ᠥᠪᠥᠷ ᠮᠣᠩᠭᠣᠯ᠎ᠬᠡᠭᠡᠷ᠎ᠡ ᠵᠢᠨ ᠠᠮᠢᠲᠠᠨ ᠤᠷᠭᠤᠮᠠᠯ ᠢ᠋ ᠬᠠᠤᠯᠢ ᠪᠤᠰᠤ ᠪᠡᠷ ᠠᠷᠠᠯᠵᠢᠶᠠᠯᠠᠬᠤ ᠠᠵᠢᠯᠯᠠᠭ᠎ᠠ ᠳ᠋ᠤ ᠴᠢᠩᠭ᠎ᠠ ᠴᠣᠬᠢᠯᠲᠠ ᠦᠭᠴᠤ ᠪᠤᠢ
2026-05-09 09:43:39
ᠵᠣᠬᠢᠶᠠᠭ᠍ᠴᠢ᠄
​ ᠨᠠᠮᠤᠭ
ᠣᠩᠱᠢᠭ᠍ᠰᠠᠨ ᠣᠳᠠᠭ᠎ᠠ᠄
★★★☆☆

ᠣᠢᠷ᠎ᠠ ᠳ᠋ᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ 12 ᠰᠠᠯᠠᠭ᠎ᠠ ᠮᠥᠴᠢᠷ᠎ᠲᠡᠶ ᠬᠠᠮᠲᠤᠷᠠᠨ ᠮᠡᠳᠡᠭ᠌ᠳᠡᠯ ᠳᠠᠷᠤᠮᠠᠯᠯᠠᠨ ᠲᠠᠷᠬᠠᠭᠠᠵᠤ᠂《ᠰᠡᠷᠢᠭᠦᠨ ᠰᠠᠯᠬᠢ ᠠᠵᠢᠯᠯᠠᠭ᠎ᠠ 2026》 ᠶ᠋ᠢ ᠡᠬᠢᠯᠡᠭᠦᠯᠤᠨ᠂ ᠪᠥᠬᠥ᠌ ᠣᠷᠣᠨ ᠤ᠋ ᠬᠡᠪᠴᠢᠶᠡᠨ᠎ᠳᠦ ᠬᠡᠭᠡᠷ᠎ᠡ ᠵᠢᠨ ᠠᠮᠢᠲᠠᠨ ᠤᠷᠭᠤᠮᠠᠯ ᠢ᠋ ᠬᠠᠤᠯᠢ ᠪᠤᠰᠤ ᠪᠡᠷ ᠠᠷᠠᠯᠵᠢᠶᠠᠯᠠᠬᠤ ᠠᠵᠢᠯᠯᠠᠭ᠎ᠠ ᠳ᠋ᠤ ᠴᠢᠩᠭ᠎ᠠ ᠴᠣᠬᠢᠯᠲᠠ ᠥᠭ᠌ᠪᠡ᠃

ᠲᠣᠰ ᠤᠳᠠᠭᠠᠨ ᠤ᠋ ᠬᠠᠮᠲᠤᠷᠠᠭ᠍ᠰᠠᠨ ᠠᠵᠢᠯᠯᠠᠭ᠎ᠠ 5 ᠰᠠᠷ᠎ᠠ ᠵᠢᠨ 3 ᠤ᠋ ᠡᠳᠦᠷ ᠪᠣᠯᠲᠠᠯ᠎ᠠ ᠦᠷᠭᠦᠯᠵᠢᠯᠡᠵᠦ᠍᠂ ᠠᠵᠢᠯᠯᠠᠭ᠎ᠠ᠎ᠨᠢ ᠡᠬᠢ ᠡᠭᠦᠰᠦᠯ᠎ᠡᠴᠡ᠎ᠨᠢ ᠠᠩᠨᠠᠬᠤ᠂ ᠵᠦᠭᠡᠭᠡᠪᠦᠷᠢᠯᠡᠬᠦ᠂ ᠵᠠᠬ᠎ᠠ ᠳᠡᠯᠭᠡᠭᠦᠷ ᠤ᠋ᠨ ᠠᠷᠠᠯᠵᠢᠶ᠎ᠠ᠂ ᠬᠡᠷᠡᠭ᠌ᠯᠡᠭᠡ ᠵᠡᠷᠭᠡ ᠵᠠᠩᠭᠢᠯᠠᠭ᠎ᠠ ᠵᠢᠨ ᠭᠣᠭ᠍ᠴᠣᠭ᠎ᠠ ᠳ᠋ᠤ ᠠᠩᠬᠠᠷᠤᠯ ᠵᠢᠡᠨ ᠲᠥᠪᠯᠡᠷᠡᠭᠦᠯᠵᠦ᠍᠂ ᠣᠯᠠᠨ ᠰᠠᠯᠠᠭ᠎ᠠ ᠮᠥᠴᠢᠷ ᠬᠠᠮᠲᠤᠷᠠᠨ ᠬᠠᠤᠯᠢ ᠬᠡᠷᠡᠭ᠌ᠵᠢᠭᠦᠯᠬᠦ᠌᠎ᠪᠡᠷ ᠳᠠᠮᠵᠢᠨ᠂ ᠲᠣᠭᠣᠷᠢᠨ ᠪᠠᠢᠴᠠᠭᠠᠵᠤ ᠬᠠᠮᠢᠶᠠᠷᠤᠨ ᠡᠵᠡᠮᠳᠡᠬᠦ᠌ ᠶ᠋ᠢ ᠪᠥᠬᠥ᠌ ᠲᠠᠯ᠎ᠠ ᠪᠡᠷ ᠴᠢᠩᠭᠠᠳᠭᠠᠪᠠ᠃ ᠳᠣᠲᠣᠭᠠᠳᠤ ᠶ᠋ᠢ ᠬᠠᠮᠠᠭᠠᠯᠠᠬᠤ᠂ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ᠂ ᠣᠶ ᠱᠢᠭᠤᠶ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ᠎ᠦᠳ ᠡᠬᠢ ᠡᠭᠦᠰᠦᠯ ᠪᠠ ᠡᠴᠤᠰ ᠤ᠋ᠨ ᠭᠤᠭᠴᠤᠭ᠎ᠠ ᠶ᠋ᠢ ᠬᠠᠮᠢᠶᠠᠷᠤᠨ ᠡᠵᠡᠮᠳᠡᠵᠦ᠂ ᠱᠢᠤᠳᠠᠨ᠂ ᠵᠠᠮ ᠬᠠᠷᠢᠯᠴᠠᠭ᠎ᠠ᠂ ᠲᠡᠮᠦᠷ ᠵᠠᠮ᠂ ᠠᠷᠠᠳ ᠤ᠋ᠨ ᠠᠭᠠᠷ ᠤ᠋ᠨ ᠲᠡᠭᠡᠭᠡᠪᠦᠷᠢ᠂ ᠪᠣᠭᠣᠮᠲᠠ ᠵᠡᠷᠭᠡ ᠰᠠᠯᠠᠭ᠎ᠠ ᠮᠥᠴᠢᠷ᠎ᠦᠳ ᠢᠯᠡᠭᠡᠵᠤ ᠭᠤᠪᠢᠭᠤᠯᠬᠤ ᠪᠠᠷᠠᠭᠠᠨ ᠤ᠋ ᠭᠦᠶ᠋ᠯᠭᠡᠭᠡ ᠵᠢᠴᠢ ᠭᠠᠳᠠᠭᠠᠳᠤ ᠡᠴᠡ ᠣᠷᠣᠭᠤᠯᠵᠤ ᠭᠠᠳᠠᠭᠠᠳᠤ ᠳ᠋ᠤ ᠭᠠᠷᠭᠠᠬᠤ ᠵᠠᠮ ᠱᠤᠭᠤᠮ᠎ᠤᠨ ᠬᠢᠨᠠᠯᠲᠠ ᠬᠠᠮᠢᠶᠠᠷᠤᠯᠲᠠ ᠶ᠋ᠢ ᠴᠢᠩᠭᠠᠳᠭᠠᠵᠤ᠂ ᠶᠠᠯ᠎ᠠ ᠬᠢᠬᠦ᠌ ᠬᠡᠯᠬᠢᠶ᠎ᠡ ᠶ᠋ᠢ ᠡᠷᠡᠰ ᠲᠠᠰᠤᠯᠪᠠ᠃

ᠡᠯ᠎ᠡ ᠭᠠᠵᠠᠷ ᠤ᠋ᠨ᠎ᠬᠢᠨ ᠣᠶ ᠬᠠᠮᠠᠭᠠᠯᠠᠭ᠍ᠴᠢ᠂ ᠨᠤᠲᠤᠭ ᠪᠡᠯᠴᠢᠭᠡᠷ ᠤ᠋ᠨ ᠬᠠᠮᠢᠶᠠᠷᠤᠭ᠍ᠴᠢ᠂ ᠰᠠᠢᠨ ᠳᠤᠷᠠᠴᠤᠳ ᠵᠢᠴᠢ ᠦᠨᠳᠦᠰᠦᠨ ᠱᠠᠲᠤᠨ ᠤ᠋ ᠬᠠᠤᠯᠢ ᠬᠡᠷᠡᠭ᠌ᠵᠢᠭᠦᠯᠬᠦ᠌ ᠡᠩᠨᠡᠭᠡ ᠵᠢᠨ ᠦᠶ᠋ᠯᠡᠳᠦᠯ ᠢ᠋ ᠭᠦᠶ᠋ᠴᠡᠳ ᠪᠠᠳᠠᠷᠠᠭᠤᠯᠤᠨ᠂ ᠭᠤᠤᠯᠳᠠᠯᠭ᠎ᠠ᠎ᠲᠠᠶ ᠣᠷᠣᠨ ᠪᠦᠰᠡ ᠶ᠋ᠢ ᠲᠣᠭᠣᠷᠢᠨ ᠪᠠᠢᠴᠠᠭᠠᠬᠤ᠎ᠪᠠᠨ ᠴᠢᠩᠭᠠᠳᠬᠠᠬᠤ ᠵᠢᠨ ᠬᠠᠮᠲᠤ 《ᠰᠢᠪᠠᠭᠤ ᠵᠢ᠎ᠬᠠᠢᠷᠠᠯᠠᠬᠤ ᠭᠠᠷᠠᠭ》 ᠵᠡᠷᠭᠡ ᠵᠠᠩᠭᠢᠯᠠᠭ᠎ᠠ ᠵᠢᠨ ᠴᠡᠭ᠎ᠲᠡᠶ ᠤᠶᠠᠯᠳᠤᠭᠤᠯᠤᠨ᠂ ᠴᠡᠴᠡᠭ ᠱᠢᠪᠠᠭᠤᠨ ᠤ᠋ ᠵᠠᠬ᠎ᠠ᠂ ᠨᠡᠭᠦᠳᠡᠯ ᠤ᠋ᠨ ᠰᠢᠪᠠᠭᠤᠳ ᠤ᠋ᠨ ᠣᠷᠣᠱᠢᠨ ᠠᠮᠢᠳᠤᠷᠠᠬᠤ ᠭᠠᠵᠠᠷ ᠵᠡᠷᠭᠡ ᠭᠣᠣᠯᠳᠠᠯᠭ᠎ᠠ᠎ᠲᠠᠶ ᠲᠠᠯᠠᠪᠤᠷ᠎ᠲᠤ ᠬᠠᠤᠯᠢ ᠴᠠᠭᠠᠵᠠ ᠵᠢᠨ ᠶᠡᠷᠦ᠍ ᠵᠢᠨ ᠮᠡᠳᠡᠯᠭᠡ ᠶ᠋ᠢ ᠲᠦᠭᠡᠮᠡᠯᠵᠢᠭᠦᠯᠬᠦ᠌ ᠤᠬᠠᠭᠤᠯᠭ᠎ᠠ ᠥᠷᠨᠢᠭᠦᠯᠵᠦ᠍᠂ ᠤᠯᠠᠨ ᠲᠦᠮᠡᠨ᠎ᠤ ᠬᠠᠮᠠᠭᠠᠯᠠᠬᠤ ᠦᠵᠡᠯ ᠤᠬᠠᠮᠰᠠᠷ ᠢ᠋ ᠳᠡᠭᠡᠭ᠌ᠰᠢᠯᠡᠭᠦᠯᠪᠠ᠃ ᠠᠵᠢᠯᠯᠠᠭ᠎ᠠ ᠵᠢᠨ ᠬᠤᠭᠤᠴᠠᠭᠠᠨ ᠳ᠋ᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠬᠠᠮᠲᠤᠷᠠᠭ᠍ᠰᠠᠨ ᠠᠵᠢᠯᠯᠠᠬᠤ ᠳᠤᠭᠤᠢᠯᠠᠩ ᠪᠠᠢᠭᠤᠯᠵᠤ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠵᠤ᠂ ᠠᠵᠢᠯ ᠤ᠋ᠨ ᠪᠣᠳᠠᠲᠤ ᠦᠷ᠎ᠡ ᠪᠦᠲᠦᠮᠵᠢ ᠶ᠋ᠢ ᠦᠨᠡᠨ ᠬᠦ᠌ ᠪᠠᠲᠤᠯᠠᠨ᠂ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠪᠠ ᠠᠮᠢ ᠠᠬᠤᠶ ᠵᠢᠨ ᠠᠮᠤᠷ ᠲᠦᠪᠱᠢᠨ ᠢ᠋ ᠦᠨᠡᠨ ᠬᠦ᠌ ᠬᠠᠮᠠᠭᠠᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号