ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 36 ᠳ᠋ᠤᠭᠠᠷ ᠬᠤᠭᠤᠴᠠᠭᠠᠨ᠎ᠤ ᠲᠠᠯ᠎ᠠ ᠨᠤᠲᠤᠭ᠎ᠤᠨ ᠨᠠᠭᠠᠳᠤᠮ 7 ᠰᠠᠷ᠎ᠠ᠎ᠳᠤ ᠶᠠᠪᠤᠭᠳᠠᠨ᠎ᠠ
2026-06-01 10:19:17
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠡᠨᠡ ᠵᠢᠯ᠂ ᠰᠢᠯᠢ ᠎ᠶᠢᠨ ᠭᠤᠤᠯ ᠠᠶ᠋ᠢᠮᠠᠭ ᠠᠳᠤᠭᠤᠨ ᠰᠣᠶᠣᠯ ᠎ᠤᠨ ᠨᠠᠭᠠᠳᠤᠮ᠂ ᠥᠪᠡᠰᠦᠪᠡᠨ ᠲᠡᠷᠭᠡ ᠵᠢᠯᠣᠭᠣᠳᠴᠤ᠌ ᠵᠢᠭᠤᠯᠴᠢᠯᠠᠬᠤ ᠵᠡᠷᠭᠡ ᠬᠦᠷᠢᠶ᠎ᠡ ᠴᠠᠷᠠᠭᠠᠨ᠎ᠳᠤ 80 ᠭᠠᠷᠤᠶ ᠵᠦᠢᠯ ᠎ᠦᠨ ᠤᠨᠴᠠᠯᠢᠬᠳᠤ ᠰᠣᠶᠣᠯ ᠵᠢᠭᠤᠯᠴᠢᠯᠠᠯ ᠎ᠤᠨ ᠠᠵᠢᠯᠯᠠᠭ᠎ᠠ ᠶᠠᠪᠤᠭᠳᠠᠭᠤᠯᠵᠤ᠂ ᠨᠢ᠋ᠮᠠᠨ ᠵᠦᠭ᠎ᠤᠨ ᠵᠣᠴᠢᠳ᠎ᠢ ᠲᠠᠯ᠎ᠠ ᠨᠤᠲᠤᠭ᠎ᠲᠤ᠌ ᠤᠷᠢᠵᠦ ᠪᠤᠢ᠃

ᠥᠪᠥᠷ ᠮᠣᠩᠭᠣᠯ᠎ᠤᠨ 36 ᠳ᠋ᠤᠭᠠᠷ ᠬᠤᠭᠤᠴᠠᠭᠠᠨ᠎ᠤ ᠲᠠᠯ᠎ᠠ ᠨᠤᠲᠤᠭ᠎ᠤᠨ ᠨᠠᠭᠠᠳᠤᠮ ᠵᠢᠴᠢ ᠮᠣᠷᠢᠨ ᠮᠡᠷᠭᠡᠵᠢᠯ᠎ᠦᠨ ᠤᠷᠤᠯᠳᠤᠭᠠᠨ᠂ ᠮᠠᠰᠢᠨ ᠲᠡᠷᠭᠡᠨ᠎ᠦ ᠭᠡᠭᠡᠷᠡᠯᠡᠭᠦ ᠤᠷᠤᠯᠳᠤᠭᠠᠨ᠂ ᠳᠠᠭᠤᠤ ᠬᠥᠭᠵᠢᠮ᠎ᠦᠨ ᠨᠠᠭᠠᠳᠤᠮ᠂ ᠮᠥᠰᠥ᠍ ᠴᠠᠰᠤᠨ᠎ᠤ ᠤᠯᠠᠷᠢᠯ ᠵᠡᠷᠭᠡ ᠠᠵᠢᠯᠯᠠᠭ᠎ᠠ ᠪᠥᠬᠥ᠌ ᠵᠢᠯ᠎ᠢᠶᠡᠷ᠎ᠢᠶᠡᠨ ᠪᠠᠶᠠᠷ ᠬᠥᠷ᠎ᠲᠡᠶ ᠶᠠᠪᠤᠭᠳᠠᠬᠤ ᠪᠤᠯᠤᠨ᠎ᠠ᠃


 

ᠠᠵᠢᠯᠯᠠᠭᠠᠨ᠎ᠦ ᠲᠣᠬᠢᠷᠠᠭᠤᠯᠤᠯᠲᠠ ᠵᠢᠨ ᠭᠦᠰᠦᠨᠦᠭᠳᠦ


QQ20260601-102039.png

 

 《5·19 ᠳᠤᠮᠳᠠᠳᠤ ᠤᠯᠤᠰ᠎ᠤᠨ ᠵᠢᠭᠤᠯᠴᠢᠯᠠᠯ᠎ᠤᠨ ᠡᠳᠦᠷ》 ᠤ᠋ᠨ  ᠰᠢᠯᠢ᠎ᠶᠢᠨ ᠭᠤᠤᠯ ᠠᠶ᠋ᠢᠮᠠᠭ ᠎ᠤᠨ ᠭᠤᠤᠯ ᠰᠡᠳᠦᠪᠲᠦ᠍ ᠠᠵᠢᠯᠯᠠᠭ᠎ᠠ ᠵᠢᠴᠢ ᠮᠣᠩᠭᠣᠯ ᠮᠣᠷᠢᠨ ᠎ᠤ ᠬᠡᠲᠦ᠍ ᠳᠠᠰ᠎ᠤᠨ ᠬᠣᠯᠪᠣᠭᠠᠲᠤ᠌ ᠤᠷᠤᠯᠳᠤᠭᠠᠨ ᠪᠠᠷᠠᠭᠤᠨ ᠦᠵᠦᠮᠦᠴᠢᠨ ᠬᠣᠰᠢᠭᠤᠨ᠎ᠤ 99 ᠨᠣᠮᠧᠷᠲᠤ᠌ ᠵᠠᠰᠠᠮᠠᠯ ᠵᠠᠮ ᠡᠴᠡ ᠡᠬᠢᠯᠡᠭᠰᠡᠨ ᠨᠢ ᠪᠥᠬᠥ᠌ ᠠᠶ᠋ᠢᠮᠠᠭ᠎ᠤᠨ 2026 ᠣᠨ ᠎ᠤ ᠰᠣᠶᠣᠯ ᠲᠠᠮᠢᠷ ᠵᠢᠭᠤᠯᠴᠢᠯᠠᠯ᠎ᠤᠨ ᠠᠵᠢᠯᠯᠠᠭ᠎ᠠ ᠪᠥᠬᠥ᠌ ᠲᠠᠯ᠎ᠠ᠎ᠪᠠᠷ ᠡᠬᠢᠯᠡᠭᠰᠡᠨ᠎ᠢ ᠬᠠᠷᠠᠭᠤᠯᠵᠤ ᠪᠠᠶ᠋ᠢᠨ᠎ᠠ᠃


ᠲᠠᠯ᠎ᠠ ᠨᠤᠲᠤᠭ᠎ᠠᠴᠠ ᠢᠷᠡᠭᠰᠡᠨ ᠬᠠᠯᠠᠭᠤᠨ ᠰᠡᠳᠬᠢᠯ᠎ᠦᠨ ᠤᠷᠢᠯᠭ᠎ᠠ

·ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ 36 ᠳ᠋ᠤᠭᠠᠷ ᠬᠤᠭᠤᠴᠠᠭᠠᠨ ᠎ᠤ ᠲᠠᠯ᠎ᠠ ᠨᠤᠲᠤᠭ ᠎ᠤᠨ ᠨᠠᠭᠠᠳᠤᠮ ᠰᠢᠯᠢᠡᠭᠬᠣᠲᠠ᠎ᠳᠤ ᠡᠬᠢᠯᠡᠵᠦ᠍᠂ ᠮᠣᠷᠢ ᠤᠷᠤᠯᠳᠤᠬᠤ᠂ ᠪᠥᠬᠡ ᠪᠠᠷᠢᠯᠳᠤᠬᠤ᠂ ᠰᠤᠷ ᠬᠠᠷᠪᠤᠬᠤ ᠵᠡᠷᠭᠡ ᠤᠯᠠᠮᠵᠢᠯᠠᠯᠲᠤ᠌ ᠨᠠᠭᠠᠳᠤᠮ ᠶᠠᠪᠤᠭᠳᠠᠵᠤ᠂ 《ᠲᠡᠯᠭᠡᠷ ᠨᠠᠭᠠᠳᠤᠮ》 ᠠᠵᠢᠯᠯᠠᠭ᠎ᠠ ᠡᠯ᠎ᠡ ᠬᠣᠰᠢᠭᠤ ᠰᠢᠶᠠᠨ ᠬᠣᠲᠠ(ᠲᠣᠭᠣᠷᠢᠭ)᠎ᠳ᠋ᠤ ᠦᠷᠭᠦᠯᠵᠢᠯᠡᠨ ᠨᠢᠭᠡ ᠰᠠᠷ᠎ᠠ ᠶᠠᠪᠤᠭᠳᠠᠬᠤ ᠪᠣᠯᠤᠨ᠎ᠠ᠃


QQ20260601-102104.png


·ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠣᠩᠭᠣᠯ ᠮᠣᠷᠢᠨ᠎ᠤ ᠭᠡᠳᠦ ᠲᠠᠰ᠎ᠤᠨ ᠬᠣᠯᠪᠣᠭᠠᠲᠤ᠌ ᠤᠷᠤᠯᠳᠤᠭᠠᠨ᠂ ᠪᠥᠬᠥ᠌ ᠤᠯᠤᠰ᠎ᠤᠨ ᠮᠣᠩᠭᠣᠯ ᠮᠣᠷᠢᠨ᠎ᠤ ᠭᠡᠳᠦ ᠲᠠᠰ᠎ᠤᠨ ᠬᠣᠯᠪᠣᠭᠠᠲᠤ᠌ ᠤᠷᠤᠯᠳᠤᠭᠠᠨ ᠵᠠᠯᠭᠠᠭ᠎ᠠ᠎ᠪᠠᠷ ᠡᠬᠢᠯᠡᠵᠦ᠍᠂ ᠪᠠᠷᠠᠭᠤᠨ ᠦᠵᠦᠮᠦᠴᠢᠨ ᠬᠣᠰᠢᠭᠤᠨ᠎ᠤ ᠲᠠᠯ᠎ᠠ ᠨᠤᠲᠤᠭ᠎ᠤᠨ 99 ᠨᠣᠮᠧᠷᠲᠤ᠌ ᠵᠠᠰᠠᠮᠠᠯ ᠵᠠᠮ ᠎ᠤᠨ ᠲᠦᠮᠡᠨ ᠬᠥᠮᠦᠨ ᠎ᠦ ᠣᠳᠣᠳᠦ ᠲᠣᠭᠯᠠᠯᠲᠠ᠂ ᠰᠢᠯᠤᠭᠤᠨ ᠬᠥᠬᠡ ᠬᠣᠰᠢᠭᠤᠨ᠎ᠤ ᠠᠯᠲᠠᠨ ᠯᠢᠩᠬᠤ᠎ᠠ᠎ᠶᠢᠨ ᠰᠣᠶᠣᠯ ᠵᠢᠭᠤᠯᠴᠢᠯᠠᠯ᠎ᠤᠨ ᠤᠯᠠᠷᠢᠯ᠂ ᠬᠤᠯᠠᠨ ᠰᠢᠷᠭ᠎ᠠ ᠲᠠᠭ᠎ᠠ᠎ᠶᠢᠨ ᠡᠯᠡᠰᠦ ᠵᠢ ᠳᠤᠭᠤᠯᠬᠤ ᠮᠠᠰᠢᠨ ᠲᠡᠷᠭᠡᠨ᠎ᠦ ᠭᠡᠭᠡᠷᠡᠯᠡᠭᠦ ᠤᠷᠤᠯᠳᠤᠭᠠᠨ᠂ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠬᠢᠯᠢ ᠠᠯᠤᠰᠯᠠᠨ ᠲᠤᠭᠤᠯᠬᠤ ᠤᠷᠤᠯᠳᠤᠭᠠᠨ ᠵᠡᠷᠭᠡ ᠠᠵᠢᠯᠯᠠᠭ᠎ᠠ ᠴᠤ᠌ ᠵᠠᠯᠭᠠᠭ᠎ᠠ᠎ᠪᠠᠷ ᠶᠠᠪᠤᠭᠳᠠᠨ᠎ᠠ᠃


QQ20260601-102115.png


· ᠵᠤᠨ᠎ᠤ ᠳᠡᠯᠭᠡᠷ ᠤᠯᠠᠷᠢᠯ᠎ᠳᠤ᠂ ᠰᠢᠯᠢ ᠵᠢᠨ ᠭᠤᠤᠯ ᠠᠶ᠋ᠢᠮᠠᠭ᠎ᠤᠨ ᠭᠤᠷᠪᠠᠳᠤᠭᠠᠷ ᠬᠤᠭᠤᠴᠠᠭᠠᠨ ᠎ᠤ ᠵᠤᠨ ᠎ᠤ ᠤᠯᠠᠷᠢᠯ ᠎ᠤᠨ ᠮᠣᠩᠭᠣᠯ ᠮᠤᠷᠢᠨ ᠎ᠤ ᠬᠣᠯᠪᠣᠭᠠᠲᠤ᠌ ᠤᠷᠤᠯᠳᠤᠭᠠᠨ᠎ᠤ ᠰᠢ᠌ᠳᠪᠦᠷᠢᠲᠦ᠍ ᠤᠷᠤᠯᠳᠤᠭᠠᠨ ᠲᠠᠶ᠋ᠢᠹᠦᠰᠧ ᠬᠣᠰᠢᠭᠤᠨ ᠎ᠳᠤ ᠶᠠᠪᠤᠭᠳᠠᠨ᠎ᠠ᠃ ᠪᠠᠷᠠᠭᠤᠨ ᠦᠵᠦᠮᠦᠴᠢᠨ ᠬᠣᠰᠢᠭᠤᠨ᠎ᠤ ᠴᠠᠭᠠᠨ ᠮᠣᠷᠢ᠎ᠶᠢᠨ ᠨᠠᠭᠠᠳᠤᠮ᠂ ᠰᠢᠯᠢᠩᠬᠣᠲᠠ᠎ᠶᠢᠨ 《ᠮᠣᠩᠭᠣᠯ ᠮᠣᠷᠢ》 ᠲᠣᠮᠣ ᠬᠡᠯᠪᠡᠷᠢ᠎ᠶᠢᠨ ᠦᠵᠡᠭᠦᠯᠭᠡ᠎ᠶᠢᠨ ᠲᠣᠭᠯᠠᠯᠲᠠ ᠵᠡᠷᠭᠡ ᠠᠵᠢᠯᠯᠠᠭ᠎ᠠ ᠨᠢ ᠭᠣᠶ᠋ᠢᠳᠠ ᠰᠠᠶ᠋ᠢᠬᠠᠨ ᠦᠷᠨᠢᠭᠦ ᠪᠤᠯᠤᠨ᠎ᠠ᠃


QQ20260601-102125.png


ᠠᠯᠲᠠᠨ ᠨᠠᠮᠤᠷ ᠎ᠤᠨ ᠤᠯᠠᠷᠢᠯ᠎ᠳᠤ᠂ ᠳᠤᠮᠳᠠᠳᠤ ᠤᠯᠤᠰ ᠎ᠤᠨ ᠮᠤᠷᠢᠨ ᠮᠡᠷᠭᠡᠵᠢᠯ᠎ᠦᠨ ᠳᠡᠰᠪᠦᠷᠢ ᠳᠠᠭᠠᠭᠠᠴᠠ ᠶ᠋ᠢ ᠰᠢᠯᠭᠠᠬᠤ ᠤᠷᠤᠯᠳᠤᠭᠠᠨ᠂ ᠲᠠᠶ᠋ᠢᠹᠦᠰᠧ ᠬᠣᠰᠢᠭᠤᠨ᠎ᠤ ᠡᠯᠪᠡᠭ ᠬᠤᠷᠢᠶᠠᠯᠲᠠ᠎ᠶᠢᠨ ᠪᠠᠶᠠᠷ᠂ ᠰᠢᠯᠢᠩᠬᠣᠲᠠ ᠎ᠶᠢᠨ ᠲᠠᠯ᠎ᠠ ᠨᠤᠲᠤᠭ᠎ᠲᠤ᠌ ᠶᠠᠪᠠᠭᠠᠨ᠎ᠢᠶᠠᠷ ᠠᠶᠠᠯᠠᠬᠤ ᠵᠡᠷᠭᠡ ᠠᠵᠢᠯᠯᠠᠭ᠎ᠠ ᠵᠠᠯᠭᠠᠪᠡᠷ ᠶᠠᠪᠤᠭᠳᠠᠨ᠎ᠠ᠃


QQ20260601-102138.png


ᠡᠪᠦᠯ ᠎ᠦᠨ ᠡᠬᠢ ᠎ᠪᠡᠷ ᠳᠤᠮᠳᠠᠳᠤ ᠮᠣᠩᠭᠣᠯ ᠎ᠤᠨ ᠪᠥᠬᠥ᠌ ᠠᠷᠠᠳ ᠎ᠤᠨ ᠪᠡᠶ᠎ᠡ ᠴᠢᠭᠢᠷᠠᠭᠵᠢᠭᠤᠯᠬᠤ ᠲᠠᠮᠢᠷ ᠎ᠤᠨ ᠴᠤᠭᠯᠠᠭᠠᠨ ᠎ᠢ ᠡᠷᠭᠢᠯᠡᠬᠦ᠌᠎ᠪᠡᠷ ᠪᠠᠶ᠋ᠢᠨ᠎ᠠ᠂ ᠳᠤᠮᠳᠠᠳᠤ ᠮᠣᠩᠭᠣᠯ᠎ᠤᠨ ᠰᠣᠶᠣᠯ᠎ᠤᠨ ᠰᠣᠯᠢᠯᠴᠠᠭ᠎ᠠ᠂ ᠡᠪᠦᠯ ᠎ᠦᠨ ᠤᠯᠠᠷᠢᠯ ᠎ᠤᠨ ᠮᠥᠰᠥ᠍ ᠴᠠᠰᠤᠨ᠎ᠤ ᠪᠡᠶᠡᠴᠢᠯᠡᠨ ᠣᠶ᠋ᠢᠯᠠᠭᠠᠬᠤ ᠵᠡᠷᠭᠡ ᠵᠦᠢᠯᠡᠰ᠎ᠢ ᠴᠦ᠍ ᠪᠡᠯᠡᠳᠬᠡᠵᠦ᠍ ᠪᠠᠶ᠋ᠢᠨ᠎ᠠ᠂ ᠳᠠᠷᠠᠭ᠎ᠠ᠎ᠪᠠᠷ ᠵᠠᠯᠭᠠᠭ᠎ᠠ᠎ᠪᠠᠷ ᠨᠡᠶ᠋ᠢᠲᠡᠯᠡᠬᠦ᠌ ᠪᠣᠯᠤᠨ᠎ᠠ᠃


ᠢᠷᠡᠯᠲᠡ᠄ ᠰᠢᠯᠢ ᠵᠢᠨ ᠭᠤᠤᠯ᠎ᠤᠨ ᠬᠠᠮ ᠵᠠᠭᠤᠴᠢᠯᠠᠭᠤᠷ᠎ᠤᠨ ᠳᠦᠪ᠎ᠤᠨ ᠵᠢᠷᠭᠢᠶ᠎ᠠ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号