5 ᠰᠠᠷ᠎ᠠ᠎ᠶ᠋ᠢᠨ 30 ᠤ᠋ ᠡᠳᠦᠷ᠂ ᠪᠦᠬᠦ᠌ ᠤᠯᠤᠰ᠎ᠤᠨ ᠠᠩᠬᠠᠳᠠᠭ᠍ᠴᠢ ᠪᠣᠬᠢᠷᠲᠤᠯ ᠦᠭᠡᠢ ᠪᠤᠳᠤᠯᠳᠠ ᠵᠢᠨ ᠬᠦᠴᠦᠨ᠎ᠦ ᠪᠦᠬᠦ ᠤᠷᠤᠴᠠ ᠵᠢᠨ AI ᠲᠠᠪᠴᠠᠩ — ᠥᠪᠥᠷ ᠮᠣᠩᠭᠣᠯ᠎ᠤᠨ ᠦᠭᠡᠰ ᠤ᠋ᠨ ᠨᠢᠭᠡᠴᠢ᠎ᠶ᠋ᠢᠨ ᠠᠷᠠᠯᠵᠢᠶᠠᠨ᠎ᠤ ᠲᠠᠪᠴᠠᠩ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠤ᠋ ᠬᠥᠬᠡᠬᠣᠲᠠ᠎ᠶ᠋ᠢᠨ ᠬᠤᠪᠢᠶᠠᠷᠢ ᠲᠣᠭᠣᠷᠢᠭ᠎ᠲᠤ ᠠᠱᠢᠭ᠍ᠯᠠᠯᠲᠠ᠎ᠳᠤ ᠣᠷᠣᠪᠠ᠃
ᠲᠣᠰ ᠲᠠᠪᠴᠠᠩ᠎ᠢ ᠥᠪᠥᠷ ᠮᠣᠩᠭᠣᠯ᠎ᠤᠨ ᠲᠣᠮᠣ ᠳ᠋ᠠᠢᠲ᠋ᠠ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠪᠦᠯᠦᠭ᠌ᠯᠡᠯ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠳ᠋ᠠᠢᠲ᠋ᠠ᠎ᠶ᠋ᠢᠨ ᠠᠷᠠᠯᠵᠢᠶᠠᠨ᠎ᠤ ᠲᠥᠪ᠂ ᠥᠪᠥᠷ ᠮᠣᠩᠭᠣᠯ᠎ᠤᠨ ᠪᠤᠳᠤᠯᠳᠠ ᠵᠢᠨ ᠬᠦᠴᠦᠨ ᠤ᠋ ᠲᠤᠤᠷ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠵᠡᠷᠭᠡ 3 ᠲᠠᠯ᠎ᠠ᠎ᠶ᠋ᠢᠨ ᠬᠢᠨ ᠬᠠᠮᠲᠤᠷᠠᠨ ᠪᠠᠢᠭᠤᠯᠵᠤ᠂ 3 ᠲᠠᠯ᠎ᠠ᠎ᠶ᠋ᠢᠨ ᠭᠤᠤᠯᠯᠠᠬᠤ ᠡᠬᠢ ᠪᠠᠶᠠᠯᠢᠭ ᠵᠢᠴᠢ ᠳᠠᠪᠠᠭᠤᠯᠢᠭ᠎ᠲᠤ ᠰᠠᠭᠤᠷᠢᠯᠠᠨ᠂ ᠪᠤᠳᠤᠯᠳᠠ ᠵᠢᠨ ᠬᠦᠴᠦᠨ᠎ᠢ ᠲᠥᠪᠯᠡᠷᠡᠭᠦᠯᠦᠨ ᠲᠣᠬᠢᠷᠠᠭᠤᠯᠤᠨ ᠠᠷᠠᠯᠵᠢᠶᠠᠯᠠᠬᠤ᠂ ᠵᠠᠭ᠍ᠪᠤᠷ᠎ᠢ ᠳᠥᠭᠥᠮ ᠲᠦᠷᠬᠡᠨ᠎ᠢᠶᠡᠷ ᠱᠢᠯᠵᠢᠭᠦᠯᠦᠨ ᠬᠡᠷᠡᠭ᠌ᠯᠡᠬᠦ᠌᠂ ᠦᠭᠡᠰ ᠤ᠋ᠨ ᠨᠢᠭᠡᠴᠢ ᠵᠢᠨ ᠠᠷᠠᠯᠵᠢᠶ᠎ᠠ᠎ᠶ᠋ᠢ ᠲᠤᠭᠠᠴᠠᠭ᠎ᠠ ᠬᠢᠬᠦ ᠵᠡᠷᠭᠡ ᠨᠢᠭᠡ ᠥᠷᠲᠡᠭᠡᠴᠢᠯᠡᠭᠰᠡᠨ ᠮᠠᠶᠢᠭ᠎ᠤᠨ ᠴᠢᠳᠠᠮᠵᠢ᠎ᠶ᠋ᠢ ᠬᠤᠷᠠᠮᠳᠤᠭᠤᠯᠵᠤ᠂ ᠣᠷᠣᠨ ᠪᠦᠰᠡ᠎ᠶ᠋ᠢᠨ ᠪᠤᠳᠤᠯᠳᠠ ᠵᠢᠨ ᠬᠦᠴᠦᠨ ᠤ᠋ ᠵᠠᠭ᠍ᠪᠤᠷ᠎ᠤᠨ ᠦᠭᠡᠰ ᠤ᠋ᠨ ᠨᠢᠭᠡᠴᠢ ᠵᠢᠨ ᠠᠷᠠᠯᠵᠢᠶᠠᠨ᠎ᠤ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠬᠣᠭᠣᠰᠣᠨ᠎ᠢ ᠨᠥᠬᠥᠪᠥᠷᠢᠯᠡᠪᠡ᠃
ᠣᠳᠣᠬᠠᠨ᠎ᠳᠤ᠂ ᠵᠣᠬᠢᠶᠠᠮᠠᠯ ᠣᠶᠤᠨ ᠴᠢᠳᠠᠪᠤᠷᠢ ᠲᠦᠷᠭᠡᠨ ᠬᠥᠭ᠌ᠵᠢᠵᠦ᠍᠂ ᠪᠥᠬᠥ᠌ ᠤᠯᠤᠰ᠎ᠤᠨ ᠨᠢᠭᠡ ᠴᠣᠭ᠍ᠴᠠᠵᠢᠭ᠍ᠰᠠᠨ ᠪᠤᠳᠤᠯᠳᠠ ᠵᠢᠨ ᠬᠦᠴᠦᠨ᠎ᠦ ᠲᠤᠤᠷ᠎ᠤᠨ ᠪᠥᠲᠥᠭᠡᠨ ᠪᠠᠢᠭᠤᠯᠤᠯᠲᠠ ᠲᠦᠷᠭᠡᠨ ᠠᠭᠢᠵᠤ᠂ ᠦᠭᠡᠰ ᠤ᠋ᠨ ᠨᠢᠭᠡᠴᠢ (Token)᠎ᠶ᠋ᠢ ᠱᠢᠯᠵᠢᠭᠦᠯᠦᠨ ᠬᠡᠷᠡᠭ᠌ᠯᠡᠬᠦ᠌ ᠬᠡᠮᠵᠢᠶ᠎ᠡ ᠦᠷᠭᠦᠯᠵᠢᠯᠡᠨ ᠳᠡᠭᠡᠭ᠌ᠰᠢᠯᠡᠵᠦ᠍᠂ ᠡᠭᠦᠨ ᠵᠢᠡᠷ ᠥᠪᠥᠷ ᠮᠣᠩᠭᠣᠯ᠎ᠤᠨ ᠦᠭᠡᠰ ᠤ᠋ᠨ ᠨᠢᠭᠡᠴᠢ ᠵᠢᠨ ᠠᠷᠠᠯᠵᠢᠶᠠᠨ᠎ᠤ ᠲᠠᠪᠴᠠᠩ ᠪᠣᠶ ᠪᠣᠯᠪᠠ᠃
ᠲᠠᠪᠴᠠᠩ ᠨᠢ 《ᠳᠤᠮᠳᠠᠳᠤ ᠤᠯᠤᠰ᠎ᠤᠨ ᠡᠭᠦᠯᠡᠨ ᠬᠥᠨᠳᠡᠶ》 ᠶ᠋ᠢᠨ ᠪᠠᠰᠠ ᠨᠢᠭᠡᠨ ᠴᠢᠬᠤᠯᠠ ᠶᠡᠬᠡ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ ᠪᠣᠯᠤᠭ᠍ᠰᠠᠨ᠎ᠤ ᠬᠤᠪᠢ᠎ᠳᠤ᠂ ᠲᠣᠭ᠍ᠲᠠᠭᠠᠯ᠎ᠳᠤ ᠨᠡᠢᠴᠡᠬᠦ᠌ ᠦᠭᠡᠰ ᠤ᠋ᠨ ᠨᠢᠭᠡᠴᠢ (Token) ᠵᠢᠨ ᠠᠷᠠᠯᠵᠢᠶᠠᠨ᠎ᠤ ᠭᠤᠤᠯᠯᠠᠬᠤ ᠴᠢᠳᠠᠪᠤᠷᠢ᠎ᠶ᠋ᠢ ᠪᠦᠷᠢᠯᠳᠦᠭᠦᠯᠵᠦ᠍᠂ ᠤᠨᠳᠤᠤᠱᠢᠯ ᠪᠤᠳᠤᠯᠳᠠ ᠵᠢᠨ ᠬᠦᠴᠤᠨ᠂ ᠴᠢᠨᠠᠷ ᠰᠠᠢᠲᠠᠶ ᠵᠠᠭ᠍ᠪᠤᠷ᠎ᠢ ᠬᠤᠷᠠᠮᠳᠤᠭᠤᠯᠤᠨ ᠨᠡᠢᠯᠡᠭᠦᠯᠵᠦ᠍᠂ ᠵᠠᠬ᠎ᠠ ᠳᠡᠯᠭᠡᠭᠦᠷ᠎ᠦᠨ ᠭᠤᠷᠪᠠᠨ ᠶᠡᠬᠡ ᠭᠤᠤᠯᠯᠠᠬᠤ ᠡᠬᠢ ᠪᠠᠶᠠᠯᠢᠭ᠎ᠢ ᠬᠡᠷᠡᠭ᠌ᠯᠡᠵᠦ᠍᠂ ᠵᠠᠰᠠᠭ᠎ᠤᠨ ᠣᠷᠳᠣᠨ᠂ ᠠᠵᠤ ᠠᠬᠤᠢᠯᠠᠯ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠵᠡᠷᠭᠡ᠎ᠳᠦ 《ᠪᠣᠳᠣᠯᠳᠠ ᠵᠢᠨ ᠬᠦᠴᠦᠨ᠎ᠢ ᠭᠠᠳᠠᠭ᠍ᠰᠢ ᠭᠠᠷᠭᠠᠬᠤ — ᠵᠠᠭ᠍ᠪᠤᠷ ᠱᠢᠯᠵᠢᠭᠦᠯᠦᠨ ᠬᠡᠷᠡᠭ᠌ᠯᠡᠬᠦ᠌ — ᠬᠡᠷᠡᠭ᠌ᠯᠡᠯᠲᠡ᠎ᠶ᠋ᠢ ᠨᠠᠢᠳᠠᠪᠤᠷᠢᠵᠢᠭᠤᠯᠬᠤ — ᠦᠭᠡᠰ ᠤ᠋ᠨ ᠨᠢᠭᠡᠴᠢ ᠵᠢᠨ ᠲᠤᠭᠠᠴᠠᠭ᠎ᠠ ᠬᠢᠬᠦ》 ᠪᠦᠬᠦ ᠤᠷᠤᠴᠠ ᠮᠠᠶᠢᠭ᠎ᠤᠨ AI ᠦᠶ᠋ᠯᠡᠴᠢᠯᠡᠭᠡ ᠬᠠᠩᠭᠠᠵᠤ ᠪᠣᠯᠤᠨ᠎ᠠ᠃
ᠣᠢᠯᠠᠭᠠᠭ᠍ᠰᠠᠨ᠎ᠢᠶᠠᠷ᠂ ᠲᠠᠪᠴᠠᠩ᠎ᠨᠢ ᠤᠯᠤᠰ᠎ᠲᠠᠭᠠᠨ ᠦᠶ᠋ᠯᠡᠳᠪᠦᠷᠢᠯᠡᠭ᠌ᠰᠡᠨ ᠢᠯᠳᠡᠰᠤ ᠪᠣᠯᠤᠨ ᠭᠤᠤᠯ ᠤᠷᠤᠰᠭᠠᠯ᠎ᠤᠨ ᠪᠤᠳᠤᠯᠳᠠ ᠵᠢᠨ ᠬᠦᠴᠤᠨ ᠤ᠋ ᠪᠦᠲᠦᠴᠡ᠎ᠲᠡᠶ ᠪᠥᠬᠥ᠌ ᠲᠠᠯ᠎ᠠ᠎ᠪᠠᠷ ᠳᠣᠭᠢᠷᠠᠵᠤ᠂ ᠲᠦᠷᠦᠭᠦᠦ ᠪᠦᠯᠦᠭ᠎ᠦᠨ ᠭᠤᠷᠪᠠᠨ ᠲᠣᠮᠣ ᠴᠢᠮᠡᠭᠡ ᠬᠣᠯᠪᠣᠭᠠᠨ᠎ᠤ ᠡᠵᠡᠩᠨᠡᠯᠲᠡ᠎ᠶ᠋ᠢᠨ ᠠᠵᠤ ᠠᠬᠤᠢᠯᠠᠯ ᠵᠢᠴᠢ ᠲᠠᠭᠠᠭᠤᠯᠤᠬᠴᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠶ᠋ᠯᠡᠳᠪᠦᠷᠢ ᠵᠢᠨ ᠠᠵᠤ ᠠᠬᠤᠢᠯᠠᠯ᠎ᠤᠨ ᠠᠷᠪᠠ ᠭᠠᠷᠤᠶ ᠭᠤᠤᠯ ᠤᠷᠤᠰᠭᠠᠯ᠎ᠤᠨ ᠵᠠᠭ᠍ᠪᠤᠷ᠎ᠢ ᠵᠠᠯᠭᠠᠨ ᠣᠷᠣᠭᠤᠯᠪᠠ᠃ ᠬᠡᠷᠡᠭ᠌ᠯᠡᠭ᠌ᠴᠢᠳ ᠤ᠋ᠨ ᠬᠡᠷᠡᠭ᠌ᠴᠡᠭᠡ ᠶ᠋ᠢ ᠦᠨᠳᠦᠰᠦᠯᠡᠨ᠂ ᠲᠠᠪᠴᠠᠩ᠎ᠨᠢ ᠪᠠᠰᠠ ᠪᠥᠬᠥ᠌ ᠤᠯᠤᠰ᠎ᠤᠨ ᠵᠠᠩᠭᠢᠶᠠᠰᠤ᠎ᠶ᠋ᠢᠨ ᠨᠢᠬᠡᠳᠦᠯᠳᠡᠢ ᠪᠤᠳᠤᠯᠳᠠ᠂ ᠣᠶᠤᠨᠴᠢ ᠪᠤᠳᠤᠯᠳᠠ᠂ ᠲᠡᠰ ᠡᠴᠡ ᠲᠠᠪᠠᠬᠰᠠᠨ ᠪᠤᠳᠤᠯᠳᠠ ᠵᠡᠷᠭᠡ ᠣᠯᠠᠨ ᠡᠱᠢᠲᠦ ᠪᠤᠳᠤᠯᠳᠠ ᠵᠢᠨ ᠬᠦᠴᠦᠨ᠎ᠦ ᠡᠬᠢ ᠪᠠᠶᠠᠯᠢᠭ᠎ᠢ ᠨᠡᠢᠳᠭᠡᠨ ᠣᠷᠣᠭᠤᠯᠵᠤ᠂ ᠣᠶᠤᠨᠴᠢ᠎ᠪᠠᠷ ᠳᠣᠭᠢᠷᠠᠭᠤᠯᠬᠤ ᠪᠤᠳᠤᠬᠤ ᠠᠷᠭ᠎ᠠ᠎ᠪᠠᠷ ᠳᠠᠮᠵᠢᠨ ᠪᠤᠳᠤᠯᠳᠠ ᠵᠢᠨ ᠬᠦᠴᠦᠨ᠎ᠦ ᠡᠬᠢ ᠪᠠᠶᠠᠯᠢᠭ᠎ᠤᠨ ᠬᠠᠷᠢᠮᠠᠬᠠᠶ ᠴᠢᠨᠠᠷᠳᠡᠢ ᠬᠤᠪᠢᠶᠠᠷᠢᠯᠠᠬᠤ᠂ ᠥᠨᠳᠥᠷ ᠪᠦᠲᠦᠮᠵᠢᠲᠡᠶ᠎ᠪᠡᠷ ᠳᠣᠭᠢᠷᠠᠭᠤᠯᠬᠤ᠂ ᠡᠷᠴᠢᠮᠵᠢᠭᠦᠯᠦᠨ ᠬᠠᠩᠭᠠᠬᠤ᠎ᠶ᠋ᠢ ᠪᠡᠶᠡᠯᠡᠭᠦᠯᠵᠦ᠍᠂ ᠬᠡᠷᠡᠭ᠌ᠯᠡᠭ᠌ᠴᠢᠳ᠎ᠲᠦ ᠳᠥᠭᠥᠮ ᠲᠦᠷᠬᠡᠨ ᠪᠥᠭᠡᠳ ᠬᠡᠷᠡᠭ᠌ᠯᠡᠬᠦ᠌᠎ᠳᠦ ᠬᠢᠯᠪᠠᠷ᠂ ᠪᠣᠬᠢᠷᠲᠤᠯ ᠥᠬᠡᠶ ᠪᠥᠭᠡᠳ ᠪᠠᠭ᠎ᠠ ᠨᠡᠭᠦᠷᠡᠰᠦᠲᠥ᠋ᠷᠥᠭ᠌ᠴᠢᠳᠤ᠂ ᠴᠢᠨᠠᠷ ᠰᠠᠢᠲᠠᠶ ᠪᠥᠭᠡᠳ ᠬᠢᠮᠳᠠ ᠦᠭᠡᠰ᠎ᠤ᠋ᠨ ᠨᠢᠭᠡᠴᠢ (Token) ᠵᠢᠨ ᠠᠷᠠᠯᠵᠢᠶᠠᠨ᠎ᠤ ᠦᠶ᠋ᠯᠡᠴᠢᠯᠡᠭᠡ ᠬᠠᠩᠭᠠᠵᠤ ᠪᠣᠯᠤᠨ᠎ᠠ᠃
ᠲᠠᠷᠠᠭᠠᠴᠢ᠎ᠶ᠋ᠢᠨ ᠠᠯᠬᠤᠮ᠎ᠳᠤ᠂ ᠲᠠᠪᠴᠠᠩ᠎ᠨᠢ ᠪᠠᠰᠠ 《Token ᠲᠡᠮᠳᠡᠭ᠌ᠲᠦ》᠂ 《ᠪᠤᠳᠤᠯᠳᠠ ᠵᠢᠨ ᠬᠦᠴᠦᠨ᠎ᠦ ᠲᠡᠮᠳᠡᠭ᠌ᠲᠦ》 ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠨ᠂ ᠨᠠᠩ ᠣᠯᠠᠨ ᠵᠠᠭ᠍ᠪᠤᠷ᠎ᠤᠨ ᠦᠶ᠋ᠯᠡᠳᠪᠦᠷᠢ ᠵᠢᠨ ᠠᠵᠤ ᠠᠬᠤᠢᠯᠠᠯ᠂ ᠪᠤᠳᠤᠯᠳᠠ ᠵᠢᠨ ᠬᠦᠴᠦᠨ᠎ᠦ ᠠᠵᠤ ᠠᠬᠤᠢᠯᠠᠯ᠂ ᠲᠣᠭ᠎ᠠ ᠪᠠᠷᠢᠮᠲᠠ᠎ᠶ᠋ᠢᠨ ᠦᠶ᠋ᠯᠡᠴᠢᠯᠡᠭᠡᠨ᠎ᠦ ᠠᠵᠤ ᠠᠬᠤᠢᠯᠠᠯ᠎ᠢ ᠲᠥᠪᠯᠡᠷᠡᠭᠦᠯᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠭᠠᠵᠠᠷ ᠣᠷᠣᠨ᠎ᠤ ᠦᠭᠡᠰ᠎ᠦᠨ ᠨᠢᠭᠡᠴᠢ (Token) ᠵᠢᠨ ᠠᠷᠠᠯᠵᠢᠶᠠᠨ᠎ᠤ ᠭᠦᠶ᠋ᠯᠭᠡᠭᠡ ᠵᠢᠨ ᠥᠨᠳᠥᠷᠯᠢᠭ ᠢ᠋ ᠬᠦᠴᠦᠯᠡᠨ ᠪᠠᠢᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭᠠᠴᠢᠯᠠᠭ᠍ᠰᠠᠨ ᠠᠵᠤ ᠠᠬᠤᠶ ᠪᠣᠯᠤᠨ ᠵᠣᠬᠢᠶᠠᠮᠠᠯ ᠣᠶᠤᠨ ᠴᠢᠳᠠᠪᠤᠷᠢ ᠵᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠵᠦ᠍᠂ 《ᠳᠤᠮᠳᠠᠳᠤ ᠤᠯᠤᠰ᠎ᠤᠨ ᠡᠭᠦᠯᠡᠨ ᠬᠥᠨᠳᠡᠶ》 ᠶ᠋ᠢ ᠪᠥᠬᠥ᠌ ᠤᠯᠤᠰ᠎ᠲᠤ ᠦᠶ᠋ᠯᠡᠴᠢᠯᠡᠬᠦ᠌ ᠪᠤᠳᠤᠯᠳᠠ ᠵᠢᠨ ᠬᠦᠴᠦᠨ᠎ᠤ ᠲᠣᠬᠢᠷᠠᠭᠤᠯᠤᠯᠲᠠ ᠪᠠ ᠦᠭᠡᠰ᠎ᠦᠨ ᠨᠢᠭᠡᠴᠢ (Token) ᠵᠢᠨ ᠠᠷᠠᠯᠵᠢᠶᠠᠨ᠎ᠤ ᠬᠦᠶ᠋ᠰᠦ ᠪᠣᠯᠭᠠᠬᠤ᠎ᠶ᠋ᠢ ᠠᠬᠢᠭᠤᠯᠬᠤ ᠪᠤᠯᠤᠨ᠎ᠠ᠃