ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ ᠡᠯ᠎ᠡ ᠲᠥᠷᠥᠯ᠎ᠦᠨ ᠮᠡᠳᠡᠯᠭᠡ᠎ᠶ᠋ᠢᠨ ᠦᠮᠴᠢᠯᠡᠯ ᠤ᠋ᠨ ᠡᠷᠬᠡ᠎ᠶ᠋ᠢᠨ ᠬᠡᠷᠡᠭ᠎ᠢ 900 ᠭᠠᠷᠤᠶ ᠬᠤᠪᠢ ᠱᠢᠶ᠋ᠳᠪᠦᠷᠢᠯᠡᠵᠡᠢ
2026-05-09 10:06:59
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠦᠪᠡᠷᠳᠡᠬᠡᠨ ᠵᠠᠰᠠᠬᠤ ᠤᠷᠤᠨ ᠤ᠋ ᠠᠷᠠᠳ ᠤ᠋ᠨ ᠪᠠᠢᠴᠠᠭᠠᠬᠤ ᠬᠤᠷᠢᠶ᠎ᠠ ᠡᠴᠨ ᠤᠢᠯᠠᠭᠠᠬᠰᠠᠨ ᠵᠢᠡᠷ᠂ ᠤᠢᠷ᠎ᠠ ᠵᠢᠨ ᠭᠤᠷᠪᠠᠨ ᠵᠢᠯ ᠳ᠋ᠸ᠋ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ ᠡᠯ᠎ᠡ ᠲᠥᠷᠥᠯ᠎ᠦᠨ ᠮᠡᠳᠡᠯᠭᠡ᠎ᠶ᠋ᠢᠨ ᠦᠮᠴᠢᠯᠡᠯ ᠤ᠋ᠨ ᠡᠷᠬᠡ᠎ᠶ᠋ᠢᠨ ᠬᠡᠷᠡᠭ᠎ᠢ 900 ᠭᠠᠷᠤᠶ ᠬᠤᠪᠢ ᠱᠢᠶ᠋ᠳᠪᠦᠷᠢᠯᠡᠵᠡᠢ᠃

ᠪᠦᠬᠦ ᠤᠷᠤᠨ᠎ᠤ ᠪᠠᠢᠴᠠᠭᠠᠬᠤ ᠪᠠᠢᠭᠤᠯᠭ᠎ᠠ ᠬᠡᠷᠡᠭ ᠱᠢᠶ᠋ᠳᠪᠦᠷᠢᠯᠡᠬᠦ᠌ ᠶᠠᠰᠤ ᠴᠢᠨᠠᠷ ᠪᠠ ᠦᠷ᠎ᠡ ᠪᠦᠲᠦᠮᠵᠢ᠎ᠪᠡᠨ ᠲᠡᠭᠡᠭᠰᠢᠯᠡᠭᠦᠯᠵᠦ᠂ ᠬᠢᠨᠠᠯᠲᠠ ᠲᠠᠯᠪᠢᠬᠤ ᠡᠭᠦᠷᠭᠡ ᠴᠢᠳᠠᠪᠤᠷᠢ᠎ᠪᠠᠨ ᠪᠦᠬᠦ᠌ ᠲᠠᠯ᠎ᠠ᠎ᠪᠠᠷ ᠭᠦᠢᠴᠡᠳᠭᠡᠵᠦ᠍᠂ ᠭᠡᠷᠡᠴᠢ ᠪᠠᠷᠢᠮᠲᠠ᠎ᠶ᠋ᠢ ᠬᠢᠨᠠᠨ ᠪᠠᠢᠴᠠᠭᠠᠬᠤ᠎ᠪᠠᠨ ᠴᠢᠩᠭᠠᠳᠭᠠᠨ᠂ ᠪᠣᠳᠠᠲᠤ ᠶᠠᠪᠤᠳᠠᠯ᠎ᠢ ᠣᠨᠣᠪᠴᠢᠲᠠᠢ ᠮᠠᠭᠠᠳᠯᠠᠨ ᠲᠣᠭ᠍ᠲᠠᠭᠠᠵᠤ᠂ ᠬᠠᠤᠯᠢ ᠴᠠᠭᠠᠵᠠ᠎ᠶ᠋ᠢ ᠴᠢᠩᠭ᠎ᠠ ᠬᠡᠷᠡᠭ᠌ᠯᠡᠨ᠂ ᠱᠢᠨ᠎ᠡ᠎ᠶ᠋ᠢ ᠡᠭᠦᠳᠬᠦ᠌ ᠪᠡᠶᠡᠴᠢ ᠴᠣᠭ᠍ᠴᠠ᠎ᠳᠤ ᠨᠠᠷᠢᠯᠢᠭ ᠣᠨᠣᠴᠠᠲᠠᠢ ᠦᠢᠯᠡᠴᠢᠯᠡᠵᠦ᠍᠂ ᠬᠡᠷᠡᠭ ᠨᠢᠭᠡᠪᠦᠷᠢ᠎ᠶ᠋ᠢ ᠥᠨᠳᠥᠷ ᠪᠦᠲᠦᠮᠵᠢᠲᠡᠢ ᠱᠢᠢᠳᠪᠦᠷᠢᠯᠡᠪᠡ᠃ ᠡᠨᠡ ᠬᠤᠭᠤᠴᠠᠭᠠᠨ᠎ᠳᠤ  ᠵᠠᠷᠢᠮ ᠬᠡᠷᠡᠭ᠎ᠨᠢ ᠲᠣᠰ ᠲᠣᠰ ᠪᠥᠬᠥ᠌ ᠤᠯᠤᠰ᠎ᠤᠨ ᠮᠡᠳᠡᠯᠭᠡ᠎ᠶ᠋ᠢᠨ ᠦᠮᠴᠢᠯᠡᠯ ᠤ᠋ᠨ ᠡᠷᠬᠡ᠎ᠶ᠋ᠢ ᠬᠠᠮᠠᠭᠠᠯᠠᠭ᠍ᠰᠠᠨ ᠨᠡᠢᠲᠡᠯᠢᠭ ᠬᠡᠷᠡᠭ᠎ᠦᠨ ᠵᠢᠱ᠌ᠢᠶ᠎ᠡ ᠪᠠ ᠪᠥᠬᠥ᠌ ᠤᠯᠤᠰ᠎ᠤᠨ ᠪᠠᠢᠴᠠᠭᠠᠬᠤ ᠪᠠᠢᠭᠤᠯᠭ᠎ᠠ᠎ᠶ᠋ᠢᠨ ᠱᠢᠯᠢᠳᠡᠭ ᠵᠠᠭᠠᠯᠳᠤᠬᠤ ᠪᠢᠴᠢᠭ᠎ᠢᠶᠡᠷ ᠦᠨᠡᠯᠡᠭ᠌ᠳᠡᠪᠡ; ᠲᠤᠰᠭᠠᠢᠵᠢᠬᠰᠠᠨ ᠪᠠᠢᠭᠤᠯᠤᠯᠲᠠ ᠵᠢ ᠠᠬᠢᠭᠤᠯᠵᠦ᠂ ᠣᠳᠣᠬᠠᠨ᠎ᠪᠤᠯᠳᠠᠯ᠎ᠠ ᠪᠦᠬᠦ ᠤᠷᠤᠨ ᠳ᠋ᠸ᠋ ᠨᠡᠢ᠌ᠲᠡ 104 ᠪᠠᠢᠴᠠᠭᠠᠬᠤ ᠪᠠᠢᠭᠤᠯᠭ᠎ᠠ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢ ᠪᠠᠢᠴᠠᠭᠠᠬᠤ ᠬᠡᠷᠡᠭ ᠱᠢᠢᠳᠪᠦᠷᠢᠯᠡᠬᠦ᠌ ᠪᠠᠢᠭᠤᠯᠤᠮᠵᠢ ᠪᠠᠢᠭᠤᠯᠵᠤ᠂ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢ ᠪᠠᠢᠴᠠᠭᠠᠬᠤ ᠠᠵᠢᠯ᠎ᠤᠨ ᠪᠠᠲᠤ ᠴᠢᠩᠭ᠎ᠠ ᠪᠠᠢᠭᠤᠯᠤᠮᠵᠢ᠎ᠶ᠋ᠢᠨ ᠪᠠᠲᠤᠯᠠᠭ᠎ᠠ ᠵᠢ ᠪᠦᠷᠢᠯᠳᠦᠭᠦᠯᠪᠡ; ᠬᠠᠮᠵᠢᠯᠴᠠᠨ ᠬᠠᠮᠠᠭᠠᠯᠠᠵᠤ ᠱᠢᠨ᠎ᠡ ᠪᠠᠢᠷᠢᠱᠢᠯ᠎ᠢ ᠪᠠᠢᠭᠤᠯᠵᠦ᠂ ᠮᠡᠳᠡᠯᠭᠡ᠎ᠶ᠋ᠢᠨ ᠦᠮᠴᠢᠯᠡᠯ ᠤ᠋ᠨ ᠡᠷᠬᠡ᠎ᠶ᠋ᠢ ᠶᠡᠬᠡ ᠪᠡᠷ ᠬᠠᠮᠠᠭᠠᠯᠠᠬᠤ ᠪᠠᠢᠷᠢᠱᠢᠯ᠎ᠳᠤ ᠰᠠᠨᠠᠭᠠᠴᠢᠯᠠᠭ᠎ᠠ᠎ᠡᠴᠨ ᠪᠠᠨ ᠢᠳᠡᠪᠬᠢᠳᠡᠢ ᠣᠷᠣᠯᠴᠠᠵᠤ᠂ ᠮᠡᠳᠡᠯᠭᠡ᠎ᠶ᠋ᠢᠨ ᠦᠮᠴᠢᠯᠡᠯ ᠤ᠋ᠨ ᠡᠷᠬᠡ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠬᠡᠪᠯᠡᠯ᠎ᠦᠨ ᠡᠷᠬᠡ᠂ ᠳᠣᠲᠣᠭᠠᠳᠤ᠎ᠶ᠋ᠢ ᠬᠠᠮᠠᠭᠠᠯᠠᠬᠤ ᠵᠡᠷᠭᠡ ᠨᠢᠬᠡᠴᠢ ᠎ᠯᠦᠭᠡ ᠬᠠᠮᠵᠢᠯᠴᠠᠭ᠎ᠠ ᠬᠠᠷᠢᠯᠴᠠᠭ᠎ᠠ ᠪᠠᠢᠭᠤᠯᠪᠠ; ᠮᠡᠳᠡᠯᠬᠡ ᠵᠢᠨ ᠦᠮᠴᠢᠯᠡᠯ ᠤ᠋ᠨ ᠡᠷᠬᠡ ᠵᠢᠨ ᠬᠠᠤᠯᠢ ᠪᠡᠷ ᠵᠠᠰᠠᠬᠤ ᠤᠬᠠᠭᠤᠯᠭ᠎ᠠ ᠵᠢ ᠠᠬᠢᠭᠤᠯᠵᠦ᠂ ᠵᠢᠯ ᠪᠦᠷᠢ ᠪᠦᠬᠦ᠌ ᠤᠯᠤᠰ᠎ᠤᠨ ᠮᠡᠳᠡᠯᠭᠡ᠎ᠶ᠋ᠢᠨ ᠦᠮᠴᠢᠯᠡᠯ ᠤ᠋ᠨ ᠡᠷᠬᠡ᠎ᠶ᠋ᠢᠨ ᠤᠬᠠᠭᠤᠯᠭ᠎ᠠ᠎ᠶ᠋ᠢᠨ ᠭᠠᠷᠠᠭ᠂ ᠤᠯᠤᠰ᠎ᠤᠨ ᠦᠨᠳᠦᠰᠦᠨ ᠬᠠᠤᠯᠢ᠎ᠶ᠋ᠢᠨ ᠡᠳᠦᠷ ᠵᠡᠷᠭᠡ ᠴᠢᠬᠤᠯᠠ ᠵᠠᠩᠭᠢᠯᠠᠭ᠎ᠠ᠎ᠶ᠋ᠢᠨ ᠴᠠᠭ᠎ᠲᠤ᠂ ᠪᠠᠢᠴᠠᠭᠠᠬᠤ ᠠᠵᠢᠯ᠎ᠤᠨ ᠨᠡᠭᠡᠭᠡᠯᠲᠡᠲᠦ ᠡᠳᠦᠷ᠂ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠨᠡᠢᠲᠡᠯᠡᠬᠦ᠌ ᠵᠡᠷᠭᠡ ᠠᠷᠭ᠎ᠠ ᠬᠡᠯᠪᠡᠷᠢ᠎ᠪᠡᠷ ᠮᠡᠳᠡᠯᠭᠡ᠎ᠶ᠋ᠢᠨ ᠦᠮᠴᠢᠯᠡᠯ ᠤ᠋ᠨ ᠡᠷᠬᠡ᠎ᠶ᠋ᠢᠨ ᠬᠠᠮᠠᠭᠠᠯᠠᠯᠲᠠ᠎ᠶ᠋ᠢᠨ ᠤᠬᠠᠭᠤᠯᠭ᠎ᠠ᠎ᠶ᠋ᠢ ᠦᠷᠨᠢᠬᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号