ᠰᠤᠷᠪᠤᠯᠵᠢᠯᠠᠭ᠍ᠴᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠡᠴᠡ ᠣᠢᠯᠠᠭᠠᠭ᠍ᠰᠠᠨ ᠢ᠋ᠶ᠋ᠡᠷ᠂ ᠥᠪᠥᠷ ᠮᠣᠩᠭᠣᠯ ᠤ᠋ᠨ ᠶᠡᠬᠡ ᠰᠤᠷᠭᠠᠭᠤᠯᠢ᠂ ᠥᠪᠥᠷ ᠮᠣᠩᠭᠣᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ᠂ ᠥᠪᠥᠷ ᠮᠣᠩᠭᠣᠯ ᠤ᠋ᠨ ᠡᠳ᠋ ᠤ᠋ᠨ ᠵᠠᠰᠠᠭ ᠠᠵᠤ ᠠᠬᠤᠶ ᠶ᠋ᠢᠨ ᠶᠡᠬᠡ ᠰᠤᠷᠭᠠᠭᠤᠯᠢ᠂ ᠤᠯᠠᠭᠠᠨᠴᠠᠪ ᠤ᠋ᠨ ᠠᠨᠠᠭᠠᠬᠤ ᠤᠬᠠᠭᠠᠨ ᠤ᠋ ᠳᠡᠭᠡᠳᠦ ᠵᠡᠷᠭᠡ ᠶ᠋ᠢᠨ ᠲᠤᠰᠭᠠᠶ ᠮᠡᠷᠭᠡᠵᠢᠯ ᠤ᠋ᠨ ᠰᠤᠷᠭᠠᠭᠤᠯᠢ ᠵᠡᠷᠭᠡ 4 ᠶᠡᠬᠡ ᠳᠡᠭᠡᠳᠦ ᠰᠤᠷᠭᠠᠭᠤᠯᠢ ᠤᠯᠤᠰ ᠤ᠋ᠨ ᠲᠦᠷᠦᠭᠦᠦ ᠪᠦᠯᠦᠭ ᠤ᠋ᠨ ᠲᠤᠰᠭᠠᠶ ᠮᠡᠷᠭᠡᠵᠢᠯ ᠬᠢᠭᠡᠳ ᠪᠠᠷᠢᠮᠵᠢᠶᠠᠵᠢᠬᠰᠠᠨ ᠰᠤᠷᠭᠠᠨ ᠬᠥᠮᠦᠵᠢᠯ ᠢ᠋ ᠠᠭᠤᠰᠤᠯᠴᠠᠭᠤᠯᠬᠤ ᠲᠤᠷᠱᠢᠯᠲᠠ ᠶ᠋ᠢᠨ ᠴᠡᠭ ᠲᠦ᠍ ᠰᠣᠩᠭᠣᠭ᠍ᠳᠠᠪᠠ᠃
ᠲᠣᠰ ᠲᠤᠷᠱᠢᠯᠲᠠ ᠶ᠋ᠢᠨ ᠴᠡᠭ ᠢ᠋ ᠤᠯᠤᠰ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠶᠡᠷᠦᠩᠬᠡᠶ ᠲᠣᠪᠴᠢᠶ᠎ᠠ᠂ ᠰᠤᠷᠭᠠᠨ ᠬᠥᠮᠦᠵᠢᠯ ᠤ᠋ᠨ ᠶᠠᠮᠤᠨ ᠬᠠᠮᠲᠤᠷᠠᠨ ᠪᠠᠢᠷᠢᠯᠠᠭᠤᠯᠤᠨ ᠬᠡᠷᠡᠭ᠌ᠵᠢᠭᠦᠯᠵᠦ᠍᠂ ᠶᠡᠬᠡ ᠳᠡᠭᠡᠳᠦ ᠰᠤᠷᠭᠠᠭᠤᠯᠢ ᠶ᠋ᠢᠨ ᠲᠤᠰᠭᠠᠶ ᠮᠡᠷᠭᠡᠵᠢᠯ ᠤ᠋ᠨ ᠲᠣᠬᠢᠷᠠᠭᠤᠯᠤᠯᠲᠠ ᠵᠢ ᠠᠵᠤ ᠦᠶ᠋ᠯᠡᠰ ᠤ᠋ᠨ ᠬᠥᠭ᠌ᠵᠢᠯᠲᠡ ᠶ᠋ᠢᠨ ᠬᠡᠷᠡᠭ᠌ᠴᠡᠭᠡ ᠲᠠᠢ ᠣᠨᠣᠴᠠᠲᠠᠶ ᠪᠡᠷ ᠵᠣᠯᠭᠠᠯᠳᠤᠭᠤᠯᠬᠤ ᠵᠢ ᠠᠬᠢᠭᠤᠯᠵᠤ᠂ ᠪᠠᠷᠢᠮᠵᠢᠶᠠᠵᠢᠬᠰᠠᠨ ᠴᠢᠳᠠᠪᠤᠷᠢᠲᠠᠨ ᠤ᠋ ᠬᠠᠩᠭᠠᠯᠭ᠎ᠠ ᠵᠢ ᠴᠢᠩᠭᠠᠳᠭᠠᠬᠤ ᠪᠡᠷ ᠵᠣᠷᠢᠯᠭ᠎ᠠ ᠪᠠᠨ ᠪᠣᠯᠭᠠᠭ᠍ᠰᠠᠨ ᠪᠥᠭᠡᠳ ᠤᠯᠤᠰ ᠡᠴᠡ ᠠᠩᠬ᠎ᠠ ᠤᠳᠠᠭ᠎ᠠ ᠪᠠᠷᠢᠮᠵᠢᠶᠠᠵᠢᠬᠰᠠᠨ ᠴᠢᠳᠠᠪᠤᠷᠢᠲᠠᠨ ᠬᠥᠮᠦᠵᠢᠭᠦᠯᠬᠦ᠌ ᠲᠤᠷᠱᠢᠯᠲᠠ ᠶ᠋ᠢᠨ ᠠᠵᠢᠯ ᠢ᠋ ᠲᠤᠰᠭᠠᠢᠯᠠᠨ ᠥᠷᠨᠢᠭᠦᠯᠵᠦ᠍ ᠪᠠᠢᠭ᠎ᠠ ᠶᠤᠮ᠃
ᠲᠣᠰ ᠤᠳᠠᠭᠠᠨ ᠤ᠋ ᠲᠤᠷᠱᠢᠯᠲᠠ ᠶ᠋ᠢᠨ ᠴᠡᠭ ᠨᠢ ᠥᠪᠥᠷ ᠮᠣᠩᠭᠣᠯ ᠤ᠋ᠨ ᠠᠵᠤ ᠦᠶ᠋ᠯᠡᠰ ᠤ᠋ᠨ ᠬᠥᠭ᠌ᠵᠢᠯᠲᠡ ᠶ᠋ᠢᠨ ᠭᠤᠤᠯᠳᠠᠯᠭ᠎ᠠ ᠲᠠᠢ ᠴᠢᠭ᠌ᠯᠡᠯ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠱᠢᠨ᠎ᠡ ᠡᠨᠧᠷᠭᠢ ᠶ᠋ᠢᠨ ᠮᠠᠱᠢᠨ ᠲᠡᠷᠭᠡ᠂ ᠪᠠᠷᠠᠭᠠᠨ ᠤ᠋ ᠭᠦᠶ᠋ᠯᠭᠡᠭᠡ ᠶ᠋ᠢᠨ ᠬᠠᠮᠢᠶᠠᠷᠤᠯᠲᠠ᠂ ᠨᠠᠰᠤᠲᠠᠢᠴᠤᠳ ᠤ᠋ᠨ ᠡᠷᠡᠭᠦᠯᠵᠢᠯ ᠬᠢᠭᠡᠳ ᠬᠠᠮᠢᠶᠠᠷᠤᠯᠲᠠ᠂ ᠲᠠᠷᠢᠶᠠᠯᠠᠩ ᠤ᠋ᠨ ᠪᠠᠷᠢᠮᠵᠢᠶᠠᠵᠢᠬᠰᠠᠨ ᠪᠢᠴᠢᠯ ᠲᠤᠰᠭᠠᠶ ᠮᠡᠷᠭᠡᠵᠢᠯ ᠵᠡᠷᠭᠡ ᠬᠦᠷᠢᠶ᠎ᠡ ᠵᠢ ᠬᠠᠮᠤᠷᠴᠤ᠌᠂ ᠣᠯᠠᠨ ᠨᠡᠢᠲᠡ ᠶ᠋ᠢᠨ ᠰᠤᠷᠭᠠᠨ ᠬᠥᠮᠦᠵᠢᠯ᠂ ᠲᠤᠰᠭᠠᠶ ᠮᠡᠷᠭᠡᠵᠢᠯ ᠤ᠋ᠨ ᠰᠤᠷᠭᠠᠨ ᠬᠥᠮᠦᠵᠢᠯ ᠬᠣᠶᠠᠷ ᠲᠥᠷᠥᠯ ᠤ᠋ᠨ ᠬᠥᠮᠦᠵᠢᠭᠦᠯᠬᠦ᠌ ᠵᠠᠭ᠍ᠪᠤᠷ ᠢ᠋ ᠬᠡᠷᠡᠭ᠌ᠯᠡᠵᠦ᠍᠂ ᠲᠤᠷᠱᠢᠯᠲᠠ ᠶ᠋ᠢᠨ ᠦᠶᠡᠯᠡᠯ ᠤ᠋ᠨ ᠬᠤᠭᠤᠴᠠᠭ᠎ᠠ ᠨᠢ 2 ᠡᠴᠡ 4 ᠵᠢᠯ ᠪᠣᠯᠤᠨ᠎ᠠ᠃ ᠲᠤᠷᠱᠢᠯᠲᠠ ᠶ᠋ᠢᠨ ᠴᠡᠭ ᠨᠢ ᠪᠠᠷᠢᠮᠵᠢᠶᠠᠵᠢᠬᠰᠠᠨ ᠮᠡᠳᠡᠯᠭᠡ ᠵᠢ ᠲᠤᠰᠭᠠᠶ ᠮᠡᠷᠭᠡᠵᠢᠯ ᠤ᠋ᠨ ᠵᠢᠭᠠᠨ ᠰᠤᠷᠭᠠᠯᠲᠠ ᠳ᠋ᠤ ᠠᠭᠤᠰᠤᠯᠴᠠᠭᠤᠯᠬᠤ ᠪᠡᠷ ᠭᠤᠤᠯ ᠪᠣᠯᠭᠠᠵᠤ᠂ ᠪᠠᠷᠢᠮᠵᠢᠶᠠᠵᠢᠬᠰᠠᠨ ᠴᠢᠳᠠᠪᠤᠷᠢᠲᠠᠨ ᠢ᠋ ᠬᠥᠮᠦᠵᠢᠭᠦᠯᠬᠦ᠌ ᠱᠢᠰᠲ᠋ᠧᠮ ᠢ᠋ ᠪᠦᠷᠢᠨᠱᠢᠭᠦᠯᠵᠦ᠍᠂ ᠰᠤᠷᠤᠭ᠍ᠴᠢᠳ ᠤ᠋ᠨ ᠪᠠᠷᠢᠮᠵᠢᠶᠠᠵᠢᠭᠤᠯᠤᠭ᠍ᠰᠠᠨ ᠬᠡᠪ ᠪᠣᠯᠪᠠᠰᠤᠷᠠᠯ ᠬᠢᠭᠡᠳ ᠪᠣᠳᠠᠲᠠᠶ ᠠᠵᠢᠯᠯᠠᠬᠤ ᠴᠢᠳᠠᠪᠤᠷᠢ ᠵᠢ ᠳᠡᠭᠡᠭ᠌ᠰᠢᠯᠡᠭᠦᠯᠵᠦ᠍᠂ ᠦᠶ᠋ᠯᠡᠳᠪᠦᠷᠢᠯᠡᠯ ᠵᠢᠭᠠᠨ ᠰᠤᠷᠭᠠᠯᠲᠠ ᠶ᠋ᠢᠨ ᠭᠦᠨᠵᠡᠭᠡᠶ ᠠᠭᠤᠰᠤᠯᠴᠠᠯ ᠳ᠋ᠤ ᠬᠦᠴᠦᠨ ᠨᠡᠮᠡᠷᠢᠯᠡᠨ᠎ᠡ᠃
ᠣᠳᠣᠬᠠᠨ ᠳ᠋ᠤ᠂ ᠡᠯ᠎ᠡ ᠲᠤᠷᠱᠢᠯᠲᠠ ᠶ᠋ᠢᠨ ᠴᠡᠭ ᠤ᠋ᠨ ᠶᠡᠬᠡ ᠳᠡᠭᠡᠳᠦ ᠰᠤᠷᠭᠠᠭᠤᠯᠢ ᠵᠢᠴᠢ ᠬᠠᠮᠲᠤᠷᠠᠨ ᠡᠭᠦᠷᠭᠡᠯᠡᠬᠦ᠌ ᠨᠢᠭᠡᠴᠢ ᠶᠠᠭ ᠬᠡᠷᠡᠭ᠌ᠵᠢᠭᠦᠯᠬᠦ᠌ ᠲᠥᠰᠦᠯ ᠢ᠋ ᠱᠠᠯᠠᠪᠳᠠᠨ ᠨᠠᠷᠢᠯᠢᠬ᠍ᠵᠢᠭᠤᠯᠵᠤ᠂ ᠬᠢᠴᠢᠶᠡᠯ ᠤ᠋ᠨ ᠱᠢᠰᠲ᠋ᠧᠮ ᠢ᠋ ᠱᠢᠯᠢᠳᠡᠭ᠌ᠵᠢᠭᠦᠯᠦᠨ᠂ ᠵᠢᠭᠠᠬᠤ ᠮᠠᠲ᠋ᠧᠷᠢᠶᠠᠯ ᠤ᠋ᠨ ᠨᠡᠭᠡᠭᠡᠯᠲᠡ ᠵᠢ ᠠᠬᠢᠭᠤᠯᠵᠤ᠂ ᠦᠶ᠋ᠯᠡᠳᠦᠯᠭᠡ ᠶ᠋ᠢᠨ ᠵᠢᠭᠠᠨ ᠰᠤᠷᠭᠠᠯᠲᠠ ᠶ᠋ᠢᠨ ᠰᠠᠭᠤᠷᠢ ᠵᠢ ᠪᠡᠬᠢᠵᠢᠭᠦᠯᠦᠨ᠂ ᠲᠤᠷᠱᠢᠯᠲᠠ ᠶ᠋ᠢᠨ ᠴᠡᠭ ᠤ᠋ᠨ ᠡᠯ᠎ᠡ ᠵᠦᠶ᠋ᠯ ᠤ᠋ᠨ ᠪᠡᠯᠡᠳᠭᠡᠯ ᠠᠵᠢᠯ ᠪᠠ ᠬᠡᠷᠡᠭ᠌ᠵᠢᠭᠦᠯᠬᠦ᠌ ᠠᠵᠢᠯ ᠢ᠋ ᠲᠦᠷᠭᠡᠳᠭᠡᠨ ᠡᠬᠢᠯᠡᠭᠦᠯᠵᠦ᠍ ᠪᠤᠢ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠶ᠋ᠢᠨ ᠰᠤᠳᠤᠯᠭᠠᠨ ᠤ᠋ ᠬᠦᠷᠢᠶᠡᠯᠡᠩ᠂ ᠥᠪᠥᠷ ᠮᠣᠩᠭᠣᠯ ᠤ᠋ᠨ ᠪᠠᠷᠠᠭᠠᠨ ᠤ᠋ ᠭᠦᠶ᠋ᠯᠭᠡᠭᠡᠨ ᠤ᠋ ᠨᠡᠢᠭᠡᠮᠯᠢᠭ᠂ ᠥᠪᠥᠷ ᠮᠣᠩᠭᠣᠯ ᠤ᠋ᠨ ᠬᠦᠶ᠋ᠲᠡᠨ ᠬᠡᠯᠬᠢᠶᠡᠲᠦ ᠠᠵᠢᠯ ᠲᠥᠷᠥᠯ ᠤ᠋ᠨ ᠨᠡᠢᠭᠡᠮᠯᠢᠭ᠂ ᠵᠢᠶ ᠯᠢ ᠮᠠᠱᠢᠨ ᠲᠡᠷᠭᠡᠨ ᠤ᠋ ᠪᠦᠯᠦᠭ᠌ᠯᠡᠯ ᠺᠣᠮᠫᠠᠨᠢ᠂ ᠱᠧᠨᠵᠧᠨ ᠤ᠋ ᠽᠦᠸᠸ ᠸᠸᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ᠂ ᠤᠯᠠᠭᠠᠨᠴᠠᠪ ᠤ᠋ᠨ ᠡᠦ ᠯᠠᠨ ᠮᠧᠶ ᠨᠠᠰᠤᠵᠢᠯ ᠤ᠋ᠨ ᠦᠶ᠋ᠯᠡᠴᠢᠯᠡᠭᠡᠨ ᠤ᠋ ᠲᠥᠪ ᠵᠡᠷᠭᠡ 6 ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠠᠢᠭᠤᠯᠤᠮᠵᠢ᠂ ᠠᠵᠢᠯ ᠲᠥᠷᠥᠯ ᠤ᠋ᠨ ᠨᠡᠢᠭᠡᠮᠯᠢᠭ ᠵᠢᠴᠢ ᠭᠤᠤᠯᠯᠠᠭ᠍ᠴᠢ ᠠᠵᠤ ᠠᠬᠤᠢᠯᠠᠯ ᠬᠠᠮᠲᠤᠷᠠᠭ᠍ᠰᠠᠨ ᠨᠢᠭᠡᠴᠢ ᠶ᠋ᠢᠨ ᠬᠤᠪᠢ ᠪᠡᠷ ᠲᠤᠷᠱᠢᠯᠲᠠ ᠶ᠋ᠢᠨ ᠴᠡᠭ ᠤ᠋ᠨ ᠪᠥᠲᠥᠭᠡᠨ ᠪᠠᠢᠭᠤᠯᠤᠯᠲᠠ ᠳ᠋ᠤ ᠬᠠᠮᠲᠤ ᠪᠡᠷ ᠣᠷᠣᠯᠴᠠᠵᠤ᠂ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠠᠢᠭᠤᠯᠤᠮᠵᠢ᠂ ᠠᠵᠢᠯ ᠲᠥᠷᠥᠯ᠂ ᠠᠵᠤ ᠠᠬᠤᠢᠯᠠᠯ ᠵᠡᠷᠭᠡ ᠣᠯᠠᠨ ᠲᠠᠯ᠎ᠠ ᠪᠡᠷ ᠬᠠᠮᠵᠢᠯᠴᠠᠭ᠍ᠰᠠᠨ ᠪᠠᠷᠢᠮᠵᠢᠶᠠᠵᠢᠭ᠍ᠰᠠᠨ ᠴᠢᠳᠠᠪᠤᠷᠢᠲᠠᠨ ᠢ᠋ ᠬᠥᠮᠦᠵᠢᠭᠦᠯᠬᠦ᠌ ᠱᠢᠨ᠎ᠡ ᠪᠠᠢᠷᠢᠱᠢᠯ ᠢ᠋ ᠪᠠᠢᠭᠤᠯᠬᠤ ᠪᠤᠯᠤᠨ᠎ᠠ᠃