ᠬᠦᠬᠡᠬᠤᠳᠠ ᠬᠤᠯᠢᠰᠢᠨ ᠢᠳᠡᠭᠡᠨ ᠤ᠋ ᠵᠦᠢᠯ ᠳ᠋ᠤ 《ᠡᠳᠦᠷ ᠪᠦᠷᠢ ᠰᠢᠯᠭᠠᠨ ᠪᠠᠢᠴᠠᠭᠠᠬᠤ》 ᠳᠦᠷᠢᠮ ᠢ᠋ ᠬᠡᠷᠡᠭᠵᠢᠭᠦᠯᠵᠦ ᠪᠠᠢᠨ᠎ᠠ
2026-05-09 18:00:02
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

  ᠡᠳᠦᠷ ᠪᠦᠷᠢ ᠶ᠋ᠢᠨ ᠦᠷ ᠤ᠋ᠨ 4 ᠴᠠᠭ ᠤᠷᠴᠢᠮ ᠳ᠋ᠤ ᠬᠦᠬᠡᠬᠤᠳᠠ ᠶ᠋ᠢᠨ ᠮᠧᠢ ᠲᠦᠩ ᠲᠠᠷᠢᠶᠠᠯᠠᠩ ᠤ᠋ᠨ ᠪᠦᠲᠦᠭᠡᠭᠳᠡᠭᠦᠨ ᠤ᠋ ᠠᠷᠠᠯᠵᠢᠶᠠᠨ ᠤ᠋ ᠵᠠᠬ᠎ᠠ ᠳᠡᠯᠭᠡᠭᠦᠷ ᠲᠤ᠌ ᠠᠷᠠᠯᠵᠢᠶᠠᠴᠢᠳ ᠨᠤᠭᠤᠭ᠎ᠠ ᠴᠠᠭ᠎ᠠ ᠪᠡᠨ ᠵᠦᠭᠡᠭᠡᠵᠦ ᠪᠠᠭᠤᠯᠭᠠᠨ ᠶᠠᠭᠠᠷᠠᠯᠳᠤᠨ᠎ᠠ᠃ ᠲᠡᠬᠡᠬᠦ ᠳ᠋ᠤ ᠦᠯᠢᠭᠡᠷ ᠠᠪᠤᠭᠴᠢ ᠯᠢᠶᠠᠩ ᠯᠧ ᠯᠧ ᠴᠦ᠍ ᠡᠯ᠎ᠠ ᠳᠡᠯᠭᠡᠭᠦᠷ ᠪᠠ ᠨᠤᠭᠤᠭ᠎ᠠ ᠴᠠᠭ᠎ᠠ ᠵᠦᠭᠡᠭᠡᠪᠤᠷᠢᠯᠡᠬᠦ ᠲᠡᠷᠭᠡ ᠶ᠋ᠢᠨ ᠳᠤᠮᠳᠠ ᠨᠠᠭᠠᠰᠢ ᠴᠠᠭᠠᠰᠢ ᠶᠠᠪᠤᠵᠤ ᠡᠵᠡᠨᠳᠡᠨ ᠳ᠋ᠤᠨᠢ᠄《ᠰᠠᠢᠨ ᠪᠠᠢᠨ᠎ᠠ ᠤᠤ?ᠴᠤᠭᠤᠷ ᠨᠤᠭᠤᠭ᠎ᠠ᠂ ᠦᠷᠭᠡᠰᠦᠳᠦ ᠬᠡᠮᠬᠡ ᠁ ᠡᠴᠡ ᠪᠡᠨ ᠨᠢᠭᠡ ᠨᠢᠭᠡ ᠰᠢᠷᠬᠡᠭ ᠦᠭᠭᠦᠭᠡᠷᠠᠢ᠂ ᠪᠢᠳᠡ ᠡᠳᠦᠷ ᠲᠤᠳᠤᠮ ᠤ᠋ᠨ ᠰᠢᠯᠭᠠᠨ ᠪᠠᠢᠴᠠᠭᠠᠯᠳᠠ ᠬᠢᠨ᠎ᠠ 》 ᠭᠡᠵᠦ ᠬᠡᠯᠡᠬᠦ ᠶ᠋ᠢᠨ ᠬᠠᠮᠳᠤ ᠨᠤᠭᠤᠭ᠎ᠠ ᠴᠠᠭ᠎ᠠ ᠶ᠋ᠢᠨ ᠦᠯᠢᠭᠡᠷ ᠢ᠋ ᠠᠪᠴᠤ᠂ ᠨᠢᠭᠡᠳ ᠨᠢᠭᠡ ᠪᠡᠷ ᠲᠤᠰᠬᠠᠢ ᠤᠭᠤᠳᠠᠨ ᠳ᠋ᠤ ᠬᠢᠵᠦ᠂ ᠳᠡᠯᠭᠡᠭᠦᠷ ᠤ᠋ᠨ ᠡᠵᠡᠨᠳᠡᠨ ᠤ᠋ ᠨᠡᠷ᠎ᠠ ᠪᠠ ᠦᠯᠢᠭᠡᠷ ᠠᠪᠤᠭᠰᠠᠨ ᠡᠳᠦᠷ ᠵᠡᠷᠭᠡ ᠶ᠋ᠢ ᠨᠠᠷᠢᠯᠢᠭ ᠲᠡᠮᠳᠡᠭᠯᠡᠵᠤ ᠲᠠᠯᠪᠢᠨ᠎ᠠ᠃

ᠦᠷᠯᠦᠭᠡ ᠶ᠋ᠢᠨ 8 ᠴᠠᠭ ᠡᠴᠡ ᠡᠮᠦᠨ᠎ᠠ᠂ ᠰᠢᠯᠭᠠᠨ ᠪᠠᠢᠴᠠᠭᠠᠴᠢ ᠵᠠᠩ ᠴᠤᠤ ᠬᠦᠷᠴᠦ ᠢᠷᠡᠬᠡᠳ ᠯᠢᠶᠠᠩ ᠯᠧ ᠯᠧ ᠡᠴᠡ ᠤᠭᠤᠳᠠ ᠲᠠᠢ ᠦᠯᠢᠭᠡᠷ ᠢ᠋ ᠨᠢ ᠠᠪᠴᠤ᠂ ᠳᠠᠷᠤᠢ ᠲᠦᠷᠭᠡᠨ ᠰᠢᠯᠭᠠᠨ ᠪᠠᠢᠴᠠᠭᠠᠬᠤ ᠲᠠᠰᠤᠭ ᠲᠠᠭᠠᠨ ᠪᠤᠴᠠᠨ ᠰᠢᠯᠭᠠᠨ ᠪᠠᠢᠴᠠᠭᠠᠬᠤ ᠠᠵᠢᠯ ᠶ᠋ᠢᠡᠨ ᠡᠬᠢᠯᠡᠭᠦᠯᠦᠨ᠎ᠠ᠃ ᠵᠢᠵᠢᠭᠯᠡᠨ ᠬᠠᠢᠴᠢᠯᠠᠬᠤ᠂ ᠳᠡᠪᠳᠦᠭᠡᠬᠦ᠂ ᠰᠢᠯᠭᠠᠨ ᠪᠠᠢᠴᠠᠭᠠᠬᠤ ᠡᠮ ᠲᠤᠰᠤᠭᠠᠬᠤ᠂ ᠭᠠᠷᠭᠠᠵᠤ ᠠᠪᠬᠤ ᠵᠡᠷᠭᠡ ᠶᠠᠪᠤᠴᠠ ᠶ᠋ᠢ ᠦᠩᠭᠡᠷᠡᠭᠦᠯᠦᠭᠡᠳ ᠦᠯᠢᠭᠡᠷ ᠪᠤᠳᠠᠰ ᠲᠡᠬᠢ ᠲᠠᠷᠢᠶᠠᠨ ᠡᠮ ᠤ᠋ᠨ ᠦᠯᠡᠳᠡᠭᠳᠡᠯ ᠵᠡᠷᠭᠡ ᠵᠠᠩᠬᠢᠯᠠᠭ᠎ᠠ ᠶ᠋ᠢᠨ ᠲᠤᠭ᠎ᠠ ᠪᠠᠷᠢᠮᠳᠠ ᠲᠦᠳᠡᠯ ᠦᠭᠡᠢ ᠰᠢᠯᠭᠠᠨ ᠪᠠᠢᠴᠠᠭᠠᠬᠤ ᠲᠦᠬᠦᠭᠡᠷᠦᠮᠵᠢ ᠶ᠋ᠢᠨ ᠳᠡᠯᠭᠡᠴᠡ ᠳᠡᠭᠡᠷ᠎ᠠ ᠢᠯᠡᠷᠡᠪᠡ᠃ 《ᠪᠢᠳᠡ ᠡᠳᠦᠷ ᠲᠡᠭᠡᠨ ᠰᠢᠯᠭᠠᠨ ᠪᠠᠢᠴᠠᠭᠠᠵᠤ᠂ ᠡᠳᠦᠷ ᠲᠡᠭᠡᠨ ᠵᠠᠷᠯᠠᠬᠤ ᠶ᠋ᠢ ᠪᠠᠷᠢᠮᠳᠠᠯᠠᠨ᠂ ᠪᠦᠬᠦ ᠶᠠᠪᠤᠴᠠ ᠪᠦᠷ ᠢᠯᠡ ᠲᠤᠳᠤ ᠪᠠᠢᠳᠠᠭ》 ᠭᠡᠵᠦ ᠵᠠᠩ ᠴᠤᠤ ᠠᠵᠢᠯ ᠶ᠋ᠢᠡᠨ ᠦᠷᠭᠦᠯᠵᠢᠯᠡᠬᠦᠯᠬᠦ ᠶ᠋ᠢᠨ ᠬᠠᠮᠳᠤ ᠰᠤᠷᠪᠤᠯᠵᠢᠯᠠᠭᠴᠢ ᠳ᠋ᠤ ᠬᠡᠯᠡᠨ᠎ᠠ᠃

ᠵᠢᠯ ᠤ᠋ᠨ ᠡᠬᠢᠨ ᠡᠴᠡ ᠨᠠᠭᠠᠰᠢ᠂ ᠬᠦᠬᠡᠬᠤᠳᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠳᠠ ᠬᠠᠮᠢᠶᠠᠷᠤᠯᠳᠠ ᠶ᠋ᠢᠨ ᠰᠠᠯᠠᠭ᠎ᠠ ᠮᠦᠴᠢᠷ ᠤ᠋ᠨ ᠬᠢᠨ ᠲᠠᠷᠢᠶᠠᠯᠠᠩ ᠤ᠋ᠨ ᠪᠦᠲᠦᠭᠡᠭᠳᠡᠭᠦᠨ ᠢ᠋ ᠠᠷᠠᠯᠵᠢᠶᠠᠯᠠᠬᠤ ᠪᠠ ᠪᠦᠭᠡᠮ ᠶ᠋ᠢᠡᠷ ᠪᠤᠷᠤᠯᠠᠭᠤᠯᠬᠤ ᠵᠠᠬ᠎ᠠ ᠳᠡᠯᠭᠡᠭᠦᠷ ᠲᠤ᠌ 《ᠡᠳᠦᠷ ᠪᠦᠷᠢ ᠰᠢᠯᠭᠠᠨ ᠪᠠᠢᠴᠠᠭᠠᠬᠤ᠂ ᠴᠠᠭ ᠮᠦᠴᠡ ᠦᠭᠡᠢ ᠰᠤᠭᠤᠴᠢᠨ ᠪᠠᠢᠴᠠᠭᠠᠬᠤ》 ᠳᠦᠷᠢᠮ ᠢ᠋ ᠬᠡᠷᠡᠭᠵᠢᠭᠦᠯᠵᠦ᠂ ᠳᠠᠷᠤᠢ ᠲᠦᠷᠭᠡᠨ ᠰᠢᠯᠭᠠᠨ ᠪᠠᠢᠴᠠᠭᠠᠬᠤ ᠠᠵᠢᠯ ᠢ᠋ ᠵᠠᠬ᠎ᠠ ᠳᠡᠯᠭᠡᠭᠦᠷ ᠤ᠋ᠨ ᠡᠵᠡᠩᠨᠡᠯᠳᠡ ᠶ᠋ᠢᠨ ᠪᠦᠬᠦ ᠶᠠᠪᠤᠴᠠ ᠳ᠋ᠤ ᠲᠤᠭᠤᠰᠢᠯᠠᠭᠤᠯᠤᠨ᠂ ᠢᠳᠡᠭᠡᠨ ᠤ᠋ ᠵᠦᠢᠯᠡᠰ ᠤ᠋ᠨ ᠠᠮᠦᠷ ᠲᠦᠪᠰᠢᠨ ᠢ᠋ 《ᠦᠨᠳᠦᠰᠦ ᠡᠴᠡ ᠨᠢ ᠰᠡᠷᠭᠡᠢᠯᠡᠨ ᠡᠵᠡᠮᠳᠡᠬᠦ᠂ ᠪᠦᠬᠦ ᠶᠠᠪᠤᠴᠠ ᠪᠡᠷ ᠬᠢᠨᠠᠨ ᠬᠠᠮᠢᠶᠠᠷᠬᠤ 》 ᠶ᠋ᠢ ᠪᠡᠶᠡᠯᠡᠭᠦᠯᠵᠠᠢ᠃

《ᠪᠢᠳᠡ ᠬᠤᠯᠢᠰᠢᠨ ᠢᠳᠡᠭᠡᠨ ᠤ᠋ ᠵᠦᠢᠯ ᠳ᠋ᠤ 〈ᠡᠳᠦᠷ ᠪᠦᠷᠢ ᠰᠢᠯᠭᠠᠨ ᠪᠠᠢᠴᠠᠭᠠᠬᠤ〉ᠠᠵᠢᠯ ᠢ᠋ ᠪᠠᠢᠩᠭᠤ ᠶ᠋ᠢᠨ ᠴᠢᠨᠠᠷᠳᠠᠢ ᠦᠷᠨᠢᠭᠦᠯᠵᠦ ᠪᠤᠢ᠃ ᠡᠨᠡ ᠵᠢᠯ ᠰᠢᠯᠭᠠᠨ ᠪᠠᠢᠴᠠᠭᠠᠬᠤ ᠬᠡᠮᠵᠢᠶ᠎ᠠ ᠪᠠ ᠲᠦᠷᠦᠯ ᠵᠦᠢᠯ ᠢ᠋ ᠨᠡᠮᠡᠭᠳᠡᠭᠦᠯᠵᠦ᠂ ᠪᠦᠬᠦ ᠶᠠᠪᠤᠴᠠ ᠶ᠋ᠢᠨ ᠪᠢᠳᠡᠭᠦᠦ ᠬᠡᠯᠬᠢᠶᠡᠳᠦ ᠬᠠᠮᠢᠶᠠᠷᠤᠯᠳᠠ ᠶ᠋ᠢ ᠬᠡᠷᠡᠭᠵᠢᠭᠦᠯᠦᠨ᠂ ᠬᠢᠷᠢ ᠲᠡᠩᠴᠡᠬᠦ ᠦᠭᠡᠢ ᠪᠦᠲᠦᠭᠡᠭᠳᠡᠭᠦᠨ ᠢ᠋ ᠢᠯᠡᠷᠡᠭᠦᠯᠪᠡᠯ ᠲᠡᠷᠡ ᠳᠠᠷᠤᠢ ᠳ᠋ᠤᠨᠢ ᠳᠡᠯᠭᠡᠭᠦᠷ ᠤ᠋ᠨ ᠡᠵᠡᠨ ᠳ᠋ᠤ ᠮᠡᠳᠡᠭᠳᠡᠵᠦ᠂ ᠪᠤᠷᠤᠯᠠᠭᠤᠯᠬᠤ ᠪᠡᠨ ᠵᠤᠭᠰᠤᠭᠠᠬᠤ ᠶ᠋ᠢ ᠱᠠᠭᠠᠷᠳᠠᠬᠤ ᠶ᠋ᠢᠨ ᠬᠠᠮᠳᠤ ᠢᠷᠡᠯᠳᠡ ᠶ᠋ᠢ ᠨᠢ ᠮᠦᠷᠳᠡᠵᠤ᠂ ᠠᠰᠠᠭᠤᠳᠠᠯ ᠲᠠᠢ ᠢᠳᠡᠭᠡᠨ ᠤ᠋ ᠮᠠᠲᠧᠷᠢᠶᠠᠯ ᠠᠷᠠᠳ ᠢᠷᠭᠡᠳ ᠤ᠋ᠨ ᠬᠤᠭᠤᠯᠠᠨ ᠰᠢᠷᠡᠭᠡᠨ ᠳ᠋ᠤ ᠭᠠᠷᠬᠤ ᠶ᠋ᠢ ᠰᠡᠷᠭᠡᠢᠯᠡᠵᠦ ᠪᠠᠢᠨ᠎ᠠ》 ᠭᠡᠵᠦ ᠬᠦᠬᠡᠬᠤᠳᠠ ᠶ᠋ᠢᠨ ᠢᠤᠢᠴᠢᠤᠸᠠᠨ ᠲᠤᠭᠤᠷᠢᠭ ᠤ᠋ᠨ ᠵᠠᠬ᠎ᠠ ᠳᠡᠯᠭᠡᠭᠦᠷ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠮᠧᠢ ᠲᠦᠩ ᠤ᠋ᠨ ᠵᠠᠬ᠎ᠠ ᠳᠡᠯᠭᠡᠭᠦᠷ ᠤ᠋ᠨ ᠬᠢᠨᠠᠯᠳᠠ ᠬᠠᠮᠢᠶᠠᠷᠤᠯᠳᠠ ᠶ᠋ᠢᠨ ᠭᠠᠵᠠᠷ ᠤ᠋ᠨ ᠳᠠᠷᠤᠭ᠎ᠠ ᠸᠠᠩ ᠭᠦᠧᠧ ᠸᠧᠨ ᠶᠠᠷᠢᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号