— 《5·1》 ᠤ᠋ ᠠᠮᠠᠷᠠᠯᠲᠠ᠎ᠶ᠋ᠢᠨ ᠬᠤᠭᠤᠴᠠᠭ᠎ᠠ ᠡᠴᠡ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠪᠠᠢᠳᠠᠯ᠎ᠢ ᠬᠠᠷᠠᠬᠤᠢ
《5·1》 ᠡᠴᠡ ᠡᠮᠦᠨᠡᠬᠡᠨ᠂ 4 ᠰᠠᠷ᠎ᠠ᠎ᠶ᠋ᠢᠨ 28 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍ ᠶ᠋ᠢᠨ ᠲᠣᠪᠴᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠣᠳᠣᠬᠠᠨ᠎ᠤ ᠠᠵᠤ ᠠᠬᠤᠢ᠎ᠶ᠋ᠢᠨ ᠪᠠᠢᠳᠠᠯ ᠪᠣᠯᠤᠨ ᠠᠵᠤ ᠠᠬᠤᠢ ᠶ᠋ᠢᠨ ᠠᠵᠢᠯ ᠢ ᠵᠠᠳᠠᠯᠤᠨ ᠰᠤᠳᠤᠯᠪᠠ᠃ ᠬᠤᠷᠠᠯ᠎ᠡᠴᠡ᠂ ᠢᠲᠡᠭᠡᠯ᠎ᠢᠶᠡᠨ ᠨᠡᠮᠡᠭ᠌ᠳᠡᠭᠦᠯᠵᠦ᠍᠂ ᠨᠡᠩ ᠶᠡᠬᠡ ᠡᠷᠴᠢᠮ ᠪᠣᠯᠤᠨ ᠨᠡᠩ ᠪᠣᠳᠠᠲᠠᠢ ᠠᠷᠭ᠎ᠠ ᠬᠡᠮᠵᠢᠢ᠎ᠡ ᠪᠡᠷ ᠠᠵᠤ ᠠᠬᠤᠢ᠎ᠶ᠋ᠢᠨ ᠠᠵᠢᠯ ᠢ ᠰᠠᠢᠲᠤᠷ ᠠᠳᠭᠤᠬᠤ ᠬᠡᠷᠡᠭ᠌ᠲᠡᠢ ᠭᠡᠵᠦ ᠴᠢᠬᠤᠯᠠᠴᠢᠯᠠᠪᠠ᠃
《5·1》 ᠤ᠋ ᠠᠮᠠᠷᠠᠯᠲᠠ᠎ᠶ᠋ᠢᠨ ᠬᠤᠭᠤᠴᠠᠭᠠᠨ᠎ᠳᠤ᠂ ᠭᠡᠳᠤ ᠲᠤᠮᠤ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠪᠠᠭᠤᠯᠢᠭ᠎ᠢ ᠢᠯᠡᠷᠡᠭᠦᠯᠵᠦ᠍᠂ ᠥᠷᠨᠢᠭᠦᠨ ᠬᠥᠭ᠌ᠵᠢᠩᠭᠦᠢ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠦᠵᠡᠮᠵᠢ ᠵᠢᠷᠤᠭᠢᠵᠢᠷᠤᠭ᠍ᠯᠠᠪᠠ᠃
ᠬᠥᠮᠦᠨ᠎ᠦ ᠲᠠᠯᠠᠢ ᠬᠦᠭᠵᠢᠶᠠᠨᠳᠤ ᠵᠠᠬ᠎ᠠ ᠲᠡᠯᠬᠡᠬᠦᠷ
ᠱᠢᠨᠵᠢᠶᠠᠩ᠎ᠤᠨ ᠴᠠᠩ ᠵᠶ᠋ᠢ ᠵᠧᠦ᠍᠎ᠶ᠋ᠢᠨ ᠹᠦ᠋ ᠺᠠᠩ ᠬᠤᠳᠠ᠎ᠶ᠋ᠢᠨ ᠬᠢᠯᠢ᠎ᠳᠡᠬᠢ ᠲᠩᠷᠢ ᠠᠭᠤᠯᠠ᠎ᠶ᠋ᠢᠨ ᠲᠢᠶᠠᠨ ᡂᠢ ᠦᠵᠡᠮᠵᠢ ᠶ᠋ᠢᠨ ᠣᠷᠣᠨ᠎ᠳᠤ ᠡᠪᠡᠰᠦ ᠮᠣᠳᠣ ᠬᠥᠬᠡᠷᠡᠵᠦ᠍᠂ ᠦᠵᠡᠰᠭᠦᠯᠡᠩᠲᠦ ᠰᠠᠢᠬᠠᠨ ᠠᠭᠤᠯᠠ ᠤᠰᠤᠨ ᠤ ᠦᠵᠡᠮᠵᠢ ᠵᠢᠷᠤᠭ᠎ᠢ ᠪᠦᠷᠢᠯᠳᠦᠭᠦᠯᠪᠡ᠃
《ᠣᠬᠣᠷ ᠸᠢᠳᠢᠣ᠋᠎ᠶ᠋ᠢᠨ ᠲᠠᠪᠴᠠᠩ ᠳᠡᠭᠡᠷ᠎ᠡ ᠡᠴᠡ ᠲᠩᠷᠢ ᠠᠭᠤᠯᠠ᠎ᠶ᠋ᠢᠨ ᠲᠢᠶᠠᠨ ᡂᠢ ᠵᠢᠨ ᠡᠳᠡᠭᠡᠳ ᠭᠣᠶᠣ ᠦᠵᠡᠮᠵᠢ᠎ᠶ᠋ᠢ ᠬᠠᠷᠠᠵᠤ ᠪᠠᠢᠬᠰᠠᠨ᠂ ᠥᠨᠥᠳᠦᠷ ᠪᠠᠶ᠎ᠠ ᠪᠡᠷ᠎ᠢᠶᠡᠨ ᠢᠷᠡᠵᠤ ᠨᠢᠳᠤ ᠪᠡᠷ ᠢᠶᠡᠨ ᠦᠵᠡᠵᠦ᠂ ᠡᠬᠡ ᠪᠠᠢᠭᠠᠯᠢ᠎ᠶ᠋ᠢᠨ ᠭᠠᠢᠬᠠᠮᠰᠢᠭ᠎ᠢ ᠮᠡᠳᠡᠷᠡᠪᠡ》 ᠭᠡᠵᠦ᠍ ᠱᠠᠨᠰᠢ᠎ᠶ᠋ᠢᠨ ᠰᠢ ᠠᠨ ᠤ᠋ ᠸᠠᠩ ᠠᠪᠤᠭᠠᠢ ᠬᠡᠯᠡᠪᠡ᠃
ᠡᠨᠡ ᠬᠦ᠌ ᠠᠮᠠᠷᠠᠯᠲᠠ ᠶ᠋ᠢᠨ ᠬᠤᠭᠤᠴᠠᠭᠠᠨ᠎ᠳᠤ᠂ ᠬᠥᠮᠦᠰ ᠬᠡᠷ᠎ᠡᠴᠡ᠎ᠪᠡᠨ ᠭᠠᠷᠴᠤ᠌ ᠬᠠᠪᠤᠷ᠎ᠤᠨ ᠰᠠᠢᠬᠠᠨ ᠦᠵᠡᠮᠵᠢ ᠶ᠋ᠢ ᠰᠣᠨᠢᠷᠬᠠᠨ᠂ ᠠᠶᠠᠨ ᠵᠠᠮ ᠳᠠᠭᠠᠨ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠭᠣᠢᠳᠠ ᠰᠠᠢᠬᠠᠨ ᠢ ᠮᠡᠳᠡᠷᠡᠪᠡ᠃
ᠵᠠᠮ ᠬᠠᠷᠢᠯᠴᠠᠭ᠎ᠠ ᠲᠡᠭᠡᠭᠡᠪᠦᠷᠢ ᠶ᠋ᠢᠨ ᠶᠠᠮᠤᠨ ᠤ ᠵᠢᠱ᠌ᠢᠭ᠌ᠰᠡᠨ ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ᠂ ᠡᠨᠡ ᠵᠢᠯ ᠦᠨ 《5·1》 ᠤ᠋ ᠠᠮᠠᠷᠠᠯᠲᠠ᠎ᠶ᠋ᠢᠨ ᠬᠤᠭᠤᠴᠠᠭᠠᠨ᠎ᠳᠤ᠂ ᠪᠥᠬᠥ᠌ ᠨᠡᠢᠭᠡᠮ᠎ᠦᠨ ᠣᠷᠣᠨ ᠪᠦᠰᠡ ᠠᠯᠤᠰᠯᠠᠭ᠍ᠰᠠᠨ ᠬᠥᠮᠦᠰ᠎ᠦᠨ ᠨᠠᠭᠠᠰᠢ ᠴᠠᠭᠠᠰᠢ ᠶᠠᠪᠤᠬᠰᠠᠨ ᠬᠡᠮᠵᠢᠶ᠎ᠡ ᠵᠢᠱ᠌ᠢᠯᠲᠡ᠎ᠪᠡᠷ 15.2 ᠳ᠋ᠦᠩᠱᠢᠭᠤᠷ ᠬᠥᠮᠦᠨ ᠤᠳᠠᠭ᠎ᠠ᠎ᠶ᠋ᠢ ᠳᠠᠪᠠᠵᠤ᠂ ᠡᠳᠦᠷ ᠳᠤᠮᠳᠠᠴᠢ᠎ᠪᠠᠷ 3.05 ᠳ᠋ᠦᠩᠱᠢᠭᠤᠷ ᠬᠥᠮᠦᠨ ᠤᠳᠠᠭ᠎ᠠ᠎ᠶ᠋ᠢ ᠳᠠᠪᠠᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 4% ᠪᠡᠷ ᠨᠡᠮᠡᠭ᠌ᠳᠡᠵᠦ᠍᠂ ᠲᠡᠦᠬᠡ᠎ᠶ᠋ᠢᠨ ᠠᠳᠠᠯᠢ ᠬᠤᠭᠤᠴᠠᠭᠠᠨ᠎ᠤ ᠱᠢᠨ᠎ᠡ ᠲᠡᠮᠳᠡᠭ᠌ᠯᠡᠯ᠎ᠢ ᠡᠭᠦᠳᠬᠦ᠌ ᠪᠤᠯᠤᠮᠵᠢ ᠲᠠᠢ᠃
ᠠᠮᠠᠷᠠᠯᠲᠠ᠎ᠶ᠋ᠢᠨ ᠬᠤᠭᠤᠴᠠᠭᠠᠨ᠎ᠳᠤ᠂ ᠾᠸᠩ ᠴᠢᠨ ᠬᠢᠯᠢ᠎ᠶ᠋ᠢᠨ ᠪᠣᠭᠣᠮᠲᠠ 《5·1》 ᠤ᠋ ᠶᠠᠭᠠᠷᠠᠯᠲᠠᠢ ᠬᠤᠭᠤᠴᠠᠭ᠎ᠠ ᠪᠡᠨ ᠤᠭ᠍ᠲᠤᠨ ᠠᠪᠤᠯ᠎ᠠ᠃
《 ᠠᠮᠠᠷᠠᠯᠲᠠ᠎ᠶ᠋ᠢᠨ ᠬᠤᠭᠤᠴᠠᠭᠠᠨ᠎ᠳᠤ ᠳᠣᠲᠣᠷ᠎ᠠ ᠭᠠᠵᠠᠷ᠎ᠤᠨ ᠰᠠᠭᠤᠭᠠᠯᠢ ᠠᠷᠠᠳ ᠣᠣᠮᠧᠨ᠎ᠳᠦ ᠬᠦᠷᠴᠦ ᠵᠢᠭᠤᠯᠴᠢᠯᠠᠬᠤ ᠤᠷᠮ᠎ᠠ ᠰᠡᠳᠬᠢᠯᠬᠡ ᠤᠷᠬᠢᠯᠵᠤ᠂ ᠱᠢᠶᠠᠩᠭᠠᠩ ᠣᠣᠮᠧᠨ᠎ᠦ ᠰᠠᠭᠤᠭᠠᠯᠢ ᠠᠷᠠᠳ ᠤᠮᠠᠷᠠᠰᠢ ᠮᠣᠷᠳᠠᠨ ᠲᠦᠷᠦᠯ ᠰᠠᠳᠤᠨ᠎ᠢᠶᠠᠨ ᠡᠷᠬᠢᠨ ᠦᠵᠡᠬᠦ᠌ ᠪᠠ ᠬᠡᠷᠡᠭ᠌ᠯᠡᠭᠡ ᠵᠢᠨ ᠬᠡᠷᠡᠭ᠌ᠴᠡᠭᠡ ᠵᠡᠷᠭᠡ ᠪᠡᠷ ᠢᠯᠡᠷᠡᠪᠡ᠃ 5 ᠰᠠᠷ᠎ᠠ ᠶ᠋ᠢᠨ 2 ᠤ᠋ᠨ ᠡᠳᠦᠷ᠂ ᠾᠧᠩ ᠴᠢᠨ ᠬᠢᠯᠢ ᠵᠢᠨ ᠪᠣᠭᠣᠮᠲᠠ᠎ᠶ᠋ᠢᠨ ᠬᠢᠯᠢ᠎ᠪᠡᠷ ᠣᠷᠣᠵᠤ ᠭᠠᠷᠬᠤ ᠠᠶᠠᠨᠴᠢᠳ᠎ᠤᠨ ᠲᠤᠭ᠎ᠠ 14.8 ᠲᠦᠮᠡᠨ ᠬᠥᠮᠦᠨ ᠤᠳᠠᠭ᠎ᠠ᠎ᠳᠤ ᠬᠦᠷᠴᠦ᠍᠂ ᠨᠢᠳᠤᠨᠤᠨ ᠤ ᠠᠳᠠᠯᠢ ᠬᠤᠭᠤᠴᠠᠭᠠᠨ᠎ᠤ᠎ᠬᠢ᠎ᠡᠴᠡ 15.1% ᠪᠠᠷ ᠨᠡᠮᠡᠭ᠌ᠳᠡᠵᠦ᠍᠂ ᠭᠠᠭ᠍ᠴᠠ ᠡᠳᠦᠷ᠎ᠦᠨ ᠠᠶᠠᠨᠴᠢᠳ᠎ᠤᠨ ᠲᠤᠭ᠎ᠠ ᠵᠢᠨ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠪᠡ》 ᠭᠡᠵᠦ ᠾᠧᠩ ᠴᠢᠨ ᠬᠢᠯᠢ᠎ᠶ᠋ᠢᠨ ᠪᠠᠢᠴᠠᠭᠠᠯᠲᠠ᠎ᠶ᠋ᠢᠨ ᠥᠷᠲᠡᠭᠡᠨ᠎ᠦ ᠠᠵᠢᠯᠲᠠᠨ ᠰᠤᠷᠪᠤᠯᠵᠢᠯᠠᠭ᠍ᠴᠢ᠎ᠳᠤ ᠬᠡᠯᠡᠪᠡ᠃
ᠬᠡᠷᠡᠭ᠌ᠴᠡᠭᠡ᠎ᠪᠡᠷ ᠤᠳᠤᠷᠢᠳᠤᠮᠵᠢ ᠪᠣᠯᠭᠠᠵᠤ᠂ ᠣᠯᠠᠨ ᠡᠱᠢᠵᠢᠭ᠌ᠰᠡᠨ ᠵᠠᠮ ᠬᠠᠷᠢᠯᠴᠠᠭᠠᠨ᠎ᠤ ᠬᠠᠩᠭᠠᠯᠭ᠎ᠠ ᠨᠢ 《ᠵᠠᠮ ᠬᠠᠷᠢᠯᠴᠠᠭ᠎ᠠ ᠵᠢᠭᠤᠯᠴᠢᠯᠠᠯ ᠤᠨ ᠠᠭᠤᠰᠤᠯᠴᠠᠯ》 ᠤ᠋ᠨ ᠦᠷᠡᠵᠢᠭᠦᠯᠬᠦ ᠦᠶ᠋ᠯᠡᠳᠦᠯ ᠢ ᠪᠠᠳᠠᠷᠠᠭᠤᠯᠪᠠ᠃
ᠵᠠᠮ ᠬᠠᠷᠢᠯᠴᠠᠭ᠎ᠠ ᠲᠡᠭᠡᠭᠡᠪᠦᠷᠢ ᠶ᠋ᠢᠨ ᠶᠠᠮᠤᠨ ᠤ ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ᠂ 4 ᠰᠠᠷ᠎ᠠ᠎ᠶ᠋ᠢᠨ 27 ᠡᠴᠡ 5 ᠰᠠᠷ᠎ᠠ᠎ᠶ᠋ᠢᠨ 3 ᠤ᠋ ᠡᠳᠦᠷ ᠪᠣᠯᠲᠠᠯ᠎ᠠ᠂ ᠤᠯᠤᠰ᠎ᠤᠨ ᠲᠡᠮᠦᠷ ᠵᠠᠮ᠎ᠤᠨ ᠲᠡᠭᠡᠭᠡᠪᠦᠷᠢᠯᠡᠭᠰᠡᠨ ᠪᠠᠷᠠᠭ᠎ᠠ ᠵᠢᠨ ᠬᠡᠮᠵᠢᠶ᠎ᠡ 8080.1 ᠲᠦᠮᠡᠨ ᠲᠣᠨ᠎ᠳᠤ ᠬᠦᠷᠴᠦ᠍᠂ ᠲᠡᠭᠡᠷ᠎ᠡ ᠨᠢᠬᠡ ᠠᠳᠠᠯᠢ ᠬᠤᠭᠤᠴᠠᠭᠠᠨ ᠤ᠎ᠬᠢ᠎ᠡᠴᠡ 1.63% ᠪᠠᠷ ᠨᠡᠮᠡᠭ᠌ᠳᠡᠪᠡ; ᠬᠢᠨᠠᠨ ᠬᠡᠮᠵᠢᠭ᠌ᠰᠡᠨ ᠭᠠᠷᠠᠮ ᠤᠨ ᠪᠠᠷᠠᠭ᠎ᠠ ᠣᠷᠣᠭᠤᠯᠵᠤ ᠭᠠᠷᠭᠠᠭ᠍ᠰᠠᠨ ᠬᠡᠮᠵᠢᠶ᠎ᠡ 27823.4 ᠲᠦᠮᠡᠨ ᠲᠣᠨ ᠳᠤ ᠬᠦᠷᠴᠦ᠍᠂ ᠲᠡᠭᠡᠷ᠎ᠡ ᠨᠢᠬᠡ ᠠᠳᠠᠯᠢ ᠬᠤᠭᠤᠴᠠᠭᠠᠨ᠎ᠤ᠎ᠬᠢ᠎ᠡᠴᠡ 7.64 % ᠪᠡᠷ ᠨᠡᠮᠡᠭ᠌ᠳᠡᠪᠡ᠃
ᠠᠮᠠᠷᠠᠯᠲᠠ᠎ᠶ᠋ᠢᠨ ᠡᠳᠦᠷ᠎ᠦᠨ ᠬᠡᠷᠡᠭ᠌ᠯᠡᠭᠡ ᠨᠢ ᠬᠥᠭ᠌ᠵᠢᠯᠲᠡ᠎ᠶ᠋ᠢᠨ ᠬᠥᠳᠡᠯᠭᠡᠬᠦ ᠡᠨᠧᠷᠭᠢ ᠶ᠋ᠢ ᠬᠠᠷᠠᠭᠤᠯᠪᠠ
ᠠᠮᠠᠷᠠᠯᠲᠠ᠎ᠶ᠋ᠢᠨ ᠬᠤᠭᠤᠴᠠᠭᠠᠨ᠎ᠤ ᠠᠩᠬᠠᠨ᠎ᠤ ᠡᠳᠦᠷ᠂ ᠪᠡᠭᠡᠵᠢᠩ᠎ᠦᠨ ᠴᠤᠤᠶᠠᠩ ᠴᠡᠴᠡᠷᠯᠢᠭ᠎ᠲᠦ ᠪᠠᠢᠷᠢᠯᠠᠭ᠎ᠠ HEYTEA ᠳᠡᠯᠭᠡᠭᠦᠷ ᠲᠤ᠌ ᠬᠦᠮᠦᠨ ᠤᠯᠠᠨ ᠴᠤᠭᠯᠠᠷᠠᠵᠤ᠂ ᠪᠠᠢᠭᠠᠯᠢᠯᠢᠭ ᠮᠣᠳᠣᠨ ᠮᠠᠲ᠋ᠧᠷᠢᠶᠠᠯ᠎ᠢᠶᠠᠷ ᠪᠠᠢᠭᠤᠯᠤᠭᠰᠠᠨ ᠬᠡᠦᠬᠡᠳ᠎ᠦᠨ ᠰᠣᠨᠢᠷᠬᠠᠯᠲᠤ ᠴᠠᠢ ᠤᠤᠭᠤᠬᠤ ᠣᠷᠣᠨ ᠵᠠᠢ ᠨᠢ ᠮᠠᠰᠢ ᠤᠯᠠᠠ ᠬᠡᠷᠡᠭ᠌ᠯᠡᠭ᠌ᠴᠢᠳ᠎ᠤᠨ ᠠᠩᠬᠠᠷᠤᠯ᠎ᠢ ᠲᠠᠲᠠᠭᠰᠠᠨ ᠪᠠᠢᠨ᠎ᠠ᠃
《ᠡᠨᠡ ᠵᠢᠯ᠎ᠦᠨ〈5·1〉 ᠤ᠋ ᠠᠮᠠᠷᠠᠯᠲᠠ᠎ᠳᠤ ᠮᠠᠰᠢ ᠣᠯᠠᠨ ᠭᠠᠵᠠᠷ᠎ᠤᠨ᠎ᠬᠢᠨ ᠬᠠᠪᠤᠷ᠎ᠤᠨ ᠠᠮᠠᠷᠠᠯᠲᠠ ᠲᠠᠯᠪᠢᠵᠤ᠂ ᠴᠥᠭᠡᠨ ᠪᠤᠰᠤ ᠭᠠᠳᠠᠨ᠎ᠠ ᠣᠷᠣᠨ ᠤ ᠵᠢᠭᠤᠯᠴᠢᠯᠠᠭᠰᠡᠳ ᠬᠡᠦᠬᠡᠳ᠎ᠢᠶᠡᠨ ᠳᠠᠭᠠᠭᠤᠯᠤᠨ ᠬᠦᠷᠢᠶᠡᠯᠡᠩ᠎ᠳᠦ ᠢᠷᠡᠵᠦ᠍ ᠨᠠᠭᠠᠳᠴᠤ᠌᠂ ᠪᠢᠳᠡᠨ ᠤ ᠱᠢᠨ᠎ᠡ ᠰᠣᠷᠭᠣᠭ ᠵᠢᠮᠢᠰ᠎ᠦᠨ ᠴᠠᠶ᠎ᠶ᠋ᠢᠨ ᠱᠢᠷᠢᠰ ᠤᠮᠳᠠᠭᠠᠨ᠎ᠨᠢ ᠮᠠᠰᠢ ᠬᠦᠷᠢᠶᠡᠯᠡᠯ᠎ᠲᠡᠶ ᠪᠠᠢᠨ᠎ᠠ》 ᠭᠡᠵᠦ᠍ POP MART ᠬᠤᠲᠠ ᠵᠢᠨ ᠴᠡᠩᠭᠡᠯ᠎ᠲᠤ ᠬᠦᠷᠢᠶᠡᠯᠡᠩ᠎ᠳᠡᠬᠢ HEYTEA ᠳᠡᠯᠭᠡᠭᠦᠷ᠎ᠦᠨ ᠵᠢᠵᠢᠭᠦᠷ ᠳᠠᠭᠠᠭᠠᠮᠠᠯ ᠵᠤᠤ ᠪᠢᠩ ᠬᠡᠯᠡᠪᠡ᠃
ᠬᠤᠳᠠᠯᠳᠤᠭᠠᠨ᠎ᠤ ᠶᠠᠪᠤᠳᠠᠯ᠎ᠤᠨ ᠶᠠᠮᠤᠨ ᠤ ᠬᠤᠳᠠᠯᠳᠤᠭᠠᠨ᠎ᠤ ᠶᠠᠪᠤᠳᠠᠯ᠎ᠤᠨ ᠲᠣᠮᠣ ᠳ᠋ᠠᠢᠲ᠋ᠠ᠎ᠶ᠋ᠢᠨ ᠬᠢᠨᠠᠨ ᠬᠡᠮᠵᠢᠯᠲᠡ᠎ᠶ᠋ᠢ ᠦᠨᠳᠦᠰᠦᠯᠡᠪᠡᠯ᠂ 5 ᠰᠠᠷ᠎ᠠ᠎ᠶ᠋ᠢᠨ 1 ᠡᠴᠡ 4 ᠤ᠋ ᠡᠳᠦᠷ ᠪᠣᠯᠲᠠᠯ᠎ᠠ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠭᠤᠤᠯᠳᠠᠯᠭ᠎ᠠ᠎ᠲᠠᠶ ᠬᠢᠨᠠᠨ ᠬᠡᠮᠵᠢᠭ᠌ᠰᠡᠨ 78 ᠶᠠᠪᠠᠭᠠᠨ ᠵᠡᠭᠡᠯᠢ (ᠬᠤᠳᠠᠯᠳᠤᠭᠠᠨ᠎ᠤ ᠲᠣᠭᠣᠷᠢᠭ) ᠶ᠋ᠢᠨ ᠬᠡᠷᠡᠭᠯᠡᠭᠴᠢᠳ᠎ᠤᠨ ᠲᠣᠭ᠎ᠠ᠂ ᠡᠵᠡᠩᠨᠡᠯᠲᠡ᠎ᠶ᠋ᠢᠨ ᠬᠡᠮᠵᠢᠶ᠎ᠡ᠎ᠨᠢ ᠨᠢᠳᠤᠨᠤᠨ᠎ᠤ ᠠᠳᠠᠯᠢ ᠬᠤᠭᠤᠴᠠᠭᠠᠨ ᠤ ᠬᠢ᠎ᠡᠴᠡ ᠲᠣᠰ ᠲᠣᠰ 5.0%᠂ 5.3% ᠪᠠᠷ ᠨᠡᠮᠡᠭ᠌ᠳᠡᠪᠡ᠃ ᠴᠤᠤᠷᠢᠶ᠎ᠠ ᠠᠮᠢᠳᠤᠷᠠᠯ ᠤᠨ ᠦᠶ᠋ᠯᠡᠴᠢᠯᠡᠭᠡᠨ᠎ᠦ ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ᠂ ᠠᠮᠠᠷᠠᠯᠲᠠ᠎ᠶ᠋ᠢᠨ ᠬᠤᠭᠤᠴᠠᠭᠠᠨ᠎ᠳᠤ ᠤᠯᠤᠰ᠎ᠤᠨ ᠳᠣᠲᠣᠭᠠᠳᠤ᠎ᠶ᠋ᠢᠨ ᠵᠣᠴᠢᠳ᠎ᠤᠨ ᠪᠠᠭᠤᠳᠠᠯ ᠤᠨ ᠴᠤᠤᠷᠢᠶ᠎ᠠ ᠲᠡᠭᠡᠷ᠎ᠡ ᠪᠥᠭᠡᠮ ᠢᠶᠡᠷ ᠬᠤᠳᠠᠯᠳᠤᠨ ᠠᠪᠤᠭ᠍ᠰᠠᠨ ᠪᠣᠷᠣᠯᠠᠭᠤᠯᠭ᠎ᠠ᠎ᠶ᠋ᠢᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ᠎ᠬᠢ᠎ᠡᠴᠡ 86% ᠪᠠᠷ ᠨᠡᠮᠡᠭ᠌ᠳᠡᠵᠦ᠍᠂ ᠡᠷᠡᠭᠦᠯᠵᠢᠯ ᠰᠤᠪᠢᠯᠠᠯᠲᠠ ᠵᠤᠭ᠎ᠠ ᠰᠡᠯᠡᠭᠦᠴᠡᠯ ᠦᠨ ᠲᠥᠷᠥᠯ᠎ᠦᠨ ᠪᠣᠷᠣᠯᠠᠭᠤᠯᠭ᠎ᠠ᠎ᠶ᠋ᠢᠨ ᠬᠡᠮᠵᠢᠶ᠎ᠡ᠎ᠨᠢ ᠪᠠᠶᠠᠷ᠎ᠤᠨ ᠡᠳᠦᠷ᠎ᠡᠴᠡ ᠡᠮᠦᠨᠡᠬᠢ ᠡᠴᠡ ᠠᠷᠪᠠᠨ᠎ᠤ ᠲᠠᠪᠤᠨ ᠬᠤᠪᠢ ᠪᠡᠷ ᠨᠡᠮᠡᠭ᠌ᠳᠡᠪᠡ᠃
ᠡᠨᠡ ᠬᠦ᠌ ᠠᠮᠠᠷᠠᠯᠲᠠ᠎ᠶ᠋ᠢᠨ ᠬᠤᠭᠤᠴᠠᠭᠠᠨ᠎ᠳᠤ᠂ ᠨᠢᠭᠡ ᠪᠦᠯᠦᠭ 《ᠪᠡᠶᠡᠴᠢᠯᠡᠨ ᠣᠢᠯᠠᠭᠠᠬᠤ 》 ᠪᠡᠷ ᠭᠤᠤᠯ ᠪᠣᠯᠭᠠᠭ᠍ᠰᠠᠨ ᠱᠢᠨ᠎ᠡ ᠡᠵᠡᠩᠨᠡᠯᠲᠡ᠎ᠶ᠋ᠢᠨ ᠬᠡᠯᠪᠡᠷᠢ᠂ ᠱᠢᠨ᠎ᠡ ᠦᠵᠡᠭᠳᠡᠯ ᠪᠠᠢᠳᠠᠯ ᠡᠯ᠎ᠡ ᠭᠠᠵᠠᠷ᠎ᠲᠤ ᠥᠷᠨᠢᠨ ᠬᠥᠭ᠌ᠵᠢᠵᠦ᠍᠂ ᠬᠡᠷᠡᠭ᠌ᠯᠡᠭᠡᠨ᠎ᠦ ᠱᠢᠨ᠎ᠡ ᠤᠷᠤᠨ ᠵᠠᠢ ᠵᠢ ᠲᠠᠰᠤᠷᠠᠯᠲᠠ ᠥᠬᠡᠶ ᠬᠦᠭᠵᠢᠭᠡᠭᠰᠡᠨ ᠪᠠᠢᠨ᠎ᠠ᠃
ᠠᠮᠠᠷᠠᠯᠲᠠ᠎ᠶ᠋ᠢᠨ ᠬᠤᠭᠤᠴᠠᠭᠠᠨ᠎ᠳᠤ᠂ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠬᠠᠯᠠᠮᠱᠢᠯ ᠪᠠᠭᠤᠷᠠᠭᠰᠠᠨ ᠥᠬᠡᠶ ᠪᠠᠢᠵᠤ᠂ 《ᠱᠢᠨ᠎ᠡ ᠶ᠋ᠢ ᠰᠤᠯᠢᠬᠤ》 ᠬᠡᠷᠡᠭ᠌ᠴᠡᠭᠡ ᠪᠣᠯᠤᠨ ᠠᠵᠤ ᠦᠶ᠋ᠯᠡᠰ᠎ᠦᠨ ᠲᠠᠰ ᠳᠡᠪᠱᠢᠬᠦ᠌ ᠰᠠᠢᠨ ᠰᠠᠢᠬᠠᠨ ᠬᠦᠳᠡᠯᠦᠯᠴᠡᠬᠡ ᠵᠢ ᠠᠬᠢᠭᠤᠯᠵᠤ᠂ ᠬᠡᠷᠡᠭᠯᠡᠭᠡ᠎ᠵᠢᠨ ᠵᠠᠬ᠎ᠠ ᠳᠡᠯᠭᠡᠭᠦᠷ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠪᠠᠭ᠍ᠲᠠᠭᠠᠮᠵᠢ᠎ᠶ᠋ᠢ ᠥᠷᠭᠡᠳᠭᠡᠬᠦ᠌᠎ᠶ᠋ᠢ ᠠᠬᠢᠭᠤᠯᠪᠠ᠃
5 ᠰᠠᠷ᠎ᠠ᠎ᠶ᠋ᠢᠨ 2 ᠤ᠋ᠨ ᠡᠳᠦᠷ᠂ ᠱᠠᠩᠬᠠᠶ᠎ᠶ᠋ᠢᠨ ᠡᠸ᠋ ᠵᠢᠶᠤᠤ ᠲᠠᠯᠠᠪᠠᠢ᠎ᠵᠢᠨ ᠰᠤ᠌ ᠨᠢᠩ ᠢ ᠭᠸᠦ Max ᠳᠡᠯᠭᠡᠭᠦᠷ᠎ᠲᠦ ᠴᠥᠭᠡᠨ ᠪᠤᠰᠤ ᠵᠠᠯᠠᠭᠤᠴᠤᠳ AI ᠨᠢᠳᠦᠨ ᠱᠢᠯᠢ ᠲᠤᠷᠱᠢᠵᠤ ᠪᠠᠢᠯ᠎ᠠ᠃ ᠲᠠᠭᠤᠷᠢᠶᠠᠮᠠᠯ ᠵᠢᠷᠤᠭ ᠢ ᠳᠠᠪᠬᠤᠴᠠᠭᠤᠯᠵᠤ ᠳᠤᠭᠤᠶ ᠤᠨᠤᠬᠤ ᠪᠤᠶᠤ ᠠᠯᠬᠤᠬᠤ ᠦᠶᠡᠰ ᠲᠡᠭᠡᠨ ᠵᠠᠮᠴᠢᠯᠠᠯ ᠤᠨ ᠵᠠᠷᠯᠢᠭ ᠪᠠᠭᠤᠯᠭᠠᠪᠠᠯ᠂ ᠵᠠᠮ ᠱᠤᠭᠤᠮ ᠨᠢ ᠳᠠᠷᠤᠶ ᠨᠢᠳᠦᠨ ᠡᠮᠦᠨ᠎ᠡ ᠢᠯᠡᠷᠡᠳᠡᠭ᠃
《ᠣᠳᠣᠬᠠᠨ᠎ᠳᠤ AI ᠨᠢᠳᠦᠨ ᠱᠢᠯ ᠨᠢ ᠵᠠᠷᠯᠢᠭᠵᠢᠡᠷ ᠠᠶᠠᠨ ᠵᠠᠮ᠎ᠢ ᠲᠥᠯᠥᠪᠵᠢᠭᠦᠯᠬᠦ ᠵᠡᠷᠭᠡ ᠴᠢᠳᠠᠮᠵᠢ᠎ᠶ᠋ᠢ ᠨᠡᠢᠳᠡᠮ ᠳᠡᠭᠡᠨ ᠳᠡᠮᠵᠢᠳᠡᠭ ᠮᠦᠷᠲᠡᠭᠡᠨ 40 ᠡᠴᠡ 50 ᠭᠷᠠᠮ ᠯᠠ ᠬᠦᠨᠳᠦ ᠪᠠᠢᠵᠤ᠂ ᠨᠢᠭᠡᠨᠲᠡ ᠬᠠᠮᠤᠭ ᠤᠨ ᠠᠩᠬᠠᠨ᠎ᠤ ᠰᠢᠨ᠎ᠡ ᠵᠦᠢᠯ᠎ᠤᠨ ᠲᠣᠭ᠍ᠯᠠᠭᠠᠮ ᠪᠠᠢᠭ᠍ᠰᠠᠨ᠎ᠡᠴᠡ᠎ᠪᠠᠨ ᠢᠳᠡᠭ ᠢᠳᠡᠭ᠎ᠢᠶᠡᠷ ᠪᠣᠳᠠᠲᠤ ᠬᠡᠷᠡᠭᠯᠡᠭᠡᠨ᠎ᠦ ᠬᠠᠪᠰᠤᠷᠤᠭ᠍ᠴᠢ ᠪᠣᠯᠵᠣ᠂ ᠠᠮᠠᠷᠠᠯᠲᠠ᠎ᠶ᠋ᠢᠨ ᠬᠤᠭᠤᠴᠠᠭᠠᠨ᠎ᠳᠤ ᠲᠡᠭᠦᠨ᠎ᠢ ᠬᠤᠳᠠᠯᠳᠤᠨ ᠠᠪᠤᠭᠰᠠᠨ ᠵᠠᠯᠠᠭᠤᠴᠤᠳ ᠮᠠᠰᠢ ᠣᠯᠠᠨ ᠪᠠᠢᠯ᠎ᠠ》 ᠭᠡᠵᠦ ᠱᠠᠩᠬᠠᠶ ᠶ᠋ᠢᠨ ᠡᠦ ᠵᠢᠶᠤᠤ ᠲᠠᠯᠠᠪᠠᠶ᠎ᠶ᠋ᠢᠨ ᠰᠤ᠌ ᠨᠢᠩ ᠢ ᠭᠸᠦ Max ᠳᠡᠯᠭᠡᠭᠦᠷ᠎ᠦᠨ 3C ᠲᠥᠷᠥᠯ ᠦᠨ ᠪᠣᠷᠣᠯᠠᠭᠤᠯᠭ᠎ᠠ᠎ᠶ᠋ᠢᠨ ᠬᠠᠷᠢᠭᠤᠴᠠᠯᠭᠠᠲᠠᠨ ᠬᠡᠯᠡᠪᠡ᠃
ᠬᠤᠳᠠᠯᠳᠤᠭᠠᠨ᠎ᠤ ᠶᠠᠪᠤᠳᠠᠯ ᠤᠨ ᠶᠠᠮᠤᠨ᠎ᠤ ᠰᠠᠢᠳ᠎ᠤᠨ ᠲᠤᠰᠠᠯᠠᠭ᠍ᠴᠢ ᠵᠠᠩ ᠯᠢ᠂ ᠬᠡᠷᠡᠭᠯᠡᠭᠡ᠎ᠶ᠋ᠢᠨ ᠱᠢᠨ᠎ᠡ ᠡᠵᠡᠩᠨᠡᠯᠲᠡ᠎ᠶ᠋ᠢᠨ ᠬᠡᠯᠪᠡᠷᠢ ᠱᠢᠨ᠎ᠡ ᠬᠡᠪ ᠵᠠᠭ᠍ᠪᠤᠷ ᠱᠢᠨ᠎ᠡ ᠦᠵᠡᠭᠳᠡᠯ ᠪᠠᠢᠳᠠᠯ᠎ᠤᠨ ᠲᠤᠷᠱᠢᠯᠲᠠ᠎ᠶ᠋ᠢᠨ ᠴᠡᠭ ᠦᠨ ᠪᠠᠢᠭᠤᠯᠤᠯᠲᠠ᠎ᠶ᠋ᠢ ᠦᠷᠭᠦᠯᠵᠢᠯᠡᠨ ᠰᠠᠢᠲᠤᠷ ᠠᠳᠭᠤᠵᠤ᠂ ᠠᠩᠬ᠎ᠠ ᠲᠠᠷᠬᠠᠭᠠᠬᠤ ᠲᠠᠪᠴᠠᠩ᠂ ᠦᠶ᠋ᠯᠡᠴᠢᠯᠡᠭᠡ ᠬᠡᠷᠡᠭᠯᠡᠭᠡ ᠲᠥᠪᠯᠡᠷᠡᠭ᠌ᠰᠡᠨ ᠣᠷᠣᠨ ᠵᠡᠷᠭᠡ ᠠᠴᠢᠶᠠᠯᠠᠪᠤᠷᠢ᠎ᠶ᠋ᠢ ᠲᠦᠷᠭᠡᠳᠭᠡᠨ ᠪᠣᠢᠵᠢᠭᠤᠯᠵᠤ᠂ ᠨᠢᠭᠡ ᠪᠦᠯᠦᠭ ᠠᠷᠠᠯᠵᠢᠶ᠎ᠠ ᠬᠤᠳᠠᠯᠳᠤᠭ᠎ᠠ ᠰᠣᠶᠣᠯ ᠪᠡᠶ᠎ᠡ᠎ᠶ᠋ᠢᠨ ᠲᠠᠮᠢᠷ ᠡᠷᠡᠭᠦᠯ ᠮᠡᠨᠳᠦ᠍᠎ᠶ᠋ᠢᠨ ᠠᠭᠤᠰᠤᠯᠴᠠᠯ᠎ᠤᠨ ᠬᠡᠷᠡᠭᠯᠡᠭᠡ᠎ᠶ᠋ᠢᠨ ᠱᠢᠨ᠎ᠡ ᠦᠵᠡᠭᠳᠡᠯ ᠪᠠᠢᠳᠠᠯ᠎ᠢ ᠪᠣᠶ ᠪᠣᠯᠭᠠᠵᠤ᠂ ᠬᠡᠷᠡᠭᠯᠡᠭᠡ᠎ᠵᠢᠨ ᠬᠥᠳᠡᠯᠭᠡᠬᠦ᠌ ᠡᠨᠧᠷᠭᠢ᠎ᠶ᠋ᠢ ᠤᠯᠠᠮ ᠴᠢᠨᠠᠭᠰᠢᠳᠠ ᠬᠥᠭ᠌ᠵᠢᠭᠡᠨ᠎ᠡ ᠭᠡᠵᠦ ᠢᠯᠡᠳᠭᠡᠪᠡ᠃
ᠥᠷᠯᠥᠭᠡ ᠦᠳᠡᠰᠢ᠎ᠶ᠋ᠢ ᠲᠡᠮᠡᠴᠡᠨ ᠡᠷᠡᠮᠡᠬᠡᠢᠯᠡᠨ ᠤᠷᠤᠭ᠍ᠰᠢᠯᠠᠵᠤ ᠦᠨᠡᠨ ᠪᠣᠳᠠᠲᠠᠢ ᠠᠵᠢᠯᠯᠠᠨ᠎ᠠ
ᠲᠠᠪᠤᠨ ᠰᠠᠷ᠎ᠠ ᠳᠤ ᠡᠷᠡᠮᠡᠬᠡᠢᠯᠡᠨ ᠤᠷᠤᠭ᠍ᠰᠢᠯᠠᠵᠤ᠂ ᠬᠥᠳᠡᠯᠮᠦᠷᠢ᠎ᠪᠡᠷ ᠬᠦᠰᠡᠯ ᠵᠡᠭᠦᠳᠦ᠍᠎ᠪᠡᠨ ᠲᠡᠷᠭᠡᠯᠱᠢᠭᠦᠯᠦᠨ᠎ᠡ᠃ 《5·1》 ᠤ᠋ ᠠᠮᠠᠷᠠᠯᠲᠠ᠎ᠶ᠋ᠢᠨ ᠬᠤᠭᠤᠴᠠᠭᠠᠨ᠎ᠳᠤ᠂ ᠮᠠᠰᠢ ᠤᠯᠠᠨ ᠬᠦᠷᠢᠶᠡᠨ᠎ᠦ ᠬᠥᠳᠡᠯᠮᠦᠷᠢᠴᠢᠳ ᠮᠥᠨ ᠬᠦ᠌ ᠠᠵᠢᠯ ᠤᠨ ᠪᠠᠢᠷᠢ ᠳᠡᠭᠡᠷ᠎ᠡ᠎ᠪᠡᠨ ᠦᠭᠡ ᠳᠠᠭᠤᠨ ᠦᠭᠡᠢ᠎ᠪᠡᠷ ᠠᠵᠢᠯᠯᠠᠵᠤ᠂ ᠪᠣᠳᠠᠲᠠᠢ ᠠᠵᠢᠯᠯᠠᠬᠤ ᠡᠷᠴᠢ ᠵᠣᠷᠢᠭ᠎ᠢᠶᠠᠷ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠦᠨ ᠴᠢᠨᠠᠷ ᠰᠠᠢᠲᠠᠢ ᠬᠥᠭ᠌ᠵᠢᠯᠲᠡ᠎ᠳᠦ ᠬᠥᠳᠡᠯᠭᠡᠬᠦ᠌ ᠬᠦᠴᠦᠨ ᠨᠡᠮᠡᠷᠢᠯᠡᠪᠡ᠃
5 ᠰᠠᠷ᠎ᠠ᠎ᠶ᠋ᠢᠨ 3 ᠤ᠋ ᠥᠷᠯᠥᠭᠡ᠂ ᠭᠢᠷᠢᠨᠮᠤᠵᠢᠵᠢᠨ ᠴᠠᠩᠴᠦ᠋ᠨᠬᠤᠲᠠᠵᠢᠨ 66 ᠺᠢᠯᠦᠸᠤᠯᠲ᠎ᠤᠨ ᠬᠤᠤᠰ ᠴᠡᠴᠡᠭ᠌ᠲᠦ ᠬᠥᠬᠡᠭ᠌ᠴᠢᠨ ᠱᠤᠭᠤᠮ᠎ᠤᠨ T ᠵᠠᠯᠭᠠᠯᠲᠠ᠎ᠶ᠋ᠢᠨ ᠳᠥᠷᠪᠡᠨ ᠬᠦᠴᠦᠳᠡᠯ ᠥᠭᠡᠷᠡᠴᠢᠯᠡᠬᠦ᠌ ᠥᠷᠲᠡᠭᠡ᠎ᠶ᠋ᠢᠨ ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ ᠬᠡᠳᠦᠨ ᠠᠷᠪᠠᠨ ᠠᠵᠢᠯᠲᠠᠨ ᠲᠡᠮᠦᠷ ᠰᠤᠪᠤᠷᠭᠠᠨ ᠳᠡᠭᠡᠷ᠎ᠡ ᠭᠠᠷᠴᠤ᠌᠂ ᠭᠠᠵᠠᠷ ᠳᠡᠭᠡᠷᠡᠬᠢ ᠬᠥᠮᠦᠰ ᠶᠠᠷᠢᠯᠴᠠᠭᠤᠷ ᠪᠠᠷᠢᠵᠤ ᠭᠤᠯᠭᠤᠭᠤᠷ ᠲᠡᠷᠭᠡ᠎ᠶ᠋ᠢ ᠨᠢᠳᠤ ᠰᠠᠯᠭᠠᠯ ᠦᠬᠡᠢ ᠠᠩᠬᠠᠷᠴᠤ᠌᠂ ᠤᠲᠠᠰᠤ ᠲᠠᠯᠪᠢᠬᠤ ᠬᠤᠷᠳᠤᠴᠠ᠎ᠶ᠋ᠢ ᠲᠣᠬᠢᠷᠠᠭᠤᠯᠬᠤ᠎ᠳᠤ ᠬᠠᠮᠵᠢᠯᠴᠠᠨ᠎ᠠ᠃
《ᠣᠲᠣ ᠪᠣᠯ ᠶᠠᠭ ᠪᠥᠲᠥᠭᠡᠨ ᠪᠠᠢᠭᠤᠯᠵᠦ᠍ ᠪᠠᠢᠭ᠎ᠠ ᠱᠢᠵᠢᠷ ᠠᠯᠲᠠᠨ ᠴᠠᠭ ᠬᠤᠭᠤᠴᠠᠭ᠎ᠠ ᠪᠤᠯᠤᠨ᠎ᠠ᠂ ᠴᠠᠩᠴᠦ᠋ᠨᠦ ᠡᠪᠦᠯ᠎ᠦᠨ ᠤᠯᠠᠷᠢᠯ ᠤᠨ ᠲᠠᠮᠢᠷ᠎ᠤᠨ ᠴᠤᠭ᠍ᠯᠠᠭᠠᠨ᠎ᠤ ᠢᠵᠢ ᠪᠥᠷᠢᠳᠦᠭᠦᠯᠦᠭᠰᠡᠨ ᠴᠢᠬᠤᠯᠠ ᠲᠥᠷᠥᠯ ᠵᠦᠶ᠋ᠯ ᠪᠣᠯᠤᠭ᠍ᠰᠠᠨ ᠤ ᠬᠤᠪᠢ᠎ᠳᠤ᠂ ᠬᠦᠴᠦᠳᠡᠯ ᠥᠭᠡᠷᠡᠴᠢᠯᠡᠬᠦ᠌ ᠥᠷᠲᠡᠭᠡ ᠪᠠᠢᠭᠤᠯᠤᠭ᠍ᠳᠠᠭ᠍ᠰᠠᠨ᠎ᠤ ᠳᠠᠷᠠᠭ᠎ᠠ ᠲᠤᠬᠠᠶ᠎ᠶ᠋ᠢᠨ ᠭᠠᠵᠠᠷ᠎ᠤᠨ ᠴᠠᠨᠠᠯᠠᠯᠳᠠ ᠵᠢᠨ ᠲᠠᠯᠠᠪᠠᠶᠳ᠋ᠤ ᠪᠠᠳᠤ ᠨᠠᠢᠳᠠᠪᠤᠷᠢᠲᠠᠶ ᠴᠠᠬᠢᠯᠭᠠᠨ ᠬᠠᠩᠭᠠᠬᠤ ᠬᠠᠷᠢᠭᠤᠴᠠᠯᠭ᠎ᠠ᠎ᠶ᠋ᠢ ᠡᠭᠦᠷᠭᠡᠯᠡᠬᠦ᠌ ᠪᠣᠯᠤᠨ᠎ᠠ》 ᠭᠡᠵᠦ᠍ ᠤᠯᠤᠰ᠎ᠤᠨ ᠴᠠᠬᠢᠯᠭᠠᠨ ᠲᠣᠣᠷ᠎ᠤᠨ ᠺᠣᠮᠫᠠᠨᠢ᠎ᠶ᠋ᠢᠨ ᠴᠠᠩᠴᠦ᠋ᠨ ᠬᠤᠳᠠ᠎ᠶ᠋ᠢᠨ ᠱᠤᠸᠠᠩ ᠶᠠᠩ ᠲᠣᠭᠣᠷᠢᠭ᠎ᠤᠨ ᠴᠠᠬᠢᠯᠭᠠᠨ ᠬᠠᠩᠭᠠᠬᠤ ᠺᠣᠮᠫᠠᠨᠢ᠎ᠶ᠋ᠢᠨ ᠳᠠᠭᠠᠭᠠᠮᠠᠯ ᠯᠢ ᠴᠧᠨ ᠭᠤᠸᠠᠩ ᠬᠡᠯᠡᠪᠡ᠃
ᠬᠦᠷᠢᠶᠡᠯᠡᠩ ᠲᠣᠭᠣᠷᠢᠭ ᠪᠣᠯᠤᠨ ᠠᠵᠤ ᠠᠬᠤᠢᠯᠠᠯ᠎ᠳᠤ ᠣᠷᠣᠬᠤ᠎ᠳᠤ᠂ ᠠᠮᠠᠷᠠᠯᠲᠠ᠎ᠶ᠋ᠢᠨ ᠬᠤᠭᠤᠴᠠᠭᠠᠨ᠎ᠳᠤ ᠠᠵᠢᠯ᠎ᠤᠨ ᠪᠠᠢᠷᠢ᠎ᠪᠠᠨ ᠪᠠᠲᠤ ᠰᠠᠬᠢᠵᠤ ᠪᠠᠢᠭ᠎ᠠ ᠮᠠᠰᠢ ᠤᠯᠠᠨ ᠬᠥᠮᠦᠰ ᠶᠠᠭ ᠱᠢᠨ᠎ᠡ ᠵᠠᠬᠢᠶᠠᠯᠠᠭ᠎ᠠ᠎ᠶ᠋ᠢᠨ ᠬᠠᠭᠤᠳᠠᠰᠤ᠂ ᠱᠢᠨ᠎ᠡ ᠡᠭᠦᠷᠭᠡ ᠪᠠᠨ ᠪᠡᠶᠡᠯᠡᠬᠦᠯᠬᠦ ᠵᠢᠨ ᠲᠥᠯᠥᠭᠡ ᠮᠤᠨᠭᠭᠢᠨᠠᠵᠤ ᠪᠠᠢᠯ᠎ᠠ᠃
ᠠᠮᠠᠷᠠᠯᠲᠠ᠎ᠶ᠋ᠢᠨ 4 ᠳ᠋ᠤᠭᠡᠷ ᠡᠳᠦᠷ᠂ ᠭᠤᠸᠠᠩᠳᠦ᠋ᠩ᠎ᠦᠨ ᠱᠠᠨᠲ᠋ᠧᠦ ᠬᠣᠲᠠ᠎ᠶ᠋ᠢᠨ ᠵᠡᠷᠭᠡᠯᠡᠭᠡ ᠮᠣᠳᠣ ᠦᠶ᠋ᠯᠡᠳᠬᠦ᠌ ᠠᠵᠤ ᠠᠬᠤᠢᠯᠠᠯ ᠭᠤᠤ ᠳ᠋ᠧ ᠰᠧ ᠨᠠᠷᠢᠯᠢᠭ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠦᠨ ᠬᠢᠵᠠᠭᠠᠷᠲᠤ ᠺᠣᠮᠫᠠᠨᠢ᠎ᠳᠤ᠂ ᠬᠡᠪ ᠵᠠᠭ᠍ᠪᠤᠷ᠎ᠤᠨ ᠢᠨᠵᠧᠨᠧᠷᠨᠡᠷ ᠶᠠᠭ ᠬᠡᠷᠡᠭᠯᠡᠭᠴᠢᠳ ᠦᠨ ᠬᠠᠩᠭᠠᠭ᠍ᠰᠠᠨ ᠦᠶ᠋ᠯᠡᠳᠬᠦᠨ ᠦ ᠡᠬᠡ ᠵᠢᠷᠤᠭ ᠢ ᠵᠢᠷᠤᠮᠵᠢᠭ᠍ᠰᠠᠨ ᠢᠨᠵᠧᠨᠧᠷᠢᠩ ᠦᠨ ᠠᠵᠢᠯ᠎ᠤᠨ ᠵᠢᠷᠤᠭ ᠪᠣᠯᠭᠠᠨ ᠬᠤᠪᠢᠷᠠᠭᠤᠯᠵᠤ ᠪᠠᠢᠯ᠎ᠠ᠃
《ᠡᠨᠡ ᠵᠢᠯ᠎ᠡᠴᠡ ᠨᠠᠭᠠᠰᠢ᠂ ᠤᠯᠤᠰ ᠤᠨ ᠳᠣᠲᠣᠭᠠᠳᠤ ᠭᠠᠳᠠᠭᠠᠳᠤ᠎ᠶ᠋ᠢᠨ ᠵᠠᠬ᠎ᠠ ᠳᠡᠯᠭᠡᠭᠦᠷ᠎ᠦᠨ ᠬᠡᠷᠡᠭ᠌ᠴᠡᠭᠡ ᠮᠠᠰᠢ ᠶᠡᠬᠡ ᠪᠠᠢᠵᠤ᠂ ᠺᠣᠮᠫᠠᠨᠢ ᠨᠢ ᠪᠣᠬᠢᠷᠲᠤᠯ ᠭᠠᠳᠠᠭ᠍ᠰᠢᠯᠠᠭᠤᠯᠬᠤ ᠶᠠᠪᠤᠴᠠ᠎ᠶ᠋ᠢ ᠱᠢᠯᠢᠳᠡᠭ᠌ᠵᠢᠭᠦᠯᠬᠦ᠌᠂ ᠶᠠᠰᠤ ᠴᠢᠨᠠᠷ᠎ᠤᠨ ᠬᠠᠮᠢᠶᠠᠷᠤᠯᠲᠠ ᠡᠵᠡᠮᠳᠡᠯ ᠢ ᠴᠢᠩᠭᠠᠳᠭᠠᠬᠤ᠎ᠪᠠᠷ ᠳᠠᠮᠵᠢᠨ᠂ ᠠᠮᠠᠷᠠᠯᠲᠠ᠎ᠶ᠋ᠢᠨ ᠬᠤᠭᠤᠴᠠᠭᠠᠨ ᠳᠤ ᠵᠡᠷᠭᠡᠯᠡᠭᠡ ᠮᠣᠳᠣ ᠵᠢ ᠡᠳᠦᠷ ᠳᠤᠮᠳᠠᠴᠢ᠎ᠪᠡᠷ 4000 ᠲᠦᠮᠡ ᠭᠠᠷᠤᠢ ᠦᠢᠯᠡᠳᠪᠦᠷᠢᠯᠡᠵᠦ᠍᠂ ᠬᠣᠶᠠᠳᠤᠭᠠᠷ ᠤᠯᠠᠷᠢᠯ ᠤᠨ ᠦᠢᠯᠡᠳᠪᠦᠷᠢᠯᠡᠯ᠎ᠤᠨ ᠴᠢᠳᠠᠪᠤᠷᠢ᠎ᠶ᠋ᠢ ᠢᠯᠡᠷᠡᠭᠦᠯᠬᠦ᠌ ᠪᠠ ᠪᠦᠬᠦ᠌ ᠵᠢᠯ᠎ᠦᠨ ᠬᠠᠷᠠᠯᠲᠠ᠎ᠶ᠋ᠢ ᠪᠡᠶᠡᠯᠡᠭᠦᠯᠬᠦ᠌᠎ᠳᠦ ᠰᠠᠭᠤᠷᠢ ᠵᠢ ᠲᠠᠯᠪᠢᠪᠠ》 ᠭᠡᠵᠦ᠍ ᠺᠣᠮᠫᠠᠨᠢ᠎ᠶ᠋ᠢᠨ ᠨᠠᠮ᠎ᠤᠨ ᠡᠭᠦᠷ᠎ᠦᠨ ᠱᠦᠵᠢ ᠴᠧᠨ ᠢ ᠱᠧᠩ ᠬᠡᠯᠡᠪᠡ᠃
ᠠᠮᠠᠷᠠᠯᠲᠠ ᠶ᠋ᠢᠨ ᠬᠤᠭᠤᠴᠠᠭᠠᠨ ᠳᠤ᠂ ᠳᠤᠮᠳᠠᠳᠤ᠎ᠶ᠋ᠢᠨ ᠡᠬᠡ ᠭᠠᠵᠠᠷ᠎ᠲᠤ ᠭᠠᠵᠠᠷ ᠪᠤᠯᠭᠠᠨ ᠳ᠋ᠤ ᠶᠠᠭᠠᠷᠠᠯᠲᠠᠢ ᠠᠵᠢᠯᠯᠠᠬᠤ ᠪᠠᠢᠳᠠᠯ ᠬᠠᠷᠠᠭᠳᠠᠨ᠎ᠠ —
ᠬᠠᠷᠠᠮᠥ᠋ᠷᠡᠨ᠎ᠳᠦ᠂ ᠲᠤᠮᠤ ᠴᠢᠷᠬᠦ ᠬᠦᠴᠦᠨ ᠦ ᠪᠤᠬ᠎ᠠ ᠲᠡᠷᠭᠡ ᠬᠦᠪᠡᠭᠡ ᠬᠢᠵᠠᠭᠠᠷ ᠦᠭᠡᠢ ᠦᠷᠬᠦᠯᠵᠢᠯᠡᠭᠰᠡᠨ ᠬᠠᠷ᠎ᠠ ᠬᠥᠷᠥᠰᠥᠨ ᠲᠤᠮᠳᠠᠭᠤᠷ ᠨᠠᠭᠠᠰᠢ ᠴᠠᠭᠠᠰᠢ ᠰᠦᠯᠵᠢᠯᠳᠦᠵᠦ᠍᠂ ᠰᠡᠭᠦᠳᠡᠷᠯᠡᠬᠦ᠌ ᠮᠠᠱᠢᠨ ᠨᠢ ᠬᠠᠪᠤᠷ᠎ᠤᠨ ᠲᠠᠷᠢᠶᠠᠨ ᠴᠢᠬᠢ᠎ᠶ᠋ᠢᠨ ᠤᠷᠭᠤᠯᠲᠠ᠎ᠶ᠋ᠢ ᠠᠯᠤᠰ᠎ᠡᠴᠡ ᠬᠢᠨᠠᠨ ᠡᠵᠡᠮᠳᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠬᠠᠪᠤᠷ᠎ᠤᠨ ᠲᠠᠷᠢᠶᠠᠯᠠᠭᠠᠳ᠋ᠤ ᠲᠤᠰᠠᠯᠠᠨ᠎ᠠ;
ᠵᠧᠵᠢᠶᠠᠩ᠎ᠳᠤ᠂ ᠵᠣᠬᠢᠶᠠᠮᠠᠯ ᠤᠶᠤᠨ ᠴᠢᠳᠠᠪᠤᠷᠢ ᠶ᠋ᠢᠨ ᠠᠵᠤ ᠦᠢᠯᠡᠰ᠎ᠦᠨ ᠠᠮᠢ ᠠᠬᠤᠢ᠎ᠶ᠋ᠢ ᠲᠦᠷᠭᠡᠳᠬᠡᠨ ᠪᠠᠢᠭᠤᠯᠵᠤ᠂ ᠲᠤᠮᠤ ᠵᠠᠭ᠍ᠪᠤᠷ ᠤᠨ ᠪᠣᠯᠪᠠᠰᠤᠷᠠᠯ ᠪᠣᠯᠤᠨ ᠠᠵᠢᠯ ᠲᠦᠷᠦᠯ᠎ᠦᠨ ᠬᠡᠷᠡᠭᠯᠡᠭᠡ᠎ᠶ᠋ᠢ ᠵᠡᠷᠭᠡ᠎ᠪᠡᠷ ᠠᠬᠢᠭᠤᠯᠵᠤ᠂ ᠲᠣᠭᠠᠴᠢᠯᠠᠭ᠍ᠰᠠᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠦ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠨ᠎ᠠ;
ᠲᠢᠶᠠᠨᠵᠢᠨ ᠭᠠᠷᠠᠮ᠎ᠳᠤ᠂ ᠡᠯ᠎ᠡ ᠶᠡᠬᠡ ᠠᠵᠢᠯ᠎ᠤᠨ ᠲᠣᠭᠣᠷᠢᠭ ᠲᠤ᠌ ᠲᠣᠮᠣ ᠬᠥᠯᠭᠡ ᠣᠩᠭᠣᠴᠠ ᠡᠷᠬᠢ ᠵᠦᠭ ᠤᠢᠷᠠᠳᠴᠤ᠂ ᠱᠢᠨ᠎ᠡ ᠡᠨᠧᠷᠭᠢ ᠶ᠋ᠢᠨ ᠮᠠᠱᠢᠨ ᠲᠡᠷᠭᠡ᠂ ᠳᠡᠭᠡᠳᠦ ᠲᠠᠰ᠎ᠤᠨ ᠲᠣᠨᠣᠭ ᠲᠥᠬᠥᠭᠡᠷᠦᠮᠵᠢ᠂ ᠨᠠᠷᠢᠯᠢᠭ ᠬᠢᠮᠢ ᠶ᠋ᠢᠨ ᠠᠵᠤ ᠦᠶ᠋ᠯᠡᠳᠪᠦᠷᠢ᠎ᠶ᠋ᠢᠨ ᠦᠶ᠋ᠯᠡᠳᠬᠦᠨ ᠵᠡᠷᠭᠡ ᠡᠳ᠋ ᠪᠠᠷᠠᠭ᠎ᠠ ᠳᠠᠯᠠᠢ ᠵᠢᠨ ᠠᠶᠠᠯᠠᠯ ᠤᠨ ᠱᠤᠭᠤᠮᠵᠢᠡᠷ ᠳᠡᠯᠡᠬᠡᠶ ᠵᠢᠨ ᠡᠯ᠎ᠡ ᠭᠠᠵᠠᠷ᠎ᠢ ᠴᠢᠭᠯᠡᠨ ᠮᠤᠷᠳᠠᠨ᠎ᠠ ᠁
ᠡᠬᠢᠯᠡᠯᠲᠡ᠎ᠶ᠋ᠢᠨ ᠵᠢᠯ᠎ᠳᠦ ᠵᠠᠮ ᠨᠡᠭᠡᠭᠡᠵᠦ᠍᠂ ᠡᠷᠡᠯᠬᠡᠭᠯᠡᠨ ᠲᠡᠮᠡᠴᠡᠬᠦ᠌ ᠠᠶᠠᠨ ᠳ᠋ᠤ ᠭᠠᠪᠰᠢᠭᠠᠢᠯᠠᠨ ᠲᠡᠮᠡᠴᠡᠨ᠎ᠡ᠃
ᠬᠥᠮᠦᠨ᠎ᠦ ᠤᠷᠤᠰᠭᠠᠯ ᠲᠠᠪᠠᠯᠭᠠᠯᠠᠨ ᠪᠠᠷᠠᠭᠠᠨ ᠤ ᠭᠦᠢᠯᠭᠡᠭᠡ ᠨᠠᠭᠠᠰᠢ ᠴᠠᠭᠠᠰᠢ ᠰᠦᠯᠵᠢᠯᠳᠦᠵᠦ᠍᠂ ᠵᠠᠬ᠎ᠠ ᠳᠡᠯᠭᠡᠭᠦᠷ ᠦᠨ ᠬᠠᠯᠠᠮᠱᠢᠯ ᠬᠡᠷᠡᠭᠯᠡᠬᠡ ᠦᠷᠭᠦᠯᠵᠢᠯᠡᠨ ᠨᠡᠮᠡᠭ᠌ᠳᠡᠵᠦ᠍᠂ ᠡᠷᠡᠯᠬᠡᠭᠯᠡᠨ ᠲᠡᠮᠡᠴᠡᠵᠦ᠍ ᠪᠣᠳᠠᠲᠠᠢ ᠠᠵᠢᠯᠯᠠᠭ᠍ᠤ ᠠᠯᠬᠤᠭ᠎ᠠ ᠵᠤᠬ᠍ᠰᠤᠰᠢ ᠦᠭᠡᠢ ᠦᠷᠭᠦᠯᠵᠢᠯᠡᠨ᠎ᠡ ᠁ 《5·1》 ᠤ᠋ ᠠᠮᠠᠷᠠᠯᠲᠠ᠎ᠶ᠋ᠢᠨ ᠬᠤᠭᠤᠴᠠᠭᠠᠨ᠎ᠤ ᠡᠨᠡ ᠬᠦ᠌ ᠴᠤᠩᠬᠤᠪᠴᠢ ᠪᠡᠷ ᠳᠠᠮᠵᠢᠨ ᠠᠮᠢᠵᠢᠷᠠᠯ᠎ᠤᠨ ᠬᠦᠴᠦᠨ᠎ᠢᠶᠡᠷ ᠪᠢᠯᠬᠠᠬᠰᠠᠨ᠂ ᠡᠷᠡᠮᠡᠬᠡᠢᠯᠡᠨ ᠲᠠᠪᠱᠢᠬ᠍ᠰᠠᠨ ᠳᠤᠮᠳᠠᠳᠤ ᠤᠯᠤᠰ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ ᠵᠢ ᠪᠠᠳᠠᠷᠠᠭᠤᠯᠵᠤ᠂ ᠬᠥᠭ᠌ᠵᠢᠯᠲᠡ᠎ᠶ᠋ᠢᠨ ᠱᠢᠨ᠎ᠡ ᠳᠦᠷᠰᠦ ᠪᠠᠢᠳᠠᠯ᠎ᠢᠶᠠᠨ ᠢᠯᠡᠷᠡᠭᠦᠯᠵᠦ᠍ ᠪᠠᠢᠬᠤ ᠵᠢ ᠤᠯᠵᠤ ᠬᠠᠷᠠᠨ᠎ᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 5 ᠤ᠋ ᠴᠠᠬᠢᠯᠭᠠᠨ ᠮᠡᠳᠡᠭᠡ ᠡᠴᠡ)