2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ 5 ᠰᠠᠷ᠎ᠠ᠎ᠶ᠋ᠢᠨ 15᠎ᠤ᠋ ᠡᠳᠦᠷ ᠬᠥᠬᠡᠬᠣᠲᠠ ᠳ᠋ᠤ ᠡᠬᠢᠯᠡᠨ᠎ᠡ
2026-05-09 10:18:09
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 8᠎ᠤ᠋ ᠡᠳᠦᠷ᠂ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ᠎ᠤ ᠰᠣᠨᠢᠨ ᠮᠡᠳᠡᠭᠡ ᠨᠡᠢᠲᠡᠯᠡᠬᠦ᠌ ᠬᠤᠷᠠᠯ ᠬᠥᠬᠡᠬᠣᠲᠠ᠎ᠳᠤ ᠬᠤᠷᠠᠯᠳᠤᠪᠠ᠃

ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ᠎ᠤ  ᠪᠦᠬᠦᠯᠢ ᠴᠣᠭ᠍ᠴᠠ᠎ᠶ᠋ᠢᠨ ᠲᠣᠬᠢᠷᠠᠭᠤᠯᠤᠯᠲᠠ᠎ᠶ᠋ᠢ ᠨᠠᠷᠢᠨ ᠲᠠᠨᠢᠯᠴᠠᠭᠤᠯᠪᠠ᠃ ᠲᠤᠰ ᠬᠤᠭᠤᠴᠠᠭᠠᠨ᠎ᠤ ᠬᠣᠯᠪᠣᠭᠠᠲᠤ ᠤᠷᠤᠯᠳᠤᠭᠠᠨ ᠨᠢ  5 ᠰᠠᠷ᠎ᠠ᠎ᠶ᠋ᠢᠨ 15 ᠎ᠤ᠋ ᠡᠳᠦᠷ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠠᠢ᠎ᠳᠤ ᠡᠬᠢᠯᠡᠬᠦ ᠪᠤᠯᠤᠨ᠎ᠠ᠃ ᠤᠷᠤᠯᠳᠤᠭᠠᠨ᠎ᠢ ᠡᠩ᠎ᠦᠨ ᠤᠷᠤᠯᠳᠤᠭᠠᠨ᠂ ᠱᠢᠭ᠌ᠰᠢᠭᠡ ᠤᠷᠤᠯᠳᠤᠭᠠᠨ ᠭᠡᠵᠦ᠍ ᠬᠣᠶᠠᠷ ᠱᠠᠲᠤ ᠬᠤᠪᠢᠶᠠᠵᠤ᠂ 5 ᠰᠠᠷ᠎ᠠ᠎ᠶ᠋ᠢᠨ 15᠎ᠤ᠋ ᠡᠳᠦᠷ᠎ᠡᠴᠡ 7 ᠰᠠᠷ᠎ᠠ᠎ᠶ᠋ᠢᠨ 26᠎ᠤ᠋ ᠡᠳᠦᠷ ᠪᠣᠯᠲᠠᠯ᠎ᠠ ᠡᠩ᠎ᠦᠨ ᠤᠷᠤᠯᠳᠤᠭᠠᠨ ᠶᠠᠪᠤᠭᠳᠠᠵᠤ᠂ 12 ᠠᠢᠮᠠᠭ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ ᠵᠢᠨ ᠬᠢᠨ ᠳᠠᠩ ᠡᠭᠡᠯᠵᠢᠲᠦ ᠤᠷᠤᠯᠳᠤᠭᠠᠨ᠎ᠤ ᠳᠦᠷᠢᠮ᠎ᠢ ᠬᠡᠷᠡᠭ᠌ᠵᠢᠬᠦᠯᠵᠦ᠍᠂ ᠡᠮᠦᠨ᠎ᠡ ᠨᠠᠢ᠍ᠮᠠᠨ ᠨᠡᠷ᠎ᠡ ᠳ᠋ᠤ ᠳᠤᠳᠤᠷᠠᠭᠰᠠᠳ᠎ᠢ ᠨᠢ ᠱᠢᠭ᠌ᠰᠢᠭᠡ ᠤᠷᠤᠯᠳᠤᠭᠠᠨ᠎ᠳᠤ ᠣᠷᠣᠯᠴᠠᠭᠤᠯᠤᠨ᠎ᠠ᠃ 4 ᠰᠠᠷ᠎ᠠ᠎ᠶ᠋ᠢᠨ ᠬᠤᠭᠤᠴᠠᠭᠠᠨ᠎ᠳᠤ᠂ 12 ᠠᠩᠭᠢ ᠵᠢᠨ ᠬᠢᠨ 79 ᠲᠠᠯᠠᠪᠤᠷ ᠭᠣᠢᠳᠠ ᠰᠠᠢᠬᠠᠨ ᠤᠷᠤᠯᠳᠤᠭᠠᠨ ᠶᠠᠪᠤᠭᠤᠯᠬᠤ ᠪᠤᠯᠤᠨ᠎ᠠ᠃

ᠲᠣᠰ ᠬᠤᠭᠤᠴᠠᠭᠠᠨ᠎ᠤ ᠬᠣᠯᠪᠣᠭᠠᠲᠤ ᠤᠷᠤᠯᠳᠤᠭᠠᠨ ᠨᠢ ᠪᠥᠬᠥ᠌ ᠠᠷᠠᠳ᠎ᠢᠶᠠᠷ᠎ᠢᠶᠠᠨ ᠣᠷᠣᠯᠴᠠᠬᠤ᠂ ᠪᠥᠬᠥ᠌ ᠠᠷᠠᠳ᠎ᠢᠶᠠᠷ᠎ᠢᠶᠠᠨ ᠤᠷᠤᠯᠳᠤᠭᠠᠨ ᠡᠷᠭᠢᠯᠡᠬᠦ᠌ ᠣᠢᠯᠠᠭᠠᠭ᠍ᠳᠠᠬᠤᠨ᠎ᠢ ᠭᠦᠨᠵᠡᠭᠡᠶ ᠦᠶ᠋ᠯᠡᠳᠦᠯᠭᠡᠵᠢᠭᠦᠯᠵᠦ᠍᠂ 12 ᠪᠥᠮᠪᠥᠭᠡᠨ ᠠᠩᠭᠢ᠂ 527 ᠭᠡᠱᠢᠭᠦᠨ ᠨᠡᠷ᠎ᠡ ᠮᠡᠳᠡᠭᠦᠯᠵᠡᠶ᠃ ᠡᠭᠦᠨ᠎ᠳᠦ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ ᠵᠢᠨ ᠰᠤᠷᠤᠭᠴᠢ ᠪᠠ  ᠶᠡᠬᠡ ᠰᠤᠷᠭᠠᠭᠤᠯᠢ᠎ᠶ᠋ᠢᠨ ᠤᠶᠤᠲᠠᠨ 286 ᠪᠠᠢᠵᠤ᠂ 54% ᠵᠢ ᠡᠵᠡᠯᠡᠪᠡ᠃ ᠡᠯ᠎ᠡ ᠠᠵᠢᠯ ᠲᠥᠷᠥᠯ᠎ᠡᠴᠡ ᠢᠷᠡᠭ᠌ᠰᠡᠨ ᠠᠵᠢᠯ᠎ᠤᠨ ᠴᠢᠯᠥᠭᠡᠨ᠎ᠦ ᠲᠠᠮᠢᠷᠴᠢᠨ ᠨᠡᠢᠲᠡ 135 ᠬᠥᠮᠦᠨ ᠪᠠᠢᠵᠤ᠂ ᠠᠵᠢᠯᠲᠠᠨ ᠠᠵᠢᠯᠴᠢᠨ᠂ ᠮᠠᠯᠴᠢᠨ ᠲᠠᠷᠢᠶᠠᠴᠢᠨ᠂ ᠪᠠᠭ᠍ᠰᠢ ᠵᠡᠷᠭᠡ᠎ᠶ᠋ᠢ ᠬᠠᠮᠤᠷᠴᠤ᠌᠂ ᠣᠯᠠᠨ ᠲᠦᠮᠡᠨᠴᠢ ᠬᠥᠯ ᠪᠥᠮᠪᠥᠭᠡ᠎ᠶ᠋ᠢᠨ ᠴᠣᠭ ᠪᠠᠳᠠᠷᠠᠩᠭᠤᠶ ᠠᠮᠢᠵᠢᠷᠠᠯ᠎ᠤᠨ ᠬᠦᠴᠦᠨ᠎ᠢ ᠭᠦᠶ᠋ᠴᠡᠳ ᠢᠯᠡᠷᠡᠭᠦᠯᠬᠦ ᠪᠤᠯᠤᠨ᠎ᠠ᠃ ᠬᠢᠨᠠᠭᠴᠢ᠎ᠵᠢ ᠳᠤᠮᠳᠠᠳᠤ ᠤᠯᠤᠰ᠎ᠤᠨ ᠬᠥᠯ ᠪᠥᠮᠪᠥᠭᠡ᠎ᠶ᠋ᠢᠨ ᠨᠡᠢᠭᠡᠮᠯᠢᠭ᠎ᠦᠨ ᠠᠵᠢᠯ ᠮᠡᠷᠭᠡᠵᠢᠯ᠎ᠦᠨ ᠬᠣᠯᠪᠣᠭᠠᠲᠤ ᠤᠷᠤᠯᠳᠤᠭᠠᠨ᠎ᠤ ᠥᠨᠳᠥᠷ ᠬᠢᠷᠢ ᠲᠦᠪᠱᠢᠨ ᠪᠥᠬᠥᠶ ᠬᠢᠨᠠᠭ᠍ᠴᠢ᠎ᠶ᠋ᠢᠨ ᠪᠦᠯᠬᠦᠮ ᠎ᠡᠴᠡ ᠱᠢᠯᠢᠨ ᠰᠣᠩᠭᠣᠵᠤ᠂ ᠤᠷᠤᠯᠳᠤᠭᠠᠨ᠎ᠤ ᠰᠤᠷᠲᠠᠯ ᠤᠷᠤᠯᠳᠤᠭᠠᠨ᠎ᠤ ᠰᠠᠬᠢᠯᠭ᠎ᠠ ᠪᠠᠲᠤ ᠬᠢᠭᠡᠳ ᠲᠥᠪ ᠭᠤᠤᠯᠴᠢ ᠤᠷᠤᠯᠳᠤᠭᠠᠨ᠎ᠤ ᠬᠠᠮᠢᠶᠠᠷᠤᠯᠲᠠ᠎ᠶ᠋ᠢ ᠴᠢᠩᠭᠠᠳᠭᠠᠨ᠂ ᠪᠣᠯᠪᠠᠰᠤᠨ᠂ ᠲᠥᠪ ᠭᠤᠤᠯᠴᠢ᠂ ᠡᠶ᠎ᠡ ᠵᠤᠬᠢᠴᠠᠩᠭᠤᠢ᠂ ᠬᠥᠷ ᠬᠥᠭ᠌ᠵᠢᠶᠡᠨᠲᠡᠶ ᠤᠷᠤᠯᠳᠤᠭᠠᠨ᠎ᠤ ᠣᠷᠴᠢᠨ ᠨᠥᠬᠥᠴᠡᠯ᠎ᠢ ᠪᠥᠬᠥ᠌ ᠬᠦᠴᠦᠨ᠎ᠢᠶᠡᠷ᠎ᠢᠶᠡᠨ ᠪᠣᠶ ᠪᠤᠯᠭᠠᠬᠤ ᠪᠤᠯᠤᠨ᠎ᠠ᠃ ᠤᠷᠤᠯᠳᠤᠭᠠᠨ᠎ᠨᠢ ᠠᠷᠠᠳ᠎ᠲᠤ ᠠᠱᠢᠭ ᠬᠦᠷᠲᠡᠭᠡᠬᠦ᠌ ᠦᠨ᠎ᠡ ᠲᠣᠭ᠍ᠲᠠᠭᠠᠬᠤ ᠵᠠᠷᠴᠢᠮ᠎ᠢ ᠪᠠᠷᠢᠮᠲᠠᠯᠠᠵᠤ᠂ 12 ᠲᠥᠭᠥᠷᠢᠭ᠂ 24 ᠲᠥᠭᠥᠷᠢᠭ᠂ 36 ᠲᠥᠭᠥᠷᠢᠭ᠎ᠦᠨ ᠭᠤᠷᠪᠠᠨ ᠳᠡᠰ᠎ᠤᠨ  ᠪᠢᠯᠧᠲ᠎ᠦᠨ ᠦᠨ᠎ᠡ ᠲᠣᠬᠢᠷᠠᠭᠤᠯᠪᠠ᠃

2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ᠎ᠨᠢ ᠰᠣᠶᠣᠯ ᠵᠢᠭᠤᠯᠴᠢᠯᠠᠯ ᠠᠷᠠᠯᠵᠢᠶ᠎ᠠ ᠬᠤᠳᠠᠯᠳᠤᠭ᠎ᠠ ᠲᠠᠷᠢᠶᠠᠯᠠᠩ᠎ᠤᠨ ᠭᠦᠨᠵᠡᠭᠡᠶ ᠠᠭᠤᠰᠤᠯᠴᠠᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠬᠠᠯᠠᠭᠤᠨ ᠲᠤᠳᠤᠨᠤ᠂ ᠥᠪᠡᠷᠮᠢᠴᠡ ᠣᠨᠴᠠᠯᠢᠭ᠎ᠲᠠᠶ᠂ ᠣᠯᠠᠨ ᠲᠦᠮᠡᠨ᠎ᠳᠦ ᠲᠠᠭᠠᠱᠢᠶᠠᠭ᠍ᠳᠠᠭ᠍ᠰᠠᠨ ᠨᠡᠷᠡᠳᠦ ᠲᠥᠷᠥᠯ ᠲᠡᠮᠳᠡᠭ᠌ᠲᠦ ᠤᠷᠤᠯᠳᠤᠭᠠᠨ᠎ᠢ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠵᠤ᠂ ᠤᠷᠤᠯᠳᠤᠭᠠᠨ ᠬᠢᠭᠡᠳ ᠴᠢᠨᠠᠷ ᠰᠠᠢᠲᠠᠶ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠢ ᠬᠣᠯᠪᠣᠯᠳᠤᠭᠤᠯᠤᠨ ᠳᠡᠯᠭᠡᠷᠡᠭᠦᠯᠵᠦ᠍᠂ 《ᠪᠡᠶ᠎ᠡ᠎ᠶ᠋ᠢᠨ ᠲᠠᠮᠢᠷ + ᠲᠠᠷᠢᠶᠠᠯᠠᠩ ᠮᠠᠯ ᠠᠵᠤ ᠠᠬᠤᠶ》 ᠵᠢᠨ ᠲᠡᠯᠭᠡᠨ ᠦᠵᠡᠬᠦᠯᠭᠡ  ᠪᠡᠶᠡᠴᠢᠯᠡᠨ ᠣᠢᠯᠠᠭᠠᠬᠤ ᠪᠠᠢᠳᠠᠯ᠎ᠢ ᠪᠣᠶ ᠪᠣᠯᠭᠠᠵᠤ᠂ ᠥᠪᠡᠷᠮᠢᠴᠡ ᠣᠨᠴᠠᠯᠢᠭ᠍ᠲᠤ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠳᠦ ᠬᠦᠴᠦᠨ ᠨᠡᠮᠡᠷᠢᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号