ᠦᠪᠦᠷ ᠮᠤᠨᠭᠭᠤᠯ ᠪᠣᠬᠢᠷᠲᠤᠯ ᠥᠬᠡᠶ ᠴᠠᠬᠢᠯᠭᠠᠨ ᠤ᠋ ᠠᠷᠠᠯᠵᠢᠶᠠᠨ ᠤ᠋ ᠲᠣᠭ᠍ᠲᠠᠴᠠ ᠵᠢ ᠱᠢᠯᠢᠳᠡᠭ᠌ᠵᠢᠭᠦᠯᠵᠦ ᠪᠤᠢ
2026-06-01 10:59:11
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠣᠢᠷ᠎ᠠ ᠶ᠋ᠢᠨ ᠵᠢᠯ ᠡᠴᠡ ᠨᠠᠭᠠᠰᠢ᠂ ᠦᠪᠦᠷ ᠮᠤᠨᠭᠭᠤᠯ ᠤ᠋ᠨ ᠴᠠᠬᠢᠯᠭᠠᠨ ᠬᠦᠴᠦᠨ ᠤ᠋ ᠪᠦᠯᠦᠭᠯᠡᠯ᠎ᠤ᠋ᠨ ᠬᠢᠨ ᠪᠣᠬᠢᠷᠲᠤᠯ ᠥᠬᠡᠶ ᠴᠠᠬᠢᠯᠭᠠᠨ ᠤ᠋ ᠵᠠᠬ᠎ᠠ ᠳᠡᠯᠭᠡᠭᠦᠷᠴᠢᠯᠡᠭ᠌ᠰᠡᠨ ᠭᠦᠶ᠋ᠯᠭᠡᠭᠡᠨ ᠤ᠋ ᠠᠷᠭ᠎ᠠ ᠵᠠᠮ ᠢ᠋ ᠪᠥᠬᠥ᠌ ᠬᠦᠴᠦᠨ ᠢ᠋ᠶ᠋ᠡᠷ ᠢ᠋ᠶ᠋ᠡᠨ ᠨᠡᠪᠲᠡᠷᠡᠭᠦᠯᠵᠦ᠍᠂ ᠤᠯᠤᠰ ᠤ᠋ᠨ ᠱᠢᠨ᠎ᠡ ᠡᠨᠧᠷᠭᠢ ᠶ᠋ᠢᠨ ᠵᠠᠬ᠎ᠠ ᠳᠡᠯᠭᠡᠭᠦᠷᠴᠢᠯᠡᠭ᠌ᠰᠡᠨ ᠥᠭᠡᠷᠡᠴᠢᠯᠡᠯᠲᠡ ᠶ᠋ᠢᠨ ᠲᠥᠷᠥ ᠶ᠋ᠢᠨ ᠪᠣᠳᠣᠯᠭ᠎ᠠ ᠵᠢ  ᠲᠦᠷᠦᠭᠦᠯᠡᠨ ᠨᠠᠢᠳᠠᠪᠤᠷᠢᠵᠢᠭᠤᠯᠵᠤ᠂ ᠪᠣᠬᠢᠷᠲᠤᠯ ᠥᠬᠡᠶ ᠴᠠᠬᠢᠯᠭᠠᠨ ᠤ᠋ ᠠᠷᠠᠯᠵᠢᠶᠠᠨ ᠤ᠋ ᠬᠡᠪᠴᠢᠶ᠎ᠡ ᠶ᠋ᠢᠨ ᠦᠷᠭᠦᠯᠵᠢᠯᠡᠨ ᠪᠥᠬᠥ᠌ ᠤᠯᠤᠰ ᠲᠦ᠍ ᠲᠦᠷᠦᠭᠦᠯᠡᠬᠦ᠌ ᠵᠢ ᠠᠬᠢᠭᠤᠯᠪᠠ᠃ ᠬᠤᠢᠰᠢᠳᠠ᠂ ᠪᠤᠬᠢᠷᠲᠤᠯ ᠦᠭᠡᠢ ᠴᠠᠬᠢᠯᠭᠠᠨ ᠤ᠋ ᠠᠷᠠᠯᠵᠢᠶᠠᠨ ᠤ᠋ ᠲᠣᠭ᠍ᠲᠠᠴᠠ ᠵᠢ ᠤᠯᠠᠮ ᠴᠢᠨᠠᠬᠰᠢᠲᠠ ᠱᠢᠯᠢᠳᠡᠭ᠌ᠵᠢᠭᠦᠯᠵᠦ᠍᠂ ᠥᠪᠥᠷ ᠮᠣᠩᠭᠣᠯ ᠤ᠋ᠨ ᠪᠤᠬᠢᠷᠲᠤᠯ ᠦᠭᠡᠢ ᠴᠠᠬᠢᠯᠭᠠᠨ ᠤ᠋ ᠡᠬᠢ ᠪᠠᠶᠠᠯᠢᠭ ᠤ᠋ᠨ ᠳᠠᠪᠠᠭᠤᠯᠢᠭ ᠢ᠋ ᠠᠵᠤ ᠦᠶ᠋ᠯᠡᠰ ᠪᠠ ᠠᠵᠤ ᠠᠬᠤᠶ ᠶ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ ᠳ᠋ᠤ ᠬᠦᠴᠦᠨ ᠨᠡᠮᠡᠷᠢᠯᠡᠬᠦ ᠪᠤᠯᠤᠨ᠎ᠠ᠃

ᠤᠯᠠᠨ ᠡᠱᠢᠴᠢᠯᠡᠭ᠌ᠰᠡᠨ ᠬᠠᠮᠵᠢᠯᠴᠠᠭ᠍ᠰᠠᠨ ᠠᠷᠠᠯᠵᠢᠶᠠᠨ ᠤ᠋ ᠱᠢᠰᠲᠸᠮ ᠢ᠋ ᠪᠠᠢᠭᠤᠯᠵᠤ᠂ 《ᠪᠡᠯᠡᠨ ᠪᠠᠷᠠᠭ᠎ᠠ + ᠳᠤᠮᠳᠠ ᠣᠷᠳᠣ ᠬᠤᠭᠤᠴᠠᠭ᠎ᠠ + ᠲᠤᠰᠠᠯᠠᠬᠤ ᠦᠶ᠋ᠯᠡᠴᠢᠯᠡᠭᠡ + ᠪᠤᠬᠢᠷᠲᠤᠯ ᠦᠭᠡᠢ ᠴᠠᠬᠢᠯᠭᠠᠨ + ᠪᠤᠬᠢᠷᠲᠤᠯ ᠦᠭᠡᠢ ᠴᠠᠬᠢᠯᠭᠠᠨ ᠤ᠋ ᠦᠨᠡᠮᠯᠡᠯ》 ᠤ᠋ᠨ ᠬᠠᠮᠵᠢᠯᠴᠠᠬᠤ ᠵᠠᠬ᠎ᠠ ᠳᠡᠯᠭᠡᠭᠦᠷ ᠤ᠋ᠨ ᠱᠢᠰᠲ᠋ᠧᠮ ᠢ᠋ ᠲᠡᠭᠦᠯᠳᠡᠷᠵᠢᠭᠦᠯᠦᠨ᠂ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠱᠢᠨ᠎ᠡ ᠨᠢᠭᠡ ᠦᠶ᠎ᠡ ᠶ᠋ᠢᠨ ᠴᠠᠬᠢᠯᠭᠠᠨ ᠬᠦᠴᠦᠨ ᠤ᠋ ᠵᠠᠬ᠎ᠠ ᠳᠡᠯᠭᠡᠭᠦᠷ ᠤ᠋ᠨ ᠠᠷᠠᠯᠵᠢᠶᠠᠨ ᠤ᠋ ᠲᠠᠪᠴᠠᠩ ᠢ᠋ ᠪᠣᠶ ᠪᠣᠯᠭᠠᠵᠤ᠂ ᠪᠤᠬᠢᠷᠲᠤᠯ ᠦᠭᠡᠢ ᠴᠠᠬᠢᠯᠭᠠᠨ ᠪᠤᠬᠢᠷᠲᠤᠯ ᠦᠭᠡᠢ ᠴᠠᠬᠢᠯᠭᠠᠨ ᠤ᠋ ᠦᠨᠡᠮᠯᠡᠯ ᠤ᠋ᠨ ᠦᠶ᠋ᠯᠡᠳᠪᠦᠷᠢᠯᠡᠯ ᠪᠣᠷᠣᠯᠠᠭᠤᠯᠭ᠎ᠠ ᠵᠢ ᠨᠢᠭᠡ ᠴᠣᠭ᠍ᠴᠠᠵᠢᠭᠤᠯᠬᠤ ᠵᠢ ᠪᠡᠶᠡᠯᠡᠭᠦᠯᠦᠨ᠎ᠡ᠃ ᠮᠤᠵᠢ ᠣᠷᠣᠨ ᠠᠯᠤᠰᠯᠠᠨ ᠠᠷᠠᠯᠵᠢᠶᠠᠯᠠᠬᠤ ᠬᠡᠪᠴᠢᠶ᠎ᠡ ᠵᠢ ᠥᠷᠭᠡᠳᠭᠡᠵᠦ᠍᠂︽ᠡᠯᠡᠰᠤ ᠭᠤᠪᠢ ᠴᠦᠯ︾ ᠤ᠋ᠨ ᠲᠣᠮᠣ ᠬᠡᠯᠪᠡᠷᠢ ᠶ᠋ᠢᠨ ᠰᠠᠯᠬᠢᠨ ᠬᠦᠴᠦᠨ ᠤ᠋ ᠴᠠᠬᠢᠯᠭᠠᠨ ᠬᠡᠷᠡᠯᠴᠢ ᠴᠡᠨᠡᠭ ᠤ᠋ᠨ ᠰᠠᠭᠤᠷᠢᠨ ᠤ᠋ ᠭᠠᠳᠠᠬᠰᠢ ᠬᠦᠷᠭᠡᠬᠦ ᠵᠠᠮ ᠪᠤᠯᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠤ᠋ ᠲᠣᠣᠷ ᠤ᠋ᠨ ᠪᠦᠲᠦᠴᠡ ᠳ᠋ᠤ ᠲᠦᠰᠢᠭᠯᠡᠨ᠂ ᠪᠡᠭᠡᠵᠢᠩ ᠲᠢᠶᠠᠨᠵᠢᠨ ᠾᠧᠪᠧᠶ᠂ ᠳᠣᠷᠣᠨᠠᠲᠤ ᠣᠷᠣᠨ ᠵᠡᠷᠭᠡ ᠭᠣᠣᠯᠯᠠᠬᠤ ᠬᠦᠯᠢᠶᠡᠨ ᠠᠪᠬᠤ ᠦᠵᠦᠭᠦᠷ ᠤ᠋ᠨ ᠵᠠᠬ᠎ᠠ ᠳᠡᠯᠭᠡᠭᠦᠷ ᠎ᠢ ᠦᠷᠭᠡᠳᠭᠡᠵᠦ᠂ ᠮᠤᠵᠢ ᠠᠯᠤᠰᠯᠠᠭ᠍ᠰᠠᠨ ᠣᠷᠣᠨ ᠠᠯᠤᠰᠯᠠᠭ᠍ᠰᠠᠨ ᠪᠤᠬᠢᠷᠲᠤᠯ ᠦᠭᠡᠢ ᠴᠠᠬᠢᠯᠭᠠᠨ ᠤ᠋ ᠠᠷᠠᠯᠵᠢᠶ᠎ᠠ ᠵᠢ ᠪᠠᠢᠩᠭᠤᠵᠢᠭᠤᠯᠤᠨ ᠥᠷᠨᠢᠭᠦᠯᠵᠦ᠍᠂ ᠬᠡᠪᠴᠢᠶᠡᠵᠢᠭᠦᠯᠦᠨ ᠨᠡᠮᠡᠭ᠌ᠳᠡᠭᠦᠯᠬᠦ᠌ ᠵᠢ ᠪᠡᠶᠡᠯᠡᠭᠦᠯᠦᠨ᠎ᠡ᠃ ᠲᠣᠭᠠᠴᠢᠯᠠᠯᠲᠠ ᠣᠶᠤᠨᠴᠢᠯᠠᠯᠲᠠ ᠪᠠᠷ ᠠᠷᠠᠯᠵᠢᠶᠠᠨ ᠤ᠋ ᠪᠥᠬᠥ᠌ ᠶᠠᠪᠤᠴᠠ ᠳ᠋ᠤ ᠡᠨ᠋ᠸᠷᠬᠢ ᠤᠯᠭᠤᠵᠤ᠂ ᠦᠪᠦᠷ ᠮᠣᠩᠭᠣᠯ ᠤ᠋ᠨ ᠴᠠᠬᠢᠯᠭᠠᠨ ᠬᠦᠴᠦᠨ ᠤ᠋ ᠣᠶᠤᠨᠴᠢ ᠦᠶ᠋ᠯᠡᠴᠢᠯᠡᠭᠡᠨ ᠤ᠋ ᠲᠠᠪᠴᠠᠩ ᠳ᠋ᠤ ᠲᠦᠱᠢᠭ᠌ᠯᠡᠨ ᠪᠤᠬᠢᠷᠲᠤᠯ ᠦᠭᠡᠢ ᠴᠠᠬᠢᠯᠭᠠᠨ ᠤ᠋ ᠠᠷᠠᠯᠵᠢᠶᠠᠨ ᠤ᠋ ᠪᠥᠬᠥ᠌ ᠶᠠᠪᠤᠴᠠ ᠵᠢ ᠰᠦᠯᠵᠢᠶᠡᠨ ᠳᠡᠭᠡᠷ᠎ᠡ ᠭᠦᠶ᠋ᠴᠡᠳᠭᠡᠬᠦ ᠵᠢ ᠪᠡᠶᠡᠯᠡᠭᠦᠯᠵᠦ᠂ ᠲᠣᠭᠠᠴᠢᠯᠠᠯᠲᠠ ᠣᠶᠤᠨᠴᠢᠯᠠᠯᠲᠠ ᠪᠠᠷ ᠪᠤᠬᠢᠷᠲᠤᠯ ᠦᠭᠡᠢ ᠴᠠᠬᠢᠯᠭᠠᠨ ᠤ᠋ ᠨᠠᠩ ᠶᠡᠬᠡ ᠬᠡᠪᠴᠢᠶ᠎ᠡ᠂ ᠨᠠᠩ ᠥᠨᠳᠥᠷ ᠬᠠᠷᠢᠴᠠᠯ ᠤ᠋ᠨ ᠬᠡᠷᠡᠭ᠌ᠯᠡᠯᠲᠡ ᠵᠢ ᠠᠬᠢᠭᠤᠯᠤᠨ᠎ᠠ᠃ ᠪᠣᠬᠢᠷᠲᠤᠯ ᠥᠬᠡᠶ ᠴᠠᠬᠢᠯᠭᠠᠨ ᠤ᠋ ᠠᠷᠠᠯᠵᠢᠶᠠᠨ ᠤ᠋ ᠠᠷᠭ᠎ᠠ ᠬᠡᠯᠪᠡᠷᠢ ᠶ᠋ᠢᠨ ᠱᠢᠨ᠎ᠡ ᠵᠢ ᠡᠭᠦᠳᠴᠦ᠍᠂ 《ᠪᠤᠬᠢᠷᠲᠤᠯ ᠦᠭᠡᠢ ᠴᠠᠬᠢᠯᠭᠠᠨ + ᠪᠤᠳᠤᠯᠲᠠ ᠶ᠋ᠢᠨ ᠬᠦᠴᠦᠨ》 ᠢ᠋ ᠨᠢᠭᠡ ᠴᠤᠭ᠍ᠴᠠᠵᠢᠭᠤᠯᠤᠭ᠍ᠰᠠᠨ ᠢᠵᠢ ᠦᠢᠯᠡᠴᠢᠯᠡᠭᠡ ᠵᠢ ᠬᠠᠢᠨ ᠰᠦᠪᠡᠭ᠌ᠴᠢᠯᠡᠵᠦ᠍᠂ ᠨᠡᠭᠦᠷᠡᠰᠦᠳᠦ᠋ᠷᠦᠭᠴᠢ ᠦᠯᠦ ᠭᠠᠳᠠᠬᠰᠢᠯᠠᠭᠤᠯᠬᠤ ᠬᠦᠷᠢᠶᠡᠯᠡᠩ ᠲᠤᠭᠤᠷᠢᠭ᠂ ᠰᠢᠨ᠎ᠡ ᠡᠨ᠋ᠸᠷᠬᠢ ᠪᠠᠷ ᠤᠰᠤᠳᠦ᠋ᠷᠦᠭᠴᠢ ᠦᠢᠯᠡᠳᠬᠦ ᠵᠡᠷᠭᠡ ᠰᠢᠨ᠎ᠡ ᠪᠡᠷ ᠮᠠᠨᠳᠤᠬᠰᠠᠨ ᠠᠵᠤ ᠦᠢᠯᠡᠰ ᠲᠠᠢ ᠤᠶᠠᠯᠳᠤᠭᠤᠯᠤᠨ᠂ 《ᠪᠤᠬᠢᠷᠲᠤᠯ ᠦᠭᠡᠢ ᠴᠠᠬᠢᠯᠭᠠᠨ ᠤ᠋ ᠠᠷᠠᠯᠵᠢᠶ᠎ᠠ — ᠠᠵᠤ ᠦᠢᠯᠡᠰ ᠤ᠋ᠨ ᠬᠥᠭ᠌ᠵᠢᠯᠲᠡ — ᠦᠷᠳᠡᠭ ᠤ᠋ᠨ ᠳᠡᠭᠡᠭ᠌ᠰᠢᠯᠡᠯᠲᠡ》 ᠶ᠋ᠢᠨ ᠰᠠᠢ᠌ᠨ ᠣᠷᠴᠢᠯ ᠢ᠋ ᠪᠤᠢ ᠪᠣᠯᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号