ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠨᠠᠮ᠎ᠤᠨ ᠲᠡᠦᠬᠡ ᠪᠠ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠎ᠦᠨ ᠣᠷᠴᠢᠭᠤᠯᠤᠭ᠍ᠰᠠᠨ 《ᠰᠢ ᠵᠢᠨ ᠫᠢᠩ᠎ᠦᠨ ᠬᠠᠤᠯᠢ᠎ᠪᠠᠷ ᠵᠠᠰᠠᠬᠤ ᠲᠤᠬᠠᠢ ᠵᠤᠬᠢᠶᠠᠯ᠎ᠤᠨ ᠰᠤᠨᠭᠭᠤᠮᠠᠯ》 ᠤ᠋ᠨ ᠨᠢᠭᠡᠳᠦᠭᠡᠷ ᠪᠣᠲᠢ᠎ᠶ᠋ᠢᠨ ᠠᠨᠭ᠌ᠭ᠌ᠯᠢ ᠬᠡᠯᠡᠨ᠎ᠦ ᠬᠡᠪᠯᠡᠯ᠎ᠢ ᠣᠢᠷ᠎ᠠ᠎ᠳᠤ ᠲᠥᠪ᠎ᠦᠨ ᠨᠠᠢᠷᠠᠭᠤᠯᠤᠨ ᠣᠷᠴᠢᠭᠤᠯᠬᠤ ᠬᠡᠪᠯᠡᠯ᠎ᠦᠨ ᠬᠣᠷᠢᠶ᠎ᠠ᠎ᠡᠴᠡ ᠬᠡᠪᠯᠡᠭᠦᠯᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠳᠤ ᠲᠠᠷᠬᠠᠭᠠᠪᠠ᠃
《ᠰᠢ ᠵᠢᠨ ᠫᠢᠩ᠎ᠦᠨ ᠬᠠᠤᠯᠢ᠎ᠪᠠᠷ ᠵᠠᠰᠠᠬᠤ ᠲᠤᠬᠠᠢ ᠵᠤᠬᠢᠶᠠᠯ᠎ᠤᠨ ᠰᠤᠨᠭᠭᠤᠮᠠᠯ》 ᠤ᠋ᠨ ᠨᠢᠭᠡᠳᠦᠭᠡᠷ ᠪᠤᠳᠢ᠎ᠶ᠋ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠨᠠᠮ᠎ᠤᠨ ᠲᠡᠦᠬᠡ ᠪᠠ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠎ᠡᠴᠡ ᠨᠠᠢᠷᠠᠭᠤᠯᠵᠤ᠂ ᠰᠢ ᠵᠢᠨ ᠫᠢᠩ ᠨᠥᠬᠥᠷ᠎ᠦᠨ 2012 ᠣᠨ᠎ᠤ 12 ᠰᠠᠷ᠎ᠠ᠎ᠡᠴᠡ 2025 ᠣᠨ᠎ᠤ 2 ᠰᠠᠷ᠎ᠠ ᠪᠣᠯᠲᠠᠯᠠᠬᠢ ᠬᠤᠭᠤᠴᠠᠭᠠᠨ᠎ᠳᠠᠬᠢ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢᠨ ᠲᠤᠬᠠᠢ ᠬᠠᠮᠤᠭ᠎ᠤᠨ ᠴᠢᠬᠤᠯᠠ᠂ ᠬᠠᠮᠤᠭ᠎ᠤᠨ ᠦᠨᠳᠦᠰᠦᠨ ᠪᠦᠲᠦᠭᠡᠯ᠎ᠢ ᠪᠠᠬᠳᠠᠭᠠᠨ ᠣᠷᠣᠭᠤᠯᠵᠤ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠰᠢ᠎ᠶᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ᠎ᠳᠤ ᠡᠷᠬᠡ ᠰᠦᠷᠲᠦ ᠵᠢᠭᠠᠬᠤ ᠮᠠᠲ᠋ᠧᠷᠢᠶᠠᠯ᠎ᠢ ᠬᠠᠩᠭᠠᠪᠠ᠃
ᠲᠤᠰ ᠨᠤᠮ᠎ᠤᠨ ᠠᠨᠭ᠌ᠭ᠌ᠯᠢ ᠬᠡᠯᠡᠨ᠎ᠤ ᠬᠡᠪᠯᠡᠯ᠎ᠢ ᠬᠡᠪᠯᠡᠨ ᠲᠠᠷᠬᠠᠭᠠᠭᠰᠠᠨ ᠨᠢ ᠭᠠᠳᠠᠭᠠᠳᠤ᠎ᠶ᠋ᠢᠨ ᠤᠩᠱᠢᠭ᠍ᠴᠢᠳ᠎ᠤᠨ ᠰᠢ ᠵᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭᠠᠨ᠎ᠤ ᠪᠠᠶᠠᠯᠢᠭ ᠠᠭᠤᠯᠤᠭ᠍ᠳᠠᠬᠤᠨ᠎ᠢ ᠭᠦᠨᠵᠡᠭᠡᠶ ᠣᠢᠯᠠᠭᠠᠬᠤ᠎ᠳᠤ ᠠᠱᠢᠭ᠍ᠲᠠᠶ ᠶᠤᠮ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠬᠠᠤᠯᠢ ᠪᠡᠷ ᠵᠠᠰᠠᠬᠤ ᠪᠠᠢᠭᠤᠯᠤᠯᠲᠠ᠎ᠲᠤᠮᠳᠠ ᠢᠯᠡᠷᠡᠭᠰᠡᠨ ᠲᠡᠦᠬᠡᠲᠦ ᠴᠢᠨᠠᠷᠲᠠᠶ ᠬᠤᠪᠢᠰᠤᠯᠲᠠ᠂ ᠣᠯᠤᠭ᠍ᠰᠠᠨ ᠲᠡᠦᠬᠡᠲᠦ ᠴᠢᠨᠠᠷᠲᠠᠶ ᠠᠮᠵᠢᠯᠲᠠ ᠶ᠋ᠢ ᠣᠢᠯᠠᠭᠠᠵᠤ᠂ ᠳᠤᠮᠳᠠᠳᠤ ᠤᠯᠤᠰ᠎ᠤᠨ ᠣᠶᠤᠨ ᠤᠬᠠᠭᠠᠨ᠂ ᠳᠤᠮᠳᠠᠳᠤ ᠤᠯᠤᠰ᠎ᠤᠨ ᠦᠢᠯᠡᠳᠦᠯᠭᠡ ᠵᠢᠨ ᠳᠡᠯᠡᠬᠡᠢ᠎ᠶ᠋ᠢᠨ ᠬᠠᠤᠯᠢ ᠪᠡᠷ ᠵᠠᠰᠠᠬᠤ ᠪᠣᠯᠪᠠᠰᠤᠨ᠎ᠤ ᠪᠠᠢᠭᠤᠯᠤᠯᠲᠠ᠎ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠵᠢ ᠤᠢᠯᠠᠭᠠᠵᠤ᠂ ᠳᠡᠯᠡᠬᠡᠶ ᠨᠡᠢᠲᠡ᠎ᠶ᠋ᠢᠨ ᠬᠢᠨ᠎ᠤ ᠣᠯᠠᠨ ᠤᠯᠤᠰ᠎ᠤᠨ ᠬᠠᠤᠯᠢ᠎ᠪᠠᠷ ᠵᠠᠰᠠᠬᠤ ᠵᠣᠷᠢᠭ ᠰᠠᠨᠠᠭ᠎ᠠ᠎ᠶ᠋ᠢ ᠦᠶ᠋ᠯᠡᠳᠦᠯᠭᠡᠵᠢᠭᠦᠯᠬᠦ᠌᠂ ᠤᠯᠠᠨ ᠤᠯᠤᠰ᠎ᠤᠨ ᠬᠠᠤᠯᠢ᠎ᠪᠠᠷ ᠵᠠᠰᠠᠬᠤ ᠬᠠᠮᠲᠤᠷᠠᠯᠴᠠᠭ᠎ᠠ᠎ᠶ᠋ᠢ ᠥᠷᠨᠢᠭᠦᠯᠬᠦ᠂ ᠭᠠᠷ ᠬᠣᠯᠪᠣᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠬᠠᠮᠲᠤ᠎ᠪᠠᠷ ᠪᠠᠢᠭᠤᠯᠬᠤ ᠬᠠᠮᠲᠤ᠎ᠶ᠋ᠢᠨ ᠲᠠᠨᠢᠯᠲᠠ ᠵᠢ ᠨᠡᠮᠡᠭᠳᠡᠭᠦᠯᠵᠦ᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠨᠡᠩ ᠲᠥᠪ ᠭᠣᠣᠯᠴᠢ ᠵᠦᠢ ᠵᠣᠬᠢᠰᠲᠠᠢ ᠴᠢᠭ᠌ᠯᠡᠯ᠎ᠢᠶᠡᠷ ᠬᠥᠭ᠌ᠵᠢᠬᠦ᠌᠎ᠶ᠋ᠢ ᠠᠬᠢᠭᠤᠯᠬᠤ᠎ᠳᠦ ᠴᠢᠬᠤᠯᠠ ᠠᠴᠢ ᠬᠣᠯᠪᠣᠭ᠍ᠳᠠᠯ᠎ᠲᠠᠶ ᠶᠤᠮ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 31 ᠤ᠋ ᠴᠠᠬᠢᠯᠭᠠᠨ ᠮᠡᠳᠡᠭᠡ)