ᠳᠠᠯᠠᠢᠨᠠᠭᠤᠷ ᠤ᠋ᠨ ᠴᠠᠭᠠᠯᠵᠢ ᠵᠢᠭᠠᠰᠤ ᠤᠷᠤᠰᠬᠠᠯ ᠦᠭᠰᠦᠨ ᠨᠡᠭᠦᠳᠡᠯᠯᠡᠵᠦ ᠡᠬᠢᠯᠡᠯ᠎ᠠ
2026-05-09 17:58:08
ᠵᠣᠬᠢᠶᠠᠭ᠍ᠴᠢ᠄
ᠰᠡᠴᠡᠩᠭᠤᠸ᠎ᠠ ᠯᠢᠦ ᠱᠢᠤᠸᠠᠢ ᠮᠢᠩ
ᠣᠩᠱᠢᠭ᠍ᠰᠠᠨ ᠣᠳᠠᠭ᠎ᠠ᠄
★★★☆☆

 ᠤᠢᠷ᠎ᠠ ᠶ᠋ᠢᠨ ᠡᠳᠦᠷ ᠠᠭᠤᠷ ᠠᠮᠢᠰᠭᠤᠯ ᠲᠤᠯᠠᠭᠠᠷᠠᠨ ᠳᠠᠯᠠᠢᠨᠠᠭᠤᠷ ᠤ᠋ᠨ ᠮᠥᠰᠥ᠍ ᠪᠦᠬᠦᠨ ᠵᠢᠡᠷ ᠵᠢᠡᠨ ᠬᠠᠢᠯᠵᠤ᠂ ᠨᠠᠭᠤᠷ ᠲᠡᠬᠢ ᠴᠠᠭᠠᠯᠵᠢ ᠵᠢᠭᠠᠰᠤ ᠲᠤᠭᠳᠠᠵᠤ ᠶᠠᠳᠠᠨ ᠰᠦᠷᠦᠭ ᠰᠦᠷᠦᠭ ᠶ᠋ᠢᠡᠷ ᠤᠷᠤᠰᠭᠠᠯ ᠦᠭᠰᠦᠨ ᠨᠡᠭᠦᠳᠡᠯᠯᠡᠵᠦ᠍ ᠡᠬᠢᠯᠡᠵᠠᠢ᠃ ᠲᠦᠮᠡ ᠮᠢᠩᠭᠠᠨ ᠵᠢᠯ ᠵᠢᠡᠷ ᠦᠷᠭᠦᠯᠵᠢᠯᠡᠭ᠌ᠰᠡᠨ ᠡᠨᠡ ᠬᠦ᠌ ᠠᠮᠢ ᠨᠠᠰᠤᠨ ᠤ᠋ ᠭᠠᠢᠬᠠᠮᠱᠢᠭ᠍ᠲᠤ ᠦᠵᠡᠭ᠌ᠳᠡᠯ ᠨᠢ ᠬᠡᠱᠢᠭ᠌ᠳᠡᠨ ᠬᠤᠱᠢᠭᠤᠨ ᠤ᠋ ᠠᠮᠢ ᠠᠬᠤᠢ᠎ᠶ᠋ᠢᠨ ᠵᠠᠰᠠᠯᠲᠠ ᠪᠣᠯᠤᠨ ᠣᠷᠴᠢᠨ ᠲᠣᠭᠤᠷᠢᠨ ᠤ᠋ ᠬᠠᠮᠠᠭᠠᠯᠠᠯᠲᠠ ᠳ᠋ᠤ ᠢᠯᠡᠳᠳᠡ ᠦᠷ᠎ᠡ ᠪᠦᠲᠦᠮᠵᠢ ᠤᠯᠤᠭ᠍ᠰᠠᠨ ᠢ᠋ ᠠᠮᠢᠳᠤᠯᠢᠭ ᠵᠢᠡᠷ ᠬᠠᠷᠠᠭᠤᠯᠵᠤ ᠪᠠᠢᠨ᠎ᠠ᠃

ᠳᠠᠯᠠᠢᠨᠠᠭᠤᠷ ᠪᠣᠯ ᠥᠪᠥᠷ ᠮᠣᠩᠭᠤᠯ᠎ᠤᠨ ᠬᠤᠶᠠᠳᠤᠭᠠᠷ ᠶᠡᠭᠡ ᠳᠣᠲᠣᠭᠠᠳᠤ ᠬᠠᠭᠤᠷᠠᠢ ᠶ᠋ᠢᠨ ᠱᠣᠷᠪᠣᠭ ᠨᠠᠭᠤᠷ ᠪᠠᠢᠵᠤ᠂ ᠣᠨᠴᠠᠭᠠᠢ ᠤᠰᠤᠨ ᠤ᠋ ᠣᠷᠴᠢᠨ ᠨᠢ ᠨᠠᠭᠤᠷ ᠲᠡᠬᠢ ᠴᠠᠭᠠᠯᠵᠢ ᠵᠢᠭᠠᠰᠥ ᠶ᠋ᠢᠨ 《ᠱᠣᠷᠪᠣᠭ ᠤᠰᠤᠨ ᠳ᠋ᠤ ᠤᠷᠤᠱᠢᠨ ᠲᠣᠭ᠍ᠲᠠᠨᠢᠵᠤ᠂ ᠴᠡᠩᠭᠡᠭ ᠤᠰᠤᠨ ᠳ᠋ᠤ ᠦᠷᠡᠵᠢᠨ ᠲᠦᠯᠵᠢᠬᠦ》 ᠥᠪᠡᠷᠮᠢᠴᠡ ᠵᠠᠩ ᠴᠢᠨᠠᠷ ᠢ᠋ ᠪᠣᠢ ᠪᠣᠯᠭᠠᠪᠠ᠃ ᠵᠢᠯ ᠪᠦᠷᠢ ᠶ᠋ᠢᠨ 4 ᠰᠠᠷ᠎ᠠ ᠶ᠋ᠢᠨ ᠰᠡᠭᠦᠯᠴᠢ ᠡᠴᠡ 5 ᠰᠠᠷ᠎ᠠ ᠶ᠋ᠢᠨ ᠲᠤᠮᠳᠠᠴᠢ ᠪᠤᠯᠳᠠᠯ᠎ᠠ ᠬᠡᠳᠦᠨ ᠵᠠᠭᠤᠨ ᠲᠦᠮᠡᠨ ᠴᠠᠭᠠᠯᠵᠢ ᠵᠢᠭᠠᠰᠤ ᠤᠷᠤᠰᠭᠠᠯ ᠦᠭᠰᠦᠨ ᠨᠡᠭᠦᠳᠡᠯᠯᠡᠵᠦ᠍᠂ ᠲᠤᠯᠬᠢᠨ ᠤᠷᠤᠰᠭᠠᠯ ᠢ᠋ ᠰᠦᠷᠴᠦ ᠱᠢᠪᠠᠭᠤᠳ ᠤ᠋ᠨ ᠢᠳᠡᠰᠢ ᠪᠤᠯᠬᠤ ᠡᠴᠡ ᠵᠠᠢᠯᠠᠰᠬᠢᠨ 60 ᠭᠠᠷᠤᠢ ᠺᠢᠯᠦᠮᠧᠲᠷ ᠤ᠋ᠨ ᠬᠠᠳᠠᠭᠤ ᠪᠠᠷᠭᠡ ᠠᠶᠠᠯᠠᠯ ᠶ᠋ᠢᠡᠷ ᠲᠠᠮᠵᠢᠨ ᠳᠡᠭᠡᠳᠦ ᠤᠷᠤᠰᠭᠠᠯ ᠤ᠋ᠨ ᠴᠡᠩᠭᠡᠭ ᠤᠰᠤᠨ ᠤ᠋ ᠣᠷᠣᠨ ᠳ᠋ᠤ ᠬᠦᠷᠴᠦ᠍ ᠦᠷᠡᠵᠢᠨ ᠲᠦᠯᠵᠢᠵᠦ᠂《ᠲᠤᠩᠭᠠᠯᠠᠭ ᠤᠷᠤᠰᠬᠠᠯ ᠲᠠᠢ ᠭᠤᠤᠯ ᠤ᠋ᠨ ᠬᠤᠶᠠᠷ ᠬᠦᠪᠡᠬᠡ ᠪᠡᠷ ᠴᠠᠭᠠᠯᠵᠢ ᠵᠢᠭᠠᠰᠤ ᠪᠠᠭ᠍ᠰᠢᠷᠠᠭ᠍ᠰᠠᠨ》 ᠬᠦᠩᠭᠡᠷ ᠤ᠋ᠨ ᠲᠠᠯ᠎ᠠ ᠶ᠋ᠢᠨ ᠣᠨᠴᠠᠭᠠᠢ ᠨᠢᠬᠡ ᠦᠵᠡᠮᠵᠢ ᠶ᠋ᠢ ᠪᠦᠷᠢᠯᠳᠦᠭᠦᠯᠤᠨ᠂ ᠠᠮᠢ ᠨᠠᠰᠤᠨ ᠤ᠋ ᠭᠠᠢᠬᠠᠮᠰᠢᠭ ᠢ᠋ ᠳᠠᠶᠠᠭᠠᠷ ᠲᠤ᠌ ᠬᠠᠷᠠᠭᠤᠯᠤᠨ᠎ᠠ᠃

ᠤᠢᠷ᠎ᠠ ᠶ᠋ᠢᠨ ᠵᠢᠯ ᠳ᠋ᠤ ᠬᠡᠰᠢᠭᠳᠡᠨ ᠬᠤᠰᠢᠭᠤ ᠳᠠᠯᠠᠢᠨᠠᠭᠤᠷ ᠤ᠋ᠨ ᠴᠠᠭᠠᠯᠵᠢ ᠵᠢᠭᠠᠰᠤᠨ ᠤ᠋ ᠤᠷᠤᠰᠭᠠᠯ ᠦᠭᠰᠦᠨ ᠨᠡᠭᠦᠳᠡᠯᠯᠡᠬᠦ᠌ ᠤᠯᠠᠷᠢᠯ ᠢ᠋ ᠪᠡᠯᠭᠡ ᠲᠡᠮᠳᠡᠭ ᠤ᠋ᠨ ᠴᠢᠨᠠᠷᠲᠠᠢ ᠰᠣᠶᠣᠯ ᠵᠢᠭᠤᠯᠴᠢᠯᠠᠯ ᠤ᠋ᠨ IP ᠪᠤᠯᠭᠠᠨ ᠴᠤᠭᠴᠠᠯᠠᠵᠤ ᠂ ᠡᠷᠭᠢᠨ ᠲᠣᠭᠤᠷᠢᠨ ᠤ᠋ ᠢᠳᠡᠭᠡᠨ ᠤᠮᠳᠠᠭᠠᠨ ᠂ ᠬᠤᠨᠤᠭ ᠪᠠᠭᠤᠳᠠᠯ ᠂ ᠪᠦᠳᠦᠬᠡᠯᠴᠢ ᠰᠣᠶᠣᠯ ᠵᠡᠷᠭᠡ ᠠᠵᠤ ᠦᠢᠯᠡᠰ ᠤ᠋ᠨ ᠬᠠᠮᠳᠤᠷᠠᠨ ᠬᠦᠭᠵᠢᠬᠦ ᠶ᠋ᠢ ᠪᠦᠲᠦᠮᠵᠢᠲᠡᠶ ᠳᠠᠢᠴᠢᠯᠠᠵᠤ ᠂ ᠤᠷᠤᠨ ᠨᠤᠳᠤᠭ ᠤ᠋ᠨ ᠠᠵᠤ ᠠᠬᠤᠢ ᠶ᠋ᠢᠨ ᠬᠦᠭᠵᠢᠯᠳᠡ ᠳ᠋ᠤ ᠴᠢᠬᠤᠯᠠ ᠬᠦᠴᠦᠨ ᠨᠡᠮᠡᠷᠢᠯᠡᠵᠠᠢ᠃

ᠡᠨᠡ ᠵᠢᠯ ᠤ᠋ᠨ ᠳᠠᠯᠠᠢᠨᠠᠭᠤᠷ ᠤ᠋ᠨ ᠴᠠᠭᠠᠯᠵᠢ ᠵᠢᠭᠠᠰᠤᠨ ᠤ᠋ ᠨᠡᠭᠦᠳᠡᠯᠯᠡᠬᠦ ᠤᠯᠠᠷᠢᠯ ᠶ᠋ᠢᠡᠷ ᠵᠢᠭᠤᠯᠴᠢᠯᠠᠨ ᠢᠷᠡᠭᠰᠡᠨ ᠸᠠᠩ ᠶᠦᠨ ᠯᠦᠩ ᠄ 《 ᠪᠢᠳᠡ ᠵᠢᠯ ᠪᠦᠷᠢ ᠢᠷᠡᠳᠡᠭ᠂ ᠨᠢᠳᠤᠨᠤᠨ ᠪᠠᠰᠠ 5 ᠰᠠᠷ᠎ᠠ ᠶ᠋ᠢᠨ 1 ᠤ᠋ ᠦᠶᠡᠰ ᠵᠢᠡᠷ ᠢᠷᠡᠭᠰᠡᠨ᠂ ᠰᠤᠷᠭᠠᠭᠤᠯᠢ ᠴᠢᠯᠥᠭᠡ ᠲᠠᠯᠪᠢᠬᠤ ᠪᠡᠷ ᠬᠡᠦᠬᠡᠳ ᠶ᠋ᠢᠡᠨ ᠳᠠᠭᠠᠭᠤᠯᠤᠨ ᠡᠨᠡ ᠬᠠᠪᠢ ᠪᠠᠷ ᠲᠤᠭᠤᠷᠢᠵᠦ᠍ ᠰᠡᠳᠭᠢᠯ ᠰᠠᠨᠠᠭ᠎ᠠ ᠶ᠋ᠢ ᠨᠢ ᠰᠡᠷᠭᠦᠭᠡᠬᠦ ᠶ᠋ᠢᠨ ᠬᠠᠮᠳᠤ ᠴᠠᠭᠠᠯᠵᠢ ᠵᠢᠭᠠᠰᠤᠨ ᠤ᠋ ᠨᠡᠭᠦᠳᠡᠯᠯᠡᠬᠦ᠌ ᠶ᠋ᠢ ᠦᠵᠡᠭᠦᠯᠵᠤ᠂ ᠤᠯᠠᠨ ᠠᠷᠪᠢᠨ ᠰᠡᠷᠡᠭᠳᠡᠯ  ᠤᠯᠭᠤᠳᠠᠭ》 ᠭᠡᠵᠦ ᠶᠠᠷᠢᠵᠤ ᠪᠠᠢᠯ᠎ᠠ᠃

ᠴᠠᠭᠠᠯᠵᠢ ᠵᠢᠭᠠᠰᠤᠨ ᠤ᠋ ᠠᠮᠦᠷ ᠲᠦᠪᠰᠢᠨ ᠵᠢᠡᠷ ᠨᠡᠭᠦᠳᠡᠯᠯᠡᠬᠦ ᠶ᠋ᠢ ᠪᠠᠳᠤᠯᠠᠬᠤ ᠶ᠋ᠢᠨ ᠲᠦᠯᠦᠭᠡ᠂ ᠬᠡᠱᠢᠭ᠌ᠲᠡᠨ ᠬᠤᠱᠢᠭᠤᠨ ᠤ᠋ ᠳᠠᠯᠠᠢᠨᠠᠭᠤᠷ ᠤ᠋ᠨ ᠵᠢᠭᠠᠰᠤᠨ ᠤ᠋ ᠠᠵᠤ ᠠᠬᠤᠶ ᠶ᠋ᠢᠨ ᠺᠣᠮᠫᠠᠨᠢ ᠶ᠋ᠢᠨ ᠬᠢᠨ ᠪᠦᠬᠦ ᠬᠦᠷᠢᠶ᠎ᠠ ᠴᠠᠷᠠᠭᠠᠨ ᠳ᠋ᠤ 24 ᠴᠠᠭ ᠶ᠋ᠢᠡᠷ ᠲᠣᠭᠤᠷᠢᠨ ᠴᠠᠭᠳᠠᠵᠤ᠂ ᠭᠤᠤᠯᠳᠠᠯᠭ᠎ᠠ ᠲᠠᠢ ᠣᠷᠣᠨ ᠪᠦᠰᠡ ᠳ᠋ᠤ ᠬᠢᠨᠠᠨ ᠡᠵᠡᠮᠳᠡᠬᠦ᠌ ᠲᠥᠬᠦᠭᠡᠷᠦᠮᠵᠢ ᠪᠠᠢᠷᠢᠯᠠᠭᠤᠯᠤᠨ᠂ ᠪᠠᠢᠩᠭᠤ᠎ᠶ᠋ᠢᠨ ᠴᠢᠨᠠᠷᠳᠠᠢ ᠵᠢᠵᠢᠭᠦᠷᠯᠡᠨ ᠰᠠᠬᠢᠵᠤ ᠪᠤᠢ᠃ ᠴᠠᠭ ᠠᠭᠤᠷ ᠤ᠋ᠨ ᠨᠦᠬᠦᠴᠡᠯ ᠲᠣᠬᠢᠷᠠᠮᠵᠢᠲᠠᠶ ᠦᠶ᠎ᠡ ᠳ᠋ᠤ ᠵᠢᠯᠣᠭᠤᠴᠢ ᠥᠬᠡᠶ ᠨᠢᠰᠭᠡᠯ ᠶ᠋ᠢᠡᠷ ᠴᠠᠭᠠᠯᠵᠢ ᠵᠢᠭᠠᠰᠤᠨ ᠤ᠋ ᠨᠡᠭᠦᠳᠡᠯ ᠢ᠋ ᠬᠢᠨᠡᠨ ᠡᠵᠡᠮᠳᠡᠬᠦ ᠵᠢᠨ ᠬᠠᠮᠳᠤ ᠪᠠᠰᠠ ᠮᠣᠲ᠋ᠣᠷ ᠤᠨᠤᠵᠤ ᠲᠣᠭᠤᠷᠢᠨ ᠬᠠᠮᠠᠭᠠᠯᠠᠬᠤ ᠪᠠ ᠶᠠᠪᠠᠭᠠᠨ ᠶ᠋ᠢᠡᠷ ᠲᠣᠭᠤᠷᠢᠨ ᠪᠠᠢᠴᠠᠭᠠᠵᠤ ᠪᠠᠢᠨ᠎ᠠ᠃

ᠬᠡᠱᠢᠭ᠌ᠳᠡᠨ ᠬᠤᠱᠢᠭᠤ ᠥᠪᠡᠷᠮᠢᠴᠡ ᠣᠨᠴᠠᠯᠢᠭ ᠲᠠᠢ ᠠᠮᠢ ᠠᠬᠤᠶ ᠶ᠋ᠢᠨ ᠡᠬᠢ ᠪᠠᠶᠠᠯᠢᠭ ᠲᠤ᠌ ᠲᠦᠱᠢᠭ᠌ᠯᠡᠨ ᠵᠢᠭᠠᠰᠣ ᠪᠡᠷ ᠵᠢᠭᠤᠯᠴᠢᠯᠠᠭ᠍ᠰᠠᠳ ᠢ᠋ ᠲᠠᠳᠠᠬᠤ᠂ ᠰᠣᠶᠣᠯ ᠵᠢᠭᠤᠯᠴᠢᠯᠠᠯ ᠳ᠋ᠤ ᠬᠦᠭ᠌ᠵᠢᠶᠡᠨ ᠨᠡᠮᠡᠬᠦ ᠮᠡᠳᠤ ᠪᠡᠷ 《ᠠᠶᠠᠯᠭᠤᠳᠤ ᠵᠢᠭᠤᠯᠴᠢᠯᠠᠯ ᠥᠪᠥᠷ ᠮᠣᠩᠭᠤᠯ》 ᠭᠤᠤᠯ ᠰᠡᠳᠦᠪ ᠤ᠋ᠨ ᠲᠣᠭᠤᠷᠢᠨ ᠳ᠋ᠤ ᠵᠢᠭᠤᠯᠴᠢᠯᠠᠯ ᠤ᠋ᠨ ᠤᠯᠠᠷᠢᠯ ᠤ᠋ᠨ ᠵᠢᠭᠤᠯᠴᠢᠯᠠᠯ ᠤ᠋ᠨ ᠠᠭᠤᠯᠭ᠎ᠠ ᠪᠠᠨ ᠲᠠᠰᠤᠷᠠᠯᠲᠠ ᠥᠬᠡᠶ ᠪᠠᠶᠠᠯᠢᠭ᠍ᠵᠢᠭᠤᠯᠵᠤ᠂ ᠣᠯᠠᠨ ᠡᠱᠢᠲᠦ ᠰᠣᠶᠣᠯ ᠵᠢᠭᠤᠯᠴᠢᠯᠠᠯ ᠤ᠋ᠨ ᠡᠵᠡᠩᠨᠡᠯᠲᠡ ᠶ᠋ᠢᠨ ᠬᠡᠯᠪᠡᠷᠢ ᠶ᠋ᠢ ᠪᠣᠶ ᠪᠣᠯᠭᠠᠨ᠂ ᠵᠢᠭᠤᠯᠴᠢᠯᠠᠭ᠍ᠰᠠᠳ ᠤ᠋ᠨ ᠴᠠᠭᠠᠯᠵᠢ ᠵᠢᠭᠠᠰᠤᠨ ᠤ᠋ ᠶᠡᠬᠡ ᠨᠡᠬᠦᠳᠡᠯ ᠢ᠋ ᠰᠣᠨᠢᠷᠬᠠᠬᠤ᠂ ᠠᠮᠲᠠᠲᠤ ᠢᠳᠡᠭᠡᠨ ᠵᠤᠭᠤᠭᠯᠠᠬᠤ ᠵᠡᠷᠭᠡ ᠣᠯᠠᠨ ᠲᠠᠯ᠎ᠠ ᠶ᠋ᠢᠨ ᠬᠡᠷᠡᠭ᠌ᠴᠡᠭᠡ ᠱᠠᠭᠠᠷᠳᠠᠯᠭ᠎ᠠ ᠳ᠋ᠤ ᠵᠤᠬᠢᠴᠠᠭᠤᠯᠤᠨ ᠦᠪᠡᠷᠮᠢᠴᠡ ᠦᠢᠯᠡᠴᠢᠯᠡᠭᠡ ᠬᠠᠩᠭᠠᠪᠠ᠃

《ᠴᠠᠭᠠᠯᠵᠢ ᠵᠢᠭᠠᠰᠤᠨ ᠤ᠋ ᠤᠷᠤᠰᠬᠠᠯ ᠦᠭᠰᠦᠨ ᠨᠡᠭᠦᠳᠡᠯᠯᠡᠬᠦ ᠤᠷᠬᠢᠯ ᠤ᠋ᠨ ᠬᠤᠭᠤᠴᠠᠭ᠎ᠠ 5 ᠰᠠᠷ᠎ᠠ ᠶ᠋ᠢᠨ 1 ᠤ᠋ ᠡᠮᠦᠨ᠎ᠠ ᠬᠤᠢᠨ᠎ᠠ ᠢᠯᠡᠷᠡᠨ᠎ᠡ᠂ ᠡᠨᠡ ᠨᠢ ᠵᠢᠭᠤᠯᠴᠢᠯᠠᠭ᠍ᠰᠠᠳ ᠤ᠋ᠨ ᠠᠮᠠᠷᠠᠯᠲᠠ ᠶ᠋ᠢᠨ ᠬᠤᠭᠤᠴᠠᠭ᠎ᠠ ᠪᠡᠷ ᠢᠷᠡᠵᠦ ᠰᠣᠨᠢᠷᠬᠠᠬᠤ ᠳ᠋ᠤ ᠶᠡᠬᠡ ᠲᠥᠬᠦᠮ ᠪᠤᠯᠵᠠᠢ᠃ ᠡᠨᠡ ᠵᠢᠯ ᠪᠢᠳᠡ ᠵᠢᠭᠤᠯᠴᠢᠯᠠᠯ ᠤ᠋ᠨ ᠵᠠᠮ ᠱᠤᠭᠤᠮ ᠢ᠋ ᠰᠢᠯᠢᠳᠡᠭᠵᠢᠭᠦᠯᠤᠨ᠂ ᠬᠠᠮᠤᠭ ᠤ᠋ᠨ ᠰᠠᠢᠨ ᠦᠵᠡᠮᠵᠢ ᠰᠣᠨᠢᠷᠬᠠᠬᠤ ᠴᠡᠭ ᠤ᠋ᠨ ᠤᠢᠷᠠᠯᠴᠠᠭ᠎ᠠ ᠠᠮᠲᠠᠲᠤ ᠢᠳᠡᠭᠡᠨ ᠤ᠋ ᠲᠣᠭᠤᠷᠢᠭ ᠳᠤᠬᠢᠷᠠᠭᠤᠯᠵᠤ᠂ ᠵᠢᠭᠤᠯᠴᠢᠯᠠᠭ᠍ᠰᠠᠳ ᠴᠠᠭᠠᠯᠵᠢ ᠵᠢᠭᠠᠰᠤᠨ ᠤ᠋ ᠨᠡᠬᠦᠳᠡᠯ ᠢ᠋ ᠰᠣᠨᠢᠷᠬᠠᠬᠤ ᠶ᠋ᠢᠨ ᠬᠠᠮᠲᠤ ᠡᠨᠳᠡᠬᠢ ᠵᠢᠨ ᠠᠮᠲᠠᠲᠤ ᠢᠳᠡᠭᠡᠨ ᠢ᠋ ᠠᠮᠲᠠᠯᠠᠵᠤ ᠪᠣᠯᠤᠨ᠎ᠠ᠃ ᠨᠤᠭᠤ ᠭᠠᠵᠠᠷ ᠤ᠋ᠨ ᠱᠢᠪᠠᠷ ᠱᠠᠯᠴᠢᠭ ᠲᠤ᠌ ᠬᠠᠯᠳᠤᠷᠢᠵᠤ ᠤᠢᠴᠢᠬᠤ ᠶ᠋ᠢ ᠰᠡᠷᠭᠡᠢᠯᠡᠬᠦ᠎ᠶ᠋ᠢᠨ ᠲᠥᠯᠥᠭᠡ ᠪᠢᠳᠡ ᠦᠵᠡᠮᠵᠢ ᠰᠤᠨᠢᠷᠬᠠᠬᠤ ᠮᠣᠳᠣᠨ ᠵᠠᠮ ᠢ᠋ ᠨᠠᠭᠤᠷ᠎ᠤᠨ ᠬᠥᠪᠡᠭᠡ ᠬᠦᠷᠳᠡᠯ᠎ᠡ ᠳᠡᠪᠢᠰᠴᠤ᠂ ᠵᠠᠮ ᠲᠠᠭᠠᠤ ᠵᠢᠭᠤᠯᠴᠢᠯᠠᠭ᠍ᠰᠠᠳ ᠤ᠋ᠨ ᠴᠠᠭᠠᠯᠵᠢ ᠵᠢᠭᠠᠰᠤᠨ ᠤ᠋ ᠨᠡᠬᠦᠳᠡᠯ ᠢ᠋ ᠰᠤᠨᠢᠷᠬᠠᠬᠤ ᠶ᠋ᠢᠨ ᠬᠠᠮᠳᠤ ᠰᠡᠭᠦᠳᠡᠷ ᠲᠠᠲᠠᠵᠤ ᠳᠤᠷᠠᠰᠭᠠᠯ ᠦᠯᠡᠳᠡᠭᠡᠬᠦ᠌ ᠴᠡᠭ ᠢ᠋ ᠤᠯᠠᠨ ᠭᠠᠷᠭᠠᠵᠠᠢ》 ᠭᠡᠵᠦ ᠬᠡᠱᠢᠭ᠌ᠲᠡᠨ ᠬᠤᠱᠢᠭᠤᠨ ᠤ᠋ ᠳᠠᠯᠠᠢᠨᠠᠭᠤᠷ ᠤᠯᠤᠰ ᠤ᠋ᠨ ᠲᠠᠰ ᠤ᠋ᠨ ᠪᠠᠢᠭᠠᠯᠢ ᠶ᠋ᠢᠨ ᠬᠠᠮᠠᠭᠠᠯᠠᠯᠲᠠ ᠶ᠋ᠢᠨ ᠣᠷᠣᠨ ᠤ᠋ ᠠᠮᠢ ᠠᠬᠤᠶ ᠶ᠋ᠢᠨ ᠵᠢᠭᠤᠯᠴᠢᠯᠠᠯ ᠤ᠋ᠨ ᠬᠢᠵᠠᠭᠠᠷᠲᠤ ᠺᠣᠮᠫᠠᠨᠢ ᠶ᠋ᠢᠨ ᠶᠡᠷᠦᠩᠬᠡᠶ ᠳᠠᠭᠠᠭᠠᠮᠠᠯ ᠸᠠᠩ ᠶᠦᠩ ᠹᠧᠩ ᠬᠡᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号