2025 ᠤᠨ ᠳ᠋ᠦ ᠦᠪᠦᠷ ᠮᠤᠩᠭᠤᠯ ᠤ᠋ᠨ ᠮᠠᠯ ᠠᠵᠤ ᠠᠬᠤᠢ ᠲᠠᠷᠢᠶᠠᠯᠠᠡᠭ ᠤ᠋ᠨ ᠲᠦᠷᠦᠯ ᠲᠡᠮᠲᠡᠭ ᠤ᠋ᠨ ᠶᠡᠷᠦᠡᠭᠬᠡᠢ ᠦᠷᠳᠡᠭ 6071 ᠳ᠋ᠦᠩᠱᠢᠭᠤᠷ ᠲᠥᠭᠥᠷᠢᠭ ᠲᠤ᠌ ᠬᠦᠷᠴᠦ᠂ ᠦᠨ᠎ᠡ ᠦᠰᠤᠯᠳᠠ ᠶ᠋ᠢᠨ ᠨᠤᠷᠮ᠎ᠠ ᠨᠢ ᠳᠤᠮᠳᠠᠴᠢ ᠪᠡᠷ 8% ᠪᠡᠷ ᠳᠡᠭᠡᠭᠰᠢᠯᠡᠪᠡ᠃
2025 ᠤᠨ ᠳ᠋ᠤ ᠦᠪᠦᠷ ᠮᠤᠩᠭᠤᠯ ᠤ᠋ᠨ ᠴᠢᠨᠠᠷ ᠰᠠᠢᠲᠠᠢ ᠮᠠᠯ ᠤ᠋ᠨ ᠠᠰᠢᠭ ᠰᠢᠮ᠎ᠠ ᠲᠡᠷᠢᠶᠠᠯᠠᠡᠭ ᠤ᠋ᠨ ᠪᠦᠲᠦᠭᠡᠭᠳᠡᠭᠦᠨ ᠤ᠋ ᠪᠦᠬᠦ ᠤᠯᠤᠰ ᠲᠡᠬᠢ ᠳᠡᠯᠭᠡᠨ ᠪᠤᠷᠤᠯᠠᠭᠤᠯᠭ᠎ᠠ ᠵᠢᠨ ᠲᠦᠪ 23 ᠪᠤᠯᠵᠤ᠂ ᠪᠤᠷᠤᠯᠠᠭᠤᠯᠭ᠎ᠠ ᠶ᠋ᠢᠨ ᠤᠷᠤᠯᠭ᠎ᠠ ᠨᠢ 3 ᠳ᠋ᠦ᠋ᠡᠭᠰᠢᠭᠤᠷ ᠰᠢᠬᠠᠮ ᠲᠦᠭᠦᠷᠢᠭ ᠲᠦ᠍ ᠬᠦᠷᠴᠠᠢ᠃
2025 ᠤᠨ ᠳ᠋ᠤ ᠦᠪᠦᠷ ᠮᠤᠩᠭᠤᠯ ᠤ᠋ᠨ ᠴᠢᠨᠠᠷ ᠰᠠᠢᠲᠠᠢ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠪᠤᠷᠤᠯᠠᠭᠤᠯᠭ᠎ᠠ ᠶ᠋ᠢᠨ ᠤᠷᠤᠯᠭ᠎ᠠ 6000 ᠳ᠋ᠦ᠋ᠡᠭᠰᠢᠭᠤᠷ ᠲᠦᠭᠦᠷᠢᠭ ᠢ᠋ ᠳᠠᠪᠠᠪᠠ᠃
᠁
ᠪᠠᠢᠭᠠᠯᠢ ᠶ᠋ᠢᠨ ᠤᠷᠴᠢᠨ ᠨᠦᠬᠦᠴᠡᠯ ᠤ᠋ᠨ ᠳᠠᠪᠠᠭᠤᠯᠢᠭ ᠡᠴᠡ ᠪᠤᠯᠵᠤ᠂ ᠦᠪᠤᠷ ᠮᠤᠩᠭᠤᠯ ᠤ᠋ᠨ ᠪᠤᠬᠢᠷᠳᠦᠯ ᠦᠭᠡᠢ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠭᠠᠷᠤᠯᠲᠠ ᠶᠡᠬᠡ ᠮᠦᠷᠲᠡᠭᠡᠨ ᠴᠢᠨᠠᠷ ᠰᠠᠢᠨ ᠪᠠᠢᠵᠤ᠂ ᠪᠦᠬᠦ ᠤᠯᠤᠰ ᠤ᠋ᠨ ᠴᠢᠬᠤᠯᠠ 《ᠠᠮᠤ ᠶ᠋ᠢᠨ ᠰᠠᠡᠭ》᠂ 《ᠮᠢᠬᠠᠨ ᠤ᠋ ᠬᠦᠮᠦᠷᠭᠡ》᠂ 《ᠰᠦ ᠶ᠋ᠢᠨ ᠬᠦᠨᠦᠭ 》᠂《ᠨᠤᠤᠯᠤᠭᠤᠷ ᠤ᠋ᠨ ᠬᠤᠳᠠ》 ᠪᠤᠯᠵᠤ ᠶᠠᠪᠤᠨ᠎ᠠ᠃ ᠤᠢᠷ᠎ᠡ ᠶ᠋ᠢᠨ ᠵᠢᠯ ᠳ᠋ᠤ ᠦᠪᠤᠷ ᠮᠤᠩᠭᠤᠯ ᠲᠦᠷᠦᠯ ᠲᠡᠮᠲᠡᠭ ᠶ᠋ᠢᠡᠷ ᠮᠠᠯ ᠠᠵᠤ ᠠᠬᠤᠢ ᠲᠠᠷᠢᠶᠠᠯᠠᠡᠭ ᠢ᠋ ᠬᠦᠴᠦᠷᠬᠡᠭᠵᠢᠭᠦᠯᠬᠦ᠂ ᠵᠠᠬ᠎ᠠ ᠳᠡᠯᠭᠡᠭᠦᠷ ᠢ᠋ ᠦᠷᠭᠡᠳᠭᠡᠬᠦ᠂ ᠠᠷᠠᠯᠵᠢᠶᠠᠴᠢᠨ ᠤᠷᠢᠵᠤ ᠪᠡᠯᠡ ᠮᠦᠡᠭᠬᠦ ᠤᠷᠤᠭᠤᠯᠤᠨ ᠠᠪᠴᠢᠷᠠᠬᠤ᠂ ᠡᠯᠧᠺᠲ᠋ᠷᠣᠨ ᠬᠤᠳᠠᠯᠳᠤᠭ᠎ᠠ ᠪᠠᠷ ᠬᠦᠴᠦᠨ ᠨᠡᠮᠡᠷᠢᠯᠡᠬᠦ ᠵᠢ ᠨᠢᠭᠡᠲᠦᠯᠲᠡᠢ ᠲᠦᠯᠦᠪᠵᠢᠭᠦᠯᠤᠨ ᠠᠬᠢᠭᠤᠯᠵᠤ᠂ ᠦᠢᠯᠡᠳᠪᠦᠷᠢᠯᠡᠯ ᠪᠤᠷᠤᠯᠠᠭᠤᠯᠭ᠎ᠠ ᠶ᠋ᠢᠨ ᠬᠡᠯᠬᠢᠶ᠎ᠠ ᠶ᠋ᠢ ᠰᠢᠯᠤᠭᠤᠳᠬᠠᠨ᠂ ᠪᠤᠰᠤᠭ᠎ᠠ ᠴᠤᠭᠴᠠᠳᠤ ᠪᠤᠷᠤᠯᠠᠭᠤᠯᠭ᠎ᠠ ᠶ᠋ᠢᠨ ᠲᠤᠤᠷ ᠢ᠋ ᠴᠤᠭᠴᠠᠯᠠᠵᠤ᠂ ᠦᠪᠦᠷ ᠮᠤᠡᠭᠭᠤᠯ ᠤ᠋ᠨ ᠤᠨᠴᠠ ᠭᠠᠷᠤᠯᠳᠠ ᠶ᠋ᠢ ᠰᠢᠨ᠎ᠠ ᠰᠤᠷᠭᠤᠭ ᠶ᠋ᠢᠡᠷ ᠪᠦᠬᠦ ᠤᠯᠤᠰ ᠤ᠋ᠨ ᠬᠡᠷᠡᠭᠯᠡᠭᠴᠢ ᠲᠠᠢ ᠵᠤᠯᠭᠠᠭᠤᠯᠤᠭᠰᠠᠨ ᠠᠵᠢ᠃

ᠪᠦᠬᠦ ᠤᠯᠤᠰ ᠢ᠋ ᠬᠠᠮᠤᠷᠤᠭᠰᠠᠨ ᠪᠤᠷᠤᠯᠠᠭᠤᠯᠭ᠎ᠠ ᠶ᠋ᠢᠨ ᠳᠤᠤᠷ ᠤ᠋ᠨ ᠬᠦᠴᠦᠨ ᠴᠢᠳᠠᠯ
ᠴᠡᠪᠡᠷᠰᠢᠭᠦᠯᠬᠦ᠂ ᠵᠢᠡᠭᠨᠡᠬᠦ᠂ ᠢᠰᠭᠡᠬᠦ᠂ ᠪᠠᠺᠲ᠋ᠧᠷᠢ ᠠᠯᠠᠬᠤ᠂ ᠰᠠᠪᠠᠯᠠᠬᠤ ᠁ ᠦᠪᠦᠷ ᠮᠤᠡᠭᠭᠤᠯ ᠤ᠋ᠨ ᠯᠠᠨ ᠭᠸ ᠭᠸ ᠴᠠᠭᠠᠨ ᠢᠳᠡᠭᠡᠨ ᠤ᠋ ᠦᠢᠯᠡᠰ ᠤ᠋ᠨ ᠬᠢᠵᠠᠭᠠᠷᠲᠤ ᠺᠤᠮᠫᠠᠨᠢ ᠶ᠋ᠢᠨ ᠦᠢᠯᠡᠳᠪᠦᠷᠢ ᠶ᠋ᠢᠨ ᠲᠠᠰᠤᠭ ᠲᠦ᠍ ᠬᠦᠬᠡ ᠦᠩᠭᠡ ᠶ᠋ᠢᠨ ᠪᠤᠨᠳᠤᠭᠤᠷ ᠱᠠᠭᠠᠵᠠᠩ ᠯᠤᠩᠬᠤᠨ ᠳ᠋ᠤ ᠰᠠᠪᠠᠯᠠᠭᠰᠠᠨ ᠡᠭᠡᠳᠡᠭᠰᠡᠨ ᠰᠦ ᠠᠦ᠋ᠲ᠋ᠦ᠌ ᠦᠢᠯᠡᠳᠪᠦᠷᠢᠯᠡᠯ ᠤ᠋ᠨ ᠱᠤᠭᠤᠮ ᠶ᠋ᠢᠡᠷ ᠠᠷᠤ ᠠᠷᠤ ᠡᠴᠡ ᠪᠡᠨ ᠴᠤᠪᠤᠷᠠᠨ ᠭᠠᠷᠤᠨ᠎ᠠ᠃
ᠮᠢᠺᠷᠦᠪ ᠤ᠋ᠨ ᠲᠦᠷᠦᠯ ᠪᠤᠯ ᠡᠭᠡᠳᠡᠭᠰᠡᠨ ᠰᠦ ᠶ᠋ᠢᠨ 《 ᠴᠢᠫ 》 ᠪᠠᠢᠵᠤ᠂ ᠡᠭᠡᠳᠡᠭᠰᠡᠨ ᠰᠦ ᠶ᠋ᠢᠨ ᠴᠢᠨᠠᠷ ᠢ᠋ ᠳᠤᠭᠳᠠᠭᠠᠬᠤ ᠴᠢᠬᠤᠯᠠ ᠡᠯᠧᠮᠧᠨ᠋ᠲ ᠪᠤᠯᠤᠨ᠎ᠠ᠃ ᠮᠠᠨ ᠤ᠋ ᠤᠯᠤᠰ ᠤ᠋ᠨ ᠠᠯᠢ ᠤᠯᠠᠨ ᠴᠠᠭᠠᠨ ᠢᠳᠡᠭᠡᠨ ᠤ᠋ ᠠᠵᠤ ᠠᠬᠤᠢᠯᠠᠯ ᠮᠢᠺᠷᠤᠪ ᠤ᠋ᠨ ᠲᠦᠷᠦᠯ ᠢ᠋ ᠴᠦᠮ ᠭᠠᠳᠠᠭᠠᠳᠦ ᠡᠴᠡ ᠤᠷᠤᠭᠤᠯᠳᠠᠭ ᠡᠴᠡ ᠪᠡᠶ᠎ᠠ ᠪᠡᠨ ᠳᠠᠭᠠᠭᠠᠵᠤ ᠬᠦᠭᠵᠢᠬᠦ ᠶ᠋ᠢᠨ ᠪᠤᠭᠤᠮᠢ ᠨᠢ ᠪᠤᠯᠤᠭᠰᠠᠭᠠᠷ ᠢᠷᠡᠵᠠᠢ᠃ ᠡᠨᠡ ᠬᠦ᠌ ᠪᠤᠭᠤᠮᠢ ᠶ᠋ᠢ ᠰᠢᠪᠳᠤᠯᠬᠤ ᠶ᠋ᠢᠨ ᠲᠦᠯᠦᠭᠡ᠂ ᠯᠠᠨ ᠭᠸ ᠭᠸ ᠺᠤᠮᠫᠠᠨᠢ ᠶ᠋ᠢᠨ ᠬᠢᠨ ᠪᠡᠭᠡᠵᠢᠡᠭ ᠤ᠋ᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠪᠠᠢᠭᠤᠯᠤᠮᠵᠢ ᠲᠠᠢ ᠬᠠᠮᠲᠤᠷᠠᠨ ᠡᠭᠡᠳᠡᠭᠰᠡᠨ ᠰᠦ ᠶ᠋ᠢᠨ ᠮᠢᠺᠷᠦᠪ ᠤ᠋ᠨ ᠲᠦᠷᠦᠯ ᠢ᠋ ᠰᠤᠳᠤᠯᠤᠨ ᠦᠢᠯᠡᠳᠬᠦ ᠠᠵᠢᠯ ᠦᠷᠨᠢᠭᠦᠯᠦᠨ᠂ ᠤᠳᠤ ᠨᠢᠭᠡᠨᠲᠡ 20 ᠭᠠᠷᠤᠢ ᠵᠦᠢᠯ ᠤ᠋ᠨ ᠪᠡᠶ᠎ᠡ ᠪᠠᠨ ᠳᠠᠭᠠᠭᠠᠭᠰᠠᠨ ᠮᠡᠳᠡᠯᠭᠡ ᠶ᠋ᠢᠨ ᠦᠮᠴᠢᠯᠡᠯ ᠤ᠋ᠨ ᠡᠷᠭᠡ ᠪᠦᠬᠦᠢ ᠮᠢᠺᠷᠦᠪ ᠪᠤᠳᠠᠰ ᠢ᠋ ᠦᠢᠯᠡᠳᠴᠤ᠂ ᠦᠪᠡᠷ ᠤ᠋ᠨ ᠮᠢᠺᠷᠤᠪ ᠪᠤᠳᠠᠰ ᠶ᠋ᠢᠡᠷ ᠢᠰᠭᠡᠭᠰᠡᠨ ᠡᠭᠡᠳᠡᠭᠰᠡᠨ ᠰᠦ ᠨᠢ ᠪᠡᠭᠡᠵᠢᠡᠭ᠂ ᠱᠠᠡᠭᠬᠠᠢ᠂ ᠴᠢᠡᠭᠳᠤᠤ᠂ ᠭᠤᠸᠠᠡᠭᠵᠸᠦ᠂ ᠱᠧᠨᠵᠧᠨ ᠵᠡᠷᠭᠡ ᠭᠠᠵᠠᠷ ᠤ᠋ᠨ ᠬᠡᠷᠡᠭᠯᠡᠭᠴᠢᠳ ᠤ᠋ᠨ ᠬᠠᠯᠠᠭᠤᠨ ᠬᠦᠷᠢᠶᠡᠯᠡᠯ ᠢ᠋ ᠤᠯᠵᠤ᠂ ᠵᠢᠯ ᠤ᠋ᠨ ᠪᠤᠷᠤᠯᠠᠭᠤᠯᠭ᠎ᠠ ᠨᠢ 2000 ᠲᠦᠮᠡᠨ ᠯᠤᠡᠭᠬᠤ ᠵᠢ ᠳᠠᠪᠠᠵᠤ ᠪᠤᠢ᠃
2025 ᠣᠨ ᠳ᠋ᠤ ᠮᠠᠨ ᠤ᠋ ᠤᠷᠤᠨ ᠤ᠋ ᠴᠢᠨᠠᠷ ᠰᠠᠢᠳᠠᠢ ᠮᠠᠯ ᠤ᠋ᠨ ᠠᠱᠢᠭ ᠱᠢᠮ᠎ᠡ ᠲᠠᠷᠢᠶᠠᠯᠠᠩ ᠦ᠋ᠨ ᠪᠦᠲᠦᠭᠡᠭ᠌ᠳᠡᠬᠦᠨ ᠤ᠋ ᠵᠠᠬ᠎ᠠ ᠳᠡᠯᠭᠡᠭᠦᠷ ᠤ᠋ᠨ ᠡᠵᠡᠯᠡᠮᠵᠢ ᠲᠣᠭ᠍ᠲᠠᠭᠤᠨ ᠶ᠋ᠢᠡᠷ ᠨᠡᠮᠡᠭ᠌ᠳᠡᠵᠠᠢ ᠃ ᠡᠭᠦᠨ ᠳ᠋ᠤ᠂ ᠪᠦᠬᠦ ᠵᠢᠯ ᠳ᠋ᠡᠭᠡᠨ ᠮᠠᠨ ᠤ᠋ ᠤᠷᠤᠨ ᠨᠡᠢᠳᠡ 22 ᠲᠠᠯᠠᠪᠤᠷ ᠳᠡᠯᠭᠡᠨ ᠪᠣᠷᠣᠯᠠᠭᠤᠯᠬᠤ ᠠᠵᠢᠯᠯᠠᠭ᠎ᠠ ᠡᠷᠬᠢᠯᠡᠨ᠂ 500 ᠭᠠᠷᠤᠶ ᠠᠵᠤ ᠠᠬᠤᠢᠯᠠᠯ ᠤ᠋ᠨ 3000 ᠱᠢᠬᠠᠮ ᠵᠦᠶ᠋ᠯ ᠦ᠋ᠨ ᠴᠢᠨᠠᠷ ᠰᠠᠢᠲᠠᠶ ᠮᠠᠯᠤᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠳ᠋ᠤ ᠶᠡᠷᠦᠩᠬᠡᠢᠯᠡᠭ᠌ᠰᠡᠨ ᠦᠶ᠋ᠯᠡᠴᠢᠯᠡᠭᠡᠨ ᠤ᠋ ᠲᠠᠪᠴᠠᠩ ᠬᠠᠡᠭᠭᠠᠵᠤ᠂ ᠲᠤᠬᠠᠶ ᠶ᠋ᠢᠨ ᠲᠠᠯᠠᠪᠠᠶ ᠳ᠋ᠦ 8000 ᠲᠦᠮᠡᠨ ᠲᠥᠭᠥᠷᠢᠭ ᠤ᠋ᠨ ᠪᠠᠷᠠᠭ᠎ᠠ ᠪᠤᠷᠤᠯᠠᠭᠤᠯᠤᠨ᠂ 66.5 ᠳ᠋ᠦ᠋ᠡᠭᠰᠢᠭᠤᠷ ᠲᠦᠬᠦᠷᠢᠭ ᠤ᠋ᠨ ᠠᠷᠠᠯᠵᠢᠶᠡᠨ ᠤ᠋ ᠬᠡᠷ᠎ᠡ ᠳᠤᠭᠳᠠᠪᠠ᠃ 《 ᠦᠪᠦᠷ ᠮᠤᠡᠭᠭᠤᠯ ᠤ᠋ᠨ ᠪᠦᠲᠦᠭᠡᠭᠳᠡᠭᠦᠨ ᠢ᠋ ᠦᠪᠦᠷ ᠮᠤᠡᠭᠭᠤᠯ ᠳ᠋ᠠᠭᠠᠨ ᠬᠡᠷᠡᠭᠯᠡᠬᠦ》 ᠵᠤᠯᠭᠠᠯᠴᠠᠭᠠᠨ ᠤ᠋ ᠠᠵᠢᠯᠯᠠᠭ᠎ᠠ ᠵᠢ 6 ᠲᠠᠯᠠᠪᠠᠢ ᠦᠷᠨᠢᠭᠦᠯᠦᠨ᠂ ᠰᠢᠤᠳᠠᠨ ᠤ᠋ ᠬᠢᠨ ᠲᠠᠢ 1 ᠳ᠋ᠦᠡᠭᠰᠢᠭᠤᠷ ᠲᠦᠭᠦᠷᠢᠭ ᠤ᠋ᠨ ᠠᠷᠠᠯᠵᠢᠶᠡᠨ ᠤ᠋ ᠭᠡᠷ᠎ᠡ ᠳᠤᠭᠳᠠᠵᠠᠢ᠃ ᠨᠡᠭᠦᠳᠡᠯ ᠳᠡᠯᠭᠡᠨ ᠪᠤᠷᠤᠯᠠᠭᠤᠯᠬᠤ ᠲᠢᠡᠭᠬᠢᠮ ᠶ᠋ᠢᠡᠷ ᠪᠦᠬᠦ ᠤᠯᠤᠰ ᠲᠦ᠍ ᠲᠤᠭᠤᠷᠢᠨ ᠪᠤᠷᠤᠯᠠᠭᠤᠯᠬᠤ ᠠᠵᠢᠯᠯᠠᠭ᠎ᠠ ᠵᠢ 26 ᠲᠠᠯᠠᠪᠠᠢ ᠦᠷᠨᠢᠭᠦᠯᠦᠨ᠂ ᠲᠤᠬᠠᠢ ᠶ᠋ᠢᠨ ᠲᠠᠯᠠᠪᠠᠢ ᠳ᠋ᠤ 280 ᠲᠦᠮᠡᠨ ᠲᠦᠭᠦᠷᠢᠭ ᠤ᠋ᠨ ᠪᠦᠲᠦᠭᠡᠭᠳᠡᠭᠦᠨ ᠪᠤᠷᠤᠯᠠᠭᠤᠯᠵᠤ᠂ ᠮᠠᠨ ᠤ᠋ ᠤᠷᠤᠨ ᠤ᠋ ᠪᠤᠬᠢᠷᠳᠤᠯ ᠦᠭᠡᠢ ᠴᠢᠨᠠᠷ ᠰᠠᠢᠲᠠᠢ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠨᠡᠷ᠎ᠡ ᠨᠦᠯᠦᠭᠡ ᠵᠢ ᠪᠦᠲᠦᠮᠵᠢᠲᠡᠢ ᠦᠷᠭᠡᠳᠭᠡᠭᠰᠡᠨ ᠪᠠᠢᠨ᠎ᠠ᠃
ᠤᠢᠷ᠎ᠠ ᠶ᠋ᠢᠨ ᠵᠢᠯ ᠳ᠋ᠤ ᠮᠠᠨ ᠤ᠋ ᠤᠷᠤᠨ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠰᠠᠩ ᠬᠦᠮᠦᠷᠭᠡ ᠡᠳ᠋ ᠪᠠᠷᠠᠭ᠎ᠠ ᠶ᠋ᠢᠨ ᠭᠦᠢᠯᠭᠡᠭᠡ ᠶ᠋ᠢᠨ ᠪᠠᠢᠷᠢᠰᠢᠭᠤᠯᠤᠯᠲᠠ ᠪᠡᠨ ᠲᠠᠰᠤᠷᠠᠯᠳᠠ ᠦᠭᠡᠢ ᠰᠢᠯᠢᠳᠡᠭᠵᠢᠭᠦᠯᠵᠤ᠂ ᠳᠤᠷᠤᠨᠠᠲᠤ ᠤᠷᠤᠨ (ᠱᠠᠡᠭᠬᠠᠢ) ᠂ ᠡᠮᠦᠨᠡᠲᠦ ᠤᠷᠤᠨ (ᠭᠤᠸᠠᠡᠭᠵᠸᠦ)᠂ ᠪᠠᠷᠠᠭᠤᠨ ᠡᠮᠦᠨᠡᠲᠦ ᠤᠷᠤᠨ (ᠴᠸᠡᠭᠳᠦ᠋)᠂ ᠪᠠᠷᠠᠭᠤᠨ ᠬᠤᠢᠲᠤ ᠤᠷᠤᠨ (ᠰᠢ ᠠᠨ)᠂ ᠳᠤᠮᠳᠠᠳᠤ ᠤᠷᠤᠨ (ᠵᠸᠡᠭᠵᠸᠦ)᠂ ᠬᠠᠢᠨᠠᠨ (ᠬᠠᠢᠺᠸᠦ) ᠵᠡᠷᠭᠡ ᠪᠦᠬᠦ ᠤᠯᠤᠰ ᠤ᠋ᠨ 6 ᠶᠡᠬᠡ ᠡᠳ᠋ ᠪᠠᠷᠠᠭ᠎ᠠ ᠶ᠋ᠢ ᠲᠦᠪᠯᠡᠷᠡᠭᠦᠯᠤᠨ ᠲᠠᠷᠬᠠᠭᠠᠬᠤ ᠭᠦᠢᠰᠦ ᠤᠷᠤᠨ ᠳ᠋ᠦ ᠦᠪᠦᠷ ᠮᠤᠡᠭᠭᠤᠯ ᠤ᠋ᠨ ᠴᠢᠨᠠᠷ ᠰᠠᠢᠳᠠᠢ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠤᠷᠢᠳᠴᠢᠯᠠᠨ ᠨᠦᠬᠡᠴᠡᠯᠡᠬᠦ ᠬᠦᠮᠦᠷᠭᠡ ᠶ᠋ᠢ ᠪᠠᠢᠭᠤᠯᠤᠭᠰᠠᠨ ᠪᠦᠭᠡᠳ ᠪᠦᠬᠦ ᠤᠷᠤᠨ ᠤ᠋ ᠵᠡᠭᠦᠨ ᠪᠡᠶ᠎ᠠ᠂ ᠳᠤᠮᠳᠠ ᠪᠡᠶ᠎ᠠ᠂ ᠪᠠᠷᠠᠭᠤᠨ ᠪᠡᠶ᠎ᠠ ᠶ᠋ᠢᠨ ᠭᠤᠤᠯ ᠭᠠᠷᠤᠯᠲᠠ ᠶ᠋ᠢᠨ ᠤᠷᠤᠨ ᠳ᠋ᠦ 3 ᠲᠦᠷᠭᠡᠨ ᠬᠦᠷᠭᠡᠯᠲᠡ ᠶ᠋ᠢᠨ ᠪᠠᠷᠠᠭ᠎ᠠ ᠶᠠᠪᠤᠭᠤᠯᠬᠤ ᠨᠢᠭᠡᠳᠦᠯᠳᠠᠢ ᠬᠦᠮᠦᠷᠭᠡ ᠪᠠᠢᠭᠤᠯᠵᠠᠢ᠃ ᠡᠭᠦᠨ ᠤ᠋ ᠬᠠᠮᠳᠤ ᠤᠷᠢᠳᠴᠢᠯᠠᠨ ᠨᠦᠬᠡᠴᠡᠯᠡᠬᠦ ᠬᠦᠮᠦᠷᠭᠡ᠂ ᠨᠢᠭᠡᠳᠦᠯᠳᠠᠢ ᠬᠦᠮᠦᠷᠭᠡ ᠳ᠋ᠦ ᠰᠠᠭᠤᠷᠢᠰᠢᠭᠰᠠᠨ ᠠᠵᠤ ᠠᠬᠤᠢᠯᠠᠯ ᠳ᠋ᠦ ᠬᠦᠮᠦᠷᠭᠡᠯᠡᠬᠦ ᠨᠦᠬᠦᠪᠦᠷᠢ ᠤᠯᠭᠤᠨ᠂ ᠠᠵᠤ ᠠᠬᠤᠢᠯᠠᠯ ᠤ᠋ᠨ ᠡᠳ᠋ ᠪᠠᠷᠠᠭᠠᠨ ᠤ᠋ ᠭᠦᠢᠯᠭᠡᠭᠡ ᠶ᠋ᠢᠨ ᠦᠪᠡᠷ ᠤ᠋ᠨ ᠦᠷᠳᠡᠭ ᠢ᠋ ᠪᠠᠭᠤᠷᠠᠭᠤᠯᠬᠤ ᠶ᠋ᠢᠨ ᠵᠡᠷᠭᠡ ᠪᠡᠷ ᠲᠤᠬᠢᠷᠠᠭᠤᠯᠤᠨ ᠬᠦᠷᠭᠡᠬᠦ ᠴᠠᠭ ᠢ᠋ ᠨᠢ ᠪᠤᠭᠤᠨᠢᠰᠬᠠᠨ ᠂ ᠪᠦᠬᠦ ᠤᠷᠤᠨ ᠤ᠋ ᠴᠢᠨᠠᠷ ᠰᠠᠢᠳᠠᠢ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠰᠢᠨ᠎ᠡ ᠰᠤᠷᠭᠤᠭ ᠶ᠋ᠢᠡᠷ ᠪᠦᠬᠦ ᠤᠯᠤᠰ ᠤ᠋ᠨ ᠬᠡᠷᠡᠭᠯᠡᠭᠴᠢᠳ ᠤ᠋ᠨ ᠭᠠᠷ ᠲᠤ᠌ ᠬᠦᠷᠬᠦ ᠵᠢ ᠦᠨᠡᠨ ᠬᠦ᠌ ᠪᠠᠳᠤᠯᠠᠪᠠ᠃
ᠪᠦᠬᠦ ᠬᠠᠷᠠᠭᠠᠰᠤ ᠶ᠋ᠢᠨ ᠡᠵᠡᠩᠨᠡᠨ ᠪᠤᠷᠤᠯᠠᠭᠤᠯᠬᠤ ᠰᠢᠰᠲᠸᠮ ᠤ᠋ᠨ ᠦᠷ᠎ᠠ ᠨᠦᠯᠦᠭᠡ
2024 ᠤᠨ ᠡᠴᠡ ᠨᠠᠭᠠᠰᠢ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠤᠷᠤᠨ ᠤ᠋ ᠳᠤᠲᠤᠨ᠎ᠠ ᠭᠠᠳᠠᠨ᠎ᠠ ᠨᠡᠢᠲᠡ 23 ᠡᠵᠡᠩᠨᠡᠨ ᠪᠤᠷᠤᠯᠠᠭᠤᠯᠬᠤ ᠲᠦᠪ ᠪᠠᠢᠭᠤᠯᠪᠠ ᠃ ᠡᠭᠦᠨ ᠳ᠋ᠦ 2025 ᠤᠨ ᠤ᠋ 3 ᠰᠠᠷ᠎ᠠ ᠶ᠋ᠢᠨ 18 ᠤ᠋ ᠡᠳᠦᠷ ᠦᠬᠡᠷᠡᠴᠢᠯᠡᠨ ᠵᠠᠰᠠᠭᠰᠠᠨ ᠤ᠋ ᠳᠠᠷᠠᠭ᠎ᠠ ᠰᠢᠨ᠎ᠠ ᠪᠡᠷ ᠡᠭᠦᠳᠡ ᠪᠠᠨ ᠨᠡᠭᠡᠭᠡᠭᠰᠡᠨ ᠦᠪᠦᠷ ᠮᠤᠡᠭᠭᠤᠯ ᠤ᠋ᠨ ᠴᠢᠨᠠᠷ ᠰᠠᠢᠲᠠᠢ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠳᠡᠯᠭᠡᠨ ᠪᠤᠷᠤᠯᠠᠭᠤᠯᠬᠤ ᠲᠦᠪ ᠨᠢ ᠪᠦᠲᠦᠭᠡᠭᠳᠡᠭᠦᠨ ᠢ᠋ ᠳᠡᠯᠭᠡᠨ ᠪᠤᠷᠤᠯᠠᠭᠤᠯᠬᠤ᠂ ᠲᠦᠷᠦᠯ ᠲᠡᠮᠲᠡᠭ ᠢ᠋ ᠲᠠᠨᠢᠯᠴᠠᠭᠤᠯᠬᠤ᠂ ᠬᠠᠡᠭᠭᠠᠯᠭ᠎ᠠ ᠬᠡᠷᠡᠭᠴᠡᠭᠡ ᠵᠢ ᠵᠤᠯᠭᠠᠭᠤᠯᠬᠤ ᠵᠢ ᠨᠢᠭᠡ ᠴᠤᠭᠴᠠᠵᠢᠭᠤᠯᠤᠭᠰᠠᠨ ᠲᠡᠭᠦᠯᠳᠡᠷ ᠴᠢᠳᠠᠮᠵᠢ᠂ ᠪᠦᠷᠢᠨ ᠲᠦᠬᠦᠭᠡᠷᠦᠮᠵᠢ᠂ ᠤᠯᠠᠨ ᠡᠰᠢᠵᠢᠭᠰᠡᠨ ᠦᠢᠯᠡᠴᠢᠯᠡᠭᠡ ᠪᠡᠷ ᠦᠪᠤᠷ ᠮᠤᠩᠭᠤᠯ ᠤ᠋ᠨ ᠴᠢᠨᠠᠷ ᠰᠠᠢᠲᠠᠢ ᠮᠠᠯ ᠤ᠋ᠨ ᠠᠰᠢᠭ ᠰᠢᠮ᠎ᠡ ᠲᠡᠷᠢᠶᠠᠯᠠᠡᠭ ᠤ᠋ᠨ ᠪᠦᠲᠦᠭᠡᠭᠳᠡᠭᠦᠨ ᠤ᠋ ᠨᠡᠡᠭ ᠦᠷᠭᠡᠨ ᠳᠡᠯᠭᠡᠷ ᠵᠠᠬ᠎ᠠ ᠳᠡᠯᠭᠡᠭᠦᠷ ᠲᠦ᠍ ᠭᠠᠷᠬᠤ ᠳ᠋ᠦ ᠴᠢᠬᠤᠯᠠ ᠲᠠᠪᠴᠠᠡᠭ ᠬᠠᠡᠭᠭᠠᠪᠠ᠃
ᠤᠢᠷ᠎ᠡ ᠶ᠋ᠢᠨ ᠵᠢᠯ ᠳ᠋ᠤ ᠮᠠᠨ ᠤ᠋ ᠤᠷᠤᠨ 《ᠰᠦᠯᠵᠢᠶ᠎ᠠ ᠪᠠ ᠪᠤᠳᠠᠳᠤ ᠴᠤᠭᠴᠠ ᠶ᠋ᠢ ᠠᠭᠤᠰᠤᠯᠴᠠᠭᠤᠯᠬᠤ᠂ ᠤᠯᠤᠰ ᠤ᠋ᠨ ᠳᠤᠲᠤᠭᠠᠳᠤ ᠭᠠᠳᠠᠭᠠᠳᠤ ᠬᠤᠯᠪᠤᠭᠠᠯᠠᠨ ᠬᠦᠳᠡᠯᠦᠯᠴᠡᠬᠦ》 ᠪᠦᠬᠦ ᠬᠠᠷᠠᠭᠠᠰᠤ ᠶ᠋ᠢᠨ ᠡᠵᠡᠡᠭᠨᠡᠨ ᠪᠤᠷᠤᠯᠠᠭᠤᠯᠬᠤ ᠰᠢᠰᠲᠸᠮ ᠢ᠋ ᠢᠳᠡᠪᠬᠢᠲᠡᠢ ᠪᠠᠢᠭᠤᠯᠵᠠᠢ᠃ ᠰᠦᠯᠵᠢᠶᠡᠨ ᠳᠡᠭᠡᠷ᠎ᠠ᠂ ᠭᠤᠤᠯ ᠵᠠᠭᠤᠴᠢᠯᠠᠭᠤᠷ ᠤ᠋ᠨ ᠤᠬᠠᠭᠤᠯᠭ᠎ᠠ ᠶ᠋ᠢᠨ ᠹᠷᠤᠨᠲ ᠲᠤ᠌ ᠲᠦᠰᠢᠭᠯᠡᠨ ᠦᠪᠡᠷᠮᠢᠴᠡ ᠤᠨᠴᠠᠯᠢᠭᠲᠦ ᠰᠦᠯᠵᠢᠶᠡᠨ ᠤ᠋ ᠬᠠᠯᠠᠮᠰᠢᠯ IP ᠵᠢ ᠴᠤᠭᠴᠠᠯᠠᠵᠤ᠂ ᠲᠤᠰᠬᠠᠢ ᠮᠡᠷᠭᠡᠵᠢᠯ ᠤ᠋ᠨ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠢ᠋ ᠤᠬᠠᠭᠤᠯᠤᠨ ᠪᠤᠷᠤᠯᠠᠭᠤᠯᠤᠭᠴᠢ ᠶ᠋ᠢᠨ ᠡᠡᠭᠨᠡᠭᠡ ᠵᠢ ᠵᠤᠬᠢᠶᠠᠨ ᠪᠠᠢᠭᠤᠯᠤᠨ᠂ ᠪᠢᠴᠢᠯ ᠸᠢᠳᠢᠥ᠌ ᠪᠠ ᠰᠢᠭᠤᠳ ᠨᠡᠪᠲᠡᠷᠡᠭᠦᠯᠭᠡ ᠵᠡᠷᠭᠡ ᠰᠢᠨ᠎ᠡ ᠵᠠᠭᠤᠴᠢᠯᠠᠭᠤᠷ ᠶ᠋ᠢᠡᠷ 《ᠦᠪᠦᠷ ᠮᠤᠩᠭᠤᠯ ᠤ᠋ᠨ ᠮᠠᠯ ᠠᠵᠤ ᠠᠬᠤᠢ ᠲᠠᠷᠢᠶᠠᠯᠠᠡᠭ ᠤ᠋ᠨ ᠲᠦᠷᠦᠯ ᠲᠡᠮᠳᠡᠭ ᠤ᠋ᠨ ᠦᠯᠢᠭᠡᠷ》 ᠢ᠋ ᠶᠠᠷᠢᠭᠤᠯᠵᠤ᠂ ᠴᠢᠨᠠᠷ ᠰᠠᠢᠲᠠᠢ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠶ᠋ᠢᠡᠨ ᠪᠦᠬᠦ ᠤᠯᠤᠰ ᠤ᠋ᠨ ᠬᠡᠷᠡᠭᠯᠡᠭᠴᠢᠳ ᠤ᠋ᠨ ᠬᠠᠷᠠᠭ᠎ᠠ ᠰᠤᠨᠤᠷ ᠲᠦ᠍ ᠰᠢᠭᠤᠳ ᠬᠦᠷᠭᠡᠪᠡ᠃ ᠪᠤᠳᠠᠳᠤ ᠴᠤᠭᠴᠠ ᠳ᠋ᠤ᠂ ᠪᠡᠭᠡᠵᠢᠡᠭ᠂ ᠱᠠᠡᠭᠬᠠᠢ᠂ ᠭᠤᠸᠠᠡᠭᠵᠸᠦ ᠵᠡᠷᠭᠡ ᠶᠡᠬᠡ ᠬᠤᠲᠠ ᠶ᠋ᠢᠨ ᠭᠤᠤᠯ ᠪᠤᠯᠬᠤ ᠬᠤᠳᠠᠯᠳᠤᠭᠠᠨ ᠤ᠋ ᠲᠤᠭᠤᠷᠢᠭ᠂ ᠨᠢᠰᠭᠡᠯ ᠤ᠋ᠨ ᠪᠠᠭᠤᠳᠠᠯ᠂ ᠲᠦᠷᠭᠡᠨ ᠤ᠋ ᠭᠠᠯᠳᠦ ᠲᠡᠷᠭᠡᠨ ᠤ᠋ ᠦᠷᠲᠡᠭᠡ ᠳ᠋ᠦ ᠵᠠᠷ ᠲᠠᠯᠪᠢᠵᠤ᠂ ᠲᠦᠷᠦᠯ ᠲᠡᠮᠲᠡᠭ ᠤ᠋ᠨ ᠶᠡᠬᠡ ᠬᠤᠷᠠᠯ ᠵᠢᠴᠢ ᠬᠤᠨᠢᠨ ᠮᠢᠬ᠎ᠠ᠂ ᠴᠠᠭᠠᠨ ᠢᠳᠡᠭᠡᠨ᠂ ᠱᠤᠤᠮᠠᠢ᠂ ᠬᠠᠯᠠᠭᠤᠨ ᠲᠤᠭᠤᠭ᠎ᠠ ᠵᠡᠷᠭᠡ ᠤᠨᠴᠠᠯᠢᠭᠲᠦ ᠠᠵᠤ ᠦᠢᠯᠡᠰ ᠤ᠋ᠨ ᠲᠤᠰᠬᠠᠢ ᠲᠠᠨᠢᠯᠴᠠᠭᠤᠯᠭ᠎ᠠ ᠶ᠋ᠢᠨ ᠬᠤᠷᠠᠯ ᠢ᠋ ᠡᠷᠬᠢᠯᠡᠨ ᠶᠠᠪᠤᠭᠳᠠᠭᠤᠯᠵᠠᠢ᠃ ᠪᠠᠰᠠ ᠠᠵᠤ ᠠᠬᠤᠢᠯᠠᠯ ᠢ᠋ ᠵᠤᠬᠢᠶᠠᠨ ᠪᠠᠢᠭᠤᠯᠤᠨ ᠳᠤᠮᠳᠠᠳᠤ ᠤᠯᠤᠰ ᠤ᠋ᠨ ᠤᠯᠠᠨ ᠤᠯᠤᠰ ᠤ᠋ᠨ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠠᠷᠠᠯᠵᠢᠶᠠᠨ ᠤ᠋ ᠴᠤᠭᠯᠠᠭᠠᠨ᠂ ᠳᠤᠮᠳᠠᠳᠤ ᠤᠯᠤᠰ ᠤ᠋ᠨ ᠲᠠᠷᠢᠶᠠᠴᠢᠳ ᠤ᠋ᠨ ᠡᠯᠪᠡᠭ ᠬᠤᠷᠢᠶᠠᠯᠲᠠ ᠶ᠋ᠢᠨ ᠪᠠᠶᠠᠷ ᠵᠡᠷᠭᠡ ᠦᠵᠡᠰᠭᠦᠯᠡᠡᠭ ᠤ᠋ᠨ ᠴᠤᠭᠯᠠᠭᠠᠨ ᠳ᠋ᠦ ᠤᠷᠤᠯᠴᠠᠵᠤ᠂ ᠲᠦᠷᠦᠯ ᠲᠡᠮᠳᠡᠭ ᠶ᠋ᠢᠡᠨ ᠲᠦᠪᠯᠡᠷᠡᠭᠦᠯᠦᠨ ᠳᠡᠯᠭᠡᠨ ᠲᠠᠨᠢᠯᠴᠠᠭᠤᠯᠪᠠ᠃
ᠦᠪᠡᠷᠳᠡᠭᠡᠨ ᠵᠠᠰᠠᠬᠤ ᠤᠷᠤᠨ ᠡᠴᠡ ᠪᠠᠰᠠ ᠳᠠᠭᠠᠭᠤᠯᠤᠭᠴᠢ ᠠᠵᠤ ᠠᠬᠤᠢᠯᠠᠯ ᠤ᠋ᠨ ᠱᠸᠠᠵᠸᠨ ᠤ᠋ ᠬᠠᠢ ᠵᠢᠢ ᠰᠢᠡᠭ᠂ ᠪᠡᠭᠡᠵᠢᠡᠭ ᠤ᠋ᠨ ᠰᠢᠨ ᠹᠠ ᠳᠢ ᠵᠡᠷᠭᠡ ᠪᠦᠬᠦ ᠤᠯᠤᠰ ᠤ᠋ᠨ ᠲᠡᠷᠢᠭᠦᠨ ᠳᠡᠰ ᠤ᠋ᠨ ᠪᠦᠭᠡᠮ ᠶ᠋ᠢᠡᠷ ᠪᠤᠷᠤᠯᠠᠭᠤᠯᠬᠤ ᠵᠠᠬ᠎ᠠ ᠳᠡᠯᠭᠡᠭᠦᠷ ᠲᠦ᠍ ᠨᠢᠭᠡᠳᠦᠯᠳᠠᠢ ᠲᠦᠷᠦᠯ ᠲᠡᠮᠳᠡᠭ ᠤ᠋ᠨ ᠳᠡᠯᠭᠡᠭᠦᠷ ᠨᠡᠭᠡᠭᠡᠬᠦ ᠵᠢ ᠵᠤᠷᠢᠭᠵᠢᠭᠤᠯᠵᠤ᠂ ᠭᠤᠤᠯᠳᠠᠯᠭ᠎ᠠ ᠲᠠᠢ ᠬᠤᠳᠠ ᠳ᠋ᠦ ᠬᠤᠰᠢᠭᠤᠴᠢ ᠳᠡᠯᠭᠡᠭᠦᠷ᠂ ᠦᠢᠯᠡᠳᠪᠦᠷᠢ ᠶ᠋ᠢᠨ ᠳᠡᠯᠭᠡᠭᠦᠷ᠂ ᠨᠡᠢᠭᠡᠮ ᠲᠤᠭᠤᠷᠢᠭ ᠤ᠋ᠨ ᠳᠡᠯᠭᠡᠭᠦᠷ ᠢ᠋ ᠪᠠᠢᠷᠢᠰᠢᠭᠤᠯᠤᠨ᠂ ᠬᠡᠷᠡᠭᠯᠡᠭᠴᠢ ᠶ᠋ᠢᠨ ᠦᠵᠦᠭᠦᠷ ᠤ᠋ᠨ ᠡᠵᠡᠡᠭᠨᠡᠨ ᠪᠤᠷᠤᠯᠠᠭᠤᠯᠬᠤ ᠲᠤᠤᠷ ᠢ᠋ ᠲᠡᠭᠦᠯᠳᠡᠷᠵᠢᠭᠦᠯᠵᠠᠢ᠃ ᠡᠭᠦᠨ ᠤ᠋ ᠬᠠᠮᠲᠤ ᠤᠯᠠᠨ ᠤᠯᠤᠰ ᠤ᠋ᠨ ᠵᠠᠬ᠎ᠠ ᠳᠡᠯᠭᠡᠭᠦᠷ ᠢ᠋ ᠢᠳᠡᠪᠬᠢᠲᠡᠢ ᠨᠡᠭᠡᠭᠡᠵᠦ᠂ ᠠᠵᠤ ᠠᠬᠤᠢᠯᠠᠯ ᠢ᠋ ᠵᠤᠬᠢᠶᠠᠨ ᠪᠠᠢᠭᠤᠯᠤᠨ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠡ ᠶ᠋ᠢᠨ ᠬᠤᠯᠪᠤᠭ᠎ᠠ ᠶ᠋ᠢᠨ ᠲᠠᠷᠢᠶᠠᠯᠠᠡᠭ ᠤ᠋ᠨ ᠦᠵᠡᠰᠭᠦᠯᠡᠡᠭ᠂ ᠲᠦᠮᠦᠰᠦ ᠶ᠋ᠢᠨ ᠠᠵᠤ ᠦᠢᠯᠡᠰ ᠤ᠋ᠨ ᠦᠵᠡᠰᠭᠦᠯᠡᠡᠭ ᠵᠡᠷᠭᠡ ᠤᠯᠠᠨ ᠤᠯᠤᠰ ᠤ᠋ᠨ ᠦᠵᠡᠰᠭᠦᠯᠡᠡᠭ ᠤ᠋ᠨ ᠴᠤᠭᠯᠠᠭᠠᠨ ᠳ᠋ᠦ ᠤᠷᠤᠯᠴᠠᠭᠤᠯᠤᠨ᠂ ᠬᠠᠢᠨᠠᠨ ᠤ᠋ ᠴᠢᠯᠦᠭᠡᠳᠦ ᠠᠷᠠᠯᠵᠢᠶᠠᠨ ᠤ᠋ ᠭᠠᠷᠠᠮ ᠳ᠋ᠦ ᠪᠠᠷᠠᠭ᠎ᠠ ᠰᠤᠡᠭᠭᠤᠬᠤ ᠠᠭᠤᠳᠠᠮ ᠲᠠᠯᠠᠪᠠᠢ ᠪᠠᠢᠭᠤᠯᠵᠤ᠂ ᠦᠪᠦᠷ ᠮᠤᠩᠭᠤᠯ ᠤ᠋ᠨ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠤᠯᠠᠨ ᠤᠯᠤᠰ ᠤ᠋ᠨ ᠵᠠᠬ᠎ᠠ ᠳᠡᠯᠭᠡᠭᠦᠷ ᠲᠦ᠍ ᠭᠠᠷᠬᠤ ᠵᠢ ᠠᠬᠢᠭᠤᠯᠤᠭᠰᠠᠨ ᠪᠠᠢᠨ᠎ᠠ᠃
ᠪᠦᠬᠦ ᠰᠦᠯᠵᠢᠶᠡᠨ ᠤ᠋ ᠤᠬᠠᠭᠤᠯᠤᠨ ᠪᠤᠷᠤᠯᠠᠭᠤᠯᠤᠭᠴᠢ ᠶ᠋ᠢᠨ ᠠᠴᠢ ᠭᠠᠪᠢᠶ᠎ᠠ
《ᠡᠨᠡ ᠡᠳᠦᠷ ᠲᠠ ᠪᠦᠬᠦᠨ ᠳ᠋ᠡᠭᠡᠨ ᠰᠢᠷ᠎ᠡ ᠲᠤᠰᠤ ᠰᠢᠷᠭᠠᠭᠠᠬᠤ ᠵᠢ ᠲᠠᠨᠢᠯᠴᠠᠭᠤᠯᠤᠶ᠎ᠡ》᠂ 《99 ᠨᠤᠮᠸᠷᠲᠦ ᠵᠠᠰᠠᠮᠠᠯ ᠵᠠᠮ ᠢ᠋ ᠳᠠᠭᠠᠵᠤ ᠴᠠᠰᠤᠲᠤ ᠲᠠᠯ᠎ᠠ ᠪᠡᠷ ᠵᠢᠭᠤᠯᠴᠢᠯᠠᠬᠤ ᠰᠢᠷᠢᠰ ᠠᠵᠢᠯᠯᠠᠭ᠎ᠠ ᠡᠬᠢᠯᠡᠵᠠᠢ 》 ᠂ 《 ᠴᠠᠭᠠᠨ ᠢᠳᠡᠭᠡᠨ ᠬᠢᠬᠦ ᠨᠢ ᠦᠷᠯᠦᠭᠡ ᠡᠷᠲᠡ ᠶ᠋ᠢᠨ ᠰᠦ ᠰᠠᠭᠠᠬᠤ ᠠᠵᠢᠯ ᠡᠴᠡ ᠡᠬᠢᠯᠡᠨ᠎ᠠ 》 ᠁ ᠰᠢᠯᠢ ᠶ᠋ᠢᠨ ᠭᠤᠤᠯ ᠠᠢᠮᠠᠭ ᠤ᠋ᠨ ᠪᠠᠷᠠᠭᠤᠨ ᠦᠵᠦᠮᠦᠴᠢᠨ ᠬᠤᠰᠢᠭᠤᠨ ᠤ᠋ ᠶᠡᠷᠡᠭᠡᠳ ᠤᠨ ᠡᠴᠡ ᠬᠤᠢᠨ᠎ᠠ ᠲᠦᠷᠦᠭᠰᠡᠨ 《ᠬᠤᠪᠢ ᠶ᠋ᠢᠨ ᠵᠠᠭᠤᠴᠢᠯᠠᠭᠤᠷ ᠡᠵᠡᠡᠭᠨᠡᠭᠴᠢ 》 ᠪᠦᠬᠡᠳ 《ᠦᠪᠦᠷ ᠮᠤᠡᠭᠭᠤᠯ ᠤ᠋ᠨ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠤᠬᠠᠭᠤᠯᠤᠨ ᠪᠤᠷᠤᠯᠠᠭᠤᠯᠤᠭᠴᠢ》 ᠤᠶᠠᠡᠭᠭᠠ 2018 ᠤᠨ ᠤ᠋ 1 ᠰᠠᠷ᠎ᠠ ᠡᠴᠡ ᠤᠳᠤᠬᠠᠨ ᠪᠤᠯᠳᠠᠯ᠎ᠠ ᠮᠠᠯᠵᠢᠬᠤ ᠤᠷᠤᠨ ᠤ᠋ ᠠᠮᠢᠳᠤᠷᠠᠯ ᠬᠢᠭᠡᠳ ᠠᠮᠳᠠᠳᠤ ᠢᠳᠡᠭᠡᠨ ᠢ᠋ ᠲᠠᠨᠢᠯᠴᠠᠭᠤᠯᠬᠤ 2000 ᠭᠠᠷᠤᠢ ᠬᠤᠪᠢ ᠸᠢᠳᠢᠦ᠌ ᠪᠢᠴᠢᠯᠭᠡ ᠶ᠋ᠢ ᠰᠦᠯᠵᠢᠶᠡᠨ ᠳ᠋ᠤ ᠨᠡᠢᠳᠡᠯᠡᠭᠡᠳ 200 ᠲᠦᠮᠡᠨ ᠪᠠᠬᠠᠳᠠᠨ ᠲᠠᠢ ᠪᠤᠯᠵᠤ᠂ ᠤᠷᠤᠨ ᠨᠤᠳᠤᠭ ᠤ᠋ᠨ ᠵᠢᠡᠨ 1000 ᠲᠦᠮᠡ ᠭᠠᠷᠤᠢ ᠲᠦᠬᠦᠷᠢᠭ ᠤ᠋ᠨ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠪᠤᠷᠤᠯᠠᠭᠤᠯᠭ᠎ᠠ ᠵᠢ ᠳᠠᠢᠴᠢᠯᠠᠵᠠᠢ᠃
ᠮᠠᠨ ᠤ᠋ ᠤᠷᠤᠨ ᠤ᠋ 2023 ᠤᠨ ᠡᠴᠡ ᠡᠬᠢᠯᠡᠭᠦᠯᠦᠭᠰᠡᠨ 《ᠦᠪᠦᠷ ᠮᠤᠡᠭᠭᠤᠯ ᠤ᠋ᠨ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠤᠬᠠᠭᠤᠯᠤᠨ ᠪᠤᠷᠤᠯᠠᠭᠤᠯᠤᠭᠴᠢ》 ᠵᠢ ᠡᠯᠰᠡᠨ ᠰᠢᠯᠭᠠᠷᠠᠭᠤᠯᠬᠤ ᠠᠵᠢᠯᠯᠠᠭ᠎ᠠ ᠨᠢ ᠡᠳᠦᠭᠡ ᠨᠢᠭᠡᠨᠳᠡ ᠠᠵᠢᠯ ᠲᠦᠷᠦᠯ ᠤ᠋ᠨ ᠤᠷᠤᠯᠳᠤᠭᠠᠨ ᠡᠴᠡ ᠲᠦᠷᠦᠯ ᠲᠡᠮᠲᠡᠭ ᠢ᠋ ᠤᠬᠠᠭᠤᠯᠤᠨ ᠳᠡᠯᠭᠡᠷᠡᠭᠦᠯᠬᠦ ᠴᠢᠬᠤᠯᠠ IP ᠪᠤᠯᠤᠨ ᠬᠦᠭᠵᠢᠵᠤ᠂ ᠤᠶᠠᠩᠭ᠎ᠠ ᠵᠡᠷᠭᠡ ᠨᠢᠭᠡ ᠪᠦᠯᠦᠭ ᠦᠨᠳᠦᠷ ᠬᠡᠪ ᠪᠤᠯᠪᠠᠰᠤᠷᠠᠯ ᠪᠦᠬᠦᠢ ᠲᠤᠰᠬᠠᠢ ᠮᠡᠷᠭᠡᠵᠢᠯ ᠤ᠋ᠨ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠤᠬᠠᠭᠤᠯᠤᠨ ᠪᠤᠷᠤᠯᠠᠭᠤᠯᠤᠭᠴᠢ ᠶ᠋ᠢᠨ ᠡᠡᠭᠨᠡᠭᠡ ᠵᠢ ᠪᠦᠷᠢᠯᠳᠦᠭᠦᠯᠪᠡ᠃ ᠳᠡᠳᠡ 《ᠰᠢᠭᠤᠳ ᠨᠡᠪᠲᠡᠷᠡᠭᠦᠯᠭᠡ + ᠡᠯᠸᠺᠲ᠋ᠷᠦᠨ ᠬᠤᠳᠠᠯᠳᠤᠭ᠎ᠠ》 ᠂ 《 ᠤᠬᠠᠭᠤᠯᠭ᠎ᠠ ᠶ᠋ᠢᠨ ᠪᠢᠴᠢᠯ ᠸᠢᠳᠢᠦ᠌ 》 ᠵᠡᠷᠭᠡ ᠰᠢᠨ᠎ᠡ ᠠᠷᠭ᠎ᠠ ᠬᠡᠯᠪᠡᠷᠢ ᠪᠡᠷ ᠦᠪᠦᠷ ᠮᠤᠩᠭᠤᠯ ᠤ᠋ᠨ ᠴᠢᠨᠠᠷ ᠰᠠᠢᠲᠠᠢ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠢ᠋ ᠪᠦᠬᠦ ᠤᠯᠤᠰ ᠤ᠋ᠨ ᠰᠦᠯᠵᠢᠶᠡᠨ ᠤ᠋ ᠵᠠᠬ᠎ᠠ ᠳᠡᠯᠭᠡᠭᠦᠷ ᠲᠠᠢ ᠬᠤᠯᠪᠤᠵᠤ᠂ ᠦᠪᠤᠷ ᠮᠤᠩᠭᠤᠯ ᠤ᠋ᠨ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠨᠡᠷ᠎ᠡ ᠠᠯᠳᠠᠷ ᠪᠠ ᠵᠠᠬ᠎ᠠ ᠳᠡᠯᠭᠡᠭᠦᠷ ᠤ᠋ᠨ ᠨᠦᠯᠦᠭᠡᠯᠡᠬᠦ ᠬᠦᠴᠦᠨ ᠢ᠋ ᠪᠦᠲᠦᠮᠵᠢᠲᠡᠢ ᠳᠡᠭᠡᠭᠰᠢᠯᠡᠭᠦᠯᠤᠨ᠂ ᠮᠠᠯᠴᠢᠨ ᠲᠠᠷᠢᠶᠠᠴᠢᠨ ᠤ᠋ ᠤᠷᠤᠯᠭ᠎ᠠ ᠵᠢ ᠨᠡᠮᠡᠭᠳᠡᠭᠦᠯᠬᠦ ᠳ᠋ᠦ ᠴᠢᠬᠤᠯᠠ ᠬᠦᠴᠦᠨ ᠨᠡᠮᠡᠷᠢᠯᠡᠪᠡ᠃
ᠤᠳᠤᠬᠠᠨ ᠳ᠋ᠤ ᠮᠠᠨ ᠤ᠋ ᠤᠷᠤᠨ ᠤ᠋ ᠡᠯᠸᠺᠲ᠋ᠷᠦᠨ ᠬᠤᠳᠠᠯᠳᠤᠭᠠᠨ ᠤ᠋ ᠹᠷᠤᠨᠲ ᠨᠢᠭᠡᠨᠳᠡ ᠠᠡᠭᠬ᠎ᠠ ᠠᠯᠬᠤᠮ ᠪᠦᠷᠢᠯᠳᠦᠵᠦ᠂《ᠦᠪᠦᠷ ᠮᠤᠡᠭᠭᠤᠯ ᠤ᠋ᠨ ᠰᠤᠡᠭᠭᠤᠳᠠᠭ ᠪᠦᠲᠦᠭᠡᠭᠳᠡᠭᠦᠨ》 ᠤ᠋ ᠰᠢᠭᠤᠳ ᠨᠡᠪᠲᠡᠷᠡᠭᠦᠯᠭᠡ᠂ 《ᠦᠪᠦᠷ ᠮᠤᠡᠭᠭᠤᠯ ᠤ᠋ᠨ ᠤᠨᠴᠠ ᠭᠠᠷᠤᠯᠲᠠ》 ᠪᠢᠴᠢᠯ ᠫᠷᠤᠭ᠌ᠷᠠᠮ ᠢ᠋ ᠵᠡᠷᠭᠡ ᠪᠡᠷ ᠠᠵᠢᠯᠯᠠᠭᠤᠯᠵᠤ᠂ 7 ᠭᠤᠤᠯ ᠲᠠᠪᠴᠠᠡᠭ ᠤ᠋ᠨ ᠠᠯᠪᠠᠨ ᠤ᠋ ᠬᠤᠰᠢᠭᠤᠴᠢ ᠳᠡᠯᠭᠡᠭᠦᠷ ᠨᠡᠢᠳᠡ 101.81 ᠲᠦᠮᠡᠨ ᠲᠦᠭᠦᠷᠢᠭ ᠤ᠋ᠨ ᠪᠠᠷᠠᠭ᠎ᠠ ᠪᠤᠷᠤᠯᠠᠭᠤᠯᠤᠨ᠂ ᠦᠪᠦᠷ ᠮᠤᠩᠭᠤᠯ ᠤ᠋ᠨ ᠲᠦᠷᠦᠯ ᠲᠡᠮᠲᠡᠭ ᠤ᠋ᠨ ᠰᠦᠯᠵᠢᠶᠡᠨ ᠳᠡᠭᠡᠷᠡᠬᠢ ᠨᠦᠯᠦᠭᠡᠯᠡᠬᠦ ᠬᠦᠴᠦᠨ ᠢ᠋ ᠪᠦᠲᠦᠮᠵᠢᠲᠡᠢ ᠳᠡᠭᠡᠭᠰᠢᠯᠡᠭᠦᠯᠦᠭᠰᠡᠨ ᠪᠠᠢᠨ᠎ᠠ᠃