ᠦᠪᠦᠷ ᠮᠤᠩᠭᠤᠯ ᠭᠤᠷᠪᠠᠳᠤᠭᠠᠷ ᠤᠳᠠᠭᠠᠨ ᠤ᠋ ᠡᠷᠲᠡᠨ ᠤ᠋ ᠮᠤᠳᠤ ᠨᠡᠷᠡᠲᠤ ᠮᠤᠳᠤᠨ ᠤ᠋ ᠡᠬᠢ ᠪᠠᠶᠠᠯᠢᠭ ᠤ᠋ᠨ ᠪᠠᠢᠴᠠᠭᠠᠯᠲᠠ ᠶ᠋ᠢ ᠡᠬᠢᠯᠡᠭᠦᠯᠪᠡ
2026-05-09 10:04:19
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠦᠪᠦᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠢ ᠰᠢᠭᠤᠢ ᠪᠠ ᠨᠤᠲᠤᠭ ᠪᠡᠯᠴᠢᠭᠡᠷ ᠤ᠋ᠨ ᠠᠵᠢᠯ ᠤ᠋ᠨ ᠶᠡᠷᠦᠩᠬᠡᠢ ᠦᠷᠲᠡᠭᠡ ᠬᠦᠬᠡᠬᠤᠲᠠ ᠳ᠋ᠤ ᠭᠤᠷᠪᠠᠳᠤᠭᠠᠷ ᠤᠳᠠᠭᠠᠨ ᠤ᠋ ᠡᠷᠲᠡᠨ ᠤ᠋ ᠮᠤᠳᠤ ᠨᠡᠷᠡᠲᠤ ᠮᠤᠳᠤᠨ ᠤ᠋ ᠡᠬᠢ ᠪᠠᠶᠠᠯᠢᠭ ᠤ᠋ᠨ ᠪᠠᠢᠴᠠᠭᠠᠯᠲᠠ ᠵᠢᠨ ᠠᠵᠢᠯᠯᠠᠭ᠎ᠠ ᠶ᠋ᠢ ᠡᠬᠢᠯᠡᠭᠦᠯᠪᠡ᠃ ᠲᠤᠰ ᠤᠳᠠᠭᠠᠨ ᠤ᠋ ᠪᠠᠢᠴᠠᠭᠠᠯᠲᠠ ᠵᠢᠨ ᠠᠵᠢᠯᠯᠠᠭ᠎ᠠ ᠵᠢᠨ ᠬᠦᠷᠢᠶ᠎ᠡ ᠬᠡᠪᠴᠢᠶ᠎ᠠ ᠨᠢ ᠬᠤᠶᠠᠳᠤᠭᠠᠷ ᠤᠳᠠᠭᠠᠨ ᠤ᠋ ᠪᠠᠢᠴᠠᠭᠠᠯᠲᠠ ᠵᠢᠨ ᠠᠵᠢᠯᠯᠠᠭ᠎ᠠ ᠲᠠᠢ ᠬᠠᠷᠢᠴᠠᠭᠤᠯᠪᠠᠯ ᠤᠯᠤᠰ ᠤ᠋ᠨ ᠳᠡᠰ ᠤ᠋ᠨ ᠴᠡᠴᠡᠷᠯᠢᠭ᠂ ᠪᠠᠢᠭᠠᠯᠢ ᠵᠢᠨ ᠬᠠᠮᠠᠭᠠᠯᠠᠯᠲᠠ ᠵᠢᠨ ᠤᠷᠤᠨ ᠵᠢᠴᠢ ᠪᠤᠰᠤᠳ ᠤᠯᠤᠰ ᠤ᠋ᠨ ᠦᠮᠴᠢᠯᠡᠯ ᠤ᠋ᠨ ᠤᠢ ᠰᠢᠭᠤᠢ ᠵᠢᠨ ᠤᠷᠤᠨ ᠢ᠋ ᠬᠠᠮᠤᠷᠴᠠᠢ᠃

ᠮᠠᠨ ᠤ᠋ ᠤᠷᠤᠨ᠎ᠤ ᠡᠷᠲᠡᠨ ᠤ᠋ ᠮᠤᠳᠤ ᠨᠡᠷᠡᠲᠤ ᠮᠤᠳᠤᠨ ᠤ᠋ ᠡᠬᠢ ᠪᠠᠶᠠᠯᠢᠭ᠎ᠡᠯᠪᠡᠭ᠂ ᠲᠦᠷᠦᠯ ᠵᠦᠢᠯ ᠤᠯᠠᠨ᠂ ᠪᠦᠬᠦ ᠤᠷᠤᠨ ᠳ᠋ᠤ ᠲᠠᠷᠠᠬᠠᠢ ᠪᠤᠳᠠᠷᠬᠠᠢ ᠤᠷᠭᠤᠵᠤ ᠪᠠᠢᠭ᠎ᠠ ᠡᠷᠲᠡᠨ ᠤ᠋ ᠮᠤᠳᠤ ᠨᠡᠷᠡᠲᠤ ᠮᠤᠳᠤ 4481 ᠰᠠᠭᠤᠷᠢ᠂ 169 ᠪᠠᠯᠠᠷ ᠤᠢ ᠪᠤᠢ᠃ ᠪᠦᠬᠦ ᠤᠷᠤᠨ ᠤ᠋ ᠲᠠᠷᠠᠬᠠᠢ ᠪᠤᠳᠠᠷᠬᠠᠢ ᠤᠷᠭᠤᠵᠤ ᠪᠠᠢᠭ᠎ᠠ ᠡᠷᠲᠡᠨ ᠤ᠋ ᠮᠤᠳᠤ ᠨᠡᠷᠡᠲᠤ ᠮᠤᠳᠤᠨ ᠤ᠋ ᠳᠤᠲᠤᠷ᠎ᠠ ᠨᠢᠭᠡᠳᠦᠭᠡᠷ ᠳᠡᠰ ᠤ᠋ᠨ ᠡᠷᠲᠡᠨ ᠤ᠋ ᠮᠤᠳᠤ 125 ᠰᠠᠭᠤᠷᠢ᠂ ᠬᠤᠶᠠᠳᠤᠭᠠᠷ ᠳᠡᠰ ᠤ᠋ᠨ ᠡᠷᠲᠡᠨ ᠤ᠋ ᠮᠤᠳᠤ 527 ᠰᠠᠭᠤᠷᠢ᠂ ᠭᠤᠷᠪᠠᠳᠤᠭᠠᠷ ᠳᠡᠰ ᠤ᠋ᠨ ᠡᠷᠲᠡᠨ ᠤ᠋ ᠮᠤᠳᠤ 3815 ᠰᠠᠭᠤᠷᠢ᠂ ᠡᠷᠲᠡᠨ ᠤ᠋ ᠮᠤᠳᠤ ᠨᠡᠷᠡᠲᠤ ᠮᠤᠳᠤ 14 ᠰᠠᠭᠤᠷᠢ ᠪᠤᠢ᠃ ᠪᠦᠬᠦ ᠤᠷᠤᠨ ᠳ᠋ᠡᠬᠢ ᠲᠠᠷᠠᠬᠠᠢ ᠪᠤᠳᠠᠷᠬᠠᠢ ᠤᠷᠭᠤᠵᠤ ᠪᠠᠢᠭ᠎ᠠ ᠡᠷᠲᠡᠨ ᠤ᠋ ᠮᠤᠳᠤ ᠨᠡᠷᠡᠲᠤ ᠮᠤᠳᠤᠨ ᠳ᠋ᠤ ᠫᠠᠢᠰᠠ ᠡᠯᠭᠦᠭᠰᠡᠨ ᠨᠤᠷᠮ᠎ᠠ 97.58% ᠎ᠳᠦ ᠬᠦᠷᠴᠤ᠂ ᠨᠢᠭᠡᠳᠦᠭᠡᠷ ᠳᠡᠰ ᠤ᠋ᠨ ᠡᠷᠲᠡᠨ ᠤ᠋ ᠮᠤᠳᠤ ᠨᠡᠷᠡᠲᠤ ᠮᠤᠳᠤᠨ ᠳ᠋ᠤ ᠫᠠᠢᠰᠠ ᠡᠯᠭᠦᠭᠰᠡᠨ ᠨᠤᠷᠮ᠎ᠠ 100% ᠶ᠋ᠢ ᠪᠠᠲᠤᠯᠠᠪᠠ᠃ ᠤᠯᠠᠭᠠᠨᠴᠠᠪ ᠬᠤᠲᠠ᠂ ᠰᠢᠯᠢ ᠵᠢᠨ ᠭᠤᠤᠯ ᠠᠢᠮᠠᠭ᠂ ᠡᠷᠢᠶᠡᠨ ᠬᠤᠲᠠ᠂ ᠤᠯᠠᠭᠠᠨᠬᠠᠳᠠ 4 ᠠᠢᠮᠠᠭ ᠬᠤᠲᠠ 《ᠭᠠᠭᠴᠠ ᠰᠠᠭᠤᠷᠢ + ᠡᠷᠲᠡᠨ ᠤ᠋ ᠤᠢ》 ᠵᠢᠨ ᠫᠠᠢᠰᠠ ᠡᠯᠭᠦᠭᠰᠡᠨ ᠨᠤᠷᠮ᠎ᠠ ᠴᠦᠮ 100% ᠎ᠳᠦ ᠬᠦᠷᠴᠠᠢ᠃ 

ᠲᠤᠰ ᠤᠳᠠᠭᠠᠨ ᠤ᠋ ᠡᠷᠲᠡᠨ ᠤ᠋ ᠮᠤᠳᠤ ᠨᠡᠷᠡᠲᠤ ᠮᠤᠳᠤᠨ ᠤ᠋ ᠡᠬᠢ ᠪᠠᠶᠠᠯᠢᠭ ᠤ᠋ᠨ ᠨᠡᠢᠳᠡᠮ ᠪᠠᠢᠴᠠᠭᠠᠯᠲᠠ ᠵᠢᠨ ᠠᠵᠢᠯᠯᠠᠭ᠎ᠠ ᠨᠢ ᠬᠤᠶᠠᠳᠤᠭᠠᠷ ᠤᠳᠠᠭᠠᠨ ᠤ᠋ ᠨᠡᠢᠳᠡᠮ ᠪᠠᠢᠴᠠᠭᠠᠯᠲᠠ ᠵᠢᠨ ᠠᠵᠢᠯᠯᠠᠭ᠎ᠠ ᠵᠢᠨ ᠰᠠᠭᠤᠷᠢᠨ ᠳᠡᠭᠡᠷ᠎ᠡ 《ᠡᠷᠲᠡᠨ ᠤ᠋ ᠮᠤᠳᠤ ᠨᠡᠷᠡᠲᠤ ᠮᠤᠳᠤ ᠶ᠋ᠢ ᠬᠠᠮᠠᠭᠠᠯᠠᠬᠤ ᠳᠦᠷᠢᠮ》 ᠢ᠋ ᠴᠢᠩᠭ᠎ᠠ ᠨᠠᠢᠳᠠᠪᠤᠷᠢᠵᠢᠭᠤᠯᠵᠤ᠂ ᠡᠬᠢ ᠪᠠᠶᠠᠯᠢᠭ ᠤ᠋ᠨ ᠲᠠᠷᠬᠠᠯᠲᠠ᠂ ᠤᠷᠭᠤᠯᠲᠠ ᠵᠢᠨ ᠪᠠᠢᠳᠠᠯ᠂ ᠬᠠᠮᠠᠭᠠᠯᠠᠯᠲᠠ ᠬᠠᠮᠢᠶᠠᠷᠤᠯᠲᠠ᠂ ᠲᠡᠦᠬᠡ ᠰᠤᠶᠤᠯ ᠢᠷᠭᠡᠨᠰᠢᠯ ᠵᠡᠷᠭᠡ ᠪᠠᠢᠳᠠᠯ ᠢ᠋ ᠤᠯᠠᠮ ᠨᠢᠭᠡ ᠠᠯᠬᠤᠮ ᠲᠤᠳᠤᠷᠬᠠᠢᠯᠠᠨ᠂ ᠪᠦᠬᠦ ᠲᠠᠯ᠎ᠠ ᠵᠢᠨ᠂ ᠨᠠᠷᠢᠯᠢᠭ ᠤᠨᠤᠪᠴᠢᠲᠠᠢ ᠡᠷᠲᠡᠨ ᠤ᠋ ᠮᠤᠳᠤ ᠨᠡᠷᠡᠲᠤ ᠮᠤᠳᠤᠨ ᠤ᠋ ᠡᠬᠢ ᠪᠠᠶᠠᠯᠢᠭ ᠤ᠋ᠨ ᠬᠠᠮᠢᠶᠠᠷᠤᠯᠲᠠ ᠵᠢᠨ ᠲᠤᠭ᠎ᠠ ᠪᠠᠷᠢᠮᠲᠠ ᠵᠢᠨ ᠬᠦᠮᠦᠷᠭᠡ ᠶ᠋ᠢ ᠪᠦᠷᠢᠯᠳᠦᠭᠦᠯᠵᠤ᠂ ᠰᠢᠨᠵᠢᠯᠡᠬᠦ ᠤᠬᠠᠭᠠᠨᠴᠢ ᠬᠠᠮᠠᠭᠠᠯᠠᠯᠲᠠ ᠬᠠᠮᠢᠶᠠᠷᠤᠯᠲᠠ ᠶ᠋ᠢ ᠦᠷᠬᠦᠯᠵᠢᠯᠡᠨ ᠠᠬᠢᠭᠤᠯᠤᠨ᠂ ᠡᠷᠲᠡᠨ ᠤ᠋ ᠮᠤᠳᠤ ᠨᠡᠷᠡᠲᠤ ᠮᠤᠳᠤ ᠶ᠋ᠢ ᠦᠨᠳᠦᠷ ᠦᠷ᠎ᠡ ᠪᠦᠲᠦᠮᠵᠢᠲᠠᠢ ᠬᠠᠮᠠᠭᠠᠯᠠᠬᠤ ᠪᠠ ᠴᠢᠨᠠᠷ ᠰᠠᠢᠲᠠᠢ ᠬᠦᠭᠵᠢᠯᠲᠡ ᠶ᠋ᠢ ᠠᠬᠢᠭᠤᠯᠬᠤ ᠶ᠋ᠢ ᠵᠤᠷᠢᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号