ᠡᠨᠡ ᠵᠢᠯ᠎ᠦᠨ 5 ᠰᠠᠷ᠎ᠠ ᠪᠣᠯ ᠵᠢᠷᠭᠤᠳᠡᠬᠢ 《ᠢᠷᠭᠡᠨ᠎ᠦ ᠬᠠᠤᠯᠢ᠎ᠶ᠋ᠢᠨ ᠪᠢᠴᠢᠭ᠎ᠦᠨ ᠤᠬᠠᠭᠤᠯᠭ᠎ᠠ ᠶ᠋ᠢᠨ ᠰᠠᠷ᠎ᠠ》 ᠪᠣᠯᠤᠨ᠎ᠠ᠃ ᠰᠤᠷᠪᠤᠯᠵᠢᠯᠠᠭ᠍ᠴᠢ 5 ᠰᠠᠷ᠎ᠠ᠎ᠶ᠋ᠢᠨ 6 ᠤ᠋ ᠡᠳᠦᠷ ᠬᠠᠤᠯᠢ ᠴᠠᠭᠠᠵᠠ᠎ᠶ᠋ᠢᠨ ᠶᠠᠮᠤᠨ᠎ᠡᠴᠡ ᠣᠢᠯᠠᠭᠠᠭ᠍ᠰᠠᠨ᠎ᠢᠶᠠᠷ᠂ ᠢᠷᠭᠡᠨ᠎ᠦ ᠬᠠᠤᠯᠢ᠎ᠶ᠋ᠢᠨ ᠪᠢᠴᠢᠭ᠎ᠦᠨ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠬᠦ᠌᠎ᠶ᠋ᠢ ᠠᠬᠢᠭᠤᠯᠬᠤ᠎ᠶ᠋ᠢᠨ ᠲᠥᠯᠥᠭᠡ᠂ ᠲᠥᠪ᠎ᠦᠨ ᠤᠬᠠᠭᠤᠯᠬᠤ ᠬᠡᠯᠲᠡᠰ᠂ ᠬᠠᠤᠯᠢ ᠴᠠᠭᠠᠵᠠ᠎ᠶ᠋ᠢᠨ ᠶᠠᠮᠤᠨ᠂ ᠪᠥᠬᠥ᠌ ᠤᠯᠤᠰ᠎ᠤᠨ ᠬᠠᠤᠯᠢ ᠵᠢᠨ ᠮᠡᠳᠡᠯᠬᠡ ᠵᠢ ᠲᠦᠭᠡᠮᠡᠯᠵᠢᠭᠦᠯᠬᠦ᠌ ᠠᠯᠪᠠᠨ ᠬᠡᠷ ᠬᠠᠮᠲᠤᠷᠠᠨ《2026 ᠣᠨ᠎ᠤ 〈ᠢᠷᠭᠡᠨ᠎ᠦ ᠬᠠᠤᠯᠢ᠎ᠶ᠋ᠢᠨ ᠪᠢᠴᠢᠭ᠎ᠦᠨ ᠤᠬᠠᠭᠤᠯᠭ᠎ᠠ᠎ᠶ᠋ᠢᠨ ᠰᠠᠷ᠎ᠠ〉 ᠶ᠋ᠢᠨ ᠠᠵᠢᠯ᠎ᠤᠨ ᠲᠥᠰᠦᠯ》 ᠢ᠋ ᠳᠠᠷᠤᠮᠠᠯᠯᠠᠨ ᠲᠠᠷᠬᠠᠭᠠᠵᠤ᠂ ᠬᠣᠯᠪᠣᠭ᠍ᠳᠠᠯ ᠪᠥᠬᠥᠶ ᠠᠵᠢᠯ᠎ᠢ ᠪᠠᠢᠷᠢᠯᠠᠭᠤᠯᠤᠨ ᠥᠷᠨᠢᠭᠦᠯᠪᠡ᠃
ᠲᠥᠰᠦᠯ᠎ᠳᠦ᠂ ᠰᠢ ᠵᠢᠨ ᠫᠢᠩ ᠦᠨ ᠬᠠᠤᠯᠢ ᠪᠡᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠤᠬᠠᠭᠤᠯᠤᠨ ᠲᠤᠭᠤᠱᠢᠯᠠᠭᠤᠯᠵᠤ᠂ ᠬᠠᠤᠯᠢ ᠪᠡᠷ ᠵᠠᠰᠠᠬᠤ ᠤᠬᠠᠭᠤᠯᠭ᠎ᠠ ᠬᠥᠮᠦᠵᠢᠯ᠎ᠦᠨ ᠬᠠᠤᠯᠢ᠎ᠶ᠋ᠢ ᠲᠤᠭᠤᠱᠢᠯᠠᠭᠤᠯᠤᠨ ᠬᠡᠷᠡᠭ᠌ᠵᠢᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠨᠠᠮ᠎ᠤᠨ ᠲᠥᠪ ᠬᠤᠷᠢᠶ᠎ᠠ᠎ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠶ᠋ᠢᠨ ᠲᠣᠭᠣᠷᠢᠨ᠎ᠳᠤ᠂ ᠢᠷᠭᠡᠨ ᠦ ᠬᠠᠤᠯᠢ᠎ᠶ᠋ᠢᠨ ᠪᠢᠴᠢᠭ᠎ᠦᠨ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠥᠷᠭᠡᠨ᠎ᠢᠶᠡᠷ ᠥᠷᠨᠢᠭᠦᠯᠵᠦ᠍᠂《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌᠎ᠳᠦ ᠰᠠᠢᠨ ᠰᠠᠢᠬᠠᠨ ᠬᠠᠤᠯᠢ ᠪᠡᠷ ᠵᠠᠰᠠᠬᠤ ᠣᠷᠴᠢᠨ ᠨᠦᠬᠦᠴᠡᠯ᠎ᠢ ᠪᠣᠶ ᠪᠣᠯᠭᠠᠬᠤ ᠬᠡᠷᠡᠭ᠌ᠲᠡᠶ ᠭᠡᠵᠦ᠍ ᠱᠠᠭᠠᠷᠳᠠᠪᠠ᠃
ᠲᠥᠰᠦᠯ᠎ᠳᠦ᠂ ᠡᠨᠡ ᠵᠢᠯ᠎ᠦᠨ ᠤᠬᠠᠭᠤᠯᠭ᠎ᠠ᠎ᠶ᠋ᠢᠨ ᠭᠤᠤᠯᠳᠠᠯᠭ᠎ᠠ ᠪᠣᠯ ᠰᠢ ᠵᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢᠴᠢ ᠲᠡᠭᠦᠨ᠎ᠢ ᠪᠠᠶᠠᠯᠢᠭ᠍ᠵᠢᠭᠤᠯᠤᠨ ᠬᠥᠭ᠌ᠵᠢᠭᠦᠯᠦᠭ᠌ᠰᠡᠨ ᠬᠠᠮᠤᠭ᠎ᠤᠨ ᠱᠢᠨ᠎ᠡ ᠦᠷ᠎ᠡ ᠪᠦᠲᠦᠭᠡᠯ; 《ᠠᠷᠪᠠᠨ ᠲᠠᠪᠤᠳᠤᠭᠠᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢᠨ ᠬᠦᠲᠦᠯᠪᠦᠷᠢ᠎ᠳᠠᠬᠢ ᠪᠦᠬᠦ᠌ ᠲᠠᠯ᠎ᠠ᠎ᠪᠠᠷ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠠᠬᠢᠭᠤᠯᠬᠤ ᠲᠤᠬᠠᠢ ᠪᠠᠢᠷᠢᠯᠠᠭᠤᠯᠤᠯᠲᠠ ᠱᠠᠭᠠᠷᠳᠠᠯᠭ᠎ᠠ; ᠢᠷᠭᠡᠨ᠎ᠦ ᠬᠠᠤᠯᠢ᠎ᠶ᠋ᠢᠨ ᠪᠢᠴᠢᠭ᠂ ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ; ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠬᠤ᠂ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠢ ᠪᠠᠢᠭᠤᠯᠬᠤ᠎ᠳᠤ ᠦᠶ᠋ᠯᠡᠴᠢᠯᠡᠬᠦ᠌᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠶ᠋ᠢ ᠠᠬᠢᠭᠤᠯᠬᠤ᠂ ᠱᠢᠨ᠎ᠡ ᠴᠢᠨᠠᠷ ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠂ ᠬᠥᠳᠡᠭᠡ ᠲᠣᠰᠭᠣᠨ᠎ᠢ ᠪᠥᠬᠥ᠌ ᠲᠠᠯ᠎ᠠ ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠂ ᠮᠥᠩᠭᠥᠨ ᠭᠦᠶ᠋ᠯᠭᠡᠭᠡᠨ᠎ᠦ ᠬᠦᠷᠢᠶᠡᠨ᠎ᠳᠡᠬᠢ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠵᠢᠴᠢ ᠭᠠᠳᠠᠭᠠᠳᠤ ᠠᠷᠠᠯᠵᠢᠶᠠᠨ᠎ᠤ ᠪᠠᠯᠠ ᠣᠷᠣᠭᠤᠯᠤᠯᠲᠠ ᠵᠡᠷᠭᠡ ᠬᠣᠯᠪᠣᠭ᠍ᠳᠠᠯ ᠪᠥᠬᠥᠶ ᠬᠠᠤᠯᠢ ᠴᠠᠭᠠᠵᠠ ᠬᠠᠤᠯᠢ ᠲᠣᠭ᠍ᠲᠠᠭᠠᠯ ᠪᠤᠯᠤᠨ᠎ᠠ ᠭᠡᠵᠦ ᠳᠤᠳᠤᠷᠬᠠᠢᠯᠠᠪᠠ᠃
ᠲᠥᠰᠦᠯ᠎ᠳᠦ᠂ ᠠᠵᠢᠯᠯᠠᠭ᠎ᠠ᠎ᠶ᠋ᠢᠨ ᠬᠤᠭᠤᠴᠠᠭᠠᠨ᠎ᠳᠤ ᠬᠠᠤᠯᠢ ᠴᠠᠭᠠᠵᠠ᠎ᠶ᠋ᠢᠨ ᠶᠠᠮᠤᠨ᠂ ᠪᠥᠬᠥ᠌ ᠤᠯᠤᠰ᠎ᠤᠨ ᠬᠠᠤᠯᠢ ᠵᠢᠨ ᠮᠡᠳᠡᠯᠬᠡ ᠵᠢ ᠲᠦᠭᠡᠮᠡᠯᠵᠢᠭᠦᠯᠬᠦ᠌ ᠠᠯᠪᠠᠨ ᠬᠡᠷ᠎ᠦᠨ᠎ᠬᠢᠨ ᠵᠢᠶᠠᠩᠰᠢ ᠮᠤᠵᠢ᠎ᠳᠤ ᠪᠥᠬᠥ᠌ ᠤᠯᠤᠰ᠎ᠤᠨ ᠰᠣᠶᠣᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠡᠷᠡᠭᠦᠯ ᠬᠠᠮᠠᠭᠠᠯᠠᠯ 《ᠭᠤᠷᠪᠠ᠎ᠶ᠋ᠢ ᠬᠥᠳᠡᠭᠡ ᠪᠠᠭᠤᠯᠭᠠᠬᠤ》 ᠲᠤᠬᠠᠢ ᠲᠥᠪᠯᠡᠷᠡᠬᠦᠯᠦᠨ ᠵᠢᠱ᠌ᠢᠶ᠎ᠡ ᠦᠵᠡᠭᠦᠯᠬᠦ᠌ ᠵᠢᠴᠢ《ᠢᠷᠭᠡᠨ᠎ᠦ ᠬᠠᠤᠯᠢ᠎ᠶ᠋ᠢᠨ ᠪᠢᠴᠢᠭ᠎ᠦᠨ ᠤᠬᠠᠭᠤᠯᠭ᠎ᠠ᠎ᠶ᠋ᠢᠨ ᠰᠠᠷ᠎ᠠ》 ᠶ᠋ᠢ ᠠᠬᠢᠭᠤᠯᠬᠤ ᠠᠵᠢᠯᠯᠠᠭ᠎ᠠ᠎ᠶ᠋ᠢ ᠪᠠᠭ᠍ᠲᠠᠭᠠᠭ᠍ᠰᠠᠨ ᠱᠢᠷᠢᠰ ᠠᠵᠢᠯ᠎ᠢ ᠭᠤᠤᠯᠳᠠᠯᠭ᠎ᠠ᠎ᠲᠠᠶ ᠥᠷᠨᠢᠭᠦᠯᠵᠦ᠍᠂ ᠠᠮᠢ ᠠᠬᠤᠶ᠎ᠣᠷᠴᠢᠨ ᠲᠣᠭᠣᠷᠢᠨ ᠤ ᠬᠠᠤᠯᠢ᠎ᠶ᠋ᠢᠨ ᠪᠢᠴᠢᠭ᠎ᠦᠨ ᠬᠠᠤᠯᠢ ᠵᠢᠨ ᠮᠡᠳᠡᠯᠬᠡ ᠵᠢ ᠲᠦᠭᠡᠮᠡᠯᠵᠢᠭᠦᠯᠬᠦ᠌ ᠤᠩᠱᠢᠬᠤ ᠪᠢᠴᠢᠭ᠎ᠢ ᠬᠡᠪᠯᠡᠭᠦᠯᠬᠦ᠌ ᠠᠵᠢᠯ᠎ᠢ ᠵᠢᠯᠣᠭᠣᠳᠤᠨ᠎ᠠ; ᠠᠷᠠᠳ᠎ᠤᠨ ᠳᠡᠭᠡᠳᠦ ᠱᠢᠭᠦᠬᠦ᠌ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠢᠷᠭᠡᠨ᠎ᠦ ᠬᠠᠤᠯᠢ᠎ᠶ᠋ᠢᠨ ᠪᠢᠴᠢᠭ᠎ᠦᠨ ᠬᠠᠮᠢᠶ᠎ᠠ ᠪᠥᠬᠥᠶ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠨᠡᠢᠲᠡᠯᠡᠨ᠎ᠡ; ᠠᠮᠢ ᠠᠬᠤᠢ ᠣᠷᠴᠢᠨ ᠲᠣᠭᠣᠷᠢᠨ᠎ᠤ ᠶᠠᠮᠤᠨ ᠲᠦᠷᠦᠭᠦᠯᠡᠨ 《ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ 〈ᠬᠠᠤᠯᠢ᠎ᠵᠢᠨ ᠪᠢᠴᠢᠭ〉 ᠵᠢᠡᠷ ᠬᠠᠮᠠᠭᠠᠯᠠᠨ᠎ᠠ 》 ᠠᠮᠢ ᠠᠬᠤᠢ ᠣᠷᠴᠢᠨ ᠲᠣᠭᠣᠷᠢᠨ᠎ᠤ ᠬᠠᠤᠯᠢ ᠪᠡᠷ ᠵᠠᠰᠠᠬᠤ ᠡᠬᠡ ᠪᠢᠴᠢᠭ ᠡᠯᠰᠡᠬᠦ᠌ ᠠᠵᠢᠯᠯᠠᠭ᠎ᠠ ᠵᠡᠷᠭᠡ᠎ᠶ᠋ᠢ ᠵᠣᠬᠢᠶᠠᠨ ᠪᠠᠢᠭᠤᠯᠵᠤ ᠥᠷᠨᠢᠭᠦᠯᠦᠨ᠎ᠡ ᠭᠡᠵᠦ ᠳᠤᠷᠠᠳᠪᠠ᠃
(ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 5 ᠰᠠᠷ᠎ᠠ᠎ᠶ᠋ᠢᠨ 6 ᠤ᠋ ᠴᠠᠬᠢᠯᠭᠠᠨ ᠮᠡᠳᠡᠭᠡ)