《ᠲᠠᠪᠤᠨ ᠰᠠᠷ᠎ᠠ ᠵᠢᠨ ᠨᠢᠭᠡᠨ》ᠤ᠋ ᠠᠮᠠᠷᠠᠯᠲᠠ ᠵᠢᠨ ᠬᠤᠭᠤᠴᠠᠭᠠᠨ ᠳ᠋ᠤ ᠵᠢᠭᠤᠯᠴᠢᠯᠠᠭ᠍ᠰᠠᠳ ᠣᠯᠠᠱᠢᠷᠠᠵᠤ᠂ ᠬᠡᠭᠡᠷ᠎ᠡ ᠭᠠᠳᠠᠨ᠎ᠠ ᠭᠠᠯ ᠬᠡᠷᠡᠭ᠌ᠯᠡᠬᠦ᠌ ᠲᠦᠭ᠌ᠰᠢᠭᠦᠷᠢ ᠨᠡᠮᠡᠭ᠌ᠳᠡᠬᠦ ᠶ᠋ᠢ ᠳᠠᠭᠠᠯᠳᠤᠨ ᠤᠢ ᠱᠢᠭᠤᠢ ᠪᠠ ᠨᠤᠲᠤᠭ ᠪᠡᠯᠴᠢᠭᠡᠷ ᠤ᠋ᠨ ᠲᠦᠢᠮᠡᠷ ᠢ᠋ ᠰᠡᠷᠭᠡᠢᠯᠡᠨ ᠡᠵᠡᠮᠳᠡᠬᠦ᠌ ᠳᠠᠷᠤᠯᠲᠠ ᠦᠷᠭᠦᠯᠵᠢᠯᠡᠨ ᠨᠡᠮᠡᠭ᠌ᠳᠡᠪᠡ᠃ ᠭᠠᠯᠤᠨ ᠡᠨᠳᠡᠯᠤᠨ ᠳᠠᠯᠳᠠ ᠬᠡᠮ ᠢ᠋ ᠡᠬᠢ ᠡᠭᠦᠰᠦᠯ ᠡᠴᠡᠨᠢ ᠰᠡᠷᠭᠡᠢᠯᠡᠨ᠂ ᠠᠷᠠᠳ ᠲᠦᠮᠡᠨ ᠤ᠋ ᠠᠮᠤᠷ ᠲᠦᠪᠱᠢᠨ ᠤ᠋ ᠰᠡᠷᠭᠡᠢᠯᠡᠯᠲᠡ ᠵᠢᠨ ᠱᠤᠭᠤᠮ ᠢ᠋ ᠪᠡᠬᠢᠵᠢᠭᠦᠯᠬᠦ᠌ ᠵᠢᠨ ᠲᠥᠯᠥᠭᠡ᠂ 4 ᠰᠠᠷ᠎ᠠ ᠵᠢᠨ 29 ᠤ᠋ ᠡᠳᠦᠷ᠂ ᠬᠦᠬᠡᠬᠤᠲᠠ ᠵᠢᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠳᠠᠯᠠᠨ ᠬᠠᠷ᠎ᠠ ᠠᠭᠤᠯᠠ ᠵᠢᠨ ᠠᠮᠢ ᠠᠬᠤᠶ ᠵᠢᠨ ᠠᠷᠠᠴᠢᠯᠠᠨ ᠬᠠᠮᠠᠭᠠᠯᠠᠬᠤ ᠲᠥᠪ ᠪᠣᠯᠤᠨ ᠭᠠᠯ ᠤᠨᠲᠠᠷᠠᠭᠠᠬᠤ ᠲᠤᠰᠭᠠᠶ ᠠᠩᠭᠢ ᠵᠢᠨ ᠭᠡᠱᠢᠭᠦᠳ ᠢ᠋ ᠵᠣᠬᠢᠶᠠᠨ ᠪᠠᠢᠭᠤᠯᠵᠤ᠂ ᠤᠰᠤᠲᠤ ᠤᠯᠤᠰᠤᠨ ᠣᠶ ᠱᠢᠭᠤᠶ ᠵᠢᠨ ᠴᠡᠴᠡᠷᠯᠢᠭ ᠲᠤ᠌ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠦᠢᠮᠡᠷ ᠰᠡᠷᠭᠡᠢᠯᠡᠬᠦ᠌ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃
ᠠᠵᠢᠯᠯᠠᠭ᠎ᠠᠨᠢ ᠲᠤᠬᠠᠶ ᠵᠢᠨ ᠲᠠᠯᠠᠪᠠᠶ ᠳ᠋ᠤ ᠤᠬᠠᠭᠤᠯᠤᠨ ᠲᠠᠢᠯᠪᠤᠷᠢᠯᠠᠬᠤ ᠠᠷᠭ᠎ᠠ ᠬᠡᠯᠪᠡᠷᠢ ᠪᠡᠷ᠂ ᠵᠢᠭᠤᠯᠴᠢᠯᠠᠭ᠍ᠴᠢ ᠵᠢᠴᠢ ᠡᠷᠬᠢᠨ ᠲᠣᠭᠣᠷᠢᠨᠤ ᠰᠠᠭᠤᠭᠠᠯᠢ ᠠᠷᠠᠳᠲᠤ ᠬᠠᠨᠳᠤᠭᠤᠯᠤᠨ ᠲᠦᠢᠮᠡᠷ ᠰᠡᠷᠭᠡᠢᠯᠡᠬᠦ᠌ ᠤᠬᠠᠭᠤᠯᠭ᠎ᠠ ᠬᠥᠮᠦᠵᠢᠯ ᠥᠷᠨᠢᠭᠦᠯᠪᠡ᠃ ᠲᠤᠬᠠᠶ ᠵᠢᠨ ᠲᠠᠯᠠᠪᠠᠶ ᠳ᠋ᠤ ᠲᠦᠢᠮᠡᠷ ᠰᠡᠷᠭᠡᠢᠯᠡᠯᠲᠡ ᠵᠢᠨ ᠠᠰᠠᠭᠤᠨ ᠯᠠᠪᠯᠠᠬᠤ ᠲᠠᠪᠴᠠᠩ ᠲᠤᠬᠢᠷᠠᠭᠤᠯᠵᠤ᠂ ᠲᠦᠢᠮᠡᠷ ᠰᠡᠷᠭᠡᠢᠯᠡᠯᠲᠡ ᠵᠢᠨ ᠤᠬᠠᠭᠤᠯᠭ᠎ᠠ ᠵᠢᠨ ᠮᠠᠲ᠋ᠧᠷᠢᠶᠠᠯ ᠢ᠋ ᠨᠡᠢᠲᠡ 900 ᠭᠠᠷᠤᠶ ᠬᠤᠪᠢ ᠲᠠᠷᠬᠠᠭᠠᠪᠠ᠃ ᠠᠵᠢᠯᠲᠠᠳ ᠲᠤᠬᠠᠶ ᠵᠢᠨ ᠲᠠᠯᠠᠪᠠᠶ ᠳ᠋ᠤ 《ᠣᠶ ᠱᠢᠭᠤᠶ ᠪᠠ ᠨᠤᠲᠤᠭ ᠪᠡᠯᠴᠢᠭᠡᠷ ᠤ᠋ᠨ ᠲᠦᠶ᠋ᠮᠡᠷ ᠢ᠋ ᠰᠡᠷᠭᠡᠢᠯᠡᠨ ᠤᠨᠲᠠᠷᠠᠭᠠᠬᠤ ᠲᠦᠷᠢᠮ》ᠵᠢᠴᠢ ᠬᠡᠭᠡᠷ᠎ᠡ ᠭᠠᠳᠠᠨ᠎ᠠ ᠲᠣᠭ᠍ᠲᠠᠭᠠᠯᠠᠴᠠ ᠵᠥᠷᠢᠴᠡᠨ ᠭᠠᠯ ᠬᠡᠷᠡᠭ᠌ᠯᠡᠬᠦ᠌ ᠬᠠᠮᠢᠶ᠎ᠠ ᠪᠥᠬᠥᠶ ᠬᠠᠤᠯᠢ ᠴᠠᠭᠠᠵᠠ ᠬᠠᠤᠯᠢ ᠲᠣᠭ᠍ᠲᠠᠭᠠᠯ ᠢ᠋ ᠲᠠᠢᠯᠪᠤᠷᠢᠯᠠᠵᠤ᠂ ᠭᠠᠯ ᠢ᠋ ᠠᠭᠤᠯᠠᠨ ᠳ᠋ᠤ ᠠᠪᠴᠤ᠌ ᠭᠠᠷᠬᠤ᠂ ᠣᠶ ᠳᠤᠳᠤᠷ᠎ᠠ ᠲᠠᠮᠠᠬᠢ ᠲᠠᠲᠠᠬᠤ᠂ ᠬᠡᠭᠡᠷ᠎ᠡ ᠭᠠᠳᠠᠨ᠎ᠠ ᠬᠤᠭᠤᠯᠠ ᠬᠢᠬᠦ᠂ ᠡᠯᠳᠡᠪ ᠪᠣᠳᠠᠰ ᠢ᠋ ᠱᠢᠲᠠᠭᠠᠬᠤ ᠵᠡᠷᠭᠡ ᠶ᠋ᠢ ᠴᠢᠩᠭ᠎ᠠ ᠴᠠᠭᠠᠵᠠᠯᠠᠬᠤ ᠲᠣᠭ᠍ᠲᠠᠭᠠᠯ ᠢ᠋ ᠲᠣᠳᠣᠷᠬᠠᠢᠯᠠᠨ᠂ ᠲᠦᠶ᠋ᠮᠡᠷ ᠤ᠋ᠨ ᠪᠠᠢᠳᠠᠯᠤᠨ ᠰᠡᠷᠡᠮᠵᠢ ᠵᠢᠨ ᠳᠣᠬᠢᠶ᠎ᠠ᠂ ᠪᠠᠴᠢᠮ ᠪᠠᠢᠳᠠᠯ ᠢ᠋ ᠠᠷᠭᠠᠴᠠᠭᠠᠨ ᠠᠶᠤᠯᠠᠴᠠ ᠵᠠᠢᠯᠠᠬᠤ ᠶᠡᠷᠦ᠍ ᠵᠢᠨ ᠮᠡᠳᠡᠯᠭᠡ ᠶ᠋ᠢ ᠲᠦᠭᠡᠮᠡᠯᠵᠢᠭᠦᠯᠵᠦ᠍᠂ ᠣᠯᠠᠨ ᠲᠦᠮᠡᠨ ᠢ᠋ ᠱᠢᠭᠤᠢᠲᠤ ᠣᠷᠣᠨᠤ ᠲᠦᠶ᠋ᠮᠡᠷ ᠢ᠋ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ ᠶ᠋ᠢ ᠤᠬᠠᠮᠰᠠᠷᠠᠴᠠᠪᠠᠨ ᠵᠢᠷᠤᠮᠯᠠᠵᠤ᠂ ᠲᠦᠶ᠋ᠮᠡᠷ ᠤ᠋ᠨ ᠡᠬᠢ ᠰᠤᠷᠪᠤᠯᠵᠢ ᠶ᠋ᠢ ᠪᠠᠢᠴᠠᠭᠠᠬᠤ᠂ ᠪᠣᠯᠪᠠᠰᠤᠨ᠂ ᠠᠮᠤᠷ ᠲᠦᠪᠱᠢᠨ ᠵᠢᠡᠷ ᠵᠢᠭᠤᠯᠴᠢᠯᠠᠬᠤ ᠳ᠋ᠤ ᠰᠠᠨᠠᠭᠠᠴᠢᠯᠠᠭᠠᠠᠴᠠᠪᠠᠨ ᠬᠠᠮᠵᠢᠯᠴᠠᠬᠤ ᠶ᠋ᠢ ᠬᠦᠲᠦᠯᠤᠨ ᠵᠢᠯᠤᠭᠤᠳᠪᠠ᠃
ᠲᠤᠰ ᠤᠳᠠᠭᠠᠨᠤ ᠤᠬᠠᠭᠤᠯᠭ᠎ᠠ ᠵᠢᠨ ᠠᠵᠢᠯᠯᠠᠭ᠎ᠠ ᠨᠢ ᠲᠦᠢᠮᠡᠷ ᠰᠡᠷᠭᠡᠢᠯᠡᠬᠦ᠌ ᠭᠦᠨ ᠵᠤᠵᠠᠭᠠᠨ ᠠᠭᠤᠷ ᠠᠮᠢᠰᠭᠤᠯ ᠢ᠋ ᠪᠣᠶ ᠪᠣᠯᠭᠠᠵᠤ ᠂ ᠣᠯᠠᠨ ᠲᠦᠮᠡᠨ ᠤ᠋ ᠣᠶ ᠱᠢᠭᠤᠶ ᠵᠢᠨ ᠲᠦᠢᠮᠡᠷ ᠰᠡᠷᠭᠡᠢᠯᠡᠬᠦ᠌ ᠦᠵᠡᠯ ᠤᠬᠠᠮᠰᠠᠷ ᠢ᠋ ᠦᠨᠡᠨ ᠬᠦ᠌ ᠳᠡᠭᠡᠭᠰᠢᠯᠡᠬᠦᠯᠦᠨ᠂ 《ᠲᠠᠪᠤᠨ ᠰᠠᠷ᠎ᠠ ᠵᠢᠨ ᠨᠢᠭᠡᠨ》ᠤ᠋ ᠠᠮᠠᠷᠠᠯᠲᠠ ᠵᠢᠨ ᠬᠤᠭᠤᠴᠠᠭᠠᠨᠤ ᠨᠡᠢᠭᠡᠮ ᠤ᠋ᠨ ᠠᠮᠤᠷ ᠲᠦᠪᠱᠢᠨ ᠤ᠋ ᠲᠣᠭ᠍ᠲᠠᠭᠤᠨ ᠪᠠᠢᠳᠠᠯ ᠳ᠋ᠤ ᠪᠠᠲᠤ ᠪᠠᠬᠢ ᠰᠡᠷᠭᠡᠢᠯᠡᠨ ᠬᠠᠮᠠᠭᠠᠯᠠᠬᠤ ᠰᠠᠭᠤᠷᠢ ᠲᠠᠯᠪᠢᠪᠠ᠃