ᠦᠪᠦᠷ ᠮᠤᠩᠭᠤᠯ ᠰᠤᠷᠭᠠᠨ ᠬᠥᠮᠦᠵᠢᠯ᠎ᠦᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢᠨ ᠲᠤᠷᠰᠢᠯᠲᠠ ᠵᠢᠨ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
2026-06-01 11:11:10
ᠵᠣᠬᠢᠶᠠᠭ᠍ᠴᠢ᠄
​ᠨᠠᠪᠴᠢ
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠪᠥᠬᠥ ᠣᠷᠣᠨ᠎ᠤ ᠰᠤᠷᠭᠠᠨ ᠬᠥᠮᠦᠵᠢᠯ᠎ᠦᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠠᠯ ᠡᠴᠡ ᠳᠤᠰ ᠠᠵᠢᠯ᠎ᠢ ᠦᠷᠨᠢᠬᠦᠯᠦᠭᠰᠡᠨ ᠨᠢᠭᠡ ᠵᠢᠯ᠎ᠦᠨ ᠲᠤᠷᠰᠢᠬᠢ᠂ ᠶᠣᠰᠣ᠌ ᠰᠤᠷᠲᠠᠬᠤᠨ ᠵᠢᠡᠷ ᠬᠥᠮᠥᠨ᠎ᠢ ᠬᠥᠮᠥᠵᠢᠭᠦᠯᠬᠦ ᠶᠡᠷᠦᠩᠬᠡᠢᠯᠡᠭᠰᠡᠨ ᠥᠭᠡᠷᠡᠴᠢᠯᠡᠯᠲᠡ᠂ ᠰᠠᠭᠤᠷᠢ ᠰᠤᠷᠭᠠᠨ ᠬᠥᠮᠦᠵᠢᠯ᠎ᠦᠨ ᠶᠡᠷᠦᠩᠬᠡᠢᠯᠡᠭᠰᠡᠨ ᠥᠭᠡᠷᠡᠴᠢᠯᠡᠯᠲᠡ᠂ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠥᠭᠡᠷᠡᠴᠢᠯᠡᠯᠲᠡ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠥᠭᠡᠷᠡᠴᠢᠯᠡᠯᠲᠡ᠂ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠᠢᠭᠤᠯᠤᠮᠵᠢ ᠲᠣᠭᠲᠠᠴᠠ᠎ᠶᠢᠨ ᠥᠭᠡᠷᠡᠴᠢᠯᠡᠯᠲᠡ᠂ ᠪᠠᠭ᠍ᠰᠢ᠎ᠶᠢᠨ ᠰᠤᠷᠭᠠᠨ ᠬᠥᠮᠦᠵᠢᠯ᠎ᠦᠨ ᠰᠢᠨ᠎ᠡ᠎ᠶᠢ ᠡᠭᠦᠳᠬᠦ ᠪᠠᠢᠭᠤᠯᠤᠮᠵᠢ᠎ᠶᠢᠨ ᠥᠭᠡᠷᠡᠴᠢᠯᠡᠯᠲᠡ ᠵᠡᠷᠭᠡ ᠲᠠᠯ᠎ᠠ᠎ᠪᠠᠷ ᠣᠯᠣᠭᠰᠠᠨ ᠱᠠᠲᠤᠴᠢ ᠴᠢᠨᠠᠷᠲᠠᠢ ᠦᠷ᠎ᠡ ᠪᠦᠲᠦᠮᠵᠢ᠎ᠶᠢ ᠪᠦᠬᠦ ᠲᠠᠯ᠎ᠠ᠎ᠪᠠᠷ ᠳ᠋ᠦᠩᠨᠡᠵᠦ᠂ ᠣᠷᠣᠰᠢᠵᠤ ᠪᠠᠢᠭ᠎ᠠ ᠲᠣᠪᠣᠢᠮ᠎ᠠ ᠠᠰᠠᠭᠤᠳᠠᠯ᠎ᠢ ᠡᠮᠬᠢᠯᠡᠪᠡ᠃

ᠬᠤᠷᠠᠯ ᠡᠴᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠤᠨ᠂ ᠰᠤᠷᠭᠠᠨ ᠬᠥᠮᠦᠵᠢᠯ᠎ᠦᠨ ᠶᠠᠮᠤᠨ᠎ᠤ ᠠᠵᠢᠯ᠎ᠤᠨ ᠱᠠᠭᠠᠷᠳᠠᠯᠭ᠎ᠠ ᠶᠣᠰᠣᠭᠠᠷ᠂ ᠰᠤᠷᠭᠠᠨ ᠬᠥᠮᠦᠵᠢᠯ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ ᠪᠠᠢᠭᠤᠯᠤᠯᠲᠠ᠎ᠶᠢᠨ ᠬᠠᠷᠠᠯᠲᠠ᠎ᠶᠢ ᠲᠣᠭᠲᠠᠭᠠᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠨ᠂ ᠥᠭᠡᠷᠡᠴᠢᠯᠡᠯᠲᠡ᠎ᠶᠢᠨ ᠰᠢᠰᠲᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠎ᠢ ᠲᠠᠰᠤᠷᠠᠯᠲᠠ ᠦᠭᠡᠢ ᠴᠢᠩᠭᠠᠳᠬᠠᠵᠤ᠂ ᠰᠤᠷᠭᠠᠨ ᠬᠥᠮᠦᠵᠢᠯ᠎ᠦᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠠᠵᠢᠯ᠎ᠤᠨ ᠨᠠᠩ ᠶᠡᠬᠡ ᠰᠢᠪᠲᠤᠯᠤᠯᠲᠠ᠎ᠲᠠᠢ ᠪᠣᠯᠬᠤ᠎ᠶᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ᠎ᠶᠢᠨ ᠲᠥᠰᠥᠯ᠎ᠢ ᠨᠠᠷᠢᠯᠢᠭ᠍ᠵᠢᠭᠤᠯᠵᠤ᠂ ᠪᠠᠢᠭᠤᠯᠤᠮᠵᠢ ᠲᠣᠭᠲᠠᠴᠠ᠂ ᠡᠬᠢ ᠪᠠᠶᠠᠯᠢᠭ᠋᠎ᠢ ᠨᠢᠭᠡᠳᠦᠯᠲᠡᠢ ᠲᠥᠯᠥᠪᠵᠢᠭᠦᠯᠬᠦ᠂ ᠲᠦᠷᠦ᠎ᠶᠢᠨ ᠪᠣᠳᠣᠯᠭ᠎ᠠ᠎ᠶᠢᠨ ᠪᠠᠲᠤᠯᠠᠭ᠎ᠠ ᠵᠡᠷᠭᠡ ᠬᠦᠴᠢᠷᠳᠡᠯ᠎ᠢ ᠬᠠᠨᠳᠤᠯᠭ᠎ᠠ᠎ᠲᠠᠢ᠎ᠪᠠᠷ ᠰᠢᠢᠳᠪᠦᠷᠢᠯᠡᠵᠦ᠂ ᠭᠣᠣᠯᠳᠠᠯᠭ᠎ᠠ᠎ᠲᠠᠢ ᠰᠢᠪᠲᠤᠯᠤᠯᠲᠠ ᠪᠡᠷ ᠪᠦᠬᠦᠯᠢ ᠴᠣᠭᠴᠠ ᠵᠢᠨ ᠠᠬᠢᠯᠳᠠ ᠵᠢ ᠳᠠᠢᠴᠢᠯᠠᠬᠤ ᠬᠡᠷᠡᠭᠲᠡᠢ᠃ ᠰᠢᠨᠵᠢᠯᠡᠬᠦ ᠤᠬᠠᠭᠠᠨᠴᠢ᠎ᠪᠠᠷ ᠨᠠᠷᠢᠯᠢᠭ᠋ ᠣᠨᠣᠴᠠᠲᠠᠢ᠎ᠪᠠᠷ ᠦᠨᠡᠯᠡᠬᠦ᠂ ᠤᠷᠮᠠᠰᠢᠭᠤᠯᠬᠤ᠂ ᠬᠦᠯᠢᠶᠡᠰᠦᠯᠡᠬᠦ᠂ ᠦᠷ᠎ᠡ ᠪᠦᠲᠦᠭᠡᠯ᠎ᠢ ᠤᠨᠳᠤᠤᠰᠢᠭᠤᠯᠤᠨ ᠳᠡᠯᠭᠡᠷᠡᠭᠦᠯᠬᠦ ᠵᠡᠷᠭᠡ ᠲᠣᠭᠲᠠᠴᠠ᠎ᠶᠢ ᠲᠡᠭᠦᠯᠳᠡᠷᠵᠢᠭᠦᠯᠵᠦ᠂ ᠲᠤᠷᠰᠢᠯᠲᠠ᠎ᠶᠢ ᠤᠷᠢᠳ ᠵᠢᠡᠷ ᠬᠢᠬᠦ᠂ ᠴᠡᠭ᠎ᠢᠶᠡᠷ ᠨᠡᠢᠳᠡᠮ᠎ᠢ ᠳᠠᠢᠴᠢᠯᠠᠬᠤ᠎ᠶᠢ ᠪᠠᠷᠢᠮᠲᠠᠯᠠᠨ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠳᠦᠷᠢᠮ᠎ᠦᠨ ᠦᠷ᠎ᠡ ᠪᠦᠲᠦᠭᠡᠯ ᠬᠢᠭᠡᠳ ᠦᠢᠯᠡᠳᠦᠯᠭᠡ᠎ᠶᠢᠨ ᠵᠠᠭᠪᠤᠷ᠎ᠢ ᠪᠤᠢ ᠪᠤᠯᠭᠠᠵᠤ᠂ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠥᠭᠡᠷᠡᠴᠢᠯᠡᠯᠲᠡ᠎ᠶᠢᠨ ᠣᠨᠴᠠᠯᠢᠭ᠍ᠲᠤ ᠲᠥᠷᠥᠯ ᠲᠡᠮᠳᠡᠭᠲᠦ᠎ᠶᠢ ᠪᠣᠶ ᠪᠣᠯᠭᠠᠬᠤ ᠬᠡᠷᠡᠭᠲᠡᠢ ᠬᠡᠵᠦ ᠴᠢᠬᠤᠯᠠᠴᠢᠯᠠᠪᠠ᠃

ᠬᠤᠷᠠᠯ ᠳᠡᠬᠡᠷ᠎ᠡ᠂ ᠥᠪᠥᠷ ᠮᠣᠩᠭᠣᠯ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠮᠠᠰᠢᠨ ᠴᠠᠬᠢᠯᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠪᠤᠭᠤᠲᠤ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠲᠦᠩᠯᠢᠶᠣᠣ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠭᠣᠣᠯ ᠬᠠᠷᠢᠭᠤᠴᠠᠯᠭᠠᠲᠠᠨ᠂ ᠬᠥᠬᠡᠬᠣᠲᠠ᠂ ᠪᠤᠭᠤᠲᠤ ᠬᠣᠲᠠ᠂ ᠬᠥᠯᠥᠨ ᠪᠣᠶ᠋ᠢᠷ ᠬᠣᠲᠠ᠂ ᠤᠯᠠᠭᠠᠨᠬᠠᠳᠠ ᠬᠣᠲᠠ᠂ ᠬᠢᠩᠭᠠᠨ ᠠᠢᠮᠠᠭ᠂ ᠣᠷᠳᠣᠰ ᠬᠣᠲᠠ᠎ᠶᠢᠨ ᠰᠤᠷᠭᠠᠨ ᠬᠥᠮᠦᠵᠢᠯ᠎ᠤᠨ ᠳᠤᠪᠴᠢᠶ᠎ᠠ (ᠰᠤᠷᠭᠠᠨ ᠬᠥᠮᠦᠵᠢᠯ ᠪᠡᠶ᠎ᠡ᠎ᠶᠢᠨ ᠲᠠᠮᠢᠷ᠎ᠤᠨ ᠲᠣᠪᠴᠢᠶ᠎ᠠ) ᠵᠢᠨ ᠭᠣᠣᠯ ᠬᠠᠷᠢᠭᠤᠴᠠᠯᠭᠠᠲᠠᠨ ᠨᠥᠬᠥᠳ ᠬᠣᠯᠪᠣᠭᠳᠠᠯ ᠪᠦᠬᠦᠢ ᠲᠤᠷᠰᠢᠯᠲᠠ᠎ᠶᠢᠨ ᠴᠡᠭ᠎ᠤᠨ ᠠᠵᠢᠯ᠎ᠤᠨ ᠲᠣᠭᠣᠷᠢᠨ᠎ᠳᠤ ᠠᠵᠢᠯ᠎ᠤᠨ ᠠᠬᠢᠴᠠ ᠪᠠᠨ ᠬᠠᠷᠢᠭᠤ ᠮᠡᠳᠡᠬᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号