ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠤᠢᠯᠠᠭᠠᠭᠰᠠᠨ ᠵᠢᠡᠷ᠂ ᠲᠦᠷᠦᠬᠦᠬᠡᠨ ᠥᠪᠥᠷ ᠮᠣᠩᠭᠣᠯ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ ᠵᠡᠷᠭᠡ 9 ᠶᠡᠬᠡ ᠳᠡᠭᠡᠳᠦ ᠰᠤᠷᠭᠠᠭᠤᠯᠢ᠎ᠪᠡᠷ ᠪᠦᠷᠢᠯᠳᠦᠭᠰᠡᠨ ᠦᠪᠦᠷ ᠮᠤᠩᠭᠤᠯ᠎ᠤᠨ ᠶᠡᠭᠡ ᠲᠡᠭᠡᠳᠦ ᠰᠤᠷᠭᠠᠭᠤᠯᠢ ᠵᠢᠨ ᠲᠦᠯᠦᠭᠡᠯᠡᠭᠴᠢᠳ᠎ᠤᠨ ᠪᠦᠯᠬᠦᠮ ᠵᠢᠶᠠᠩᠰᠢ᠎ᠶᠢᠨ ᠨᠠᠨᠴᠠᠩ᠎ᠳᠤ ᠶᠠᠪᠤᠭᠳᠠᠭᠰᠠᠨ ᠵᠢᠷᠠᠨ ᠲᠦᠷᠪᠡᠳᠦᠬᠡᠷ ᠬᠤᠭᠤᠴᠠᠭᠠᠨ᠎ᠤ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠦᠵᠡᠰᠬᠦᠯᠡᠩᠳ᠋ᠤ ᠣᠷᠣᠯᠴᠠᠵᠤ᠂ ᠥᠪᠥᠷ ᠮᠣᠩᠭᠣᠯ᠎ᠤᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠶᠢᠨ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠬᠦᠯᠬᠦ ᠵᠢᠨ ᠬᠠᠮᠳᠤ ᠰᠤᠷᠤᠯᠴᠠᠯᠭ᠎ᠠ ᠰᠣᠯᠢᠯᠴᠠᠭ᠎ᠠ ᠬᠢᠪᠡ᠃
ᠦᠵᠡᠰᠬᠦᠯᠡᠩ᠎ᠦᠨ ᠬᠤᠭᠤᠴᠠᠭᠠᠨ᠎ᠳᠤ᠂ ᠡᠯ᠎ᠡ ᠶᠡᠬᠡ ᠳᠡᠭᠡᠳᠦ ᠰᠤᠷᠭᠠᠭᠤᠯᠢ᠎ᠵᠢᠨ ᠬᠢᠨ ᠨᠠᠷᠢᠨ ᠨᠢᠮᠪᠠᠢ ᠳᠡᠯᠭᠡᠨ ᠦᠵᠡᠭᠦᠯᠬᠡ ᠬᠢᠵᠦ᠂ ᠵᠢᠷᠤᠭ ᠦᠰᠦᠭ ᠬᠠᠪᠰᠤᠷᠭᠠᠭᠰᠠᠨ ᠦᠵᠡᠭᠦᠯᠭᠡ᠎ᠶᠢᠨ ᠰᠠᠮᠪᠠᠷ᠎ᠠ᠂ ᠸᠢᠳᠢᠤ᠋ ᠪᠢᠴᠢᠯᠭᠡ᠂ ᠪᠣᠳᠠᠲᠤ ᠪᠣᠳᠠᠰ᠎ᠤᠨ ᠦᠵᠡᠭᠦᠯᠭᠡ ᠵᠢᠴᠢ ᠣᠨᠴᠠᠯᠢᠭ᠍ᠲᠤ ᠪᠦᠳᠦᠬᠡᠯᠴᠢ ᠰᠣᠶᠣᠯ᠎ᠤᠨ ᠦᠢᠯᠡᠳᠬᠦᠨ ᠵᠡᠷᠭᠡ ᠬᠡᠯᠪᠡᠷᠢ᠎ᠪᠡᠷ ᠳᠠᠮᠵᠢᠭᠤᠯᠤᠨ᠂ ᠠᠵᠤ ᠠᠬᠤᠢᠯᠠᠯ ᠶᠡᠬᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶᠢᠨ ᠬᠠᠮᠲᠤᠷᠠᠯᠴᠠᠭ᠎ᠠ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠤᠨᠳᠤᠤᠰᠢᠭᠤᠯᠬᠤ᠂ ᠲᠥᠯᠦᠪᠵᠢᠭᠦᠯᠭᠡ᠎ᠶᠢᠨ ᠵᠢᠭᠠᠬᠤ ᠮᠠᠲᠧᠷᠢᠶᠠᠯ᠎ᠢ ᠨᠠᠢᠷᠠᠭᠤᠯᠤᠨ ᠪᠢᠴᠢᠬᠦ᠂ ᠰᠢᠯᠢᠳᠡᠭ ᠵᠢᠭᠠᠨ ᠰᠤᠷᠭᠠᠯᠲᠠ᠎ᠶᠢᠨ ᠡᠬᠢ ᠪᠠᠶᠠᠯᠢᠭ᠋᠎ᠢ ᠨᠡᠭᠡᠭᠡᠨ ᠬᠥᠭᠵᠢᠭᠦᠯᠬᠦ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶᠢᠨ ᠰᠢᠨ᠎ᠡ᠎ᠶᠢ ᠡᠭᠦᠳᠬᠦ ᠵᠡᠷᠭᠡ ᠲᠠᠯ᠎ᠠ᠎ᠪᠠᠷ ᠬᠢ ᠰᠦᠪᠡᠭᠴᠢᠯᠡᠯᠲᠡ᠎ᠶᠢᠨ ᠦᠢᠯᠡᠳᠦᠯᠭᠡ᠎ᠶᠢ ᠰᠢᠰᠲᠧᠮ᠎ᠲᠠᠢ ᠢᠯᠡᠷᠡᠭᠦᠯᠵᠦ᠂ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶᠢᠨ ᠣᠷᠣᠨ ᠪᠦᠰᠡ᠎ᠶᠢᠨ ᠪᠣᠳᠠᠲᠠᠢ᠎ᠳᠤ ᠰᠠᠭᠤᠷᠢᠯᠠᠭᠰᠠᠨ ᠰᠤᠷᠭᠠᠨ ᠬᠥᠮᠥᠵᠢᠯ ᠵᠢᠭᠠᠨ ᠰᠤᠷᠭᠠᠯᠳᠠ ᠵᠢᠨ ᠬᠦᠨᠵᠡᠬᠡᠢ ᠰᠦᠪᠡᠭᠴᠢᠯᠡᠯᠳᠡ᠂ ᠬᠦᠴᠦᠨ᠎ᠢᠶᠡᠨ ᠲᠥᠪᠯᠡᠷᠡᠭᠦᠯᠦᠨ ᠠᠭᠤᠯᠤᠭᠳᠠᠬᠤᠨ᠎ᠢᠶᠠᠨ ᠳᠡᠭᠡᠭᠰᠢᠯᠡᠭᠦᠯᠦᠭᠰᠡᠨ ᠢᠯᠡ ᠲᠣᠳᠣ᠌ ᠰᠤᠷᠭᠠᠭᠤᠯᠢ ᠡᠷᠭᠢᠯᠡᠬᠦ ᠣᠨᠴᠠᠯᠢᠭ᠋᠎ᠢ ᠭᠦᠢᠴᠡᠳ ᠢᠯᠡᠷᠡᠭᠦᠯᠪᠡ᠃
ᠡᠭᠦᠨ᠎ᠡᠴᠡ ᠭᠠᠳᠠᠨ᠎ᠠ᠂ ᠦᠵᠡᠰᠬᠦᠯᠡᠩᠳᠦ ᠣᠷᠣᠯᠴᠠᠭᠰᠠᠨ ᠶᠡᠬᠡ ᠳᠡᠭᠡᠳᠦ ᠰᠤᠷᠭᠠᠭᠤᠯᠢ ᠪᠠᠰᠠ ᠰᠢᠯᠢᠳᠡᠭ ᠦᠷ᠎ᠡ ᠪᠦᠲᠦᠭᠡᠯ᠎ᠢ ᠲᠣᠭᠣᠷᠢᠨ ᠦᠵᠡᠬᠦ᠂ ᠡᠷᠳᠡᠮ ᠰᠢᠨᠵᠢᠯᠡᠭᠡᠨ᠎ᠦ ᠰᠣᠯᠢᠯᠴᠠᠭ᠎ᠠ᠎ᠳᠤ ᠣᠷᠣᠯᠴᠠᠬᠤ᠂ ᠬᠣᠰᠢᠭᠤᠷᠠᠯ ᠣᠢᠯᠠᠭᠠᠭᠳᠠᠬᠤᠨ᠎ᠢ ᠵᠣᠯᠭᠠᠭᠤᠯᠬᠤ ᠵᠡᠷᠭᠡ᠎ᠪᠡᠷ ᠳᠠᠮᠵᠢᠭᠤᠯᠤᠨ᠂ ᠪᠥᠬᠥ ᠤᠯᠤᠰ᠎ᠤᠨ ᠶᠡᠬᠡ ᠳᠡᠭᠡᠳᠦ ᠰᠤᠷᠭᠠᠭᠤᠯᠢ᠎ᠶᠢᠨ ᠵᠢᠭᠠᠬᠤ ᠮᠠᠲᠧᠷᠢᠶᠠᠯ᠎ᠤᠨ ᠰᠢᠨ᠎ᠡ᠎ᠶᠢ ᠡᠭᠦᠳᠬᠦ ᠪᠠᠢᠭᠤᠯᠤᠯᠲᠠ᠂ ᠲᠣᠭᠠᠴᠢᠯᠠᠭᠰᠠᠨ ᠬᠢᠴᠢᠶᠡᠯ ᠬᠥᠮᠦᠵᠢᠯ᠎ᠦᠨ ᠬᠠᠮᠢᠶᠠᠷᠤᠯᠲᠠ᠂ ᠠᠵᠤ ᠦᠢᠯᠡᠰ ᠪᠠ ᠵᠢᠭᠠᠨ ᠰᠤᠷᠭᠠᠯᠲᠠ᠎ᠶᠢ ᠠᠭᠤᠰᠤᠯᠴᠠᠭᠤᠯᠤᠨ ᠬᠥᠮᠥᠨ᠎ᠢ ᠬᠥᠮᠥᠵᠢᠭᠦᠯᠬᠦ ᠵᠡᠷᠭᠡ ᠲᠠᠯ᠎ᠠ᠎ᠶᠢᠨ ᠲᠡᠷᠢᠭᠦᠨ᠎ᠦ ᠲᠤᠷᠰᠢᠯᠭ᠎ᠠ᠎ᠶᠢ ᠰᠤᠷᠤᠯᠴᠠᠵᠤ᠂ ᠰᠢᠨ᠎ᠡ ᠴᠠᠭ ᠦᠶ᠎ᠡ᠎ᠶᠢᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢᠨ ᠠᠷᠭ᠎ᠠ ᠵᠠᠮ᠎ᠢ ᠤᠯᠠᠮ ᠨᠢᠭᠡ ᠠᠯᠬᠤᠮ ᠲᠣᠳᠣᠷᠬᠠᠢ ᠪᠣᠯᠭᠠᠭᠰᠠᠨ ᠪᠠᠢᠨ᠎ᠠ᠃