ᠡᠷᠢᠶᠡᠨ ᠪᠣᠭᠣᠮᠲᠠ᠎ᠶ᠋ᠢᠨ ᠬᠠᠮᠤᠭ᠎ᠤᠨ ᠱᠢᠨ᠎ᠡ ᠪᠦᠷᠢᠳᠭᠡᠯ᠎ᠢ ᠦᠨᠳᠦᠰᠦᠯᠡᠪᠡᠯ᠂ 5 ᠰᠠᠷ᠎ᠠ᠎ᠶ᠋ᠢᠨ 18᠎ᠤ᠋ ᠡᠳᠦᠷ ᠪᠣᠯᠲᠠᠯ᠎ᠠ ᠳᠤᠮᠳᠠᠳᠤ ᠮᠣᠩᠭᠣᠯ᠎ᠤᠨ ᠬᠠᠮᠤᠭ᠎ᠤᠨ ᠶᠡᠬᠡ ᠬᠠᠭᠤᠷᠠᠶ ᠵᠠᠮ᠎ᠤᠨ ᠪᠣᠭᠣᠮᠲᠠ ᠪᠣᠯᠬᠤ ᠡᠷᠢᠶᠡᠨᠤ ᠵᠠᠰᠠᠮᠠᠯ ᠵᠠᠮ᠎ᠤᠨ ᠬᠢᠯᠢ ᠵᠢᠨ ᠪᠣᠭᠣᠮᠲᠠ᠎ᠶ᠋ᠢᠨ 2026 ᠣᠨ᠎ᠳᠤ ᠬᠢᠯᠢ᠎ᠪᠡᠷ ᠵᠤᠷᠴᠢᠬᠰᠠᠨ ᠲᠡᠷᠭᠡ ᠤᠨᠤᠭ᠎ᠠ ᠨᠢᠭᠡᠨᠲᠡ 100062 ᠳ᠋ᠦ ᠬᠦᠷᠴᠦ᠂ ᠨᠢᠳᠤᠨᠤᠨ᠎ᠤ ᠬᠢ᠎ᠡᠴᠡ 15 ᠡᠳᠦᠷ ᠤᠷᠢᠳᠴᠢᠯᠠᠨ 10 ᠲᠦᠮᠨ ᠵᠢᠨ ᠲᠡᠮᠳᠡᠭᠯᠡᠯ᠎ᠢ ᠳᠠᠪᠠᠭ᠍ᠰᠠᠨ ᠪᠠᠢᠨ᠎ᠠ᠃
ᠡᠷᠢᠶᠡᠨᠤ ᠵᠠᠰᠠᠮᠠᠯ ᠵᠠᠮ᠎ᠤᠨ ᠬᠢᠯᠢ ᠵᠢᠨ ᠪᠣᠭᠣᠮᠲᠠ 1992 ᠣᠨ᠎ᠳᠤ ᠨᠡᠪᠲᠡᠷᠡᠭ᠌ᠰᠡᠨ᠎ᠡᠴᠡ ᠨᠠᠭᠠᠰᠢ ᠨᠢᠭᠡᠨᠲᠡ ᠳᠤᠮᠳᠠᠳᠤ ᠮᠣᠩᠭᠣᠯ ᠬᠣᠶᠠᠷ ᠤᠯᠤᠰ᠎ᠤᠨ ᠬᠣᠭᠣᠷᠣᠨᠳᠣᠬᠢ ᠲᠤᠬᠠᠢᠯᠠᠭ᠍ᠰᠠᠨ ᠠᠵᠢᠯ᠎ᠤᠨ ᠲᠥᠷᠥᠯ ᠵᠦᠶ᠋ᠯ᠎ᠢᠶᠡᠷ ᠬᠠᠮᠤᠭ᠎ᠤᠨ ᠪᠦᠷᠢᠨ ᠶᠡᠷᠦᠩᠬᠡᠢᠯᠡᠭ᠌ᠰᠡᠨ ᠴᠢᠨᠠᠷᠲᠠᠶ ᠵᠠᠮ ᠪᠣᠯᠵᠠᠶ᠃ ᠲᠤᠰ ᠬᠢᠯᠢ ᠵᠢᠨ ᠪᠤᠭᠤᠮᠲᠠ ᠪᠡᠷ ᠭᠠᠳᠠᠭᠰᠢ ᠭᠠᠷᠭᠠᠵᠦ ᠪᠤᠢ ᠪᠠᠷᠠᠭ᠎ᠠ ᠪᠦᠲᠦᠭᠡᠭᠳᠡᠬᠦᠨ᠎ᠳᠤ ᠪᠠᠷᠢᠯᠭ᠎ᠠ᠎ᠶ᠋ᠢᠨ ᠮᠠᠲ᠋ᠧᠷᠢᠶᠠᠯ᠂ ᠬᠥᠩᠭᠡᠨ ᠠᠵᠤ ᠦᠢᠯᠡᠳᠪᠦᠷᠢ ᠵᠢᠨ ᠡᠳᠦᠷ ᠲᠤᠲᠤᠮ᠎ᠤᠨ ᠬᠡᠷᠡᠭᠰᠡᠯ ᠵᠢᠴᠢ ᠵᠢᠮᠢᠰ ᠨᠣᠭᠣᠭ᠎ᠠ ᠵᠡᠷᠭᠡ ᠦᠢᠯᠡᠳᠪᠦᠷᠢᠯᠡᠯ ᠠᠮᠢᠳᠤᠷᠠᠯ᠎ᠤᠨ ᠡᠳ᠋ ᠪᠠᠷᠠᠭ᠎ᠠ ᠪᠠᠭᠳᠠᠵᠤ ᠪᠤᠢ᠃ ᠭᠠᠳᠠᠭᠠᠳᠤ᠎ᠠᠴᠠ ᠭᠣᠣᠯᠳᠠᠭᠤ ᠨᠡᠭᠦᠷᠡᠰᠦ᠂ ᠬᠠᠢᠯᠤᠭᠤᠷ ᠵᠣᠩᠰᠢ ᠵᠡᠷᠭᠡ ᠶᠡᠬᠡ ᠬᠡᠮᠵᠢᠶᠡᠨ᠎ᠦ ᠠᠭᠤᠷᠬᠠᠶ᠎ᠶ᠋ᠢᠨ ᠭᠠᠷᠤᠯᠲᠠ᠎ᠶ᠋ᠢᠨ ᠪᠦᠲᠦᠭᠡᠭ᠌ᠳᠡᠬᠦᠨ ᠵᠢᠴᠢ ᠡᠳ᠋ᠰᠢᠭᠦᠯᠦᠭᠰᠡᠨ ᠦᠬᠡᠷ ᠬᠣᠨᠢᠨ ᠮᠢᠬ᠎ᠠ᠂ ᠢᠮᠠᠭᠠᠨ ᠨᠣᠤᠯᠤᠭᠤᠷ᠂ ᠠᠳᠤᠭᠤᠨ ᠠᠷᠠᠰᠤ ᠵᠡᠷᠭᠡ ᠮᠠᠯᠵᠢᠬᠤ ᠦᠢᠯᠡᠳᠪᠦᠷᠢᠯᠡᠯ᠎ᠤᠨ ᠪᠦᠲᠦᠭᠡᠭ᠌ᠳᠡᠬᠦᠨ᠎ᠢ ᠤᠷᠤᠭᠤᠯᠵᠤ ᠪᠤᠢ᠃ ᠣᠳᠣᠬᠠᠨ᠎ᠳᠤ ᠮᠣᠩᠭᠣᠯ ᠤᠯᠤᠰ᠎ᠤᠨ ᠵᠠᠬ᠎ᠠ ᠳᠡᠯᠭᠡᠭᠦᠷ᠎ᠦᠨ 70% ᠡᠴᠡ ᠳᠡᠭᠡᠭ᠌ᠰᠢᠬᠢ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠬᠥᠩᠭᠡᠨ ᠠᠵᠤ ᠦᠶ᠋ᠯᠡᠳᠪᠦᠷᠢ᠎ᠶ᠋ᠢᠨ ᠪᠦᠲᠦᠭᠡᠭ᠌ᠳᠡᠬᠦᠨ ᠵᠢᠴᠢ 80% ᠣᠷᠴᠢᠮ᠎ᠤᠨ ᠵᠢᠮᠢᠰ ᠨᠣᠭᠣᠭ᠎ᠠ᠎ᠶ᠋ᠢ ᠴᠥᠮ ᠲᠣᠰ ᠵᠠᠮ ᠵᠢᠡᠷ ᠵᠦᠭᠡᠭᠡᠪᠦᠷᠢᠯᠡᠵᠦ ᠪᠠᠢᠨ᠎ᠠ᠃
ᠡᠷᠢᠶᠡᠨᠤ ᠵᠠᠰᠠᠮᠠᠯ ᠵᠠᠮ᠎ᠤᠨ ᠬᠢᠯᠢ ᠵᠢᠨ ᠪᠣᠭᠣᠮᠲᠠ ᠪᠣᠯ ᠳᠣᠲᠣᠭᠠᠳᠤ᠎ᠳᠠᠭᠠᠨ ᠪᠦᠸᠧᠬᠠᠶ ᠲᠠᠩᠭᠢᠰ ᠪᠠ ᠬᠥᠬᠡᠬᠣᠲᠠ ᠪᠤᠭᠤᠲᠤ ᠢᠷᠭᠠᠶ ᠲᠡᠮᠡᠭᠡᠲᠦ᠍ᠶ᠋ᠢᠨ ᠠᠵᠤ ᠠᠬᠤᠶ᠎ᠶ᠋ᠢᠨ ᠪᠦᠰᠡ ᠵᠢ ᠲᠤᠭᠤᠷᠢᠵᠤ᠂ ᠭᠠᠳᠠᠭ᠍ᠰᠢ᠎ᠪᠠᠨ ᠮᠣᠩᠭᠣᠯ ᠤᠯᠤᠰ᠎ᠯᠤᠭ᠎ᠠ ᠵᠠᠯᠭᠠᠯᠳᠤᠵᠤ ᠪᠠᠢᠭ᠎ᠠ ᠭᠤᠤᠯ ᠣᠷᠣᠨ ᠪᠣᠯᠤᠨ᠎ᠠ᠃ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠡᠷᠢᠶᠡᠨ ᠬᠣᠲᠠ᠎ᠶ᠋ᠢᠨ ᠲᠣᠭᠣᠷᠢᠭ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ᠎ᠶ᠋ᠢ ᠳᠠᠭᠠᠯᠳᠤᠨ᠂ ᠪᠣᠭᠣᠮᠲᠠ᠎ᠶ᠋ᠢᠨ ᠠᠮᠢᠵᠢᠷᠠᠯ᠎ᠤᠨ ᠬᠦᠴᠦᠨ ᠢᠯᠡᠳᠲᠡ ᠴᠢᠩᠭᠠᠷᠠᠪᠠ᠃ ᠲᠣᠭ᠎ᠠ ᠪᠠᠷᠢᠮᠲᠠ ᠡᠴᠡ ᠦᠵᠡᠪᠡᠯ᠂ 4 ᠰᠠᠷ᠎ᠠ᠎ᠶ᠋ᠢᠨ 9 ᠤ᠋ ᠡᠳᠦᠷ᠎ᠡᠴᠡ 5 ᠰᠠᠷ᠎ᠠ᠎ᠶ᠋ᠢᠨ 18 ᠤ᠋ ᠡᠳᠦᠷ ᠪᠣᠯᠲᠠᠯᠠᠬᠢ ᠣᠬᠣᠷᠬᠠᠨ 40 ᠡᠳᠦᠷ᠎ᠦᠨ ᠳᠣᠲᠣᠷ᠎ᠠ ᠬᠢᠯᠢ᠎ᠪᠡᠷ ᠵᠤᠷᠴᠢᠬᠰᠠᠨ ᠲᠡᠷᠭᠡ ᠤᠨᠤᠭ᠎ᠠ 38747ᠳ᠋ᠦ ᠬᠦᠷᠴᠡᠢ᠃
ᠡᠷᠢᠶᠡᠨ ᠪᠣᠭᠣᠮᠲᠠ᠎ᠶ᠋ᠢᠨ ᠳᠡᠳ᠋ ᠳᠠᠷᠤᠭ᠎ᠠ ᠵᠢᠶᠠᠩ ᠶᠠᠩ᠎ᠤᠨ ᠲᠠᠨᠢᠯᠴᠠᠭᠤᠯᠬᠤ᠎ᠪᠡᠷ᠂ ᠡᠷᠢᠶᠡᠨ ᠪᠣᠭᠣᠮᠲᠠ ᠬᠢᠨᠠᠨ ᠬᠠᠮᠢᠶᠠᠷᠬᠤ ᠲᠠᠯᠠᠪᠤᠷ᠎ᠤᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠬᠦ᠂ ᠲᠤᠰᠭᠠᠶ ᠨᠡᠪᠲᠡᠷᠡᠬᠦ᠌ ᠵᠠᠮ᠎ᠢ ᠨᠡᠮᠡᠵᠦ᠍ ᠭᠠᠷᠭᠠᠬᠤ᠂ H986 ᠪᠠᠢᠴᠠᠭᠠᠨ ᠱᠢᠯᠭᠠᠬᠤ ᠵᠠᠭᠪᠤᠷ ᠵᠢᠴᠢ ᠣᠶᠤᠨᠴᠢ ᠪᠡᠷ ᠬᠢᠨᠠᠬᠤ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠠᠶᠤᠯ ᠲᠦᠭ᠌ᠰᠢᠭᠦᠷᠢ᠎ᠶ᠋ᠢ ᠨᠠᠷᠢᠯᠢᠭ ᠣᠨᠣᠴᠠᠲᠠᠶ ᠢᠯᠭᠠᠨ ᠲᠠᠨᠢᠬᠤ ᠪᠠ ᠪᠠᠢᠴᠠᠭᠠᠨ ᠱᠢᠯᠭᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠭᠰᠡᠨ ᠪᠠᠢᠨ᠎ᠠ᠃ ᠡᠭᠦᠨ᠎ᠦ ᠬᠠᠮᠲᠤ᠂ 《ᠠᠵᠤ ᠠᠬᠤᠢᠯᠠᠯ ᠪᠦᠷᠢ᠎ᠳᠤ ᠬᠠᠷᠠᠭᠠᠯᠵᠠᠭᠰᠠᠨ ᠲᠥᠷᠥ᠎ᠶ᠋ᠢᠨ ᠪᠣᠳᠣᠯᠭ᠎ᠠ ᠬᠡᠷᠡᠭ᠌ᠵᠢᠭᠦᠯᠬᠦ᠌》 ᠵᠢᠴᠢ ᠪᠥᠬᠥ᠌ ᠴᠤᠪᠤᠷᠠᠯ᠎ᠢ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ᠎ᠶ᠋ᠢ ᠬᠡᠷᠡᠭ᠌ᠵᠢᠭᠦᠯᠵᠦ᠍᠂ ᠵᠦᠭᠡᠭᠡᠪᠦᠷᠢ ᠵᠢᠨ ᠪᠠᠷᠠᠭ᠎ᠠ ᠲᠡᠭᠡᠭᠡᠪᠦᠷᠢ ᠵᠢ 《ᠬᠠᠮᠤᠭ᠎ᠦᠨ ᠲᠦᠷᠭᠡᠨ ᠬᠤᠷᠳᠤᠴᠠ ᠪᠡᠷ ᠪᠠᠢᠴᠠᠭᠠᠨ ᠦᠡᠭᠭᠡᠷᠡᠭᠦᠯᠬᠦ》 ᠵᠢ ᠪᠠᠳᠤᠯᠠᠪᠠ᠃ 5 ᠰᠠᠷ᠎ᠠ᠎ᠶ᠋ᠢᠨ 1᠎ᠤ᠋ ᠡᠳᠦᠷ᠎ᠡᠴᠡ ᠨᠠᠭᠠᠰᠢ᠂ ᠡᠷᠢᠶᠡᠨ ᠪᠣᠭᠣᠮᠲᠠ 8 ᠴᠠᠭ᠎ᠠᠴᠠ 21 ᠴᠠᠭ (ᠡᠳᠦᠷ ᠪᠦᠷᠢ 13 ᠴᠠᠭ) ᠪᠤᠯᠳᠠᠯᠠᠬᠢ ᠪᠣᠭᠣᠮᠲᠠ ᠥᠩᠭᠡᠷᠡᠭᠦᠯᠬᠦ᠌ ᠵᠠᠭ᠍ᠪᠤᠷ᠎ᠢ ᠬᠡᠷᠡᠭ᠌ᠵᠢᠭᠦᠯᠵᠦ᠍᠂ 6 ᠰᠠᠷ᠎ᠠ᠎ᠶ᠋ᠢᠨ ᠬᠤᠭᠤᠴᠠᠭ᠎ᠠ ᠲᠠᠢ ᠬᠡᠷᠡᠭᠵᠢᠭᠦᠯᠦᠨ᠂ ᠪᠠᠷᠠᠭᠠᠨ᠎ᠤ ᠪᠣᠭᠣᠮᠲᠠ ᠥᠩᠭᠡᠷᠡᠬᠦ᠌ ᠴᠠᠭ᠎ᠢ ᠤᠯᠠᠮ ᠨᠢᠭᠡ ᠠᠯᠬᠤᠮ ᠪᠣᠭᠣᠨᠢᠰᠭᠠᠬᠤ ᠪᠤᠯᠤᠨ᠎ᠠ᠃