ᠬᠦᠬᠡᠬᠤᠳᠡ ᠱᠠᠨᠭᠨᠠᠯᠳᠤ ᠪᠠᠷᠢᠮᠳᠡ ᠢ᠋ᠢᠨ ᠠᠵᠢᠯᠯᠠᠭ᠎ᠠ ᠪᠡᠷ 23.1 ᠳ᠋ᠦᠨᠭᠰᠢᠭᠤᠷ ᠲᠥᠭᠥᠷᠢᠭ᠎ᠦᠨ ᠬᠡᠷᠡᠭᠯᠡᠬᠡ ᠢ᠋ᠢ ᠲᠠᠢᠴᠢᠯᠠᠵᠡᠢ
2026-06-01 09:24:46
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠬᠥᠬᠡᠬᠣᠲᠠ᠎ᠪᠥᠬᠥ᠌ ᠤᠯᠤᠰ᠎ᠤᠨ ᠲᠦᠷᠦᠭᠦᠦ ᠪᠦᠯᠦᠭ᠎ᠦᠨ ᠥᠪᠡᠷᠲᠡᠭᠡᠨ ᠵᠠᠰᠠᠬᠤ ᠣᠷᠣᠨ᠎ᠤ ᠴᠣᠷ᠎ᠤᠨ ᠭᠠᠭᠴᠡ ᠱᠠᠩᠨᠠᠯᠲᠤ ᠪᠠᠷᠢᠮᠲᠠ᠎ᠶᠢᠨ ᠲᠤᠷᠰᠢᠯᠳᠡ ᠢ᠋ᠢᠨ ᠴᠡᠭ ᠤ᠋ᠨ᠌ ᠬᠣᠲᠠ ᠪᠤᠯᠤᠭᠰᠠᠨ᠎ᠤ ᠬᠤᠪᠢ᠎ᠳᠤ᠂ ᠡᠨᠡ ᠵᠢᠯ᠎ᠦᠨ 2 ᠰᠠᠷ᠎ᠠ᠎ᠶᠢᠨ 12 ᠎ᠤ᠋ᠨ ᠡᠳᠦᠷ ᠡᠴᠡ ᠡᠬᠢᠯᠡᠨ ᠲᠤᠭᠠᠴᠠᠭ᠎ᠠ ᠬᠢᠭᠰᠡᠨ ᠪᠠᠷᠢᠮᠳᠡ ᠪᠡᠷ ᠱᠠᠩᠨᠠᠯᠲᠤ ᠰᠤᠭᠤᠯᠤᠭ᠎ᠠ ᠳ᠋ᠤ᠌ ᠤᠷᠤᠯᠴᠠᠬᠤ ᠠᠵᠢᠯᠯᠠᠭ᠎ᠠ᠎ᠶᠢ ᠡᠬᠢᠯᠡᠬᠦᠯᠦᠭᠰᠡᠨ ᠡᠴᠡ ᠨᠠᠭᠠᠰᠢ᠂ ᠣᠯᠠᠨ ᠵᠦᠢᠯ ᠤ᠋ᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠲᠥᠷᠥ᠎ᠶᠢᠨ ᠪᠣᠳᠣᠯᠭ᠎ᠠ᠎ᠶᠢ ᠮᠡᠳᠡᠬᠦ᠌ ᠬᠡᠪᠴᠢᠶ᠎ᠡ ᠪᠤᠯᠤᠨ ᠬᠠᠮᠤᠷᠬᠤ ᠬᠡᠪᠴᠢᠶ᠎ᠡ᠎ᠶᠢ ᠥᠷᠭᠡᠳᠭᠡᠵᠦ᠍᠂ ᠲᠥᠷᠥ᠎ᠶᠢᠨ ᠪᠣᠳᠣᠯᠭ᠎ᠠ᠎ᠪᠠᠷ ᠬᠡᠷᠡᠭᠯᠡᠬᠡ᠎ᠶᠢ ᠠᠬᠢᠭᠤᠯᠬᠤ ᠦᠷ᠎ᠡ ᠪᠦᠲᠦᠮᠵᠢ᠎ᠶᠢ ᠬᠦᠢᠴᠡᠳ ᠪᠠᠳᠠᠷᠠᠭᠤᠯᠵᠤ᠂ ᠰᠦᠯᠵᠢᠶᠡᠨ ᠭᠠᠳᠠᠨᠠᠬᠢ ᠪᠣᠳᠠᠲᠤ ᠴᠤᠭᠴᠡ᠎ᠶᠢᠨ ᠬᠡᠷᠡᠭᠯᠡᠬᠡ ᠢ᠋ᠢᠨ ᠳᠠᠯᠳᠠ ᠬᠦᠴᠦᠨ ᠢ᠋ ᠦᠷᠭᠦᠯᠵᠢᠯᠡᠨ ᠬᠦᠭᠵᠢᠬᠡᠵᠤ᠂ ᠠᠷᠠᠯᠵᠢᠶ᠎ᠠ ᠬᠤᠳᠠᠯᠳᠤᠭᠠᠨ᠎ᠤ ᠠᠵᠤ ᠠᠬᠤᠶ᠎ᠶᠢᠨ ᠦᠨᠳᠦᠰᠦᠨ ᠪᠠᠢᠳᠠᠯ᠎ᠢ᠋ ᠯᠠᠪᠳᠠᠭᠤᠨ ᠪᠠᠲᠤᠲᠠᠶ ᠲᠤᠭᠳᠠᠪᠤᠷᠢᠵᠢᠭᠤᠯᠪᠠ᠃

5 ᠰᠠᠷ᠎ᠠ᠎ᠶᠢᠨ 19 ᠤ᠋ ᠡᠳᠦᠷ ᠪᠣᠯᠲᠠᠯ᠎ᠠ᠂ ᠬᠥᠬᠡᠬᠣᠲᠠ ᠭᠤᠷᠪᠠᠳᠤᠭᠠᠷ ᠬᠤᠭᠤᠴᠠᠭᠠᠨ᠎ᠤ ᠲᠥᠪᠯᠡᠷᠡᠭᠦᠯᠦᠨ ᠱᠠᠩᠨᠠᠯ ᠰᠤᠭᠤᠯᠬᠤ ᠠᠵᠢᠯ᠎ᠢ᠋ ᠥᠷᠨᠢᠭᠦᠯᠵᠦ᠂ ᠨᠡᠢᠲᠡ 53.3 ᠲᠦᠮᠡᠨ ᠬᠡᠷᠡᠭᠯᠡᠭᠴᠢ ᠣᠷᠣᠯᠴᠠᠵᠤ᠂ ᠪᠥᠬᠥ᠌ ᠬᠣᠲᠠ᠎ᠶᠢᠨ ᠪᠠᠢᠩᠭᠤ ᠰᠠᠭᠤᠭ᠎ᠠ ᠬᠥᠮᠦᠨ ᠠᠮᠠ᠎ᠶᠢᠨ 14.6% ᠎ᠢ᠋ᠢ ᠡᠵᠡᠯᠡᠵᠦ᠍᠂ ᠬᠡᠷᠡᠭᠯᠡᠭᠴᠢᠳ᠎ᠦᠨ ᠣᠷᠣᠯᠴᠠᠬᠤ ᠤᠷᠮᠠᠰᠢᠯ᠎ᠢ ᠲᠠᠳᠠᠪᠠ᠃ 2.3ᠲᠦᠮᠡᠨ ᠬᠤᠳᠠᠯᠳᠤᠭᠠᠴᠢᠨ ᠡᠷᠦᠬᠡ ᠣᠷᠣᠯᠴᠠᠵᠤ᠂ ᠰᠠᠭᠤᠭᠠᠯᠢ ᠠᠷᠠᠳ᠎ᠤᠨ ᠬᠡᠷᠡᠭᠯᠡᠬᠡ ᠢ᠋ᠢᠨ ᠠᠮᠢᠳᠤᠷᠠᠯ᠎ᠳᠤ ᠭᠦᠨᠵᠡᠭᠡᠶ ᠠᠭᠤᠰᠤᠯᠴᠠᠵᠤ᠂ ᠬᠣᠲᠠ᠎ᠶᠢᠨ ᠭᠤᠤᠯ ᠬᠡᠷᠡᠭᠯᠡᠬᠡ ᠢ᠋ᠢᠨ ᠲᠠᠯᠠᠪᠤᠷ ᠪᠣᠯᠤᠨ ᠠᠷᠠᠳ᠎ᠲᠤ ᠲᠥᠬᠥᠮ ᠦᠵᠡᠭᠦᠯᠬᠦ᠌ ᠬᠡᠷᠡᠭᠯᠡᠬᠡ ᠢ᠋ᠢᠨ ᠲᠣᠭᠣᠷᠢᠭ᠎ᠢ ᠪᠥᠬᠥ᠌ ᠲᠠᠯ᠎ᠠ᠎ᠪᠠᠷ ᠨᠥᠯᠥᠭᠡᠯᠡᠪᠡ᠂ ᠡᠭᠦᠨ᠎ᠳᠦ ᠵᠢᠵᠢᠭᠯᠡᠨ ᠪᠤᠷᠤᠯᠠᠭᠤᠯᠬᠤ ᠤᠢᠯᠡᠰ ᠤ᠋ᠨ ᠡᠵᠡᠯᠡᠬᠦ᠌ ᠬᠠᠷᠢᠴᠠᠯ 63% ᠪᠠᠢᠵᠤ᠂ ᠢᠳᠡᠭᠡᠨ ᠤᠮᠳᠠᠭᠠᠨ᠎ᠤ ᠤᠢᠯᠡᠰ᠎ᠦᠨ ᠡᠵᠡᠯᠡᠬᠦ᠌ ᠬᠠᠷᠢᠴᠠᠯ 37% ᠪᠤᠯᠪᠠ᠃ ᠤᠢᠯᠠᠭᠠᠭᠰᠠᠨ ᠢ᠋ᠢᠡᠷ᠂ ᠲᠣᠰ ᠱᠠᠩᠨᠠᠯᠲᠤ ᠪᠠᠷᠢᠮᠲᠠ᠎ᠶᠢᠨ ᠲᠤᠷᠰᠢᠯᠳᠡ᠎ᠶᠢᠨ ᠴᠡᠭ᠎ᠦᠨ ᠠᠵᠢᠯᠯᠠᠭ᠎ᠠ᠎ᠶᠢᠨ ᠶᠡᠷᠦᠨᠭᠬᠡᠢᠯᠡᠭᠰᠡᠨ ᠱᠠᠩᠨᠠᠯ᠎ᠤᠨ ᠨᠣᠷᠮ᠎ᠠ 71.3% ᠎ᠳ᠋ᠤ ᠬᠦᠷᠴᠡᠶ᠃ ᠠᠵᠢᠯᠯᠠᠭ᠎ᠠ᠎ᠶᠢᠨ ᠬᠤᠭᠤᠴᠠᠭᠠᠨ᠎ᠳᠤ᠂ ᠬᠥᠬᠡᠬᠣᠲᠠ᠎ᠶᠢᠨ ᠬᠢᠨ ᠨᠡᠢᠲᠡ 8567.4 ᠲᠦᠮᠡᠨ ᠲᠥᠭᠥᠷᠢᠭ᠎ᠦᠨ ᠨᠥᠬᠥᠪᠥᠷᠢ ᠪᠠᠯᠠ ᠮᠥᠩᠭᠥ᠎ᠶᠢ ᠬᠡᠷᠡᠭᠯᠡᠵᠤ᠂ 23.1 ᠳ᠋ᠦᠨᠭᠰᠢᠭᠤᠷ ᠲᠥᠭᠥᠷᠢᠭ ᠎ᠦᠨ ᠬᠡᠷᠡᠭᠯᠡᠬᠡ ᠢ᠋ᠢ ᠳᠠᠢᠴᠢᠯᠠᠵᠤ᠂ ᠳᠠᠢᠴᠢᠯᠠᠬᠰᠠᠨ ᠬᠠᠷᠢᠴᠠᠯ᠎ᠨᠢ 1᠄27 ᠎ᠳ᠋ᠤ ᠬᠦᠷᠴᠦ᠍᠂ 《ᠬᠡᠷᠡᠭᠯᠡᠬᠡ — ᠪᠠᠷᠢᠮᠳᠡ ᠭᠠᠷᠭᠠᠬᠤ — ᠱᠠᠨᠭᠨᠠᠯ ᠤᠯᠬᠤ — ᠳᠠᠬᠢᠨ ᠬᠡᠷᠡᠭᠯᠡᠬᠡ ᠬᠢᠬᠦ᠌》 ᠰᠠᠢᠨ ᠣᠷᠴᠢᠯ ᠢ᠋ ᠪᠦᠷᠢᠯᠳᠤᠬᠦᠯᠪᠡ᠃

ᠬᠤᠢᠰᠢᠳᠠ᠂ ᠦᠪᠤᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠦᠷᠭᠦᠯᠵᠢᠯᠡᠨ 《ᠲᠥᠷᠥ᠎ᠶᠢᠨ ᠪᠣᠳᠣᠯᠭ᠎ᠠ + ᠠᠵᠢᠯᠯᠠᠭ᠎ᠠ》 ᠢ᠋ᠢᠨ ᠠᠷᠭ᠎ᠠ ᠬᠡᠯᠪᠡᠷᠢ ᠪᠡᠷ ᠬᠥᠬᠡᠬᠣᠲᠠ᠎ᠶᠢᠨ ᠭᠤᠤᠯ ᠰᠡᠳᠦᠪᠲᠦ ᠬᠡᠷᠡᠭᠯᠡᠬᠡ᠎ᠶᠢ ᠠᠬᠢᠭᠤᠯᠬᠤ ᠠᠵᠢᠯᠯᠠᠭ᠎ᠠ᠎ᠲᠠᠶ ᠬᠠᠮᠳᠤᠷᠠᠭᠤᠯᠤᠨ ᠣᠲᠣ᠎ᠶᠢᠨ ᠪᠠᠢᠭ᠎ᠠ  ᠠᠵᠢᠯᠯᠠᠭ᠎ᠠ᠎ᠶᠢᠨ ᠰᠠᠭᠤᠷᠢᠨ ᠳᠡᠭᠡᠷ᠎ᠡ ᠪᠠᠩᠬᠢ᠂ ᠠᠵᠤ ᠠᠬᠤᠢᠯᠠᠯ᠎ᠤ᠋ᠨ ᠬᠠᠷᠠᠭᠠᠯᠵᠠᠯ ᠢ᠋ ᠬᠤᠤᠰᠯᠠᠭᠤᠯᠵᠤ᠂ ᠬᠡᠷᠡᠭᠯᠡᠭᠴᠢᠳ᠎ᠲᠦ ᠲᠤᠰᠭᠠᠶ ᠬᠠᠷᠠᠭᠠᠯᠵᠠᠯ ᠬᠦᠷᠳᠡᠬᠡᠵᠤ᠂ ᠳᠠᠢᠴᠢᠯᠠᠬᠤ ᠤᠢᠯᠡᠳᠤᠯ ᠢ᠋ ᠤᠯᠠᠮ ᠨᠢᠭᠡ ᠠᠯᠬᠤᠮ ᠪᠠᠳᠠᠷᠠᠭᠤᠯᠬᠤ ᠪᠤᠯᠤᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号