ᠪᠦᠬᠦ᠌ ᠤᠯᠤᠰ᠎ᠤᠨ ᠪᠢᠴᠢᠬᠠᠨ ᠨᠠᠢᠵᠠ᠎ᠨᠠᠷ ᠲᠤ᠌ 《6·1》 ᠤ᠋ ᠳᠡᠯᠡᠬᠡᠢ᠎ᠶ᠋ᠢᠨ ᠬᠡᠦᠬᠡᠳ᠎ᠦᠨ ᠪᠠᠶᠠᠷ᠎ᠤᠨ ᠡᠳᠦᠷ ᠤ᠋ᠨ ᠵᠦᠩᠨᠡᠯ ᠳᠡᠪᠰᠢᠭᠦᠯᠪᠡ
《6·1》 ᠤ᠋ ᠳᠡᠯᠡᠬᠡᠶ᠎ᠶ᠋ᠢᠨ ᠬᠡᠦᠬᠡᠳ᠎ᠦᠨ ᠪᠠᠶᠠᠷ ᠤ᠋ᠨ ᠡᠳᠤᠷ ᠬᠦᠷᠴᠦ᠍ ᠢᠷᠡᠬᠦ᠌ ᠲᠠᠱᠢᠷᠠᠮ᠎ᠢᠶᠠᠷ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠩᠬᠠᠳᠤᠭᠠᠷ ᠶᠡᠬᠡ ᠬᠤᠷᠠᠯ᠎ᠤᠨ ᠳᠤᠷᠠᠰᠭᠠᠯ᠎ᠤᠨ ᠣᠷᠳᠣᠨ᠂ ᠨᠠᠨ ᠬᠤ᠌ ᠨᠠᠭᠤᠷ᠎ᠤᠨ ᠬᠤᠪᠢᠰᠭᠠᠯ᠎ᠤᠨ ᠳᠤᠷᠠᠰᠭᠠᠯ᠎ᠤᠨ ᠣᠷᠳᠣᠨ᠎ᠤ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠤᠯᠠᠭᠠᠨ ᠪᠦᠴᠡᠳᠡᠨ ᠲᠠᠢᠯᠪᠤᠷᠢᠯᠠᠭ᠍ᠴᠢ᠎ᠳᠤ ᠬᠠᠷᠢᠭᠤ ᠵᠠᠬᠢᠳᠠᠯ ᠢᠯᠡᠭᠡᠵᠦ᠍᠂ ᠲᠡᠳᠡᠨ᠎ᠢ ᠳᠣᠲᠣᠨᠣ᠎ᠪᠠᠷ ᠵᠣᠷᠢᠭ᠍ᠵᠢᠭᠤᠯᠬᠤ᠎ᠶ᠋ᠢᠨ ᠬᠠᠮᠲᠤ᠂ ᠲᠠᠳᠠ ᠨᠡᠷ ᠪᠣᠯᠤᠨ ᠪᠥᠬᠥ᠌ ᠤᠯᠤᠰ᠎ᠤᠨ ᠪᠠᠭᠠᠴᠤᠳ ᠬᠡᠦᠬᠡᠳ᠎ᠲᠦ ᠪᠠᠶᠠᠷ᠎ᠤᠨ ᠡᠳᠦᠷ᠎ᠦᠨ ᠵᠦᠩᠨᠡᠯ ᠳᠡᠪᠱᠢᠭᠦᠯᠪᠡ᠃
ᠰᠢ ᠵᠢᠨ ᠫᠢᠩ ᠬᠠᠷᠢᠭᠤ ᠵᠠᠬᠢᠳᠠᠯ᠎ᠳᠠᠭᠠᠨ᠂ ᠲᠠ᠎ᠨᠠᠷ ᠠᠩᠬᠠᠳᠤᠭᠠᠷ ᠶᠡᠬᠡ ᠬᠤᠷᠠᠯ ᠢ᠋ ᠬᠤᠷᠠᠯᠳᠤᠭᠤᠯᠤᠬᠰᠠᠨ ᠬᠤᠷᠠᠯ᠎ᠤᠨ ᠪᠠᠭᠤᠷᠢ ᠳ᠋ᠤ ᠪᠣᠯᠤᠨ ᠨᠠᠨ ᠬᠤ᠌ ᠨᠠᠭᠤᠷ᠎ᠤᠨ ᠤᠯᠠᠭᠠᠨ ᠣᠩᠭᠣᠴᠠᠨ᠎ᠤ ᠬᠠᠵᠠᠭᠤ᠎ᠳᠤ ᠨᠠᠮ᠎ᠤᠨ ᠲᠡᠦᠬᠡ᠂ ᠬᠤᠪᠢᠰᠭᠠᠯ᠎ᠤᠨ ᠦᠯᠢᠭᠡᠷ ᠪᠣᠯᠤᠨ ᠪᠠᠭᠠᠲᠤᠷᠯᠢᠭ ᠦᠢᠯᠡ ᠠᠵᠢᠯᠯᠠᠭ᠎ᠠ᠎ᠶ᠋ᠢ ᠰᠡᠳᠭᠢᠯ ᠲᠠᠯᠪᠢᠨ ᠰᠡᠳᠬᠢᠯᠬᠡ ᠲᠠᠢ ᠲᠤᠭᠠᠴᠢᠨ ᠦᠬᠦᠯᠡᠵᠤ᠂ ᠨᠠᠮ᠎ᠢᠶᠠᠨ ᠬᠠᠢᠷᠠᠯᠠᠬᠤ᠂ ᠤᠯᠤᠰ᠎ᠢᠶᠠᠨ ᠬᠠᠢᠷᠠᠯᠠᠬᠤ᠂ ᠨᠡᠢᠭᠡᠮ ᠵᠢᠷᠤᠮ᠎ᠢᠶᠡᠨ ᠬᠠᠢᠷᠠᠯᠠᠬᠤ ᠰᠡᠳᠭᠢᠯᠭᠡ᠎ᠶ᠋ᠢ ᠵᠤᠵᠠᠭᠠᠳᠭᠠᠵᠤ᠂ ᠳᠠᠪᠲᠠᠨ ᠪᠣᠯᠪᠠᠰᠤᠷᠠᠵᠤ ᠦᠰᠦᠨ ᠪᠣᠢᠵᠢᠵᠤ ᠪᠠᠢᠬᠤ ᠵᠢ ᠤᠯᠵᠥ ᠮᠡᠳᠡᠭᠡᠳ ᠪᠢ ᠮᠠᠰᠢ ᠪᠠᠶᠠᠷᠯᠠᠵᠤ ᠪᠠᠢᠨ᠎ᠠ ᠭᠡᠪᠡ᠃
ᠰᠢ ᠵᠢᠨ ᠫᠢᠩ᠂ ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 105 ᠵᠢᠯ᠎ᠦᠨ ᠤᠢ ᠪᠣᠯᠤᠨ᠎ᠠ᠂ ᠨᠠᠮ᠎ᠤᠨ ᠦᠢᠯᠡᠰ ᠦᠶ᠎ᠡ ᠦᠶ᠎ᠡ᠎ᠶ᠋ᠢᠨ ᠬᠥᠮᠦᠰ᠎ᠦᠨ ᠪᠤᠤᠬᠢᠶ᠎ᠠ ᠵᠠᠯᠭᠠᠨ ᠦᠷᠭᠦᠯᠵᠢᠯᠡᠨ ᠲᠡᠮᠡᠴᠡᠬᠦ᠌᠎ᠶ᠋ᠢ ᠱᠠᠭᠠᠷᠳᠠᠵᠤ ᠪᠠᠢᠨ᠎ᠠ᠃ ᠲᠠ᠎ᠨᠠᠷ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠲᠣᠭ᠎ᠢ ᠥᠨᠳᠥᠷ ᠮᠠᠨᠳᠤᠭᠤᠯᠤᠨ ᠨᠠᠮ᠎ᠢᠶᠠᠨ ᠳᠠᠭᠠᠵᠤ ᠤᠷᠤᠬᠰᠢᠯᠠᠨ᠂ ᠬᠤᠪᠢᠰᠭᠠᠯᠳᠤ ᠤᠳᠤᠮᠱᠢᠯ᠎ᠢ ᠵᠠᠯᠭᠠᠮᠵᠢᠯᠠᠨ᠂ ᠮᠡᠳᠡᠯᠭᠡ ᠴᠢᠳᠠᠪᠤᠷᠢ᠎ᠪᠠᠨ ᠨᠡᠮᠡᠭ᠌ᠳᠡᠭᠦᠯᠵᠦ᠍᠂ ᠰᠥᠰᠥ᠍ ᠵᠣᠷᠢᠭ ᠵᠠᠩ ᠴᠢᠨᠠᠷ᠎ᠢᠶᠠᠨ ᠳᠠᠪᠲᠠᠨ ᠪᠣᠯᠪᠠᠰᠤᠷᠠᠭᠤᠯᠵᠤ᠂ ᠨᠠᠮ ᠪᠠ ᠠᠷᠠᠳ ᠲᠦᠮᠡᠨ᠎ᠦ ᠬᠤᠪᠢᠰᠬᠠᠯᠳᠤ ᠬᠡᠦᠬᠡᠳ ᠪᠣᠯᠵᠣ᠂ ᠱᠢᠨ᠎ᠡ ᠠᠶᠠᠨ ᠤ ᠲᠡᠦᠬᠡ᠎ᠶ᠋ᠢᠨ ᠪᠤᠤᠬᠢᠶ᠎ᠠ ᠤᠷᠤᠯᠳᠤᠭᠠᠨ ᠳᠤ ᠰᠠᠢᠳᠤᠷ ᠴᠢᠷᠮᠠᠢᠬᠤ ᠶ᠋ᠢ ᠬᠦᠰᠡᠵᠦ᠍ ᠪᠠᠢᠨ᠎ᠠ ᠭᠡᠵᠦ᠍ ᠴᠢᠬᠤᠯᠠᠴᠢᠯᠠᠵᠠᠢ᠃
2021 ᠣᠨ᠎ᠳᠤ᠂ 《ᠨᠠᠮ᠎ᠤᠨ ᠥᠯᠢᠭᠡᠷ᠎ᠢ ᠪᠢ ᠶᠠᠷᠢᠶ᠎ᠠ — ᠤᠯᠠᠭᠠᠨ ᠪᠥᠴᠡᠲᠡᠨ ᠲᠠᠢᠯᠪᠤᠷᠢᠯᠠᠭ᠍ᠴᠢ ᠪᠣᠯᠬᠤ᠎ᠪᠠᠷ ᠴᠢᠷᠮᠠᠢᠨ᠎ᠠ》 ᠭᠡᠬᠦ ᠦᠶ᠋ᠯᠡᠳᠦᠯᠭᠡ᠎ᠶ᠋ᠢᠨ ᠪᠡᠶᠡᠴᠢᠯᠡᠨ ᠣᠢᠯᠠᠭᠠᠬᠤ ᠠᠵᠢᠯᠯᠠᠭ᠎ᠠ ᠵᠢᠩᠬᠢᠨᠢ ᠪᠡᠷ ᠡᠬᠢᠯᠡᠵᠦ᠍᠂ ᠡᠯ᠎ᠡ ᠭᠠᠵᠠᠷ ᠤᠷᠤᠨ᠎ᠤ ᠬᠢᠨ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ᠎ᠢ ᠵᠣᠬᠢᠶᠠᠨ ᠪᠠᠢᠭᠤᠯᠵᠤ ᠬᠤᠪᠢᠰᠭᠠᠯ᠎ᠤᠨ ᠲᠠᠯᠠᠪᠠᠶ ᠣᠷᠳᠣᠨ᠎ᠳᠤ ᠤᠴᠢᠭᠤᠯᠵᠤ ᠨᠠᠮ᠎ᠤᠨ ᠲᠡᠦᠬᠡ᠎ᠶ᠋ᠢ ᠰᠤᠷᠤᠯᠴᠠᠵᠤ᠂ ᠨᠠᠮ᠎ᠤᠨ ᠥᠯᠢᠭᠡᠷ᠎ᠢ ᠲᠠᠢᠯᠪᠤᠷᠢᠯᠠᠪᠠ᠃ ᠤᠢ᠍ᠢᠷ᠎ᠠ᠎ᠳᠤ᠂ ᠱᠠᠩᠬᠠᠢᠳ᠋ᠡᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠩᠬᠠᠳᠤᠭᠠᠷ ᠶᠡᠬᠡ ᠬᠤᠷᠠᠯ᠎ᠤᠨ ᠳᠤᠷᠠᠰᠭᠠᠯ᠎ᠤᠨ ᠣᠷᠳᠣᠨ᠂ ᠵᠧᠵᠢᠶᠠᠩ᠎ᠤᠨ ᠵᠢᠶᠠ ᠱᠢᠩ᠎ᠤᠨ ᠨᠠᠨ ᠬᠤ᠌ ᠨᠠᠭᠤᠷ ᠤ᠋ᠨ ᠬᠤᠪᠢᠰᠭᠠᠯ᠎ᠤᠨ ᠳᠤᠷᠠᠰᠭᠠᠯ᠎ᠤᠨ ᠣᠷᠳᠣᠨ᠎ᠤ ᠪᠠᠭᠠᠴᠤᠳ᠎ᠤᠨ ᠬᠣᠱᠢᠭᠤᠴᠢ ᠠᠩᠬᠢ᠎ᠶ᠋ᠢᠨ ᠤᠯᠠᠭᠠᠨ ᠪᠥᠴᠡᠲᠡᠨ ᠲᠠᠢᠯᠪᠤᠷᠢᠯᠠᠭ᠍ᠴᠢ᠎ᠶ᠋ᠢᠨ ᠲᠥᠯᠥᠭᠡᠯᠡᠭ᠌ᠴᠢᠳ ᠶᠡᠷᠦᠩᠬᠡᠢ ᠱᠦᠵᠢ ᠰᠢ ᠵᠢᠨ ᠫᠢᠩ᠎ᠳᠦ ᠵᠠᠬᠢᠳᠠᠯ ᠪᠢᠴᠢᠵᠦ᠍᠂ ᠲᠠᠢᠯᠪᠤᠷᠢᠯᠠᠬᠤ ᠠᠵᠢᠯᠯᠠᠭ᠎ᠠ᠎ᠳᠤ ᠣᠷᠣᠯᠴᠠᠭ᠍ᠰᠠᠨ ᠣᠯᠤᠯᠲᠠ ᠪᠠ ᠦᠰᠦᠨ ᠪᠣᠢᠵᠢᠯᠲᠠ᠎ᠪᠠᠨ ᠬᠠᠷᠢᠭᠤ ᠮᠡᠳᠡᠭᠦᠯᠵᠦ᠍᠂ ᠱᠢᠨ᠎ᠡ ᠴᠠᠭ ᠦᠶ᠎ᠡ᠎ᠶ᠋ᠢᠨ ᠰᠠᠢ᠌ᠨ ᠪᠠᠭᠠᠴᠤᠳ ᠪᠣᠯᠬᠤ᠎ᠪᠠᠷ ᠴᠢᠷᠮᠠᠢᠬᠤ ᠵᠣᠷᠢᠭ᠎ᠢᠶᠠᠨ ᠢᠯᠡᠳᠭᠡᠵᠡᠬᠡᠪᠡ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 31 ᠤ᠋ ᠴᠠᠬᠢᠯᠭᠠᠨ ᠮᠡᠳᠡᠭᠡ)