3 ᠬᠥᠳᠡᠯᠮᠦᠷᠢ᠎ᠶᠢᠨ ᠵᠢᠱ᠌ᠢᠶᠡᠴᠢ ᠪᠠᠢᠭᠤᠯᠭ᠎ᠠ ᠨᠢᠭᠡᠴᠢ᠎ᠳᠤ ᠬᠦᠷᠴᠦ ᠲᠡᠮᠡᠴᠡᠯ᠎ᠦᠨ ᠦᠯᠢᠭᠡᠷ ᠢ᠋ᠢᠡᠨ ᠶᠠᠷᠢᠪᠠ
2026-05-09 10:00:15
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠢᠭᠤᠳ ᠬᠠᠷᠢᠶ᠎ᠠ ᠪᠠᠢᠭᠤᠯᠭ᠎ᠠ᠎ᠶᠢᠨ ᠠᠵᠢᠯ᠎ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠎ᠳᠦ 《ᠳᠤᠮᠳᠠᠳᠤ᠎ᠶᠢᠨ ᠵᠡᠭᠦᠳᠦ·ᠬᠥᠳᠡᠯᠮᠦᠷᠢ ᠰᠠᠢᠬᠠᠨ》 ᠬᠥᠳᠡᠯᠮᠦᠷᠢ᠎ᠶᠢᠨ ᠵᠢᠱ᠌ᠢᠶᠡᠴᠢ ᠪᠠᠢᠭᠤᠯᠭ᠎ᠠ᠎ᠳᠤ ᠬᠦᠷᠴᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶᠢ ᠬᠠᠮᠲᠤᠷᠠᠨ ᠥᠷᠨᠢᠭᠦᠯᠪᠡ᠃

ᠤᠬᠠᠭᠤᠯᠤᠨ ᠲᠠᠢᠯᠪᠤᠷᠢᠯᠠᠬᠤ ᠶᠠᠪᠤᠴᠠ᠎ᠳᠤ᠂ ᠪᠦᠬᠦ ᠤᠯᠤᠰ᠎ᠤᠨ ᠬᠥᠳᠡᠯᠮᠦᠷᠢ᠎ᠶᠢᠨ ᠵᠢᠱ᠌ᠢᠶᠡᠴᠢ᠂ ᠳᠤᠮᠳᠠᠳᠤ ᠤᠯᠤᠰ᠎ᠤᠨ ᠴᠡᠷᠢᠭ᠎ᠦᠨ ᠵᠡᠪᠰᠡᠭ᠎ᠦᠨ ᠥᠪᠥᠷ ᠮᠣᠩᠭᠣᠯ᠎ᠤᠨ ᠤᠮᠠᠷᠠᠲᠤ᠎ᠶᠢᠨ ᠬᠦᠨᠳᠦ ᠠᠵᠤ ᠦᠢᠯᠡᠳᠪᠦᠷᠢ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠪᠠᠲᠤᠯᠠᠨ ᠬᠠᠮᠠᠭᠠᠯᠠᠯᠲᠠ᠎ᠶᠢᠨ ᠦᠢᠯᠡᠰ᠎ᠦᠨ ᠬᠡᠯᠲᠡᠰ᠎ᠦᠨ ᠲᠡᠷᠢᠭᠦᠨ ᠮᠡᠷᠭᠡᠵᠢᠯᠲᠡᠨ ᠵᠧᠩ ᠬᠦᠢ ᠶᠢᠦ ᠠᠵᠢᠯ᠎ᠤᠨ ᠪᠠᠢᠷᠢ ᠳᠡᠭᠡᠷ᠎ᠡ᠎ᠪᠡᠨ ᠬᠦᠴᠢᠷ᠎ᠢ ᠲᠤᠭᠤᠯᠤᠨ᠂ ᠰᠢᠷᠭᠠᠭᠤ ᠬᠠᠲᠠᠭᠤᠵᠢᠯᠲᠠᠢ ᠰᠤᠳᠤᠯᠤᠭᠰᠠᠨ ᠠᠮᠢᠳᠤᠯᠢᠭ᠋ ᠦᠯᠢᠭᠡᠷ᠎ᠢᠶᠡᠨ ᠶᠠᠷᠢᠵᠠᠢ; ᠳᠤᠮᠳᠠᠳᠤ ᠤᠯᠤᠰ᠎ᠤᠨ ᠵᠠᠯᠠᠭᠤᠴᠤᠳ᠎ᠤᠨ ᠲᠠᠪᠤᠨ ᠰᠠᠷ᠎ᠠ᠎ᠶᠢᠨ ᠳᠦᠷᠪᠡᠨ᠎ᠦ ᠱᠠᠩᠨᠠᠯ᠎ᠤᠨ ᠮᠧᠳᠠᠯ ᠬᠦᠷᠲᠡᠭᠴᠢ᠂ ᠬᠥᠬᠡᠬᠣᠲᠠ᠎ᠶᠢᠨ ᠢᠦᠢᠴᠢᠦᠸᠠᠨ ᠲᠣᠭᠣᠷᠢᠭ᠋᠎ᠤᠨ ᠡᠮᠦᠨ᠎ᠡ ᠬᠣᠶᠠᠳᠤᠭᠠᠷ ᠲᠣᠭᠣᠷᠢᠯ ᠵᠠᠮ᠎ᠤᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡᠨ᠎ᠦ ᠳᠠᠷᠤᠭ᠎ᠠ ᠪᠠᠭᠠᠲᠤᠷ ᠭᠠᠯ ᠰᠡᠷᠬᠡᠢᠯᠡᠵᠦ ᠭᠠᠯ ᠤᠨᠲᠠᠷᠠᠭᠠᠬᠤ ᠦᠷᠡᠭᠳᠡᠭᠰᠡᠨ ᠪᠠᠭᠠᠲᠤᠷ᠎ᠤᠨ ᠬᠣᠢᠴᠢ ᠦᠶ᠎ᠡ᠎ᠶᠢᠨ ᠬᠤᠪᠢ᠎ᠪᠠᠷ᠂ ᠬᠠᠮᠤᠭ᠎ᠤᠨ ᠶᠠᠳᠠᠷᠠᠯᠲᠠᠢ ᠬᠠᠮᠤᠭ᠎ᠤᠨ ᠠᠶᠤᠯ ᠲᠠᠢ ᠭᠠᠵᠠᠷ᠎ᠲᠤ ᠡᠴᠢᠭᠡ᠎ᠶᠢᠨ᠎ᠢᠶᠡᠨ ᠭᠡᠷᠢᠶᠡᠰ᠎ᠢ ᠤᠯᠠᠮᠵᠢᠯᠠᠭᠰᠠᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ᠎ᠪᠠᠨ ᠬᠤᠪᠢᠶᠠᠯᠴᠠᠵᠠᠢ; ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶᠢᠨ ᠵᠢᠱ᠌ᠢᠶᠡᠴᠢ᠂ ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠲᠦᠩ ᠰᠢᠨ ᠨᠡᠢᠭᠡᠮ᠎ᠦᠨ ᠦᠢᠯᠡᠴᠢᠯᠡᠭᠡᠨ᠎ᠦ ᠲᠥᠪ᠎ᠦᠨ ᠬᠡᠷᠡᠭ ᠡᠷᠬᠢᠯᠡᠭᠴᠢᠳ᠎ᠦᠨ ᠳᠠᠷᠤᠭ᠎ᠠ ᠹᠦ ᠪᠢᠩ ᠪᠢᠩ ᠤᠯᠠᠨ ᠵᠢᠯ᠎ᠦᠨ ᠲᠤᠷᠰᠢ ᠨᠡᠶ᠋ᠢᠲᠡ᠎ᠶᠢᠨ ᠠᠰᠠᠷᠠᠮᠵᠢ᠎ᠶᠢᠨ ᠦᠢᠯᠡᠰ᠎ᠲᠦ ᠣᠷᠣᠯᠴᠠᠵᠤ᠂ ᠦᠭᠡ ᠳᠠᠭᠤᠨ ᠦᠭᠡᠢ᠎ᠪᠡᠷ ᠬᠤᠪᠢ ᠨᠡᠮᠡᠷᠢ ᠦᠵᠡᠭᠦᠯᠦᠭᠰᠡᠨ ᠲᠡᠮᠡᠴᠡᠯ᠎ᠦᠨ ᠥᠩᠭᠡᠷᠡᠯᠲᠡ᠎ᠪᠡᠨ ᠶᠠᠷᠢᠪᠠ᠃

ᠲᠡᠳᠡᠨ᠎ᠦ ᠦᠨᠡᠨ ᠰᠡᠳᠬᠢᠯ᠎ᠦᠨ ᠦᠭᠡ ᠶᠠᠷᠢᠶ᠎ᠠ᠂ ᠠᠮᠢᠳᠤ ᠰᠣᠷᠭᠣᠭ ᠦᠯᠢᠭᠡᠷ ᠨᠢ ᠲᠤᠬᠠᠢ ᠶ᠋ᠢᠨ ᠲᠠᠯᠠᠪᠠᠶ᠎ᠳᠤ ᠪᠠᠢᠭᠰᠠᠨ ᠳᠣᠲᠣᠭᠠᠳᠤ ᠶ᠋ᠢ ᠬᠠᠮᠠᠭᠠᠯᠠᠬᠤ ᠺᠠᠳ᠋ᠷ ᠴᠠᠭᠳᠠᠭ᠎ᠠ ᠶ᠋ᠢᠨ ᠰᠡᠳᠬᠢᠯ ᠢ᠋ ᠶᠡᠬᠡᠳᠡ ᠬᠥᠳᠡᠯᠭᠡᠵᠡᠢ᠃ ᠤᠯᠠᠨ᠎ᠢᠶᠠᠷ᠎ᠢᠶᠠᠨ ᠬᠥᠳᠡᠯᠮᠦᠷᠢ᠎ᠶᠢᠨ ᠵᠢᠱ᠌ᠢᠶᠡᠴᠢ᠎ᠶᠢᠨ ᠵᠣᠷᠢᠭ᠋ ᠰᠠᠨᠠᠭ᠎ᠠ᠎ᠶᠢ ᠰᠡᠳᠬᠢᠯ᠎ᠳᠡᠭᠡᠨ ᠰᠢᠩᠭᠡᠭᠡᠵᠦ᠂ ᠦᠢᠯᠡ ᠠᠵᠢᠯᠯᠠᠭ᠎ᠠ᠎ᠳᠠᠭᠠᠨ ᠰᠢᠩᠭᠡᠭᠡᠵᠦ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠪᠣᠳᠠᠲᠠᠢ᠎ᠶᠢ ᠡᠷᠬᠢᠮᠯᠡᠬᠦ ᠰᠤᠷᠲᠠᠯ᠂ ᠨᠡᠩ ᠴᠤᠭ ᠪᠠᠳᠠᠷᠠᠩᠭᠤᠢ ᠲᠡᠮᠡᠴᠡᠯ᠎ᠦᠨ ᠵᠣᠷᠢᠭ᠋᠎ᠢᠶᠠᠷ ᠠᠵᠢᠯ᠎ᠳᠠᠭᠠᠨ ᠣᠷᠣᠯᠴᠠᠵᠤ᠂ ᠡᠬᠡ ᠤᠯᠤᠰ᠎ᠤᠨ ᠤᠮᠠᠷᠠᠲᠤ ᠬᠢᠯᠢ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠡᠳᠤ ᠴᠤᠬᠴᠠᠯᠠᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠵᠡᠭᠡᠪᠡ᠃

ᠲᠠᠨᠢᠯᠴᠠᠭᠤᠯᠤᠭᠰᠠᠨ᠎ᠢᠶᠠᠷ᠂ 《ᠳᠤᠮᠳᠠᠳᠤ᠎ᠶᠢᠨ ᠵᠡᠭᠦᠳᠦ·ᠬᠥᠳᠡᠯᠮᠦᠷᠢ ᠰᠠᠢᠬᠠᠨ》 ᠬᠥᠳᠡᠯᠮᠦᠷᠢ᠎ᠶᠢᠨ ᠵᠢᠱ᠌ᠢᠶᠡᠴᠢ ᠪᠠᠢᠭᠤᠯᠭ᠎ᠠ᠎ᠳᠤ ᠬᠦᠷᠴᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠡᠨᠡ ᠵᠢᠯ᠎ᠦᠨ《5·1》 ᠤ᠋ ᠳᠡᠯᠡᠬᠡᠢ᠎ᠶᠢᠨ ᠬᠥᠳᠡᠯᠮᠦᠷᠢᠴᠢᠳ᠎ᠦᠨ ᠪᠠᠶᠠᠷ᠎ᠢ ᠪᠡᠯᠭᠡᠯᠡᠬᠦ ᠴᠢᠬᠤᠯᠠ ᠠᠭᠤᠯᠭ᠎ᠠ ᠪᠣᠯᠣᠨ᠎ᠠ᠃ ᠡᠭᠦᠨ᠎ᠦ ᠵᠣᠷᠢᠯᠭ᠎ᠠ ᠨᠢ ᠬᠥᠳᠡᠯᠮᠦᠷᠢ ᠎ᠶᠢᠨ ᠵᠢᠱ᠌ᠢᠶᠡᠴᠢ᠎ᠶᠢᠨ ᠵᠣᠷᠢᠭ᠋ ᠰᠠᠨᠠᠭ᠎ᠠ᠂ ᠬᠥᠳᠡᠯᠮᠦᠷᠢ᠎ᠶᠢᠨ ᠵᠣᠷᠢᠭ᠋ ᠰᠠᠨᠠᠭ᠎ᠠ᠂ ᠤᠷᠠᠨ ᠲᠠᠷᠬᠠᠨ᠎ᠤ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ᠎ᠢ ᠬᠥᠳᠡᠯᠮᠦᠷᠢ᠎ᠶᠢᠨ ᠵᠢᠱ᠌ᠢᠶᠡᠴᠢ ᠤᠷᠠᠨ ᠲᠠᠷᠬᠠᠨ᠎ᠲᠠᠢ ᠠᠳᠠᠯᠢ᠎ᠪᠠᠷ ᠨᠠᠮ ᠪᠠ ᠠᠷᠠᠳ ᠲᠦᠮᠡᠨ᠎ᠦ ᠦᠢᠯᠡᠰ᠎ᠢ ᠲᠡᠷᠢᠭᠦᠨ ᠪᠠᠢᠷᠢᠨ᠎ᠳᠤ ᠲᠠᠯᠪᠢᠬᠤ᠎ᠶᠢ ᠢᠮᠠᠭᠲᠠ ᠪᠠᠷᠢᠮᠲᠠᠯᠠᠵᠤ᠂ ᠬᠤᠪᠢ ᠬᠥᠮᠥᠨ᠎ᠦ ᠬᠦᠰᠡᠯᠡᠩ᠎ᠢᠶᠡᠨ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠠᠭᠤᠰᠬᠠᠵᠤ᠂ ᠠᠵᠢᠯ᠎ᠤᠨ ᠪᠠᠢᠷᠢ᠎ᠳᠠᠭᠠᠨ ᠰᠠᠭᠤᠷᠢᠯᠠᠨ ᠰᠢᠷᠭᠠᠭᠤ ᠰᠤᠷᠤᠯᠴᠠᠨ ᠬᠠᠲᠠᠭᠤᠵᠢᠯᠲᠠᠢ ᠪᠣᠯᠪᠠᠰᠤᠷᠠᠵᠤ᠂ ᠭᠦᠨᠵᠡᠭᠡᠢ ᠰᠤᠳᠤᠯᠵᠤ᠂ ᠦᠨᠳᠦᠰᠦᠨ ᠱᠠᠲᠤᠨ᠎ᠳᠤ ᠦᠨᠳᠦᠰᠦᠯᠡᠵᠦ᠂ ᠤᠯᠠᠨ ᠲᠦᠮᠡᠨ᠎ᠳᠦ ᠦᠢᠯᠡᠴᠢᠯᠡᠵᠦ᠂ ᠬᠠᠳᠠᠭᠠᠰᠤ ᠬᠠᠳᠠᠬᠤ ᠵᠣᠷᠢᠭ᠋ ᠰᠠᠨᠠᠭ᠎ᠠ᠎ᠪᠠᠷ ᠡᠯ᠎ᠡ ᠵᠦᠢᠯ᠎ᠦᠨ ᠠᠵᠢᠯ᠎ᠤᠨ ᠨᠠᠢᠳᠠᠪᠤᠷᠢᠵᠢᠭᠤᠯᠤᠯᠲᠠ᠎ᠶᠢ ᠨᠠᠷᠢᠯᠢᠭ᠋ ᠨᠠᠢᠳᠠᠪᠤᠷᠢᠵᠢᠭᠤᠯᠬᠤ᠎ᠶᠢ ᠠᠬᠢᠭᠤᠯᠬᠤ᠎ᠶᠢᠨ ᠲᠥᠯᠥᠭᠡ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号