— ᠣᠯᠠᠨ ᠭᠠᠵᠠᠷ ᠤᠷᠤᠨ᠎ᠤ ᠣᠶ ᠱᠢᠭᠤᠶ ᠨᠤᠲᠤᠭ ᠪᠡᠯᠴᠢᠭᠡᠷ᠎ᠦᠨ ᠲᠦᠶ᠋ᠮᠡᠷ᠎ᠢ ᠰᠡᠷᠭᠡᠢᠯᠡᠨ ᠤᠨᠲᠠᠷᠠᠭᠠᠬᠤ ᠠᠵᠢᠯ᠎ᠢ᠋ ᠠᠬᠢᠭᠤᠯᠵᠤ ᠪᠠᠢᠭ᠎ᠠ ᠲᠤᠬᠠᠢ ᠠᠵᠢᠭ᠍ᠯᠠᠯᠲᠠ
ᠠᠭᠠᠷ ᠤᠨ ᠳᠤᠯᠠᠭᠠᠨ ᠠᠭᠠᠵᠢᠮ᠎ᠢᠶᠠᠷ ᠲᠡᠭᠡᠭᠰᠢᠯᠡᠵᠤ᠂ ᠬᠦᠳᠡᠬᠡ ᠭᠠᠳᠠᠭ᠎ᠠ ᠭᠠᠷᠴᠤ ᠰᠡᠯᠡᠭᠦᠴᠡᠨ ᠵᠢᠭᠤᠯᠴᠢᠯᠠᠬᠤ ᠬᠦᠮᠦᠰ ᠣᠯᠠᠱᠢᠷᠠᠵᠤ᠂ ᠪᠦᠬᠦ᠌ ᠤᠯᠤᠰ ᠤᠨ ᠤᠢ ᠱᠢᠭᠤᠢ ᠨᠤᠲᠤᠭ ᠪᠡᠯᠴᠢᠭᠡᠷ᠎ᠦᠨ ᠲᠦᠢᠮᠡᠷ ᠢ ᠰᠡᠷᠭᠡᠢᠯᠡᠨ ᠤᠨᠲᠠᠷᠠᠭᠠᠬᠤ ᠠᠵᠢᠯ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠪᠠ᠃ ᠰᠤᠷᠪᠤᠯᠵᠢᠯᠠᠭ᠍ᠴᠢ ᠣᠢᠷ᠎ᠠ᠎ᠳᠤ ᠤᠯᠤᠰ ᠤᠨ ᠣᠶ ᠱᠢᠭᠤᠶ ᠨᠤᠲᠤᠭ ᠪᠡᠯᠴᠢᠭᠡᠷ᠎ᠦᠨ ᠲᠦᠶ᠋ᠮᠡᠷ᠎ᠢ ᠰᠡᠷᠭᠡᠢᠯᠡᠨ ᠤᠨᠲᠠᠷᠠᠭᠠᠬᠤ ᠵᠢᠯᠣᠭᠣᠳᠭᠤ ᠬᠡᠯᠲᠡᠰ᠎ᠤᠨ ᠠᠯᠪᠠᠨ ᠬᠡᠷ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠶᠠᠮᠤᠨ᠎ᠤ ᠵᠣᠬᠢᠶᠠᠨ ᠪᠠᠢᠭᠤᠯᠤᠭ᠍ᠰᠠᠨ《ᠣᠶ ᠱᠢᠭᠤᠶ ᠨᠤᠲᠤᠭ ᠪᠡᠯᠴᠢᠭᠡᠷ᠎ᠦᠨ ᠲᠦᠶ᠋ᠮᠡᠷ ᠢ ᠰᠡᠷᠭᠡᠢᠯᠡᠨ ᠤᠨᠲᠠᠷᠠᠭᠠᠬᠤ ᠵᠠᠭᠤᠴᠢᠯᠠᠭᠤᠷ᠎ᠤᠨ ᠠᠶᠠᠯᠠᠯ》ᠭᠡᠬᠦ᠌ ᠭᠤᠤᠯ ᠰᠡᠳᠦᠪᠲᠦ ᠰᠤᠷᠪᠤᠯᠵᠢᠯᠠᠭ᠎ᠠ᠎ᠶ᠋ᠢᠨ ᠠᠵᠢᠯᠯᠠᠭ᠎ᠠ᠎ᠶ᠋ᠢ ᠳᠠᠭᠠᠵᠤ᠂ ᠵᠧᠵᠢᠶᠠᠩ᠂ ᠵᠢᠶᠠᠩᠰᠢ᠂ ᠯᠢᠶᠣᠤᠨᠢᠩ᠂ ᠱᠠᠨᠳᠦ᠋ᠩ ᠵᠡᠷᠭᠡ ᠭᠠᠵᠠᠷ᠎ᠲᠤ ᠬᠦᠷᠴᠦ᠍᠂ ᠦᠨᠳᠦᠰᠦᠨ ᠱᠠᠲᠤᠨ ᠤ ᠡᠮᠦᠨ᠎ᠡ ᠹᠷᠣᠨᠲ᠎ᠲᠤ ᠭᠦᠨᠵᠡᠭᠡᠢᠷᠡᠨ᠂ ᠡᠯ᠎ᠡ ᠭᠠᠵᠠᠷ᠎ᠤᠨ ᠲᠦᠶ᠋ᠮᠡᠷ᠎ᠢ ᠰᠡᠷᠭᠡᠢᠯᠡᠨ ᠤᠨᠲᠠᠷᠠᠭᠠᠬᠤ ᠠᠵᠢᠯ ᠢ ᠥᠷᠨᠢᠭᠦᠯᠦᠭ᠌ᠰᠡᠨ ᠠᠷᠭ᠎ᠠ ᠬᠡᠮᠵᠢᠶ᠎ᠡ ᠪᠣᠯᠤᠨ ᠦᠷ᠎ᠡ ᠪᠦᠲᠦᠮᠵᠢ᠎ᠡᠴᠡ ᠤᠢᠯᠠᠭᠠᠪᠠ᠃
《ᠪᠸᠢ ᠯᠦᠨ ᠲᠣᠭᠣᠷᠢᠭ᠎ᠤᠨ ᠠᠭᠤᠯᠠᠨ ᠤᠢ᠎ᠳᠤ ᠤᠳᠤᠭ᠎ᠠ ᠭᠠᠷᠴᠤ ᠪᠤᠢ᠂ ᠵᠣᠬᠢᠶᠠᠮᠠᠯ ᠤᠶᠤᠨ ᠴᠢᠳᠠᠪᠤᠷᠢ᠎ᠪᠡᠷ ᠵᠠᠳᠠᠯᠤᠯᠲᠠ ᠬᠢᠵᠦ᠍ ᠰᠤᠳᠤᠯᠤᠨ ᠮᠠᠭᠠᠳᠯᠠᠬᠤ ᠴᠢᠳᠠᠮᠵᠢ᠎ᠶ᠋ᠢ ᠡᠬᠢᠯᠡᠭᠦᠯᠦᠭᠡᠷᠡᠢ》᠃ ᠣᠢᠷ᠎ᠠ᠎ᠳᠤ᠂ ᠣᠶ ᠱᠢᠭᠤᠶ᠎ᠶ᠋ᠢᠨ ᠲᠦᠢᠮᠡᠷ ᠢ ᠰᠡᠷᠭᠡᠢᠯᠡᠵᠦ ᠤᠨᠲᠠᠷᠠᠭᠠᠬᠤ ᠪᠣᠳᠠᠲᠤ ᠰᠣᠷᠢᠯᠲᠠ ᠵᠧᠵᠢᠶᠠᠩ ᠮᠤᠵᠢ᠎ᠶ᠋ᠢᠨ ᠨᠢᠩᠪᠦ᠋ᠸᠧ ᠬᠣᠲᠠ ᠶ᠋ᠢᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠲᠣᠪᠴᠢᠶᠠᠨ᠎ᠤ ᠵᠢᠯᠣᠭᠣᠳᠭᠤ ᠲᠥᠪ᠎ᠲᠦ ᠶᠠᠪᠤᠭ᠍ᠳᠠᠪᠠ᠃
ᠤᠶᠤᠨᠴᠢ ᠲᠣᠮᠣ ᠳᠡᠯᠭᠡᠴᠠᠡ ᠳᠡᠭᠡᠷ᠎ᠡ᠂ ᠲᠦᠢᠮᠡᠷ ᠡᠭᠦᠰᠦᠭᠰᠡᠨ ᠴᠡᠭ ᠦᠨ ᠮᠡᠳᠡᠭᠡ ᠵᠠᠩᠭᠢ᠂ ᠲᠤᠬᠠᠶ᠎ᠶ᠋ᠢᠨ ᠲᠠᠯᠠᠪᠠᠶ᠎ᠶ᠋ᠢᠨ ᠵᠢᠷᠤᠭ ᠳᠦᠷᠰᠦ᠂ ᠡᠷᠬᠢᠨ ᠲᠣᠭᠣᠷᠢᠨ ᠤ ᠤᠰᠤᠨ ᠰᠤᠷᠪᠤᠯᠵᠢ᠂ ᠭᠠᠵᠠᠷ᠎ᠤᠨ ᠪᠠᠢᠴᠠ ᠭᠠᠵᠠᠷ᠎ᠤᠨ ᠭᠠᠳᠠᠷᠭᠤ᠂ ᠠᠪᠤᠷᠠᠨ ᠲᠤᠰᠠᠯᠠᠬᠤ ᠬᠦᠴᠦᠨ᠎ᠦ ᠲᠠᠷᠬᠠᠯᠲᠠ ᠵᠡᠷᠭᠡ ᠲᠣᠭ᠎ᠠ ᠪᠠᠷᠢᠮᠲᠠ᠎ᠶ᠋ᠢ ᠲᠡᠷᠡ ᠲᠤᠤᠷ᠎ᠠ ᠨᠢ ᠢᠯᠡᠷᠡᠭᠦᠯᠵᠦ᠍᠂ ᠲᠦᠢᠮᠡᠷ᠎ᠤᠨ ᠪᠠᠢᠳᠠᠯ᠎ᠢ ᠰᠤᠳᠤᠯᠤᠨ ᠮᠠᠭᠠᠳᠯᠠᠬᠤ᠂ ᠱᠢᠶ᠋ᠳᠪᠦᠷᠢᠯᠡᠬᠦ᠌ ᠰᠠᠨᠠᠭᠤᠯᠭ᠎ᠠ ᠭᠠᠷᠭᠠᠬᠤ ᠵᠡᠷᠭᠡ ᠠᠭᠤᠯᠭ᠎ᠠ᠎ᠶ᠋ᠢ ᠪᠠᠭ᠍ᠲᠠᠭᠠᠭ᠍ᠰᠠᠨ ᠵᠠᠳᠠᠯᠤᠯᠲᠠ ᠶ᠋ᠢᠨ ᠮᠡᠳᠡᠭᠦᠯᠦᠯᠲᠡ ᠵᠢ ᠮᠠᠰᠢ ᠲᠦᠷᠭᠡᠨ ᠪᠦᠷᠢᠯᠳᠦᠭᠦᠯᠵᠦ᠍᠂ ᠬᠠᠮᠤᠭ᠎ᠤᠨ ᠣᠢᠷ᠎ᠠ ᠪᠠᠢᠭ᠎ᠠ ᠲᠦᠢᠮᠡᠷ᠎ᠢ ᠰᠡᠷᠭᠡᠢᠯᠡᠵᠦ ᠤᠨᠲᠠᠷᠠᠭᠠᠬᠤ ᠬᠦᠴᠦᠨ ᠠᠦ᠋ᠲ᠋ᠣ᠋ ᠲᠥᠯᠥᠪᠵᠢᠭᠦᠯᠦᠭ᠌ᠰᠡᠨ ᠬᠠᠮᠤᠭ᠎ᠤᠨ ᠱᠢᠯᠢᠳᠡᠭ ᠠᠭᠤᠯᠠᠨ ᠵᠠᠮ᠎ᠢᠶᠠᠷ ᠬᠦᠷᠴᠦ᠍ ᠱᠢᠶ᠋ᠳᠪᠦᠷᠢᠯᠡᠨ᠎ᠡ᠃ ᠲᠦᠢᠮᠡᠷ ᠡᠭᠦᠰᠦᠭᠰᠡᠨ᠎ᠢ ᠢᠯᠡᠷᠡᠬᠦᠯᠦᠭᠰᠡᠨ ᠡᠴᠡ ᠠᠪᠤᠭᠠᠳ ᠲᠤᠬᠢᠷᠠᠭᠤᠯᠤᠨ ᠱᠢᠢᠳᠪᠦᠷᠢᠯᠡᠵᠤ ᠲᠠᠭᠤᠰᠳᠠᠯ᠎ᠠ ᠬᠣᠷᠣᠮᠬᠠᠨ ᠵᠠᠭᠤᠷ᠎ᠠ ᠵᠢᠨ ᠲᠡᠳᠦᠢ ᠴᠠᠭ ᠵᠠᠷᠤᠴᠠᠭᠤᠯᠵᠠᠢ᠃
ᠣᠶ ᠱᠢᠭᠤᠶ ᠬᠠᠮᠠᠭᠠᠯᠠᠭ᠍ᠴᠢ ᠴᠠᠭ ᠲᠤᠬᠠᠶ᠎ᠳᠤᠨᠢ ᠲᠣᠭᠣᠷᠢᠨ ᠬᠠᠮᠠᠭᠠᠯᠠᠵᠤ᠂ ᠬᠣᠲᠠ᠎ᠶ᠋ᠢᠨ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠶᠡᠷᠦᠩᠬᠡᠢᠯᠡᠨ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠲᠠᠪᠴᠠᠩ ᠪᠦᠬᠦᠯᠢ ᠡᠳᠦᠷ᠎ᠢᠶᠡᠷ ᠪᠠᠢᠴᠠᠭᠠᠨ ᠠᠵᠢᠯᠯᠠᠨ᠎ᠠ ᠁ ᠨᠢᠩᠪᠦ᠋ᠸᠧ ᠬᠣᠲᠠ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠶᠡᠷᠦᠩᠬᠡᠶ ᠢᠨᠵᠧᠨᠧᠷ ᠯᠢ ᠶᠠᠨ᠂ ᠲᠤᠷᠱᠢᠯᠭ᠎ᠠ᠎ᠳᠤ ᠲᠦᠱᠢᠭ᠌ᠯᠡᠨ ᠮᠠᠭᠠᠳᠯᠠᠵᠤ ᠪᠠᠢᠬᠰᠠᠨ᠎ᠡᠴᠡ ᠵᠣᠬᠢᠶᠠᠮᠠᠯ ᠣᠶᠤᠨ ᠴᠢᠳᠠᠪᠤᠷᠢ ᠵᠢ ᠠᠰᠢᠭᠯᠡᠨ ᠠᠦ᠋ᠲ᠋ᠣ᠋ ᠤᠷᠢᠳᠴᠢᠯᠠᠨ ᠰᠡᠷᠡᠮᠵᠢᠯᠡᠭᠦᠯᠬᠦ᠌ ᠲᠡᠪᠴᠡᠩ᠎ᠢ ᠬᠡᠷᠡᠭᠯᠡᠭᠰᠡᠨ ᠬᠦᠷᠲᠡᠯ᠎ᠡ᠂ ᠲᠦᠶ᠋ᠮᠡᠷ᠎ᠢ ᠰᠡᠷᠭᠡᠢᠯᠡᠨ ᠤᠨᠲᠠᠷᠠᠭᠠᠬᠤ ᠬᠤᠷᠳᠤᠴᠠ ᠪᠠ ᠱᠢᠶ᠋ᠳᠪᠦᠷᠢᠯᠡᠬᠦ᠌ ᠨᠠᠷᠢᠯᠢᠭ᠎ᠤᠨ ᠬᠡᠮᠵᠢᠶ᠎ᠡ᠎ᠨᠢ ᠮᠠᠰᠢ ᠶᠡᠬᠡ ᠳᠡᠭᠡᠭ᠌ᠰᠢᠯᠡᠯᠲᠡ᠎ᠲᠡᠶ ᠪᠣᠯᠵᠠᠶ ᠭᠡᠵᠦ ᠲᠠᠨᠢᠯᠴᠠᠭᠤᠯᠪᠠ᠃
ᠠᠯᠤᠰ᠎ᠡᠴᠡ ᠨᠠᠷᠢᠯᠢᠭ ᠣᠨᠣᠴᠠᠲᠠᠶ᠎ᠪᠠᠷ ᠪᠠᠢᠴᠠᠭᠠᠵᠤ᠂ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠣᠳᠠᠰ ᠬᠦᠷᠭᠡᠵᠦ᠂ ᠤᠨᠲᠠᠷᠠᠭᠠᠵᠤ ᠠᠪᠤᠷᠠᠨ ᠲᠤᠰᠠᠯᠠᠬᠤ ᠠᠵᠢᠯᠯᠠᠭ᠎ᠠ᠎ᠳᠤ ᠦᠳᠳᠡᠷ ᠲᠦᠷᠭᠡᠨ ᠣᠷᠣᠯᠴᠠᠨ᠎ᠠ ᠁ ᠤᠢ ᠰᠢᠭᠤᠢ ᠵᠢᠨ ᠲᠡᠭᠡᠭᠦᠷ ᠵᠢᠯᠤᠭᠤᠴᠢ ᠦᠭᠡᠢ ᠨᠢᠰᠭᠡᠯ ᠵᠤᠬᠰᠤᠯ ᠦᠬᠡᠢ ᠶᠠᠭᠠᠷᠠᠯᠲᠠᠢ ᠠᠵᠢᠯᠯᠠᠨ᠎ᠠ᠃
《ᠪᠦᠬᠦᠢᠯᠡ ᠵᠢᠨ ᠬᠤᠸᠠ ᠬᠤᠳᠠ ᠠᠭᠤᠯᠠᠰ᠎ᠢᠶᠠᠷ ᠬᠦᠷᠢᠶᠡᠯᠡᠭ᠌ᠳᠡᠵᠦ᠍᠂ ᠤᠢ ᠱᠢᠭᠤᠢ᠎ᠶ᠋ᠢᠨ ᠪᠦᠷᠬᠦᠴᠡ᠎ᠶ᠋ᠢᠨ ᠨᠤᠷᠮ᠎ᠠ ᠥᠨᠳᠥᠷ ᠮᠦᠷᠳᠡᠬᠡᠨ ᠠᠭᠤᠯᠠᠨ ᠭᠠᠵᠠᠷ᠎ᠤᠨ ᠪᠠᠢᠴᠠ ᠨᠢ ᠨᠠᠷᠢᠨ ᠪᠤᠳᠤᠯᠢᠶᠠᠨᠲᠠᠢ᠂ ᠲᠦᠢᠮᠡᠷ᠎ᠢ ᠰᠡᠷᠭᠡᠢᠯᠡᠨ ᠤᠨᠲᠠᠷᠠᠭᠠᠬᠤ ᠠᠵᠢᠯ᠎ᠤᠨ ᠳᠠᠷᠤᠭᠠᠰᠤ ᠮᠠᠰᠢ ᠶᠡᠬᠡ》᠃ ᠵᠢᠨ ᠬᠤᠸᠠ ᠬᠣᠲᠠ᠎ᠶ᠋ᠢᠨ ᠵᠢᠯᠣᠭᠣᠴᠢ ᠥᠬᠡᠶ ᠨᠢᠰᠭᠡᠯ᠎ᠦᠨ ᠪᠠᠴᠢᠮ ᠪᠠᠢᠳᠠᠯ᠎ᠢ ᠠᠷᠭᠠᠴᠠᠭᠠᠬᠤ ᠭᠠᠯ ᠰᠡᠷᠭᠡᠢᠯᠡᠵᠦ ᠭᠠᠯ ᠤᠨᠲᠠᠷᠠᠭᠠᠬᠤ ᠣᠶᠤᠨᠴᠢ ᠠᠪᠤᠷᠠᠨ ᠲᠤᠰᠠᠯᠠᠬᠤ ᠶᠡᠬᠡ ᠠᠩᠭᠢ᠎ᠶ᠋ᠢᠨ ᠳᠠᠷᠤᠭ᠎ᠠ ᠸᠠᠩ ᠵᠢᠶᠦ᠋ᠨ ᠸᠧᠶ᠂ ᠵᠢᠯᠣᠭᠣᠴᠢ ᠥᠬᠡᠶ ᠨᠢᠰᠭᠡᠯ᠎ᠢᠶᠡᠷ ᠪᠠᠴᠢᠮ ᠬᠡᠷᠡᠭ᠌ᠰᠡᠬᠦ᠌ ᠡᠳ᠋ ᠪᠣᠳᠠᠰ᠎ᠢ ᠲᠦᠷᠭᠡᠨ ᠬᠦᠷᠭᠡᠵᠦ᠍᠂ ᠭᠠᠯ ᠤᠨᠲᠠᠷᠠᠭᠠᠬᠤ ᠡᠳ᠋᠎ᠢᠶᠡᠷ ᠲᠦᠶ᠋ᠮᠡᠷ᠎ᠦᠨ ᠦᠷᠪᠢᠰᠦᠨ ᠳᠡᠯᠭᠡᠷᠡᠬᠦ᠌᠎ᠶ᠋ᠢ ᠬᠣᠷᠢᠭ᠍ᠯᠠᠵᠤ ᠴᠢᠳᠠᠨ᠎ᠠ ᠭᠡᠪᠡ᠃
ᠣᠶ ᠱᠢᠭᠤᠶ ᠨᠤᠲᠤᠭ ᠪᠡᠯᠴᠢᠭᠡᠷ᠎ᠦᠨ ᠲᠤᠢᠮᠡᠷᠢ ᠰᠡᠷᠭᠡᠢᠯᠡᠬᠦ᠌ ᠲᠤᠤᠷ᠎ᠢ ᠨᠢᠭ᠍ᠲᠠ ᠰᠦᠯᠵᠢᠬᠦ᠌᠎ᠳᠦ 《ᠠᠭᠠᠷ ᠲᠡᠬᠢ ᠲᠡᠭᠷᠢ ᠵᠢᠨ ᠨᠢᠳᠤ》 ᠶ᠋ᠢᠨ ᠮᠡᠷᠭᠡᠵᠢᠯ᠎ᠦᠨ ᠲᠤᠯᠭᠠᠭᠤᠷᠢᠯᠠᠯ᠎ᠡᠴᠡ ᠰᠠᠯᠵᠤ ᠴᠢᠳᠠᠬᠤ ᠥᠬᠡᠶ ᠶᠤᠮ᠃
《ᠪᠢᠳᠡ ᠭᠤᠤᠯᠳᠠᠯᠭ᠎ᠠ᠎ᠲᠠᠶ ᠣᠷᠣᠨ ᠪᠦᠰᠡ᠎ᠳᠦ 211 ᠥᠨᠳᠥᠷ ᠲᠣᠳᠣᠴᠠᠲᠤ ᠸᠢᠳᠢᠣ᠋ ᠬᠢᠨᠠᠨ ᠡᠵᠡᠮᠳᠡᠬᠦ᠌ ᠮᠠᠰᠢᠨ ᠲᠣᠬᠢᠷᠠᠭᠤᠯᠤᠬᠰᠠᠨ ᠪᠦᠬᠡᠳ ᠪᠥᠬᠥ᠌ ᠲᠤᠭᠤᠷᠢᠭ᠎ᠤᠨ 95% ᠡᠴᠠ ᠳᠡᠭᠡᠭ᠌ᠰᠢᠬᠢ ᠭᠤᠤᠯᠳᠠᠯᠭ᠎ᠠ᠎ᠲᠠᠶ ᠱᠢᠭᠤᠢᠲᠤ ᠣᠷᠣᠨ᠎ᠢ ᠬᠠᠮᠤᠷᠪᠠ》᠃ ᠵᠢᠶᠠᠩᠰᠢ ᠮᠤᠵᠢ ᠵᠢᠨ ᠱᠠᠩ ᠷᠤᠤ ᠬᠣᠲᠠ᠎ᠶ᠋ᠢᠨ ᠭᠤᠸᠠᠩ ᠱᠢᠨ ᠲᠣᠭᠣᠷᠢᠭ ᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠲᠣᠪᠴᠢᠶᠠᠨ᠎ᠤ ᠳᠠᠷᠤᠭ᠎ᠠ ᠵᠠᠩ ᠸᠸᠨ᠂ ᠡᠲᠡᠭᠡᠷ 《ᠠᠭᠠᠷ ᠲᠡᠬᠢ ᠲᠡᠭᠷᠢ ᠵᠢᠨ ᠨᠢᠳᠤ》 ᠨᠢ 24 ᠴᠠᠭ᠎ᠢᠶᠡᠷ ᠬᠢᠨᠠᠨ ᠡᠵᠡᠮᠳᠡᠵᠦ ᠵᠢᠵᠢᠭᠦᠷᠯᠡᠨ ᠰᠠᠬᠢᠬᠤ᠎ᠶ᠋ᠢ ᠪᠡᠶᠡᠯᠡᠭᠦᠯᠵᠦ᠍ ᠴᠢᠳᠠᠨ᠎ᠠ᠃ ᠳᠤᠯᠠᠭᠠᠨ᠎ᠤ ᠬᠡᠮᠵᠢᠶ᠎ᠡ ᠬᠡᠪ᠎ᠦᠨ ᠪᠤᠰᠤ ᠪᠠᠢᠬᠤ᠎ᠶ᠋ᠢ ᠣᠯᠵᠤ ᠮᠡᠳᠡᠪᠡᠯ᠂ ᠱᠢᠰᠲ᠋ᠧᠮ ᠨᠢ ᠣᠶᠤᠨᠴᠢ᠎ᠪᠠᠷ ᠰᠤᠳᠤᠯᠤᠨ ᠮᠠᠭᠠᠳᠯᠠᠵᠤ᠂ ᠲᠡᠷᠡᠴᠢᠯᠡᠨ ᠨᠤᠲᠠᠯᠠᠭ᠍ᠰᠠᠨ ᠤᠷᠢᠳᠴᠢᠯᠠᠨ ᠰᠡᠷᠡᠮᠵᠢᠯᠡᠭᠦᠯᠬᠦ᠌ ᠮᠡᠳᠡᠭᠡ ᠵᠠᠩᠭᠢ᠎ᠶ᠋ᠢ ᠠᠦ᠋ᠲ᠋ᠣ᠋᠎ᠪᠠᠷ ᠣᠷᠣᠨ ᠪᠦᠰᠡ᠎ᠶ᠋ᠢᠨ ᠬᠠᠷᠢᠭᠤᠴᠠᠯᠭᠠᠲᠠᠨ᠎ᠳᠤ ᠲᠠᠮᠵᠢᠭᠤᠯᠤᠨ᠎ᠠ ᠭᠡᠵᠦ ᠲᠠᠨᠢᠯᠴᠠᠭᠤᠯᠪᠠ᠃
ᠵᠠᠩ ᠸᠸᠨ᠂ ᠣᠲᠣ 80% ᠡᠴᠡ ᠳᠡᠭᠡᠭ᠌ᠰᠢᠬᠢ ᠲᠦᠶ᠋ᠮᠡᠷ᠎ᠦᠨ ᠪᠠᠢᠳᠠᠯ᠎ᠢ 5 ᠮᠢᠨᠦ᠋ᠲ᠎ᠦᠨ ᠳᠣᠲᠣᠷ᠎ᠠ ᠢᠯᠡᠷᠡᠭᠦᠯᠵᠦ᠍᠂ ᠱᠢᠶ᠋ᠳᠪᠦᠷᠢᠯᠡᠬᠦ᠌ ᠬᠤᠭᠤᠴᠠᠭ᠎ᠠ᠎ᠶ᠋ᠢ 10 ᠮᠢᠨᠦ᠋ᠲ᠎ᠦᠨ ᠳᠣᠲᠣᠷ᠎ᠠ ᠪᠤᠯᠭᠠᠨ ᠪᠣᠭᠣᠨᠢᠰᠭᠠᠪᠠ ᠭᠡᠵᠡᠢ᠃
《ᠲᠥᠯᠥᠪᠯᠡᠭᠡ᠎ᠲᠡᠶ ᠪᠡᠷ ᠱᠢᠲᠠᠭᠠᠵᠤ ᠤᠢ᠎ᠶ᠋ᠢᠨ ᠬᠠᠵᠠᠭᠤ᠎ᠳᠠᠬᠢ ᠱᠢᠲᠠᠮᠠᠬᠠᠢ ᠪᠣᠳᠠᠰ᠎ᠤᠳ᠎ᠢ ᠤᠷᠢᠳᠴᠢᠯᠠᠨ ᠱᠢᠢᠳᠪᠦᠷᠢᠯᠡᠨ᠎ᠡ᠃ ᠲᠥᠯᠥᠪᠯᠡᠭᠡ᠎ᠲᠡᠶ᠎ᠪᠡᠷ ᠱᠢᠲᠠᠭᠠᠭ᠍ᠰᠠᠨ ᠣᠷᠣᠨ᠎ᠳᠤ᠂ ᠭᠠᠯ᠎ᠤᠨ ᠠᠶᠤᠯ ᠲᠦᠭ᠌ᠰᠢᠭᠦᠷᠢ ᠡᠭᠦᠰᠭᠦ ᠲᠣᠬᠢᠶᠠᠯᠳᠤᠮᠵᠢ᠎ᠶ᠋ᠢ ᠶᠡᠬᠡᠪᠡᠷ ᠪᠠᠭᠤᠷᠠᠭᠤᠯᠵᠤ᠂ ᠰᠠᠨᠠᠭᠠᠴᠢᠯᠠᠭᠠᠲᠤ ᠪᠤᠰᠤ᠎ᠪᠠᠷ ᠭᠠᠯ ᠤᠨᠲᠠᠷᠠᠭᠠᠬᠤ ᠶ᠋ᠢ ᠰᠠᠨᠠᠭᠠᠴᠢᠯᠠᠭ᠎ᠠ᠎ᠡᠴᠡ᠎ᠪᠠᠨ ᠭᠠᠯ᠎ᠢ ᠰᠡᠷᠭᠡᠢᠯᠡᠬᠦ᠌ ᠪᠣᠯᠭᠠᠨ ᠬᠤᠪᠢᠷᠠᠭᠤᠯᠵᠤ ᠪᠣᠯᠤᠨ᠎ᠠ》᠃ ᠯᠢᠶᠤᠤᠨᠢᠩ ᠮᠤᠵᠢ ᠵᠢᠨ ᠴᠤᠤᠶᠠᠩ ᠬᠣᠲᠠ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠲᠣᠪᠴᠢᠶᠠᠨ᠎ᠤ ᠳᠠᠷᠤᠭ᠎ᠠ ᠯᠢᠦᠶ ᠵᠢᠶᠠᠨ ᠭᠤᠸᠠᠩ᠂ ᠤᠳᠠᠭ᠎ᠠ ᠪᠦᠷᠢ᠎ᠶ᠋ᠢᠨ ᠲᠥᠯᠥᠪᠯᠡᠭᠡ᠎ᠲᠠᠢ ᠪᠡᠷ ᠱᠢᠲᠠᠭᠠᠬᠤ᠎ᠳᠤ ᠴᠥᠮ ᠪᠠᠴᠢᠮ ᠪᠠᠢᠳᠠᠯ᠎ᠢ ᠠᠷᠭᠠᠴᠠᠭᠠᠬᠤ᠂ ᠣᠶ ᠱᠢᠭᠤᠶ ᠨᠤᠲᠤᠭ ᠪᠡᠯᠴᠢᠭᠡᠷ᠂ ᠴᠠᠭ ᠠᠭᠤᠷ ᠵᠡᠷᠭᠡ ᠰᠠᠯᠠᠭ᠎ᠠ ᠮᠥᠴᠢᠷ ᠵᠥᠪᠳᠡᠯᠴᠡᠨ ᠬᠢᠨᠠᠨ ᠵᠥᠪᠱᠢᠶᠡᠷᠡᠵᠦ᠍᠂ ᠲᠣᠬᠢᠷᠠᠮᠵᠢᠲᠠᠶ ᠴᠠᠭ ᠠᠭᠤᠷ᠎ᠤᠨ ᠨᠥᠬᠥᠴᠡᠯ ᠳᠤᠤᠷ᠎ᠠ ᠰᠠᠶᠢ ᠶᠠᠪᠤᠭᠳᠠᠭᠤᠯᠵᠤ ᠪᠣᠯᠤᠨ᠎ᠠ᠃ ᠲᠤᠬᠠᠶ᠎ᠶ᠋ᠢᠨ ᠲᠠᠯᠠᠪᠤᠷ᠎ᠲᠤ ᠠᠵᠢᠯᠯᠠᠬᠤ ᠦᠶ᠎ᠡ᠎ᠳᠦ ᠶᠠᠪᠤᠴᠠ ᠨᠢᠬᠡ ᠪᠦᠷᠢᠳ᠋ᠤ ᠴᠥᠮ ᠵᠢᠷᠤᠮᠵᠢᠯ᠎ᠤᠨ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ᠎ᠠ᠃ ᠠᠵᠢᠯ ᠳᠠᠭᠤᠰᠤᠭ᠍ᠰᠠᠨ ᠤ ᠳᠠᠷᠠᠭ᠎ᠠ ᠪᠠᠰᠠ ᠱᠢᠯᠭᠠᠨ ᠠᠪᠬᠤ ᠶᠠᠪᠤᠴᠠ᠎ᠶ᠋ᠢ ᠥᠩᠭᠡᠷᠡᠭᠡᠵᠦ᠍᠂ ᠭᠠᠯ᠎ᠢ ᠪᠦᠷᠢᠮᠦᠰᠦᠨ ᠴᠡᠪᠡᠷᠯᠡᠬᠦ᠌᠎ᠶ᠋ᠢ ᠪᠠᠲᠤᠯᠠᠨ᠎ᠠ ᠭᠡᠵᠦ ᠲᠠᠨᠢᠯᠴᠠᠭᠤᠯᠪᠠ᠃
ᠣᠯᠠᠨ ᠵᠦᠶ᠋ᠯ᠎ᠦᠨ ᠠᠷᠭ᠎ᠠ ᠬᠡᠮᠵᠢᠶ᠎ᠡ ᠵᠢ ᠠᠪᠴᠤ᠌《ᠰᠡᠷᠭᠡᠢᠯᠡᠵᠦ᠍》᠂ ᠪᠥᠬᠦᠯᠢ ᠡᠳᠦᠷ᠎ᠢᠶᠡᠷ《ᠰᠠᠬᠢᠵᠤ》᠂ ᠡᠯ᠎ᠡ ᠭᠠᠵᠠᠷ᠎ᠤᠨ᠎ᠬᠢᠨ ᠪᠥᠬᠥ᠌ ᠬᠦᠴᠦᠨ᠎ᠢᠶᠡᠷ ᠲᠦᠶ᠋ᠮᠡᠷ᠎ᠢ ᠰᠡᠷᠭᠡᠢᠯᠡᠬᠦ᠌ ᠬᠠᠯᠬᠠᠪᠴᠢ᠎ᠶ᠋ᠢ ᠴᠣᠭ᠍ᠴᠠᠯᠠᠪᠠ —
ᠱᠠᠨᠳᠦ᠋ᠩ ᠮᠤᠵᠢ᠎ᠶ᠋ᠢᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠶ ᠠᠩᠭᠢ ᠵᠢᠨᠠᠨ᠂ ᠯᠢᠨ ᠢ᠂ ᠲᠠᠢ ᠠᠨ ᠵᠡᠷᠭᠡ 7 ᠰᠠᠯᠪᠤᠷᠢ ᠠᠩᠭᠢ᠎ᠶ᠋ᠢᠨ 900 ᠭᠠᠷᠤᠶ ᠵᠢᠯᠣᠭᠣᠳᠣᠭ᠍ᠴᠢ ᠪᠠᠢᠯᠳᠤᠭ᠍ᠴᠢ᠎ᠶ᠋ᠢ ᠱᠢᠯᠵᠢᠭᠦᠯᠦᠨ ᠲᠦᠪᠯᠡᠷᠡᠬᠦᠯᠵᠤ᠂ ᠼᠦ ᠯᠠᠢ ᠱᠠᠨ ᠣᠶ ᠱᠢᠭᠤᠶ᠎ᠶ᠋ᠢᠨ ᠲᠠᠯᠠᠪᠠᠶ᠎ᠳᠤ《ᠠᠷᠪᠠᠨ ᠶᠡᠬᠡ ᠱᠢᠭᠤᠢᠲᠤ ᠣᠷᠣᠨ》᠎ᠤ᠋ ᠣᠶ ᠱᠢᠭᠤᠶ᠎ᠶ᠋ᠢᠨ ᠲᠤᠢᠮᠡᠷᠢ ᠤᠨᠲᠠᠷᠠᠭᠠᠬᠤ ᠣᠷᠣᠨ ᠪᠦᠰᠡ ᠠᠯᠤᠰᠯᠠᠭ᠍ᠰᠠᠨ ᠪᠣᠳᠠᠲᠤ ᠰᠣᠷᠢᠯᠲᠠ᠎ᠶ᠋ᠢᠨ ᠠᠵᠢᠯᠯᠠᠭ᠎ᠠ ᠥᠷᠨᠢᠭᠦᠯᠵᠦ᠍᠂ ᠡᠩᠨᠡᠭᠡ᠎ᠪᠡᠨ ᠤᠯᠠᠮ ᠨᠢᠭᠡ ᠠᠯᠬᠤᠮ ᠲᠠᠪᠲᠡᠨ ᠪᠤᠯᠪᠠᠰᠤᠷᠠᠭᠤᠯᠵᠤ᠂ ᠪᠣᠳᠠᠲᠤ ᠪᠠᠢᠯᠳᠤᠭᠠᠨ᠎ᠤ ᠴᠢᠳᠠᠪᠤᠷᠢ᠎ᠪᠠᠨ ᠳᠡᠭᠡᠭ᠌ᠰᠢᠯᠡᠭᠦᠯᠪᠡ᠃
ᠠᠨᠾᠦᠶ᠋ᠢ ᠮᠤᠵᠢ᠎ᠶ᠋ᠢᠨ᠎ᠬᠢᠨ ᠣᠶ ᠱᠢᠭᠤᠶ᠎ᠶ᠋ᠢᠨ ᠲᠦᠶ᠋ᠮᠡᠷ᠎ᠢ ᠰᠡᠷᠭᠡᠢᠯᠡᠬᠦ᠌ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠱᠢᠰᠲ᠋ᠧᠮ᠎ᠢ ᠱᠢᠯᠢᠳᠡᠭ᠌ᠵᠢᠭᠦᠯᠵᠦ᠍᠂ ᠪᠥᠬᠥ᠌ ᠮᠤᠵᠢ᠎ᠶ᠋ᠢᠨ ᠣᠶ ᠱᠢᠭᠤᠶ᠎ᠶ᠋ᠢᠨ ᠲᠦᠶ᠋ᠮᠡᠷ᠎ᠢ ᠰᠡᠷᠭᠡᠢᠯᠡᠬᠦ᠌ 91 ᠲᠤᠰᠭᠠᠶ ᠡᠩᠨᠡᠭᠡ ᠪᠣᠯᠤᠨ ᠠᠭᠠᠷ᠎ᠤᠨ ᠠᠶᠠᠯᠠᠯ᠎ᠤᠨ ᠠᠪᠤᠷᠠᠨ ᠲᠤᠰᠠᠯᠠᠬᠤ 2 ᠡᠭ᠌ᠴᠡ ᠨᠢᠰᠭᠡᠯ᠎ᠢ ᠵᠠᠩᠭᠢᠯᠠᠭ᠎ᠠ᠎ᠶ᠋ᠢᠨ ᠣᠷᠣᠨ ᠪᠦᠰᠡ᠎ᠳᠤ ᠲᠤᠬᠢᠷᠠᠭᠤᠯᠵᠤ᠂ ᠵᠢᠵᠢᠭᠦᠷᠯᠡᠬᠦ᠌ ᠲᠦᠷᠢᠮ ᠪᠣᠯᠤᠨ ᠠᠪᠤᠷᠠᠨ ᠲᠤᠰᠠᠯᠠᠬᠤ ᠬᠦᠴᠦᠨ᠎ᠦ ᠪᠡᠯᠡᠳᠭᠡᠯ ᠵᠢᠵᠢᠭᠦᠷ᠎ᠦᠨ ᠲᠦᠷᠢᠮ ᠢ ᠴᠢᠩᠭ᠎ᠠ ᠨᠠᠢᠳᠠᠪᠤᠷᠢᠵᠢᠭᠤᠯᠵᠤ᠂ ᠲᠦᠶ᠋ᠮᠡᠷ᠎ᠦᠨ ᠪᠠᠢᠳᠠᠯ᠎ᠢ ᠬᠢᠨᠠᠨ ᠬᠡᠮᠵᠢᠬᠦ᠌ ᠪᠠ ᠬᠦᠮᠦᠨ᠎ᠤ ᠬᠦᠴᠦᠨ ᠢ ᠲᠣᠬᠢᠷᠠᠭᠤᠯᠬᠤ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠣᠷᠣᠨ ᠪᠦᠰᠡ᠎ᠶ᠋ᠢᠨ ᠬᠣᠯᠪᠣᠭᠠᠯᠠᠨ ᠰᠡᠷᠭᠡᠢᠯᠡᠬᠦ᠌᠎ᠶ᠋ᠢ ᠭᠦᠨᠵᠡᠭᠡᠢᠷᠡᠭᠦᠯᠵᠦ᠍᠂ ᠪᠣᠳᠠᠲᠤ ᠪᠠᠢᠯᠳᠤᠭᠠᠨ ᠪᠣᠳᠠᠲᠤ ᠲᠣᠨᠣᠭ᠍ᠯᠠᠯ᠎ᠤᠨ ᠰᠣᠷᠢᠯᠲᠠ ᠶ᠋ᠢ ᠬᠠᠨᠳᠤᠯᠭᠠᠲᠤ ᠴᠢᠨᠠᠷᠲᠠᠶ᠎ᠪᠠᠷ ᠥᠷᠨᠢᠭᠦᠯᠪᠡ᠃
ᠭᠢᠷᠢᠨ ᠮᠤᠵᠢ ᠵᠢᠨ ᠬᠢᠨ ᠭᠤᠤᠯᠳᠠᠯᠭ᠎ᠠ᠎ᠲᠠᠶ ᠱᠢᠭᠤᠢᠲᠤ ᠣᠷᠣᠨ᠎ᠳᠤ ᠲᠦᠷ ᠴᠠᠭ᠎ᠤᠨ ᠪᠠᠢᠴᠠᠭᠠᠬᠤ ᠥᠷᠲᠡᠭᠡ ᠨᠡᠮᠡᠵᠦ᠍ ᠲᠤᠬᠢᠷᠠᠭᠤᠯᠤᠨ᠂ 1.4 ᠲᠦᠮᠡ ᠭᠠᠷᠤᠶ ᠲᠣᠭᠣᠷᠢᠨ ᠬᠠᠮᠠᠭᠠᠯᠠᠭ᠍ᠴᠢ᠂ ᠪᠠᠢᠴᠠᠭᠠᠭ᠍ᠴᠢ ᠡᠮᠦᠨ᠎ᠡ ᠹᠷᠣᠨᠲ ᠢ ᠰᠠᠬᠢᠵᠤ᠂ ᠬᠡᠮ ᠰᠤᠭᠤᠭ᠎ᠢ ᠵᠢᠭᠰᠠᠭᠠᠨ ᠪᠠᠢᠴᠠᠭᠠᠪᠠ᠃
ᠤᠯᠤᠰ᠎ᠤᠨ ᠣᠶ ᠱᠢᠭᠤᠶ ᠨᠤᠲᠤᠭ ᠪᠡᠯᠴᠢᠭᠡᠷ᠎ᠦᠨ ᠲᠦᠶ᠋ᠮᠡᠷ ᠢ ᠰᠡᠷᠭᠡᠢᠯᠡᠨ ᠤᠨᠲᠠᠷᠠᠭᠠᠬᠤ ᠵᠢᠯᠣᠭᠣᠳᠭᠤ ᠬᠡᠯᠲᠡᠰ ᠤᠨ ᠠᠯᠪᠠᠨ ᠬᠡᠷ᠂ ᠪᠠᠴᠢᠮ ᠪᠠᠢᠳᠠᠯ ᠢ ᠠᠷᠭᠠᠴᠠᠭᠠᠬᠤ ᠬᠠᠮᠢᠶᠠᠷᠤᠯᠲᠠ᠎ᠶ᠋ᠢᠨ ᠶᠠᠮᠤᠨ ᠤ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ᠂ ᠲᠦᠢᠮᠡᠷ᠎ᠤᠨ ᠠᠶᠤᠯ᠎ᠤᠨ ᠬᠤᠪᠢᠷᠠᠯᠲᠠ ᠶ᠋ᠢ ᠨᠢᠭ᠍ᠲᠠ ᠠᠩᠬᠠᠷᠴᠤ᠌᠂ ᠣᠶ ᠱᠢᠭᠤᠶ ᠨᠤᠲᠤᠭ ᠪᠡᠯᠴᠢᠭᠡᠷ᠎ᠦᠨ ᠲᠦᠢᠮᠡᠷ᠎ᠤᠨ ᠠᠶᠤᠯ᠎ᠤᠨ ᠰᠡᠷᠭᠡᠢᠯᠡᠯᠲᠡ᠎ᠶ᠋ᠢ ᠴᠢᠩᠭᠠᠳᠭᠠᠨ᠂ ᠭᠤᠤᠯᠳᠠᠯᠭ᠎ᠠ᠎ᠲᠠᠶ ᠣᠷᠣᠨ ᠪᠦᠰᠡ᠎ᠶ᠋ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠶ᠋ᠢ ᠴᠢᠩᠭᠠᠳᠭᠠᠵᠤ᠂ ᠪᠠᠴᠢᠮ ᠪᠠᠢᠳᠠᠯ᠎ᠢ ᠠᠷᠭᠠᠴᠠᠭᠠᠬᠤ ᠬᠦᠴᠦᠨ ᠪᠠ ᠲᠣᠨᠣᠭ ᠲᠥᠬᠥᠭᠡᠷᠦᠮᠵᠢ ᠶ᠋ᠢ ᠨᠠᠷᠢᠯᠢᠭ ᠣᠨᠣᠴᠠᠲᠠᠶ᠎ᠪᠠᠷ ᠤᠷᠢᠳᠴᠢᠯᠠᠨ ᠪᠠᠢᠷᠢᠯᠠᠭᠤᠯᠵᠤ᠂ ᠲᠦᠶ᠋ᠮᠡᠷ ᠡᠬᠦᠰᠪᠡᠯ ᠲᠡᠷᠡ ᠲᠤᠤᠷ᠎ᠠ ᠨᠢ ᠤᠨᠲᠠᠷᠠᠭᠠᠬᠤ᠎ᠶ᠋ᠢ ᠦᠨᠡᠨ ᠬᠦ᠌ ᠪᠠᠲᠤᠯᠠᠨ᠎ᠠ ᠭᠡᠵᠦ ᠢᠯᠡᠳᠭᠡᠪᠡ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 6 ᠤ᠋ ᠴᠠᠬᠢᠯᠭᠠᠨ ᠮᠡᠳᠡᠭᠡ ᠡᠴᠡ)