ᠦᠪᠦᠷ ᠮᠤᠡᠭᠭᠤᠯ ᠠᠢᠮᠠᠭ ᠬᠣᠲᠠ᠎ᠶ᠋ᠢᠨ ᠠᠷᠠᠳ᠎ᠤᠨ ᠬᠡᠷᠡᠭ᠌ᠯᠡᠭᠡᠨ᠎ᠦ ᠳᠡᠯᠪᠡᠷᠡᠮᠡᠳᠡᠬᠡᠢ ᠪᠤᠳᠠᠰ᠎ᠤᠨ ᠠᠵᠢᠯ ᠲᠥᠷᠥᠯ᠎ᠦᠨ ᠬᠢᠨᠠᠯᠲᠠ ᠬᠠᠮᠢᠶᠠᠷᠤᠯᠲᠠ᠎ᠶ᠋ᠢᠨ ᠠᠵᠢᠯᠲᠠᠨ᠎ᠤ ᠪᠣᠯᠪᠠᠰᠤᠷᠡᠯ ᠡᠷᠭᠢᠯᠡᠪᠡ
2026-06-01 10:01:33
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠤᠢᠷ᠎ᠠ᠎ᠶᠢᠨ ᠡᠳᠦᠷ᠂ ᠦᠪᠦᠷ ᠮᠤᠡᠭᠭᠤᠯ᠎ᠤᠨ ᠠᠷᠠᠳ᠎ᠤᠨ ᠬᠡᠷᠡᠭ᠌ᠯᠡᠭᠡᠨ᠎ᠦ ᠳᠡᠯᠪᠡᠷᠡᠮᠡᠳᠡᠬᠡᠢ ᠪᠤᠳᠠᠰ᠎ᠤᠨ ᠠᠵᠢᠯ ᠲᠥᠷᠥᠯ᠎ᠦᠨ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠢ ᠦᠨᠡᠨ ᠬᠦ᠌ ᠴᠢᠩᠭᠠᠳᠭᠠᠵᠤ᠂ ᠠᠢᠮᠠᠭ ᠬᠣᠲᠠ᠎ᠶ᠋ᠢᠨ ᠠᠷᠠᠳ᠎ᠤᠨ ᠬᠡᠷᠡᠭ᠌ᠯᠡᠭᠡᠨ᠎ᠦ ᠳᠡᠯᠪᠡᠷᠡᠮᠡᠳᠡᠬᠡᠢ ᠪᠤᠳᠠᠰ᠎ᠤᠨ ᠠᠵᠢᠯ ᠲᠥᠷᠥᠯ᠎ᠦᠨ ᠬᠢᠨᠠᠯᠲᠠ ᠬᠠᠮᠢᠶᠠᠷᠤᠯᠲᠠ᠎ᠶ᠋ᠢᠨ ᠠᠵᠢᠯᠲᠠᠨ᠎ᠤ ᠲᠤᠬᠠᠢᠯᠠᠭ᠍ᠰᠠᠨ ᠠᠵᠢᠯ᠎ᠤᠨ ᠴᠢᠳᠠᠪᠤᠷᠢ ᠪᠠ ᠬᠢᠨᠠᠯᠲᠠ ᠬᠠᠮᠢᠶᠠᠷᠤᠯᠲᠠ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠬᠦ᠌᠎ᠶ᠋ᠢᠨ ᠲᠦᠯᠦᠬᠡ ᠦᠪᠦᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ᠎ᠦᠨ ᠬᠢᠨ ᠥᠪᠥᠷ ᠮᠣᠩᠭᠣᠯ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠳᠤ ᠠᠢᠮᠠᠭ ᠬᠣᠲᠠ᠎ᠶ᠋ᠢᠨ ᠠᠷᠠᠳ᠎ᠤᠨ ᠬᠡᠷᠡᠭ᠌ᠯᠡᠭᠡᠨ᠎ᠦ ᠳᠡᠯᠪᠡᠷᠡᠮᠡᠳᠡᠬᠡᠢ ᠪᠤᠳᠠᠰ᠎ᠤᠨ ᠠᠵᠢᠯ ᠲᠥᠷᠥᠯ᠎ᠦᠨ ᠬᠢᠨᠠᠯᠲᠠ ᠬᠠᠮᠢᠶᠠᠷᠤᠯᠲᠠ᠎ᠶ᠋ᠢᠨ ᠠᠵᠢᠯᠲᠠᠨ᠎ᠤ ᠪᠣᠯᠪᠠᠰᠤᠷᠠᠯ᠎ᠤᠨ ᠠᠩᠭᠢ ᠡᠷᠭᠢᠯᠡᠵᠠᠢ᠃

ᠲᠣᠰ ᠤᠳᠠᠭᠠᠨ᠎ᠤ ᠪᠣᠯᠪᠠᠰᠤᠷᠠᠯ᠎ᠨᠢ ᠠᠭᠤᠯᠭ᠎ᠠ᠎ᠡᠯᠪᠡᠭ ᠪᠠᠶᠠᠯᠢᠭ᠂ ᠬᠠᠨᠳᠤᠯᠭᠠᠲᠤ ᠴᠢᠨᠠᠷ᠎ᠢᠶᠠᠷ ᠴᠢᠩᠭ᠎ᠠ᠂ ᠠᠷᠠᠳ᠎ᠤᠨ ᠬᠡᠷᠡᠭ᠌ᠯᠡᠭᠡᠨ᠎ᠦ ᠳᠡᠯᠪᠡᠷᠡᠮᠡᠳᠡᠬᠡᠢ ᠪᠤᠳᠠᠰ᠎ᠤᠨ ᠠᠵᠢᠯ ᠲᠥᠷᠥᠯ᠎ᠦᠨ ᠪᠠᠷᠢᠮᠵᠢᠶ᠎ᠠ᠎ᠶ᠋ᠢᠨ ᠱᠢᠰᠲ᠋ᠧᠮ᠎ᠤᠨ ᠪᠠᠢᠭᠤᠯᠤᠯᠲᠠ᠂ ᠠᠷᠠᠳ᠎ᠤᠨ ᠬᠡᠷᠡᠭ᠌ᠯᠡᠭᠡᠨ᠎ᠦ ᠳᠡᠯᠪᠡᠷᠡᠮᠡᠳᠡᠬᠡᠢ ᠪᠤᠳᠠᠰ᠎ᠤᠨ ᠠᠵᠢᠯ ᠲᠥᠷᠥᠯ᠎ᠦᠨ ᠱᠢᠨ᠎ᠡ ᠮᠡᠷᠭᠡᠵᠢᠯ ᠱᠢᠨ᠎ᠡ ᠠᠷᠭ᠎ᠠ᠂ ᠠᠷᠠᠳ᠎ᠤᠨ ᠬᠡᠷᠡᠭ᠌ᠯᠡᠭᠡᠨ᠎ᠦ ᠳᠡᠯᠪᠡᠷᠡᠮᠡᠳᠡᠬᠡᠢ ᠪᠤᠳᠠᠰ ᠤ᠋ᠨ ᠠᠵᠤ ᠠᠬᠤᠢᠯᠠᠯ᠎ᠤᠨ ᠲᠤᠬᠠᠶ᠎ᠶ᠋ᠢᠨ ᠲᠠᠯᠠᠪᠠᠶ᠎ᠳᠤ ᠪᠠᠢᠴᠠᠭᠠᠬᠤ ᠠᠷᠭ᠎ᠠ ᠬᠢᠭᠡᠳ ᠬᠢᠨᠠᠯᠲᠠ ᠬᠠᠮᠢᠶᠠᠷᠤᠯᠲᠠ᠎ᠶ᠋ᠢᠨ ᠭᠤᠤᠯᠳᠠᠯᠭ᠎ᠠ᠂ ᠠᠮᠤᠷ ᠲᠦᠪᠱᠢᠨ᠎ᠦ ᠮᠡᠷᠭᠡᠵᠢᠯ᠎ᠦᠨ ᠰᠠᠭᠤᠷᠢ᠂ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠰᠠᠭᠤᠷᠢ ᠵᠡᠷᠭᠡ ᠭᠤᠤᠯ ᠠᠭᠤᠯᠭ᠎ᠠ᠎ᠶ᠋ᠢᠨ ᠲᠣᠭᠣᠷᠢᠨ᠎ᠳᠤ ᠶᠠᠪᠤᠬᠳᠠᠵᠠᠢ᠃ ᠪᠤᠯᠪᠠᠰᠤᠷᠠᠯ᠎ᠳᠤ ᠤᠷᠤᠯᠴᠠᠬᠰᠠᠳ ᠬᠡᠷᠬᠢᠨ ᠬᠠᠮᠢᠶ᠎ᠠ ᠪᠥᠬᠥᠶ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠣᠶᠤᠨᠴᠢᠯᠠᠭ᠍ᠰᠠᠨ ᠠᠷᠭ᠎ᠠ ᠪᠠᠷᠢᠯ᠎ᠢ ᠬᠡᠷᠡᠭ᠌ᠯᠡᠨ ᠲᠦᠭ᠌ᠰᠢᠭᠦᠷᠢ᠎ᠶ᠋ᠢᠨ ᠳᠠᠯᠳᠠ ᠬᠡᠮ᠎ᠢ ᠣᠨᠣᠴᠠᠲᠠᠶ᠎ᠪᠠᠷ ᠵᠢᠭ᠍ᠰᠠᠭᠠᠨ ᠪᠠᠢᠴᠠᠭᠠᠬᠤ᠎ᠶ᠋ᠢ ᠱᠢᠰᠲ᠋ᠧᠮ᠎ᠲᠡᠶ ᠰᠤᠷᠤᠯᠴᠠᠵᠤ᠂ ᠠᠷᠠᠳ᠎ᠤᠨ ᠬᠡᠷᠡᠭ᠌ᠯᠡᠭᠡᠨ᠎ᠦ ᠳᠡᠯᠪᠡᠷᠡᠮᠡᠳᠡᠬᠡᠢ ᠪᠤᠳᠠᠰ᠎ᠤᠨ ᠠᠵᠢᠯ ᠲᠥᠷᠥᠯ᠎ᠦᠨ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠤᠨ ᠴᠢᠬᠤᠯᠠ ᠴᠢᠨᠠᠷ᠎ᠤᠨ ᠲᠤᠬᠠᠶ ᠲᠠᠨᠢᠯᠲᠠ᠎ᠪᠠᠨ ᠤᠯᠠᠮ ᠨᠢᠭᠡ ᠠᠯᠬᠤᠮ ᠴᠢᠩᠭᠠᠳᠭᠠᠵᠠᠢ᠃

ᠪᠣᠯᠪᠠᠰᠤᠷᠠᠯ᠎ᠤᠨ ᠬᠤᠭᠤᠴᠠᠭᠠᠨ᠎ᠳᠤ ᠤᠯᠤᠰ ᠲᠥᠷᠥ᠎ᠶ᠋ᠢᠨ ᠵᠣᠭ᠍ᠰᠣᠴᠠ᠎ᠪᠠᠨ ᠦᠨᠡᠨ ᠬᠦ᠌ ᠳᠡᠭᠡᠭ᠌ᠰᠢᠯᠡᠭᠦᠯᠵᠦ᠍᠂ ᠠᠮᠤᠷ ᠲᠦᠪᠰᠢᠨ ᠦᠶ᠋ᠯᠡᠳᠪᠦᠷᠢᠯᠡᠯ᠎ᠦᠨ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠪᠣᠳᠠᠲᠠᠢᠵᠢᠭᠤᠯᠵᠤ᠂ 《ᠬᠠᠤᠯᠢ᠎ᠶ᠋ᠢ ᠵᠠᠪᠠᠯ ᠴᠢᠩᠭ᠎ᠠ ᠬᠡᠷᠡᠭ᠌ᠵᠢᠭᠦᠯᠵᠦ᠍᠂ ᠬᠠᠤᠯᠢ᠎ᠶ᠋ᠢ ᠵᠥᠷᠢᠴᠡᠪᠡᠯ ᠵᠠᠪᠠᠯ ᠨᠡᠬᠡᠮᠵᠢᠯᠡᠬᠦ᠌》 ᠶ᠋ᠢ ᠪᠠᠷᠢᠮᠲᠠᠯᠠᠵᠤ᠂ ᠠᠷᠠᠳ᠎ᠤᠨ ᠬᠡᠷᠡᠭ᠌ᠯᠡᠭᠡᠨ᠎ᠦ ᠳᠡᠯᠪᠡᠷᠡᠮᠡᠳᠡᠬᠡᠢ ᠪᠤᠳᠠᠰ᠎ᠤᠨ ᠠᠵᠢᠯ ᠲᠥᠷᠥᠯ᠎ᠦᠨ ᠠᠮᠤᠷ ᠲᠦᠪᠰᠢᠨ ᠦᠶ᠋ᠯᠡᠳᠪᠦᠷᠢᠯᠡᠯ᠎ᠦᠨ ᠬᠠᠤᠯᠢ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠡᠷᠬᠡᠪᠰᠢ ᠴᠢᠩᠭ᠎ᠠ ᠪᠠᠢᠴᠠᠭᠠᠨ ᠴᠢᠩᠭ᠎ᠠ ᠱᠢᠢᠳᠭᠡᠵᠦ᠍᠂ ᠱᠢᠶ᠋ᠳᠭᠡᠬᠦ᠌ ᠶᠣᠰᠣᠲᠠᠶ᠎ᠶ᠋ᠢ ᠨᠢ ᠱᠢᠢᠳᠭᠡᠵᠦ᠍᠂ ᠵᠣᠭ᠍ᠰᠣᠭᠠᠬᠤ ᠶᠣᠰᠣᠲᠠᠶ᠎ᠶ᠋ᠢ ᠨᠢ ᠵᠣᠭ᠍ᠰᠣᠭᠠᠵᠤ᠂ ᠬᠦᠴᠦᠨ ᠥᠬᠡᠶ ᠪᠣᠯᠭᠠᠬᠤ ᠶᠣᠰᠣᠲᠠᠶ᠎ᠶ᠋ᠢ ᠨᠢ ᠬᠦᠴᠦᠨ ᠥᠬᠡᠶ ᠪᠣᠯᠭᠠᠵᠤ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠪᠡᠷ ᠠᠵᠤ ᠠᠬᠤᠢᠯᠠᠯ᠎ᠤᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠭᠡᠳᠡᠷᠭᠦ᠌ ᠱᠠᠯᠠᠪᠳᠠᠭᠤᠯᠤᠨ ᠨᠠᠢᠳᠠᠪᠤᠷᠢᠵᠢᠭᠤᠯᠵᠤ᠂ ᠠᠮᠤᠷ ᠲᠦᠪᠰᠢᠨ ᠦᠶ᠋ᠯᠡᠳᠪᠦᠷᠢᠯᠡᠯ᠎ᠦᠨ ᠬᠣᠷᠢᠭ᠎ᠠ ᠱᠤᠭᠤᠮ᠎ᠤᠨ ᠤᠯᠠᠭᠠᠨ ᠱᠤᠭᠤᠮ᠎ᠢ ᠪᠠᠲᠤ ᠰᠠᠬᠢᠬᠤ ᠬᠡᠷᠡᠭ᠌ᠲᠡᠶ ᠭᠡᠵᠦ᠍ ᠱᠠᠭᠠᠷᠳᠠᠵᠠᠢ᠃ ᠶᠠᠷᠢᠯᠴᠠᠬᠤ ᠬᠤᠷᠠᠯ᠎ᠠᠴᠠ ᠪᠠᠰᠠ  ᠬᠤᠢᠰᠢᠳᠡ᠎ᠶᠢᠨ ᠪᠥᠬᠥ᠌ ᠣᠷᠣᠨ᠎ᠤ ᠠᠷᠠᠳ᠎ᠤᠨ ᠬᠡᠷᠡᠭ᠌ᠯᠡᠭᠡᠨ᠎ᠦ ᠳᠡᠯᠪᠡᠷᠡᠯᠲᠡ᠎ᠶ᠋ᠢᠨ ᠠᠵᠢᠯ ᠲᠥᠷᠥᠯ᠎ᠦᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠳᠤ ᠲᠣᠬᠢᠷᠠᠭᠤᠯᠤᠯᠲᠠ ᠪᠠᠢᠷᠢᠯᠠᠭᠤᠯᠤᠯᠲᠠ ᠬᠢᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号