ᠶ᠋ᠢᠨ ᠲᠠᠯᠠᠪᠤᠷ ᠭᠠᠵᠠᠷ ᠢ᠋ ᠬᠠᠮᠤᠷᠤᠨ᠎ᠠ᠃ ᠡᠨᠡ ᠵᠢᠯ ᠤ᠋ᠨ ᠰᠤᠭᠤᠴᠢᠨ ᠪᠠᠢᠴᠠᠭᠠᠬᠤ ᠡᠭᠦᠷᠭᠡ ᠶ᠋ᠢ ᠡᠯ᠎ᠠ ᠠᠢᠮᠠᠭ ᠬᠤᠳᠠ ᠶ᠋ᠢᠨ ᠭᠤᠶᠤᠯᠠᠯ ᠤ᠋ᠨ ᠡᠳ᠋ ᠤ᠋ᠨ ᠡᠵᠡᠩᠨᠡᠯᠳᠡ ᠶ᠋ᠢᠨ ᠬᠡᠪᠴᠢᠶ᠎ᠠ᠂ ᠬᠢᠨᠠᠯᠳᠠ ᠬᠠᠮᠢᠶᠠᠷᠤᠯᠳᠠ ᠶ᠋ᠢᠨ ᠴᠢᠳᠠᠪᠤᠷᠢ ᠶ᠋ᠢ ᠦᠨᠳᠦᠰᠦᠯᠡᠨ ᠰᠢᠨᠵᠢᠯᠡᠬᠦ ᠤᠬᠠᠭᠠᠨᠴᠢ ᠪᠡᠷ ᠬᠤᠪᠢᠶᠠᠷᠢᠯᠠᠵᠤ᠂ ᠳᠤᠭᠳᠠᠮᠠᠯ ᠪᠤᠶᠤ ᠳᠤᠭᠳᠠᠮᠠᠯ ᠪᠤᠰᠤ ᠲᠦᠷᠦᠯ ᠵᠦᠢᠯ ᠤ᠋ᠨ ᠦᠢᠯᠡᠳᠭᠦᠨ ᠤ᠋ ᠦᠯᠢᠭᠡᠷ ᠠᠪᠬᠤ ᠬᠠᠷᠢᠴᠠᠯ ᠵᠢᠴᠢ ᠴᠠᠭ ᠤ᠋ᠨ ᠬᠢᠵᠠᠭᠠᠷ ᠢ᠋ ᠳᠤᠭᠳᠠᠭᠠᠨ᠂ ᠰᠤᠬᠤᠷ ᠪᠠᠯᠠᠢ ᠪᠡᠷ ᠰᠤᠭᠤᠴᠢᠨ ᠪᠠᠢᠴᠠᠭᠠᠬᠤ ᠡᠴᠡ ᠵᠠᠢᠯᠠᠰᠬᠢᠪᠠ᠃ ᠡᠭᠦᠨ ᠤ᠋ ᠬᠠᠮᠳᠤ 《ᠳᠡᠭᠡᠳᠦ ᠱᠠᠳᠤᠨ ᠡᠴᠡ ᠨᠢᠭᠡᠳᠦᠯᠳᠠᠢ ᠲᠦᠯᠦᠪᠵᠢᠭᠦᠯᠬᠦ ᠂ ᠠᠢᠮᠠᠭ ᠬᠤᠳᠠ ᠨᠠᠢᠳᠠᠪᠤᠷᠢᠵᠢᠭᠤᠯᠬᠤ᠂ ᠮᠡᠷᠭᠡᠵᠢᠯ ᠤ᠋ᠨ ᠲᠤᠯᠭᠠᠭᠤᠷᠢᠯᠠᠯ ᠬᠠᠩᠭᠠᠬᠤ》 ᠬᠤᠯᠪᠤᠭᠠᠯᠨᠨ ᠬᠦᠳᠡᠯᠦᠯᠴᠡᠬᠦ ᠪᠠᠢᠷᠢᠰᠢᠯ ᠢ᠋ ᠪᠠᠢᠭᠤᠯᠤᠨ᠂ ᠡᠯ᠎ᠠ ᠲᠠᠯ᠎ᠠ ᠶ᠋ᠢᠨ ᠡᠭᠦᠷᠭᠡ ᠬᠠᠷᠢᠭᠤᠴᠠᠯᠭ᠎ᠠ ᠠᠵᠢᠯ ᠤ᠋ᠨ ᠬᠤᠪᠢᠶᠠᠷᠢᠯᠠᠯ ᠵᠢᠴᠢ ᠦᠯᠢᠭᠡᠷ ᠠᠪᠬᠤ᠂ ᠲᠤᠭᠠᠴᠠᠭ᠎ᠠ ᠬᠢᠬᠦ᠂ ᠬᠢᠨᠠᠨ ᠪᠠᠢᠴᠠᠭᠠᠵᠤ ᠰᠢᠢᠳᠪᠤᠷᠢᠯᠡᠬᠦ ᠵᠡᠷᠭᠡ ᠵᠢᠷᠦᠮ ᠢ᠋ ᠲᠤᠳᠤᠷᠬᠠᠢᠯᠠᠵᠠᠢ᠃ ᠪᠠᠰᠠ ᠠᠬᠤᠢ ᠲᠠᠯᠠᠪᠤᠷ ᠤ᠋ᠨ ᠤᠯᠤᠯᠴᠠᠬᠤ ᠳᠠᠪᠴᠠᠩ ᠢ᠋ ᠪᠠᠢᠭᠤᠯᠵᠤ᠂ ᠲᠦᠷᠦ ᠶ᠋ᠢᠨ ᠪᠤᠳᠤᠯᠭ᠎ᠠ ᠶ᠋ᠢ ᠰᠢᠭᠤᠳ ᠳᠠᠮᠵᠢᠭᠤᠯᠬᠤ᠂ ᠠᠰᠠᠭᠤᠳᠠᠯ ᠢ᠋ ᠰᠢᠭᠤᠳ ᠲᠤᠰᠬᠠᠬᠤ ᠪᠠ ᠲᠤᠷᠰᠢᠯᠭ᠎ᠠ ᠶ᠋ᠢ ᠬᠠᠮᠳᠤ ᠪᠡᠷ ᠡᠳ᠋ᠯᠡᠬᠦ ᠶ᠋ᠢ ᠪᠡᠶᠡᠯᠡᠭᠦᠯᠦᠨ᠂ ᠰᠤᠭᠤᠴᠢᠨ ᠪᠠᠢᠴᠠᠭᠠᠬᠤ ᠡᠭᠦᠷᠭᠡ ᠶ᠋ᠢᠨ ᠡᠮᠬᠢ ᠵᠢᠷᠦᠮ ᠲᠠᠢ ᠦᠷᠨᠢᠬᠦ ᠶ᠋ᠢ ᠪᠠᠳᠤᠯᠠᠪᠠ᠃ ᠤᠳᠤᠬᠠᠨ ᠳ᠋ᠤ ᠨᠢᠬᠡᠨᠳᠡ ᠰᠤᠭᠤᠴᠢᠨ ᠪᠠᠢᠴᠠᠭᠠᠬᠤ ᠡᠭᠦᠷᠭᠡ ᠶ᠋ᠢᠨ ᠵᠢᠡᠨ 50% ᠵᠢ ᠪᠡᠶᠡᠯᠡᠭᠦᠯᠵᠠᠢ᠃