ᠯᠠᠢᠰᠧᠷ᠎ᠢᠶᠡᠷ ᠡᠪᠡᠰᠦ ᠠᠷᠢᠯᠭᠠᠬᠤ ᠮᠠᠰᠢᠨ ᠬᠥᠮᠦᠨ᠎ᠠᠩᠬ᠎ᠠ ᠤᠳᠠᠭ᠎ᠠ ᠮᠠᠨ᠎ᠤ ᠤᠷᠤᠨ ᠳ᠋ᠤ ᠰᠦᠷᠦᠭ ᠵᠢᠡᠷ ᠠᠵᠢᠯᠯᠠᠪᠠ
2026-06-01 09:02:47
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠣᠢᠷ᠎ᠠ᠎ᠳ᠋ᠤ᠂ ᠥᠪᠥᠷ ᠮᠣᠩᠭᠣᠯ᠎ᠤ᠋ᠨ ᠪᠠ ᠵᠤᠸᠠ ᠣᠶᠤᠨᠲᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦ᠋ᠨ ᠬᠢᠵᠠᠭᠠᠷᠲᠤ ᠺᠣᠮᠫᠠᠨᠢ᠎ᠶᠢᠨ ᠦᠨᠳᠦᠷ ᠴᠢᠳᠠᠮᠵᠢᠳᠤ ᠵᠢᠯᠣᠭᠣᠴᠢ ᠦᠭᠡᠢ ᠯᠠᠢᠰᠧᠷ ᠡᠪᠡᠰᠦ ᠠᠷᠢᠯᠭᠠᠬᠤ ᠮᠠᠰᠢᠨ ᠬᠥᠮᠦᠨ ᠤ᠋ ᠰᠦᠷᠦᠭ ᠵᠢᠡᠷ ᠠᠵᠢᠯᠯᠠᠬᠤ ᠦᠵᠡᠭᠦᠯᠭᠡ ᠵᠢᠴᠢ ᠪᠠᠶᠠᠨᠨᠠᠭᠤᠷ ᠬᠣᠲᠠ ᠵᠦᠭ ᠮᠤᠷᠳᠠᠬᠤ ᠶᠣᠰᠣᠯᠠᠯ ᠤᠯᠠᠭᠠᠨᠬᠠᠳᠠ ᠬᠣᠲᠠ᠎ᠶᠢᠨ ᠬᠤᠩᠱᠠᠨ ᠲᠣᠭᠣᠷᠢᠭ᠎ᠤ᠋ᠨ ᠬᠣᠩ ᠮᠢᠶᠣᠤᠽᠢ ᠳᠤᠷᠰᠢᠯᠳᠠ᠎ᠶᠢᠨ ᠰᠠᠭᠤᠷᠢᠨ ᠭᠠᠵᠠᠷ᠎ᠲᠤ᠌ ᠶᠠᠪᠤᠭ᠍ᠳᠠᠪᠠ᠃ ᠡᠨᠡ ᠨᠢ ᠵᠢᠯᠣᠭᠤᠴᠢ ᠥᠬᠡᠶ ᠯᠠᠢᠰᠧᠷ᠎ᠢᠶᠡᠷ ᠡᠪᠡᠰᠦ ᠠᠷᠢᠯᠭᠠᠬᠤ ᠮᠠᠱᠢᠨ ᠬᠥᠮᠦᠨ ᠠᠩᠬ᠎ᠠ ᠤᠳᠠᠭ᠎ᠠ ᠦᠪᠦᠷ ᠮᠤᠩᠭᠤᠯ ᠳ᠋ᠤ ᠰᠦᠷᠦᠭ ᠵᠢᠡᠷ  ᠠᠵᠢᠯᠯᠠᠭᠰᠠᠨ ᠶᠠᠪᠤᠳᠠᠯ ᠪᠠᠢᠵᠤ᠂ ᠮᠠᠨ᠎ᠤ ᠤᠷᠤᠨ᠎ᠤ ᠣᠶᠤᠨᠳᠤ ᠲᠠᠷᠢᠶᠠᠯᠠᠩ᠎ᠤᠨ ᠡᠪᠡᠰᠦ ᠠᠷᠢᠯᠭᠠᠬᠤ ᠮᠡᠷᠭᠡᠵᠢᠯ ᠳᠤᠷᠰᠢᠨ ᠦᠵᠡᠬᠦᠯᠵᠦ ᠪᠠᠢᠭ᠍ᠰᠠᠨ ᠡᠴᠡ ᠵᠢᠩᠬᠢᠨᠢ᠎ᠪᠠᠷ ᠶᠡᠭᠡ ᠬᠡᠪᠴᠢᠶ᠎ᠠ ᠪᠠᠷ ᠬᠤᠳᠠᠯᠳᠤᠭᠠᠴᠢᠯᠠᠭᠰᠠᠨ ᠬᠡᠷᠡᠭ᠌ᠯᠡᠭᠡᠨ᠎ᠤ ᠱᠠᠲᠤᠨ᠎ᠳᠤ ᠣᠷᠣᠭ᠍ᠰᠠᠨ᠎ᠢ ᠬᠠᠷᠠᠭᠤᠯᠵᠤ ᠪᠠᠢᠨ᠎ᠠ᠃

ᠲᠤᠷᠱᠢᠯᠲᠠ᠎ᠶ᠋ᠢᠨ ᠰᠠᠭᠤᠷᠢᠨ ᠭᠠᠵᠠᠷ᠎ᠤᠨ ᠠᠬᠤᠢ ᠲᠠᠯᠠᠪᠠᠢ ᠳ᠋ᠤ᠂ 6 ᠵᠢᠯᠤᠭᠤᠴᠢ ᠦᠬᠡᠢ ᠯᠠᠢᠰᠧᠷ ᠎ᠢᠶᠡᠷ ᠡᠪᠡᠰᠦ ᠠᠷᠢᠯᠭᠠᠬᠤ ᠮᠠᠱᠢᠨ ᠬᠥᠮᠦᠨ ᠬᠠᠮᠲᠤ ᠪᠡᠷ ᠠᠵᠢᠯᠯᠠᠵᠤ᠂ ᠪᠥᠬᠦ᠌ ᠶᠠᠪᠤᠴᠠ᠎ᠶ᠋ᠢᠨ ᠲᠠᠷᠢᠶᠠᠨ ᠳᠤᠮᠳᠠᠬᠢ ᠳᠤᠷᠰᠢᠴᠠ᠎ᠶ᠋ᠢ ᠤᠷᠤᠭ᠍ᠰᠢᠲᠠᠶ ᠪᠡᠶᠡᠯᠡᠭᠦᠯᠵᠦ᠍᠂ ᠡᠯ᠎ᠡ ᠵᠦᠶ᠋ᠯ᠎ᠤᠨ ᠴᠢᠳᠠᠮᠵᠢ᠎ᠶ᠋ᠢᠨ ᠭᠦᠶ᠋ᠴᠡᠳᠭᠡᠯ ᠲᠤᠭ᠎ᠠ ᠨᠢ ᠴᠥᠮ ᠪᠠᠷᠢᠮᠵᠢᠶ᠎ᠠ᠎ᠳᠤ ᠬᠦᠷᠴᠠᠢ᠃ ᠮᠠᠱᠢᠨ ᠬᠥᠮᠦᠨ ᠥᠨᠳᠥᠷ ᠨᠠᠷᠢᠯᠢᠭ ᠵᠠᠮᠴᠢᠯᠠᠭᠤᠷ᠎ᠢᠶᠠᠷ ᠵᠢᠯᠣᠭᠤᠴᠢ ᠥᠬᠡᠶ ᠪᠠ ᠣᠯᠠᠨ ᠮᠠᠱᠢᠨ ᠬᠠᠮᠵᠢᠯᠴᠠᠨ ᠠᠵᠢᠯᠯᠠᠬᠤ ᠮᠡᠷᠭᠡᠵᠢᠯ᠎ᠳᠤ ᠲᠦᠱᠢᠭ᠌ᠯᠡᠨ᠂ ᠰᠡᠷᠡᠯ ᠳᠠᠮᠵᠢᠭᠤᠯᠤᠭ᠍ᠴᠢ᠎ᠪᠠᠷ ᠳᠠᠮᠵᠢᠭᠤᠯᠤᠨ ᠲᠠᠷᠢᠶᠠᠨ ᠭᠠᠵᠠᠷ᠎ᠤᠨ ᠣᠷᠴᠢᠨ ᠲᠣᠭᠤᠷᠢᠨ᠎ᠢ ᠴᠠᠭ ᠲᠤᠬᠠᠶ᠎ᠳᠤᠨᠢ ᠰᠡᠷᠡᠨ ᠮᠡᠳᠡᠷᠡᠵᠦ᠍᠂ ᠠᠵᠢᠯᠯᠠᠬᠤ ᠠᠷᠭ᠎ᠠ ᠵᠠᠮ᠎ᠢᠶᠠᠨ ᠪᠡᠶ᠎ᠡ᠎ᠪᠠᠨ ᠳᠠᠭᠠᠭᠠᠨ ᠲᠥᠯᠥᠪᠵᠢᠭᠦᠯᠵᠦ᠍᠂ ᠬᠥᠮᠦᠨ ᠵᠢᠯᠤᠭᠤᠳᠬᠤ ᠥᠬᠡᠶ ᠪᠡᠷ ᠨᠠᠷᠢᠯᠢᠭ ᠤᠨᠤᠪᠴᠢᠳᠠᠢ᠎ᠪᠠᠷ ᠶᠠᠪᠤᠬᠤ᠎ᠶ᠋ᠢ ᠪᠡᠶᠡᠯᠡᠭᠦᠯᠪᠡ; ᠡᠭᠦᠨ᠎ᠤ ᠬᠠᠮᠲᠤ ᠮᠠᠱᠢᠨ᠎ᠤ ᠬᠠᠷᠠᠭᠠᠨ ᠰᠡᠷᠡᠯ ᠪᠠ ᠲᠠᠷᠢᠶᠠᠯᠠᠩ᠎ᠤᠨ ᠶᠡᠭᠡ ᠵᠠᠭ᠍ᠪᠤᠷ᠎ᠢ ᠢᠯᠭᠠᠨ ᠲᠠᠨᠢᠬᠤ ᠮᠡᠷᠭᠡᠵᠢᠯ᠎ᠲᠠᠢ ᠤᠶᠠᠯᠳᠤᠭᠤᠯᠤᠨ᠂ ᠲᠠᠷᠢᠮᠠᠯ ᠪᠠ ᠪᠤᠵᠠᠷ ᠡᠪᠡᠰᠦ᠎ᠶ᠋ᠢ ᠨᠠᠷᠢᠯᠢᠭ ᠤᠨᠤᠪᠴᠢᠳᠠᠢ᠎ᠪᠠᠷ ᠢᠯᠭᠠᠵᠤ᠂ ᠪᠤᠵᠠᠷ ᠡᠪᠡᠰᠦᠨ᠎ᠤ ᠣᠷᠣᠨ ᠪᠠᠢᠷᠢ᠎ᠶ᠋ᠢ ᠲᠦᠷᠭᠡᠨ ᠲᠣᠭ᠍ᠲᠠᠭᠠᠵᠤ ᠳᠡᠢᠯᠦᠨ᠎ᠡ᠃

ᠲᠥᠬᠦᠭᠡᠷᠦᠮᠵᠢ ᠪᠦᠷᠢ᠎ᠨᠢ 8 ᠥᠨᠳᠥᠷ ᠡᠨᠧᠷᠭᠢᠲᠦ ᠯᠠᠢᠰᠧᠷ ᠎ᠢᠶᠡᠷ ᠮᠠᠱᠢᠨ᠎ᠢ ᠠᠴᠢᠶᠠᠯᠠᠵᠤ᠂ 100 ᠮᠢᠯᠢ ᠰᠧᠺᠦ᠋ᠨ᠋ᠳ᠋ ᠳᠣᠲᠣᠷ᠎ᠠ ᠪᠤᠵᠠᠷ ᠡᠪᠡᠰᠦ᠎ᠶ᠋ᠢ ᠨᠠᠷᠢᠯᠢᠭ ᠣᠨᠣᠪᠴᠢᠲᠠᠢ᠎ᠪᠠᠷ ᠠᠷᠢᠯᠭᠠᠵᠤ᠂ ᠡᠷᠬᠢᠨ ᠲᠣᠭᠤᠷᠢᠨ᠎ᠤ ᠲᠠᠷᠢᠶᠠᠨ ᠴᠢᠬᠢ ᠵᠢ ᠬᠡᠮᠳᠦᠬᠡᠬᠦ ᠦᠭᠡᠢ ᠪᠠᠢᠳᠠᠭ᠃ ᠣᠯᠠᠨ ᠭᠠᠵᠠᠷ᠎ᠤᠨ ᠲᠠᠷᠢᠶᠠᠨ ᠭᠠᠵᠠᠷ᠎ᠤᠨ ᠳᠤᠷᠰᠢᠴᠠ᠎ᠪᠠᠷ ᠳᠡᠮᠵᠢᠨ᠂ ᠪᠤᠵᠠᠷ ᠡᠪᠡᠰᠦ᠎ᠶ᠋ᠢ ᠠᠷᠢᠯᠭᠠᠬᠤ ᠨᠣᠷᠮ᠎ᠠ᠎ᠨᠢ 95% ᠡᠴᠡ ᠥᠨᠳᠥᠷ ᠪᠠᠢᠵᠤ᠂ ᠠᠵᠢᠯ᠎ᠤᠨ ᠦᠷ᠎ᠡ ᠪᠦᠲᠦᠮᠵᠢ᠎ᠨᠢ ᠬᠥᠮᠦᠨ᠎ᠤ ᠬᠦᠴᠦ᠍᠎ᠪᠠᠷ ᠡᠪᠡᠰᠦ ᠠᠷᠢᠯᠭᠠᠬᠤ᠎ᠶ᠋ᠢᠨ 40 ᠳᠠᠬᠢᠨ ᠪᠣᠯᠤᠨ᠎ᠠ᠃ ᠪᠥᠬᠦ᠌ ᠶᠠᠪᠤᠴᠠ᠎ᠳᠤ ᠹᠢᠽᠢᠺ᠎ᠤᠨ ᠯᠠᠢᠰᠧᠷ ᠎ᠢᠶᠡᠷ ᠡᠪᠡᠰᠦ ᠠᠷᠢᠯᠭᠠᠬᠤ ᠠᠷᠭ᠎ᠠ ᠬᠡᠯᠪᠡᠷᠢ᠎ᠶ᠋ᠢ ᠬᠡᠷᠡᠭ᠌ᠯᠡᠵᠦ᠍᠂ ᠥᠴᠦᠬᠡᠨ ᠴᠦ᠍ ᠲᠠᠷᠢᠶᠠᠨ ᠡᠮ᠎ᠤᠨ ᠦᠯᠡᠳᠡᠭ᠌ᠳᠡᠯ ᠦᠬᠡᠢ᠂ ᠬᠥᠷᠥᠰᠥ᠍ ᠱᠢᠷᠣᠢ᠎ᠶ᠋ᠢ ᠬᠡᠮᠳᠦᠭᠡᠬᠦ ᠦᠬᠡᠢ ᠪᠠᠢᠵᠤ᠂ ᠪᠣᠬᠢᠷᠲᠤᠯ ᠦᠭᠡᠢ ᠠᠮᠢ ᠠᠬᠤᠢ᠎ᠶ᠋ᠢᠨ ᠡᠪᠡᠰᠦ ᠠᠷᠢᠯᠭᠠᠬᠤ᠎ᠶ᠋ᠢ ᠦᠨᠡᠨ ᠬᠦ᠌ ᠪᠡᠶᠡᠯᠡᠭᠦᠯᠵᠡᠢ᠃

ᠵᠢᠯᠣᠭᠤᠴᠢ ᠥᠬᠡᠶ ᠯᠠᠢᠰᠧᠷ ᠎ᠢᠶᠡᠷ ᠡᠪᠡᠰᠦ ᠠᠷᠢᠯᠭᠠᠬᠤ ᠮᠠᠱᠢᠨ ᠬᠥᠮᠦᠨ ᠪᠣᠯ ᠥᠪᠥᠷ ᠮᠣᠩᠭᠤᠯ᠎ᠤᠨ ᠪᠠ ᠵᠤᠸᠠ ᠤᠶᠤᠨᠲᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢᠨ ᠰᠤᠳᠤᠯᠤᠨ ᠨᠡᠭᠡᠭᠡᠬᠦ᠌ ᠪᠦᠯᠬᠦᠮ᠎ᠤᠨ ᠣᠯᠠᠨ ᠵᠢᠯ᠎ᠤᠨ ᠳᠤᠷᠰᠢᠬᠢ ᠰᠤᠳᠤᠯᠭᠠᠨ᠎ᠦ ᠭᠦᠨᠵᠡᠭᠡᠶ ᠦᠷ᠎ᠡ ᠪᠦᠲᠦᠭᠡᠯ ᠪᠣᠯᠤᠨ᠎ᠠ᠃ ᠲᠤᠰ ᠺᠣᠮᠫᠠᠨᠢ ᠴᠢᠩᠬᠤᠸᠠ ᠶᠡᠭᠡ ᠰᠤᠷᠭᠠᠭᠤᠯᠢ᠎ᠶ᠋ᠢᠨ 5 ᠳᠠᠭᠠᠭᠤᠯᠤᠭ᠍ᠴᠢ ᠳ᠋ᠣᠺᠲ᠋ᠣᠷ ᠵᠢᠴᠢ ᠲᠠᠷᠢᠶᠠᠯᠠᠩ᠎ᠤᠨ ᠬᠦᠷᠢᠶᠡᠨ᠎ᠤ ᠤᠯᠠᠨ ᠲᠤᠰᠭᠠᠶ ᠮᠡᠷᠭᠡᠵᠢᠯᠲᠡᠨ᠎ᠲᠠᠢ ᠬᠠᠮᠲᠤᠷᠠᠨ᠂ 60 ᠭᠠᠷᠤᠶ ᠬᠥᠮᠦᠨ ᠵᠢᠡᠷ ᠪᠦᠷᠢᠯᠳᠦᠭᠰᠡᠨ ᠰᠤᠳᠤᠯᠤᠨ ᠨᠡᠭᠡᠭᠡᠬᠦ᠌ ᠪᠦᠯᠬᠦᠮ᠎ᠢ ᠵᠣᠬᠢᠶᠠᠨ ᠪᠠᠢᠭᠤᠯᠵᠤ᠂ ᠬᠤᠶᠠᠷ ᠵᠢᠯ ᠭᠠᠷᠤᠶ᠎ᠶ᠋ᠢᠨ ᠮᠡᠷᠭᠡᠵᠢᠯ᠎ᠤᠨ ᠪᠣᠭᠤᠮᠲᠠ ᠱᠢᠪᠲᠤᠯᠬᠤ᠂ ᠳᠠᠬᠢᠨ ᠳᠠᠪᠲᠠᠨ ᠲᠠᠷᠢᠶᠠᠨ ᠭᠠᠵᠠᠷ᠎ᠤᠨ ᠳᠤᠷᠰᠢᠴᠠ᠎ᠶ᠋ᠢ ᠱᠢᠯᠢᠳᠡᠭ᠌ᠵᠢᠭᠦᠯᠬᠦ᠌᠎ᠪᠠᠷ ᠳᠠᠮᠵᠢᠨ᠂ ᠡᠴᠦᠰ᠎ᠲᠡᠭᠡᠨ ᠦᠢᠯᠡᠳᠬᠦᠨ᠎ᠤ ᠰᠤᠳᠤᠯᠤᠨ ᠨᠡᠭᠡᠭᠡᠯᠲᠡ ᠪᠠ ᠨᠠᠢᠳᠠᠪᠤᠷᠢᠵᠢᠭᠤᠯᠤᠯᠲᠠ᠎ᠶ᠋ᠢ ᠪᠡᠶᠡᠯᠡᠭᠦᠯᠪᠡ᠃

ᠬᠤᠶᠠᠷ ᠡᠭᠡᠯᠵᠢ᠎ᠶ᠋ᠢᠨ ᠰᠢᠯᠢᠳᠡᠭᠵᠢᠭᠦᠯᠬᠦ  ᠪᠡᠷ ᠳᠡᠮᠵᠢᠨ᠂ ᠬᠤᠶᠠᠳᠤᠭᠠᠷ ᠦᠶ᠎ᠡ᠎ᠶ᠋ᠢᠨ ᠮᠠᠱᠢᠨ᠎ᠤ ᠴᠢᠳᠠᠮᠵᠢ᠎ᠶ᠋ᠢ ᠪᠥᠬᠦ᠌ ᠲᠠᠯ᠎ᠠ᠎ᠪᠠᠷ ᠲᠠᠰ ᠳᠡᠪᠱᠢᠭᠦᠯᠪᠡ᠄ ᠬᠥᠳᠡᠯᠭᠡᠬᠦ᠌ ᠬᠦᠴᠦᠨ᠎ᠤ ᠱᠢᠰᠲ᠋ᠧᠮ᠎ᠢ ᠴᠡᠪᠡᠷ ᠴᠠᠬᠢᠯᠭᠠᠨ᠎ᠡᠴᠡ ᠲᠣᠰᠣ ᠨᠡᠮᠡᠬᠦ᠌ ᠪᠣᠯᠭᠠᠨ ᠥᠭᠡᠷᠡᠴᠢᠯᠡᠵᠦ᠍᠂ ᠠᠵᠢᠯᠯᠠᠬᠤ ᠴᠠᠭ ᠨᠢ 3 ᠳᠠᠬᠢᠨ ᠳᠡᠭᠡᠭ᠌ᠰᠢᠯᠡᠨ᠂ ᠣᠷᠳᠣ ᠬᠤᠭᠤᠴᠠᠭ᠎ᠠ᠎ᠪᠠᠷ ᠦᠷᠭᠦᠯᠵᠢᠯᠡᠨ ᠠᠵᠢᠯᠯᠠᠵᠤ ᠳᠡᠢᠯᠦᠨ᠎ᠡ; ᠯᠠᠢᠰᠧᠷ ᠎ᠢᠶᠡᠷ ᠮᠠᠱᠢᠨ᠎ᠬᠦᠮᠦᠨ᠎ᠤ ᠲᠤᠭ᠎ᠠ ᠬᠡᠮᠵᠢᠶ᠎ᠡ᠎ᠶ᠋ᠢ 8 ᠬᠦᠷᠲᠡᠯ᠎ᠡ ᠨᠡᠮᠡᠭ᠌ᠳᠡᠭᠦᠯᠵᠦ᠍᠂ ᠭᠠᠭ᠍ᠴᠠ ᠤᠳᠠᠭᠠᠨ᠎ᠤ ᠪᠦᠷᠬᠦᠬᠦ ᠥᠷᠭᠡᠴᠠ ᠵᠢ 1.8 ᠮᠧᠲᠷ᠎ᠲᠤ ᠬᠦᠷᠭᠡᠵᠦ᠂ ᠭᠠᠭ᠍ᠴᠠ ᠡᠳᠦᠷ᠎ᠤᠨ ᠬᠠᠮᠤᠭ᠎ᠤᠨ ᠶᠡᠭᠡ ᠠᠵᠢᠯ᠎ᠤᠨ ᠬᠡᠮᠵᠢᠶ᠎ᠡ᠎ᠶ᠋ᠢ 50 ᠮᠤ᠌᠎ᠳᠤ ᠬᠦᠷᠭᠡᠪᠡ;ᠣᠷᠣᠨ ᠪᠦᠰᠡ ᠠᠯᠤᠰᠯᠠᠨ ᠠᠯᠤᠰ᠎ᠠᠴᠠ ᠡᠵᠡᠮᠱᠢᠬᠦ᠌᠎ᠶ᠋ᠢ ᠳᠡᠮᠵᠢᠵᠦ᠍᠂ ᠠᠬᠤᠢ ᠲᠠᠯᠠᠪᠤᠷ ᠲᠤ᠌ ᠪᠠᠶᠠᠳᠠᠨ ᠬᠦᠷᠬᠦ ᠦᠬᠡᠢ ᠪᠠᠷ ᠪᠥᠬᠦ᠌ ᠶᠠᠪᠤᠴᠠ᠎ᠶ᠋ᠢᠨ ᠠᠵᠢᠯ᠎ᠤᠨ ᠬᠠᠮᠢᠶᠠᠷᠤᠯᠲᠠ ᠡᠵᠡᠮᠳᠡᠯ᠎ᠢ  ᠪᠡᠶᠡᠯᠡᠭᠦᠯᠵᠦ᠍ ᠳᠡᠢᠯᠦᠨ᠎ᠡ᠃

《ᠣᠶᠤᠨᠳᠤ ᠵᠢᠯᠣᠭᠤᠳᠭᠤ ᠮᠡᠷᠭᠡᠵᠢᠯ᠎ᠳᠤ ᠲᠦᠱᠢᠭ᠌ᠯᠡᠨ᠂ ᠪᠢᠳᠡ ᠮᠢᠩᠭᠠᠨ ᠭᠠᠵᠠᠷ ᠤ᠋ᠨ ᠴᠠᠭᠠᠨ᠎ᠠ ᠡᠴᠡ ᠮᠠᠱᠢᠨ ᠬᠥᠮᠦᠨ᠎ᠢ ᠠᠯᠤᠰ᠎ᠠᠴᠠ ᠡᠵᠡᠮᠳᠡᠵᠦ᠍ ᠡᠪᠡᠰᠦ ᠠᠷᠢᠯᠭᠠᠬᠤ ᠠᠵᠢᠯ᠎ᠢ ᠥᠷᠨᠢᠭᠦᠯᠵᠦ᠍ ᠪᠣᠯᠤᠨ᠎ᠠ᠃ ᠣᠳᠣᠬᠠᠨ᠎ᠳᠤ᠂ ᠲᠤᠰ ᠦᠢᠯᠡᠳᠭᠦᠨ ᠨᠢᠭᠡᠨᠲᠡ ᠰᠤᠳᠤᠯᠤᠨ ᠨᠡᠭᠡᠭᠡᠵᠦ᠍ ᠦᠢᠯᠡᠳᠬᠦ᠌᠎ᠠᠴᠠ ᠲᠠᠷᠢᠶᠠᠨ ᠭᠠᠵᠠᠷ᠎ᠤᠨ ᠳᠤᠷᠰᠢᠴᠠ᠎ᠶ᠋ᠢᠨ ᠪᠦᠷᠢᠨ ᠪᠦᠲᠦᠨ ᠪᠢᠲᠡᠭᠦᠦ ᠴᠠᠭᠠᠷᠢᠭ ᠎ᠢ ᠪᠦᠷᠢᠯᠳᠦᠵᠡᠢ᠃ ᠪᠢᠳᠡ ᠵᠠᠯᠭᠠᠭᠠᠳ ᠪᠠᠰᠠ ᠦᠢᠯᠡᠳᠭᠦᠨ᠎ᠤ ᠴᠢᠳᠠᠮᠵᠢ᠎ᠶ᠋ᠢ ᠦᠷᠭᠦᠯᠵᠢᠯᠡᠨ ᠱᠢᠯᠢᠳᠡᠭ᠌ᠵᠢᠭᠦᠯᠬᠦ ᠪᠤᠯᠤᠨ᠎ᠠ᠃ ᠲᠣᠰ ᠲᠥᠬᠦᠭᠡᠷᠦᠮᠵᠢ᠎ᠶ᠋ᠢᠨ ᠲᠠᠷᠢᠶᠠᠨ ᠭᠠᠵᠠᠷ᠎ᠤᠨ ᠪᠤᠵᠠᠷ ᠡᠪᠡᠰᠦ᠎ᠶ᠋ᠢᠨ ᠠᠷᠢᠯᠭᠠᠬᠤ ᠨᠣᠷᠮ᠎ᠠ᠎ᠨᠢ 95%᠎ᠠᠴᠠ ᠥᠨᠳᠥᠷ ᠪᠣᠯᠤᠭ᠍ᠰᠠᠨ ᠪᠥᠭᠡᠳ ᠪᠥᠬᠦ᠌ ᠶᠠᠪᠤᠴᠠ᠎ᠳᠤ ᠲᠠᠷᠢᠶᠠᠨ ᠡᠮ᠎ᠤᠨ ᠦᠯᠡᠳᠡᠭ᠌ᠳᠡᠯ ᠦᠬᠡᠢ᠂ ᠬᠥᠷᠥᠰᠥ᠍ ᠱᠢᠷᠣᠶ᠎ᠶ᠋ᠢ ᠬᠡᠮᠳᠦᠬᠡᠬᠦ ᠦᠬᠡᠢ ᠵᠢ ᠪᠡᠶᠡᠯᠡᠭᠦᠯᠵᠠᠢ》 ᠬᠡᠵᠤ  ᠥᠪᠥᠷ ᠮᠣᠩᠭᠤᠯ᠎ᠤᠨ ᠪᠠ ᠵᠤᠸᠠ ᠤᠶᠤᠨᠲᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢᠨ ᠮᠠᠱᠢᠨ ᠬᠥᠮᠦᠨ᠎ᠤ ᠪᠦᠬᠦᠯᠢ ᠴᠣᠭ᠍ᠴᠠ᠎ᠶ᠋ᠢᠨ ᠬᠡᠯᠲᠡᠰ᠎ᠤᠨ ᠶᠡᠷᠦᠩᠬᠡᠶ ᠠᠵᠢᠯᠴᠢᠨ ᠯᠢᠦ ᠵᠢᠶᠦ᠋ᠨ ᠲᠠᠨᠢᠯᠴᠠᠭᠤᠯᠪᠠ᠃

ᠣᠲᠣ ᠪᠣᠯᠲᠠᠯ᠎ᠠ᠂ ᠥᠪᠥᠷ ᠮᠣᠩᠭᠤᠯ᠎ᠤᠨ ᠪᠠ ᠵᠤᠸᠠ ᠤᠶᠤᠨᠲᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ ᠨᠢᠭᠡᠨᠲᠡ 35 ᠵᠦᠶ᠋ᠯ᠎ᠤᠨ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢ ᠭᠤᠶᠤᠴᠢᠯᠠᠵᠤ᠂ ᠪᠦᠲᠦᠭᠡᠭ᠌ᠳᠡᠬᠦᠨ᠎ᠨᠢ ᠬᠦᠳᠡᠬᠡ ᠠᠵᠤ ᠠᠬᠤᠢ ᠬᠥᠳᠡᠭᠡ ᠲᠣᠰᠭᠤᠨ᠎ᠤ ᠶᠠᠮᠤᠨ᠎ᠤ 《ᠾᠦ᠋ᠸᠸ ᠬᠤᠸᠠ ᠮᠡᠷᠭᠡᠵᠢᠯ》 ᠤ᠋ᠨ ᠦᠷ᠎ᠡ ᠪᠦᠲᠦᠭᠡᠯ᠎ᠤᠨ ᠬᠥᠮᠥᠷᠭᠡ᠎ᠳᠤ ᠠᠮᠵᠢᠯᠲᠠ᠎ᠲᠠᠢ ᠰᠣᠩᠭᠤᠭ᠍ᠳᠠᠪᠠ᠃ ᠠᠬᠤᠢ ᠲᠠᠯᠠᠪᠠᠶ᠎ᠳᠤ ᠦᠵᠡᠭᠦᠯᠭᠡ ᠬᠢᠵᠦ᠍ ᠱᠢᠯᠭᠠᠨ ᠠᠪᠬᠤ ᠵᠢ ᠪᠡᠶᠡᠯᠡᠬᠦᠯᠦᠭᠰᠡᠨ ᠠᠩᠬᠠᠨ᠎ᠤ ᠪᠦᠯᠦᠭ ᠮᠠᠱᠢᠨ ᠬᠥᠮᠦᠨ᠎ᠤ ᠰᠦᠷᠦᠭᠵᠢᠯ ᠨᠢ ᠨᠢᠭᠡᠨᠲᠡ ᠪᠠᠶᠠᠨᠨᠠᠭᠤᠷ ᠬᠤᠲᠠ ᠵᠦᠭ ᠮᠤᠷᠳᠠᠵᠤ᠂ ᠲᠤᠬᠠᠶ᠎ᠶ᠋ᠢᠨ ᠭᠠᠵᠠᠷ᠎ᠤᠨ 19 ᠲᠦᠮᠡᠨ ᠮᠥ᠍ ᠬᠥᠬᠡ ᠳᠠᠷᠤᠰᠢ᠎ᠶ᠋ᠢᠨ ᠡᠷᠳᠡᠨᠢ ᠱᠢᠰᠢ᠎ᠳᠤ ᠲᠤᠰᠭᠠᠢᠵᠢᠭ᠍ᠰᠠᠨ ᠡᠪᠡᠰᠦ ᠠᠷᠢᠯᠭᠠᠬᠤ ᠦᠢᠯᠡᠴᠢᠯᠡᠭᠡ ᠬᠠᠩᠭᠠᠵᠤ ᠪᠤᠢ᠃

ᠲᠣᠰ ᠤᠳᠠᠭᠠᠨ᠎ᠤ ᠰᠦᠷᠦᠭ ᠵᠢᠡᠷ ᠠᠵᠢᠯᠯᠠᠬᠤ ᠦᠵᠡᠭᠦᠯᠭᠡ ᠪᠠ ᠪᠠᠶᠠᠨᠨᠠᠭᠤᠷ ᠬᠤᠲᠠ ᠵᠦᠭ ᠮᠤᠷᠳᠠᠭᠰᠠᠨ ᠨᠢ ᠵᠢᠯᠣᠭᠤᠴᠢ ᠥᠬᠡᠶ ᠯᠠᠢᠰᠧᠷ ᠎ᠢᠶᠡᠷ ᠡᠪᠡᠰᠦ ᠠᠷᠢᠯᠭᠠᠬᠤ ᠮᠠᠱᠢᠨ ᠬᠥᠮᠦᠨ᠎ᠤ ᠮᠡᠷᠭᠡᠵᠢᠯ᠎ᠢ ᠠᠩᠬ᠎ᠠ ᠤᠳᠠᠭ᠎ᠠ ᠦᠪᠦᠷ ᠮᠤᠩᠭᠤᠯ ᠳ᠋ᠤ ᠶᠡᠭᠡ ᠬᠡᠪᠴᠢᠶ᠎ᠠ ᠪᠠᠷ ᠬᠤᠳᠠᠯᠳᠤᠭᠠᠴᠢᠯᠠᠬᠤ ᠵᠢ ᠨᠠᠢᠳᠠᠪᠤᠷᠢᠵᠢᠭᠤᠯᠵᠤ᠂ ᠪᠠᠶᠠᠨᠨᠠᠭᠤᠷ ᠬᠤᠲᠠ᠎ᠶ᠋ᠢᠨ ᠬᠦᠬᠡ ᠳᠠᠷᠤᠰᠢ᠎ᠶ᠋ᠢᠨ ᠡᠷᠳᠡᠨᠢ ᠱᠢᠰᠢ ᠳᠠᠷᠢᠬᠤ᠎ᠳᠤ ᠪᠣᠬᠢᠷᠲᠤᠯ ᠥᠬᠡᠶ ᠥᠨᠳᠥᠷ ᠪᠦᠲᠦᠮᠵᠢᠲᠡᠶ ᠡᠪᠡᠰᠦ ᠠᠷᠢᠯᠭᠠᠬᠤ ᠲᠤᠯᠭᠠᠭᠤᠷᠢᠯᠠᠯ ᠬᠠᠩᠭᠠᠬᠤ᠎ᠪᠠᠷ ᠪᠠᠷᠠᠬᠤ ᠥᠬᠡᠶ᠂ ᠪᠠᠰᠠ ᠪᠥᠬᠦ᠌ ᠤᠯᠤᠰ᠎ᠤᠨ ᠤᠶᠤᠨᠲᠤ ᠲᠠᠷᠢᠶᠠᠯᠠᠩ᠎ᠤᠨ ᠡᠪᠡᠰᠦ ᠠᠷᠢᠯᠭᠠᠬᠤ ᠮᠡᠷᠭᠡᠵᠢᠯ᠎ᠢ ᠳᠡᠯᠭᠡᠷᠡᠭᠦᠯᠬᠦ᠂ ᠵᠠᠭ᠍ᠪᠤᠷ᠎ᠢ ᠬᠠᠭᠤᠯᠪᠤᠷᠢᠯᠠᠬᠤ᠎ᠳᠤ ᠦᠶ᠋ᠯᠡᠳᠦᠯᠭᠡ᠎ᠶ᠋ᠢᠨ ᠲᠤᠷᠱᠢᠯᠭ᠎ᠠ᠎ᠶ᠋ᠢ ᠬᠤᠷᠠᠮᠳᠤᠭᠤᠯᠵᠤ᠂ ᠣᠲᠣ ᠦᠶ᠎ᠡ᠎ᠶ᠋ᠢᠨ ᠲᠠᠷᠢᠶᠠᠯᠠᠩ᠎ᠤᠨ ᠤᠶᠤᠨᠴᠢᠯᠠᠯᠲᠠ᠂ ᠪᠣᠬᠢᠷᠲᠤᠯ ᠥᠬᠡᠶ᠂ ᠥᠨᠳᠥᠷ ᠪᠦᠲᠦᠮᠵᠢᠲᠡᠶ ᠲᠡᠰᠢ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠬᠦ᠌᠎ᠳᠤ ᠬᠦᠴᠦᠨ ᠨᠡᠮᠡᠷᠢᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号