《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠦᠨ 《ᠢᠷᠡᠭᠡᠳᠦᠶ᠎ᠶ᠋ᠢᠨ ᠠᠵᠤ ᠦᠢᠯᠡᠰ ᠢ᠋ ᠪᠠᠷᠠᠯᠠᠯᠳᠤ ᠴᠢᠨᠠᠷᠳᠠᠢ ᠪᠡᠷ ᠪᠠᠢᠷᠢᠱᠢᠭᠤᠯᠬᠤ ᠪᠠ ᠬᠦᠭᠵᠢᠬᠦᠯᠬᠦ ᠭᠡᠷᠡᠭᠳᠠᠢ》 ᠭᠡᠬᠦ ᠴᠢᠬᠤᠯᠠ ᠵᠤᠬᠢᠶᠠᠯ ᠢ᠋ ᠨᠡᠢᠲᠡᠯᠡᠪᠡ
2026-06-01 09:34:53
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

6 ᠰᠠᠷ᠎ᠠ᠎ᠶ᠋ᠢᠨ 1 ᠤ᠋ ᠡᠳᠦᠷ ᠬᠡᠪᠯᠡᠭ᠌ᠳᠡᠭᠰᠡᠨ 11 ᠳ᠋ᠤᠭᠡᠷ ᠬᠤᠭᠤᠴᠠᠭᠠᠨ᠎ᠤ 《ᠦᠨᠡᠨ》 ᠰᠡᠳᠬᠦᠯ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ᠎ᠦᠨ 《ᠢᠷᠡᠭᠡᠳᠦᠶ᠎ᠶ᠋ᠢᠨ ᠠᠵᠤ ᠦᠢᠯᠡᠰ ᠢ᠋ ᠪᠠᠷᠠᠯᠠᠯᠳᠤ ᠴᠢᠨᠠᠷᠳᠠᠢ ᠪᠡᠷ ᠪᠠᠢᠷᠢᠱᠢᠭᠤᠯᠬᠤ ᠪᠠ ᠬᠦᠭᠵᠢᠬᠦᠯᠬᠦ ᠭᠡᠷᠡᠭᠳᠠᠢ》 ᠭᠡᠬᠦ ᠴᠢᠬᠤᠯᠠ ᠵᠤᠬᠢᠶᠠᠯ ᠢ᠋ ᠨᠡᠢᠲᠡᠯᠡᠪᠡ᠃

ᠵᠣᠬᠢᠶᠠᠯ᠎ᠳᠤ᠂ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠤᠨ ᠬᠥᠭ᠌ᠵᠢᠭᠦᠯᠬᠦ᠌ ᠨᠢ ᠪᠢᠳᠡᠨ᠎ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠪᠣᠯᠤᠨ ᠠᠵᠤ ᠦᠢᠯᠡᠰ᠎ᠦᠨ ᠠᠱᠢᠭ᠍ᠲᠠᠢ ᠪᠠᠢᠷᠢ᠎ᠶ᠋ᠢ ᠵᠠᠪᠳᠤᠨ ᠡᠵᠡᠯᠡᠬᠦ᠌᠂ ᠬᠥᠭ᠌ᠵᠢᠯᠲᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠪᠠᠲᠤ ᠡᠵᠡᠮᠳᠡᠬᠦ᠌᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ᠂ ᠠᠷᠠᠳ᠎ᠤᠨ ᠠᠮᠢᠳᠤᠷᠠᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ ᠪᠣᠯᠤᠨ ᠨᠡᠢᠭᠡᠮ᠎ᠦᠨ ᠪᠦᠬᠦ᠌ ᠲᠠᠯ᠎ᠠ᠎ᠶ᠋ᠢᠨ ᠲᠠᠪᠱᠢᠯᠳᠠ᠎ᠶ᠋ᠢ ᠠᠬᠢᠭᠤᠯᠬᠤ᠎ᠳᠤ ᠴᠥᠮ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠤᠢ᠍ᠢᠷ᠎ᠠ᠎ᠶ᠋ᠢᠨ ᠵᠢᠯ᠎ᠳ᠋ᠤ᠂ ᠨᠠᠮ᠎ᠤᠨ ᠲᠥᠪ ᠬᠣᠷᠢᠶ᠎ᠠ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠪᠠᠢᠯᠳᠤᠬᠤ ᠪᠤᠳᠤᠯᠭ᠎ᠠ᠎ᠶ᠋ᠢᠨ ᠲᠠᠯ᠎ᠠ ᠡᠴᠡ ᠤᠬᠠᠭᠠᠯᠠᠨ ᠲᠦᠯᠦᠪᠯᠡᠬᠦ᠎ᠪᠡᠨ ᠴᠢᠩᠭᠠᠳᠭᠠᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ᠎ᠪᠡᠨ ᠴᠢᠩᠭᠠᠳᠭᠠᠵᠤ᠂ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠳᠦ ᠰᠠᠢ᠌ᠨ ᠰᠠᠢᠬᠠᠨ ᠬᠠᠨᠳᠤᠰᠢ ᠢᠯᠡᠷᠡᠬᠦ᠌᠎ᠶ᠋ᠢ ᠠᠬᠢᠭᠤᠯᠪᠠ᠃ ᠱᠢᠨ᠎ᠡ ᠠᠶᠠᠨ ᠳ᠋ᠤ᠂ ᠪᠢᠳᠠ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠠᠬᠢᠭᠤᠯᠬᠤ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠡᠴᠡ ᠪᠤᠰᠤᠳᠴᠢ ᠨᠥᠬᠥᠴᠡᠯ᠎ᠳᠦ ᠰᠠᠭᠤᠷᠢᠯᠠᠵᠤ᠂ ᠬᠠᠷᠢᠴᠠᠭᠤᠯᠤᠭ᠍ᠰᠠᠨ ᠳᠠᠪᠠᠭᠤᠯᠢᠭ᠎ᠢᠶᠠᠨ ᠪᠠᠳᠠᠷᠠᠭᠤᠯᠵᠤ᠂ ᠲᠣᠭ᠍ᠲᠠᠭᠤᠨ᠎ᠤ ᠳᠤᠮᠳᠠ ᠠᠬᠢᠯᠳᠠ ᠲᠠᠢ᠂ ᠱᠠᠳᠤᠴᠢ ᠴᠢᠨᠠᠷᠲᠠᠢ᠎ᠪᠠᠷ ᠪᠣᠢᠵᠢᠭᠤᠯᠬᠤ᠎ᠶ᠋ᠢ ᠪᠠᠷᠢᠮᠲᠠᠯᠠᠵᠤ᠂ ᠮᠠᠨ᠎ᠤ ᠤᠯᠤᠰ᠎ᠤᠨ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠳᠦ ᠲᠠᠰᠤᠷᠠᠯᠳᠠ ᠦᠭᠡᠢ ᠱᠢᠨ᠎ᠡ ᠱᠢᠪᠲᠤᠯᠤᠯᠲᠠ᠎ᠲᠠᠶ ᠪᠣᠯᠬᠤ᠎ᠶ᠋ᠢ ᠠᠬᠢᠭᠤᠯᠬᠤ ᠬᠡᠷᠡᠭ᠌ᠲᠡᠢ ᠭᠡᠵᠤ ᠴᠢᠬᠤᠯᠠᠴᠢᠯᠠᠪᠠ᠃

ᠵᠣᠬᠢᠶᠠᠯ᠎ᠳᠤ᠂ ᠨᠢᠭᠡᠳᠦᠯᠲᠡᠢ ᠲᠥᠯᠥᠪᠵᠢᠭᠦᠯᠦᠨ ᠤᠬᠠᠭᠠᠯᠠᠨ ᠲᠦᠯᠦᠪᠯᠡᠬᠦ᠎ᠪᠡᠨ ᠴᠢᠩᠭᠠᠳᠭᠠᠬᠤ ᠬᠡᠷᠡᠭ᠌ᠲᠡᠢ᠃ ᠢᠷᠡᠭᠡᠳᠦᠢ᠎ᠶ᠋ᠢᠨ ᠠᠵᠤ ᠦᠢᠯᠡᠰ ᠨᠢ ᠪᠠᠷᠠᠯᠠᠯᠳᠤ ᠴᠢᠨᠠᠷ᠂ ᠪᠠᠢᠯᠳᠤᠬᠤ ᠪᠤᠳᠤᠯᠭ᠎ᠠ᠎ᠶ᠋ᠢᠨ ᠴᠢᠨᠠᠷ᠂ ᠲᠤᠢᠯᠪᠤᠷᠢᠳᠠᠢ ᠦᠬᠡᠷᠡᠴᠢᠯᠡᠬᠦ ᠴᠢᠨᠠᠷ ᠵᠡᠷᠭᠡ ᠣᠨᠴᠠᠯᠢᠭ᠎ᠲᠠᠶ ᠪᠠᠢᠵᠤ᠂ ᠱᠢᠨᠵᠢᠯᠡᠬᠦ᠌ ᠤᠬᠠᠭᠠᠨᠴᠢ᠎ᠪᠠᠷ ᠤᠬᠠᠭᠠᠯᠠᠨ ᠲᠥᠯᠥᠪᠯᠡᠵᠦ᠍᠂ ᠪᠦᠬᠦ᠌ ᠲᠠᠯ᠎ᠠ᠎ᠪᠠᠷ ᠨᠢᠭᠡᠳᠦᠯᠲᠡᠢ ᠲᠥᠯᠥᠪᠵᠢᠭᠦᠯᠬᠦ᠌ ᠴᠢᠬᠤᠯᠠᠲᠠᠢ ᠶᠤᠮ᠃ ᠬᠥᠭ᠌ᠵᠢᠯᠲᠡ᠎ᠶ᠋ᠢᠨ ᠴᠢᠭ᠌ᠯᠡᠯ᠎ᠢ ᠣᠨᠣᠪᠴᠢᠲᠠᠶ ᠡᠵᠡᠮᠳᠡᠵᠦ᠍᠂ ᠺᠸᠠᠨ᠋ᠲ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠠᠮᠢᠳᠤ ᠪᠣᠳᠠᠰ᠎ᠤᠨ ᠦᠶ᠋ᠯᠡᠳᠭᠡᠯ ᠵᠡᠷᠭᠡ ᠬᠦᠷᠢᠶᠡᠨ᠎ᠳ᠋ᠤ ᠠᠩᠬᠠᠷᠤᠯ᠎ᠢᠶᠠᠨ ᠲᠥᠪᠯᠡᠷᠡᠭᠦᠯᠦᠨ ᠬᠦᠴᠦᠯᠡᠵᠦ᠍᠂ ᠤᠨᠢᠨ ᠲᠡᠬᠡᠷ᠎ᠡ ᠨᠢ ᠠᠷᠭ᠎ᠠ ᠪᠣᠳᠣᠯᠭ᠎ᠠ ᠬᠡᠷᠡᠭ᠌ᠵᠢᠭᠦᠯᠬᠦ᠌ ᠬᠡᠷᠡᠭ᠌ᠲᠡᠶ᠃ ᠮᠡᠷᠭᠡᠵᠢᠯ᠎ᠦᠨ ᠱᠤᠭᠤᠮ᠎ᠢ ᠱᠢᠨᠵᠢᠯᠡᠬᠦ᠌ ᠤᠬᠠᠭᠠᠨᠴᠢ᠎ᠪᠠᠷ ᠨᠤᠲᠠᠯᠠᠵᠤ᠂ ᠬᠣᠱᠢᠭᠤᠷᠠᠯ ᠮᠡᠷᠭᠡᠵᠢᠯ᠎ᠦᠨ ᠪᠠᠢᠯᠳᠤᠬᠤ ᠪᠣᠳᠣᠯᠭ᠎ᠠ᠎ᠶ᠋ᠢᠨ ᠤᠷᠢᠳᠴᠢᠯᠠᠨ ᠮᠠᠭᠠᠳᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ ᠭᠡᠷᠡᠭᠳᠠᠢ᠃ ᠬᠥᠭ᠌ᠵᠢᠯᠲᠡ᠎ᠶ᠋ᠢᠨ ᠬᠦᠭ ᠠᠢᠵᠠᠮ᠎ᠢ ᠡᠵᠡᠮᠳᠡᠨ᠂ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠬᠡᠷᠡᠭ᠌ᠴᠡᠭᠡ᠂ ᠮᠡᠷᠭᠡᠵᠢᠯ᠎ᠦᠨ ᠪᠣᠯᠪᠠᠰᠤᠷᠠᠩᠭᠤᠶ᠎ᠶ᠋ᠢᠨ ᠬᠡᠮᠵᠢᠶ᠎ᠡ᠂ ᠡᠯᠸᠮᠸᠨ᠋ᠲ ᠤ᠋ᠨ ᠲᠤᠯᠭᠠᠭᠤᠷᠢᠯᠠᠬᠤ ᠨᠥᠬᠥᠴᠡᠯ ᠵᠡᠷᠭᠡ ᠬᠦᠴᠦᠨ ᠵᠦᠢᠯ᠎ᠢ ᠶᠡᠷᠦᠩᠬᠡᠢᠯᠡᠨ ᠪᠣᠳᠣᠯᠬᠢᠯᠠᠵᠤ᠂ ᠲᠤᠬᠠᠶ᠎ᠶ᠋ᠢᠨ ᠭᠠᠵᠠᠷ ᠤ᠋ᠨ ᠪᠠᠢᠳᠠᠯ᠎ᠳᠤᠨᠢ ᠲᠣᠬᠢᠷᠠᠭᠤᠯᠤᠨ᠂ ᠰᠣᠯᠪᠢᠴᠠᠭᠤᠯᠤᠨ ᠬᠥᠭ᠌ᠵᠢᠭᠦᠯᠬᠦ ᠭᠡᠷᠡᠭᠳᠠᠢ᠃ ᠠᠵᠤ ᠦᠢᠯᠡᠰ᠎ᠦᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠬᠣᠯᠪᠣᠭᠠᠯᠠᠨ ᠬᠥᠭ᠌ᠵᠢᠬᠦ᠌᠎ᠶ᠋ᠢ ᠪᠠᠷᠢᠮᠲᠠᠯᠠᠵᠤ᠂ ᠢᠷᠡᠭᠡᠳᠦᠢ᠎ᠶ᠋ᠢᠨ ᠠᠵᠤ ᠦᠢᠯᠡᠰ ᠪᠣᠯᠤᠨ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠂ ᠤᠯᠠᠮᠵᠢᠯᠠᠯᠲᠤ ᠠᠵᠤ ᠦᠢᠯᠡᠰ᠎ᠦᠨ ᠬᠠᠷᠢᠯᠴᠠᠨ ᠨᠥᠬᠥᠪᠥᠷᠢᠯᠡᠬᠦ᠌᠎ᠶ᠋ᠢ ᠠᠬᠢᠭᠤᠯᠬᠤ ᠬᠡᠷᠡᠭ᠌ᠲᠡᠢ ᠭᠡᠵᠤ ᠵᠢᠭᠠᠵᠤ ᠭᠠᠷᠭᠠᠪᠠ᠃

ᠵᠣᠬᠢᠶᠠᠯ᠎ᠳᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠬᠤ ᠬᠡᠷᠡᠭ᠌ᠲᠡᠢ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠪᠲᠤᠯᠤᠯᠲᠠ᠎ᠶ᠋ᠢᠨ ᠬᠡᠮᠵᠢᠶ᠎ᠡ ᠨᠢ ᠮᠠᠰᠢ ᠶᠡᠬᠡ ᠬᠡᠮᠵᠢᠶᠡᠨ ᠳᠡᠭᠡᠷ᠎ᠡ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠬᠤᠷᠳᠤᠴᠠ᠂ ᠥᠷᠭᠡᠴᠡ᠂ ᠭᠦᠨᠴᠡ᠎ᠶ᠋ᠢ ᠲᠣᠭ᠍ᠲᠠᠭᠠᠳᠠᠭ᠃ ᠱᠢᠨ᠎ᠡ ᠬᠡᠯᠪᠡᠷᠢ᠎ᠶ᠋ᠢᠨ ᠤᠯᠤᠰ ᠳᠠᠶᠠᠭᠠᠷ᠎ᠤᠨ ᠪᠠᠢᠭᠤᠯᠤᠯ ᠤ᠋ᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ 《ᠠᠵᠤ ᠦᠢᠯᠡᠰ᠎ᠡᠴᠡ ᠰᠡᠳᠦᠪ ᠭᠠᠷᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠰᠡᠳᠦᠪ ᠬᠠᠷᠢᠭᠤᠯᠬᠤ》 ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠯᠭᠠᠭᠤᠷᠢᠯᠠᠨ ᠬᠦᠳᠤᠯᠤᠨ ᠳᠠᠭᠠᠭᠤᠯᠬᠤ ᠴᠢᠳᠠᠪᠤᠷᠢ᠎ᠶ᠋ᠢ ᠶᠡᠬᠡ᠎ᠪᠡᠷ ᠳᠡᠭᠡᠭ᠌ᠰᠢᠯᠡᠭᠦᠯᠬᠦ᠌ ᠬᠡᠷᠡᠭ᠌ᠲᠡᠢ᠃ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠎ᠶ᠋ᠢᠨ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ ᠡᠷᠴᠢᠮ᠎ᠢ ᠴᠢᠩᠭᠠᠷᠠᠭᠤᠯᠵᠤ᠂ ᠰᠠᠭᠤᠷᠢ ᠰᠤᠳᠤᠯᠭᠠᠨ᠎ᠤ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ᠂ ᠪᠠᠷᠠᠯᠠᠯᠲᠦ ᠴᠢᠨᠠᠷᠲᠠᠶ᠂ ᠱᠢᠰᠲ᠋ᠧᠮᠵᠢᠭ᠌ᠰᠡᠨ ᠪᠠᠢᠷᠢᠱᠢᠭᠤᠯᠤᠯᠲᠠ᠎ᠶ᠋ᠢ ᠴᠢᠩᠭᠠᠳᠭᠠᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠤᠨ ᠬᠡᠷᠡᠭ᠌ᠯᠡᠬᠦ᠌᠎ᠶ᠋ᠢ ᠲᠦᠷᠭᠡᠳᠭᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃

ᠵᠣᠬᠢᠶᠠᠯ᠎ᠳᠤ᠂ ᠠᠵᠤ ᠠᠬᠤᠢᠯᠠᠯ᠎ᠤᠨ ᠭᠣᠣᠯ ᠴᠣᠭ᠍ᠴᠠ᠎ᠶ᠋ᠢᠨ ᠦᠢᠯᠡᠳᠦᠯ᠎ᠢ ᠪᠠᠳᠠᠷᠠᠭᠤᠯᠬᠤ ᠬᠡᠷᠡᠭ᠌ᠲᠡᠢ᠃ ᠠᠵᠤ ᠠᠬᠤᠢᠯᠠᠯ ᠪᠣᠯ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ ᠮᠥᠨ᠂ ᠮᠠᠰᠢ ᠤᠯᠠᠨ ᠢᠷᠡᠭᠡᠳᠦᠢ᠎ᠶ᠋ᠢᠨ ᠠᠵᠤ ᠦᠢᠯᠡᠰ᠎ᠦᠨ ᠬᠦᠭᠵᠢᠨ ᠮᠠᠨᠳᠤᠯᠲᠠ ᠨᠢ ᠠᠵᠤ ᠠᠬᠤᠢᠯᠠᠯ᠎ᠤᠨ ᠠᠯᠬᠤᠮ ᠠᠯᠬᠤᠮ᠎ᠢᠶᠠᠷ ᠱᠢᠪᠲᠤᠯᠤᠯᠲᠠ ᠬᠢᠵᠦ᠍ ᠳᠠᠢᠴᠢᠯᠠᠬᠤ᠎ᠳᠤ ᠲᠦᠱᠢᠭ᠌ᠯᠡᠨ᠎ᠡ᠃ ᠡᠯ᠎ᠡ ᠲᠥᠷᠥᠯ᠎ᠦᠨ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠠᠵᠤ ᠠᠬᠤᠢᠯᠠᠯ ᠲᠡᠢᠰᠢ ᠲᠥᠪᠯᠡᠷᠡᠭᠦᠯᠬᠦ᠌᠎ᠶ᠋ᠢ ᠠᠬᠢᠭᠤᠯᠵᠤ᠂ ᠭᠣᠣᠯᠯᠠᠬᠤ ᠮᠡᠷᠭᠡᠵᠢᠯ᠎ᠲᠡᠷᠢᠬᠦᠨ᠎ᠤ ᠬᠢ᠂ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠷ ᠴᠢᠩᠭ᠎ᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠭᠠᠭᠤᠯᠤᠭ᠍ᠴᠢ ᠠᠵᠤ ᠠᠬᠤᠢᠯᠠᠯ ᠪᠣᠯᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠢ ᠶᠡᠬᠡ ᠪᠡᠷ ᠪᠣᠢᠵᠢᠭᠤᠯᠬᠤ ᠬᠡᠷᠡᠭ᠌ᠲᠡᠶ᠃ ᠲᠥᠪ ᠡᠴᠡ ᠬᠠᠮᠢᠶᠠᠷᠴᠤ ᠪᠠᠢᠭ᠎ᠠ ᠠᠵᠤ ᠠᠬᠤᠢᠯᠠᠯ᠎ᠤᠨ ᠬᠢᠨ᠎ᠤ ᠭᠣᠣᠯ ᠬᠠᠷᠢᠭᠤᠴᠠᠯᠭ᠎ᠠ ᠭᠣᠣᠯ ᠠᠵᠢᠯ᠎ᠲᠠᠶ᠎ᠪᠠᠨ ᠤᠶᠠᠯᠳᠤᠭᠤᠯᠤᠨ ᠢᠷᠡᠭᠡᠳᠦᠢ᠎ᠶ᠋ᠢᠨ ᠠᠵᠤ ᠦᠢᠯᠡᠰ᠎ᠢ ᠬᠥᠭ᠌ᠵᠢᠭᠦᠯᠵᠤ᠂ ᠭᠣᠣᠯᠯᠠᠬᠤ ᠦᠷᠢᠰᠦᠯᠳᠦᠬᠦ᠌ ᠬᠦᠴᠦᠨ᠎ᠢᠶᠡᠨ ᠳᠡᠭᠡᠭ᠌ᠰᠢᠯᠡᠭᠦᠯᠬᠦ᠎ᠵᠢ ᠳᠡᠮᠵᠢᠨ᠎ᠡ᠃ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠬᠠᠩᠭᠠᠯᠭ᠎ᠠ᠎ᠶ᠋ᠢ ᠴᠢᠩᠭᠠᠷᠠᠭᠤᠯᠵᠤ᠂ ᠨᠢᠭᠡ ᠪᠦᠯᠦᠭ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠵᠢᠵᠢᠭ ᠠᠵᠤ ᠠᠬᠤᠢᠯᠠᠯ᠂ ᠲᠤᠰᠭᠠᠢᠵᠢᠬᠰᠠᠨ ᠨᠠᠷᠢᠯᠢᠭᠵᠢᠬᠰᠠᠨ ᠣᠨᠴᠠᠯᠢᠬᠵᠢᠬᠰᠠᠨ ᠱᠢᠨ᠎ᠡ ᠠᠵᠤ ᠠᠬᠤᠢᠯᠠᠯ᠂ ᠭᠠᠭᠴᠠ ᠲᠦᠷᠦᠯ᠎ᠦᠨ ᠮᠠᠩᠯᠠᠶ ᠠᠵᠤ ᠠᠬᠤᠢᠯᠠᠯ᠂ ᠠᠨᠭᠬᠠᠨ᠎ᠤ ᠡᠭᠦᠳᠦᠯᠲᠡ᠎ᠶᠢᠨ ᠴᠢᠨᠠᠷᠲᠠᠢ ᠰᠠᠭᠤᠷᠢ ᠰᠠᠢᠲᠠᠢ ᠠᠵᠤ ᠠᠬᠤᠢᠯᠠᠯ᠎ᠢ ᠪᠣᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠵᠣᠬᠢᠶᠠᠯ᠎ᠳᠤ᠂ ᠰᠠᠢ᠌ᠨ ᠰᠠᠢᠬᠠᠨ ᠲᠦᠷᠦ᠍᠎ᠶ᠋ᠢᠨ ᠪᠤᠳᠤᠯᠭ᠎ᠠ᠎ᠶ᠋ᠢᠨ ᠣᠷᠴᠢᠨ ᠲᠣᠭᠣᠷᠢᠨ᠎ᠢ ᠪᠤᠢ ᠪᠣᠯᠭᠠᠬᠤ ᠬᠡᠷᠡᠭ᠌ᠲᠡᠢ᠃ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠬᠤ ᠦᠶᠡᠯᠡᠯ᠎ᠤᠨ ᠬᠤᠭᠤᠴᠠᠭ᠎ᠠ ᠨᠢ ᠤᠷᠲᠤ᠂ ᠵᠠᠬ᠎ᠠ ᠳᠡᠯᠭᠡᠭᠦᠷ᠎ᠦᠨ ᠠᠶᠤᠯ ᠲᠦᠭ᠌ᠰᠢᠭᠦᠷᠢ ᠶᠡᠬᠡ ᠪᠣᠯᠬᠣᠷ ᠲᠥᠷᠥ᠎ᠶ᠋ᠢᠨ ᠪᠣᠳᠣᠯᠭ᠎ᠠ᠎ᠶ᠋ᠢᠨ ᠲᠠᠯ᠎ᠠ᠎ᠪᠠᠷ ᠬᠦᠴᠦᠲᠡᠢ ᠳᠠᠮᠵᠢᠵᠤ᠂ ᠵᠠᠰᠠᠭ᠎ᠤᠨ ᠣᠷᠳᠣᠨ ᠦᠢᠯᠡᠴᠢᠯᠡᠭᠡ᠎ᠶ᠋ᠢ ᠰᠠᠢᠲᠤᠷ ᠬᠢᠬᠦ᠌ ᠬᠡᠷᠡᠭ᠌ᠲᠡᠢ᠃ ᠡᠳ᠋᠎ᠦᠨ ᠵᠠᠰᠠᠭ ᠭᠠᠢᠯᠢ ᠵᠡᠷᠭᠡ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠮᠥᠩᠭᠥᠨ ᠭᠦᠢᠯᠭᠡᠭᠡ᠎ᠶ᠋ᠢ ᠶᠡᠬᠡ᠎ᠪᠡᠷ ᠬᠥᠭ᠌ᠵᠢᠭᠦᠯᠵᠦ᠍᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠡᠷᠭᠡ ᠲᠦᠷᠦ᠍᠎ᠶ᠋ᠢᠨ ᠪᠤᠳᠤᠯᠭ᠎ᠠ᠎ᠶ᠋ᠢ ᠱᠢᠯᠢᠳᠡᠭ᠌ᠵᠢᠭᠦᠯᠬᠦ᠌ ᠬᠡᠷᠡᠭ᠌ᠲᠡᠢ᠃ ᠴᠢᠳᠠᠪᠤᠷᠢᠲᠠᠨ᠎ᠢ ᠬᠥᠮᠦᠵᠢᠭᠦᠯᠬᠦ᠌᠂ ᠣᠷᠣᠭᠤᠯᠤᠨ ᠠᠪᠴᠢᠷᠠᠬᠤ᠂ ᠬᠡᠷᠡᠭ᠌ᠯᠡᠬᠦ᠌ ᠠᠵᠢᠯ᠎ᠢ ᠪᠦᠬᠦ᠌ ᠲᠠᠯ᠎ᠠ᠎ᠪᠠᠷ ᠰᠠᠢᠲᠤᠷ ᠬᠢᠵᠦ᠍᠂ ᠨᠡᠢᠭᠡᠮ ᠳᠠᠶᠠᠭᠠᠷ᠎ᠲᠤ ᠱᠢᠨ᠎ᠡ᠎ᠶ᠋ᠢ ᠡᠭᠦᠳᠬᠦ᠌᠎ᠶ᠋ᠢ ᠵᠣᠷᠢᠭ᠍ᠵᠢᠭᠤᠯᠬᠤ ᠭᠦᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠵᠤ᠂ ᠴᠢᠳᠠᠪᠤᠷᠢᠲᠠᠨ᠎ᠤ ᠱᠢᠨ᠎ᠡ᠎ᠶ᠋ᠢ ᠡᠭᠦᠳᠴᠦ᠍ ᠦᠢᠯᠡᠰ ᠪᠤᠰᠬᠠᠬᠤ ᠢᠳᠡᠪᠬᠢᠵᠢᠯ᠎ᠢ ᠭᠦᠢᠴᠡᠳ ᠳᠠᠢᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠵᠣᠬᠢᠶᠠᠯ᠎ᠳᠤ᠂ ᠵᠠᠰᠠᠯᠲᠠ᠎ᠶ᠋ᠢᠨ ᠱᠢᠰᠲ᠋ᠧᠮ᠎ᠢ ᠪᠦᠷᠢᠨᠱᠢᠬᠦᠯᠬᠦ᠌ ᠬᠡᠷᠡᠭ᠌ᠲᠡᠢ᠃ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠬᠣᠯᠪᠣᠭ᠍ᠳᠠᠬᠤ ᠬᠡᠪᠴᠢᠶ᠎ᠡ ᠥᠷᠭᠡᠨ ᠪᠣᠯᠬᠣᠷ ᠡᠷᠬᠡᠪᠰᠢ ᠬᠠᠮᠵᠢᠯᠴᠠᠨ ᠵᠠᠰᠠᠬᠤ᠎ᠶ᠋ᠢ ᠴᠢᠩᠭᠠᠳᠭᠠᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠦᠨ᠂ ᠱᠢᠨᠵᠢᠯᠡᠬᠦ᠌ ᠤᠬᠠᠭᠠᠨᠴᠢ ᠪᠥᠭᠡᠳ ᠪᠦᠲᠦᠮᠵᠢᠲᠡᠢ ᠬᠢᠨᠠᠯᠲᠠ ᠬᠠᠮᠢᠶᠠᠷᠤᠯᠲᠠ᠎ᠶ᠋ᠢᠨ ᠠᠷᠭ᠎ᠠ ᠮᠠᠶᠢᠭ᠎ᠢ ᠰᠦᠪᠡᠭ᠌ᠴᠢᠯᠡᠵᠦ᠍᠂ ᠮᠡᠷᠭᠡᠵᠢᠯ᠎ᠦᠨ ᠬᠢᠨᠠᠨ ᠬᠡᠮᠵᠢᠯᠲᠡ᠂ ᠠᠶᠤᠯ ᠲᠦᠭ᠌ᠰᠢᠭᠦᠷᠢ᠎ᠶ᠋ᠢ ᠤᠷᠢᠳᠴᠢᠯᠠᠨ ᠰᠡᠷᠡᠮᠵᠢᠯᠡᠭᠦᠯᠬᠦ᠌᠂ ᠪᠠᠴᠢᠮ ᠪᠠᠢᠳᠠᠯ᠎ᠢ ᠠᠷᠭᠠᠴᠠᠭᠠᠬᠤ ᠠᠵᠢᠯᠯᠠᠭᠠᠨ᠎ᠤ ᠱᠢᠰᠲ᠋ᠧᠮ᠎ᠢ ᠪᠠᠢᠭᠤᠯᠵᠤ᠂ 《ᠠᠮᠢᠳᠤᠯᠢᠭ ᠪᠣᠯᠭᠠᠬᠤ》 ᠮᠥᠷᠲᠡᠭᠡᠨ 《ᠰᠠᠢᠲᠤᠷ ᠬᠠᠮᠢᠶᠠᠷᠬᠤ》᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠣᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠡᠯ᠎ᠡ ᠲᠠᠯ᠎ᠠ᠎ᠶ᠋ᠢᠨ ᠪᠠᠷᠢᠮᠵᠢᠶ᠎ᠠ᠎ᠶ᠋ᠢ ᠬᠠᠮᠲᠤ᠎ᠪᠠᠷ ᠪᠠᠢᠭᠤᠯᠬᠤ᠂ ᠲᠦᠷᠢᠮ᠎ᠢ ᠬᠠᠮᠲᠤ᠎ᠪᠠᠷ ᠵᠥᠪᠳᠡᠯᠴᠡᠬᠦ᠌᠂ ᠠᠵᠤ ᠦᠶ᠋ᠯᠡᠰ᠎ᠢ ᠬᠠᠮᠲᠤ᠎ᠪᠠᠷ ᠠᠬᠢᠭᠤᠯᠬᠤ᠎ᠶ᠋ᠢ ᠴᠢᠷᠮᠠᠢᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠵᠣᠬᠢᠶᠠᠯ᠎ᠳᠤ᠂ ᠢᠷᠡᠭᠡᠳᠦᠢ᠎ᠶ᠋ᠢᠨ ᠠᠵᠤ ᠦᠢᠯᠡᠰ᠎ᠦᠨ ᠮᠡᠷᠭᠡᠵᠢᠯ᠎ᠦᠨ ᠰᠢᠨᠡᠴᠢᠯᠡᠯᠳᠡ ᠲᠦᠷᠭᠡᠨ᠂ ᠨᠥᠯᠥᠭᠡᠯᠡᠬᠦ᠌ ᠡᠯᠧᠮᠧᠨ᠋ᠲ ᠤᠯᠠᠨ᠂ ᠱᠢᠢᠳᠪᠦᠷᠢᠲᠦ ᠪᠤᠳᠤᠯᠭ᠎ᠠ᠎ᠶ᠋ᠢᠨ ᠠᠶᠤᠯ ᠲᠦᠭ᠌ᠰᠢᠭᠦᠷᠢ ᠶᠡᠬᠡ ᠪᠠᠢᠵᠤ᠂ ᠮᠠᠨ᠎ᠤ ᠤᠳᠤᠷᠢᠳᠭᠤ ᠴᠢᠳᠠᠪᠤᠷᠢ ᠪᠣᠯᠤᠨ ᠵᠠᠰᠠᠯᠲᠠ᠎ᠶ᠋ᠢᠨ ᠲᠦᠪᠱᠢᠨ᠎ᠳᠦ ᠨᠡᠩ ᠥᠨᠳᠥᠷ ᠱᠠᠭᠠᠷᠳᠠᠯᠭ᠎ᠠ ᠳᠤᠷᠠᠳᠴᠠᠢ᠃ ᠡᠯ᠎ᠡ ᠱᠠᠲᠤᠨ᠎ᠤ ᠤᠳᠤᠷᠢᠳᠭᠤ ᠺᠠᠳ᠋ᠷᠴᠤᠳ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠣᠱᠢᠭᠤᠷᠠᠯ ᠮᠡᠳᠡᠯᠭᠡ᠎ᠶ᠋ᠢᠨ ᠰᠤᠷᠤᠯᠴᠠᠯᠭ᠎ᠠ᠎ᠪᠠᠨ ᠦᠨᠡᠨ ᠬᠦ᠌ ᠴᠢᠩᠭᠠᠳᠭᠠᠵᠤ᠂ ᠲᠤᠰᠭᠠᠢᠵᠢᠭ᠍ᠰᠠᠨ ᠴᠢᠳᠠᠪᠤᠷᠢ᠎ᠪᠠᠨ ᠳᠡᠭᠡᠭ᠌ᠰᠢᠯᠡᠭᠦᠯᠦᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠮᠡᠳᠡᠬᠦ᠌᠂ ᠠᠵᠤ ᠦᠢᠯᠡᠰ᠎ᠢ ᠣᠢᠯᠠᠭᠠᠬᠤ᠂ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠳᠠᠭᠠᠨ ᠴᠢᠳᠠᠮᠠᠭᠠᠢ ᠪᠠᠢᠬᠤ᠎ᠪᠠᠷ ᠴᠢᠷᠮᠠᠢᠬᠤ ᠬᠡᠷᠡᠭ᠌ᠲᠡᠢ ᠭᠡᠵᠦ ᠴᠢᠬᠤᠯᠠᠴᠢᠯᠠᠪᠠ᠃

 (ᠰᠢᠨᠬᠤᠸᠠ ᠬᠤᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 31 ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号